ᠰᠢ ᠵᠢᠨ ᠫᠢᠩ
ᠨᠥᠬᠥᠳ ᠠ᠋᠄
ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠨᠠᠢ᠌ᠳᠠᠯᠭ᠎ᠠ᠎ᠪᠠᠷ ᠪᠢ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠢ ᠲᠤᠭᠤᠷᠪᠢᠨ ᠪᠢᠴᠢᠭᠰᠡᠨ ᠬᠣᠯᠪᠣᠭᠳᠠᠯ ᠪᠦᠬᠦᠢ ᠪᠠᠶ᠋ᠢᠳᠠᠯ᠎ᠤᠨ ᠲᠤᠬᠠᠢ ᠪᠥᠬᠥᠳᠡ ᠬᠤᠷᠠᠯ᠎ᠳᠤ ᠲᠣᠳᠣᠷᠬᠠᠢ᠌ᠯᠠᠯᠲᠠ ᠬᠢᠶ᠎ᠡ᠃
ᠨᠢᠭᠡ᠂ ᠪᠥᠬᠥᠳᠡ ᠬᠤᠷᠠᠯ᠎ᠤᠨ ᠵᠥᠪᠯᠡᠬᠦ ᠰᠡᠳᠦᠪ᠎ᠢ ᠲᠣᠭᠲᠠᠭ᠋ᠠᠬᠤ ᠲᠤᠬᠠᠢ ᠪᠣᠳᠣᠯᠬᠢᠯᠠᠯ
ᠨᠠᠮ᠎ᠤᠨ ᠭᠣᠣᠯ ᠡᠭᠦᠷᠭᠡ᠎ᠲᠠᠢ ᠤᠶᠠᠯᠳᠤᠭᠤᠯᠤᠨ ᠥᠭᠡᠷᠡᠴᠢᠯᠡᠯᠲᠡ ᠵᠢ ᠲᠥᠰᠥᠪᠯᠡᠨ ᠪᠠᠢ᠌ᠷᠢᠯᠠᠭᠤᠯᠬᠤ ᠪᠣᠯ ᠨᠠᠮ᠎ᠤᠨ ᠥᠭᠡᠷᠡᠴᠢᠯᠡᠯᠲᠡ ᠨᠡᠭᠡᠭᠡᠯᠲᠡ ᠵᠢ ᠤᠳᠤᠷᠢᠳᠤᠭᠰᠠᠨ ᠠᠮᠵᠢᠯᠲᠠ᠎ᠲᠠᠢ ᠲᠤᠷᠰᠢᠯᠭ᠎ᠠ ᠮᠥᠨ᠃ ᠦᠢ᠍ᠯᠡᠳᠦᠯᠭᠡ ᠵᠢᠨ ᠲᠤᠷᠰᠢᠯᠭ᠎ᠠ ᠪᠠ ᠪᠣᠳᠠᠲᠤ ᠬᠡᠷᠡᠭᠴᠡᠭᠡ᠎ᠠᠴᠠ ᠡᠭᠦᠰᠴᠦ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠳᠡᠭᠡᠷ᠎ᠡ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠠᠰᠠᠭᠤᠳᠠᠯ᠎ᠢ ᠰᠤᠳᠤᠯᠬᠤ᠎ᠪᠠᠷ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ᠎ᠠᠴᠠ ᠲᠣᠭᠲᠠᠭ᠋ᠠᠭᠰᠠᠨ᠎ᠨᠢ ᠭᠣᠣᠯᠳᠠᠭᠤ ᠳᠣᠣᠷᠠᠬᠢ ᠬᠡᠳᠦᠨ ᠲᠠᠯ᠎ᠠ ᠵᠢᠨ ᠪᠣᠳᠣᠯᠬᠢᠯᠠᠯ ᠪᠣᠯᠣᠨ᠎ᠠ᠃
ᠨᠢᠭᠡᠳᠦᠭᠡᠷ᠎ᠲᠤ᠂ ᠡᠨᠡ ᠪᠣᠯ ᠬᠥᠮᠥᠰ᠎ᠤᠨ ᠰᠡᠳᠬᠢᠯ᠎ᠢ ᠨᠢᠭᠲᠠᠷᠠᠭᠤᠯᠵᠤ᠂ ᠬᠦᠴᠦᠨ ᠴᠢᠳᠠᠯ᠎ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠭᠣᠣᠯ ᠡᠭᠦᠷᠭᠡ ᠵᠢ ᠪᠡᠶᠡᠯᠡᠭᠦᠯᠬᠦ ᠵᠢᠨ ᠲᠤᠯᠭ᠋ᠠᠮ᠎ᠠ ᠱᠠᠭ᠋ᠠᠷᠳᠠᠯᠭ᠎ᠠ ᠮᠥᠨ᠃ ᠥᠭᠡᠷᠡᠴᠢᠯᠡᠯᠲᠡ ᠨᠡᠭᠡᠭᠡᠯᠲᠡ ᠪᠠ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠴᠠᠭ ᠦᠶ᠎ᠡ᠎ᠳᠤ᠂ ᠮᠠᠨ᠎ᠤ ᠤᠯᠤᠰ ᠶᠡᠬᠡ ᠠᠯᠬᠤᠮ ᠵᠶ᠋ᠠᠷ ᠴᠠᠭ ᠦᠶ᠎ᠡ ᠵᠢ ᠬᠥᠭᠡᠭᠡᠵᠦ ᠭᠦᠢ᠍ᠴᠡᠭᠰᠡᠨ᠎ᠨᠢ ᠥᠭᠡᠷᠡᠴᠢᠯᠡᠯᠲᠡ ᠨᠡᠭᠡᠭᠡᠯᠲᠡᠳᠤ ᠲᠦᠰᠢᠭᠯᠡᠭᠰᠡᠨ᠎ᠠᠴᠠ ᠪᠣᠯᠤᠭᠰᠠᠨ ᠶᠤᠮ ᠭᠡᠳᠡᠭ᠎ᠢ ᠦᠢ᠍ᠯᠡᠳᠦᠯᠭᠡ ᠭᠦᠢ᠍ᠴᠡᠳ ᠭᠡᠷᠡᠴᠢᠯᠡᠭᠰᠡᠨ ᠪᠠᠢ᠌ᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ ᠪᠠ ᠤᠯᠤᠰ᠎ᠤᠨ ᠠᠵᠢᠯ ᠦᠢ᠍ᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ᠎ᠨᠢ ᠮᠥᠨ ᠴᠦ᠍ ᠥᠭᠡᠷᠡᠴᠢᠯᠡᠯᠲᠡ ᠨᠡᠭᠡᠭᠡᠯᠲᠡᠳᠤ ᠲᠦᠰᠢᠭᠯᠡᠭᠰᠡᠨ᠎ᠠᠴᠠ ᠪᠣᠯᠤᠭᠰᠠᠨ ᠶᠤᠮ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠰᠢᠨ᠎ᠡ ᠪᠠᠶ᠋ᠢᠳᠠᠯ᠎ᠢ ᠡᠭᠦᠳᠦᠨ ᠨᠡᠭᠡᠭᠡᠬᠦ᠎ᠳᠤ ᠮᠥᠨ ᠯᠡ ᠥᠭᠡᠷᠡᠴᠢᠯᠡᠯᠲᠡ ᠨᠡᠭᠡᠭᠡᠯᠲᠡᠳᠤ ᠲᠦᠰᠢᠭᠯᠡᠬᠦ ᠬᠡᠷᠡᠭᠲᠡᠶ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ ᠵᠢ ᠲᠣᠭᠲᠠᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠭᠣᠣᠯ ᠡᠭᠦᠷᠭᠡ ᠵᠢ ᠲᠣᠭᠲᠠᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠳᠤᠮᠳᠠᠳᠤ ᠤᠯᠤᠰ᠎ᠤᠨ ᠣᠨᠴᠠᠯᠢᠭ᠂ ᠮᠥᠨ ᠴᠢᠨᠠᠷ᠎ᠤᠨ ᠱᠠᠭ᠋ᠠᠷᠳᠠᠯᠭ᠎ᠠ᠂ ᠴᠢᠬᠤᠯᠠ ᠶᠡᠬᠡ ᠵᠠᠷᠴᠢᠮ ᠵᠡᠷᠭᠡ ᠵᠢ ᠲᠣᠳᠣᠷᠬᠠᠢ᠌ᠯᠠᠨ ᠥᠭᠦᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠬᠢᠭᠰᠡᠨ ᠪᠠᠢ᠌ᠨ᠎ᠠ᠃ ᠡᠲᠡᠭᠡᠷ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠣᠳᠠᠲᠠᠢ᠎ᠪᠠᠷ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠢᠷᠤᠭ ᠲᠥᠰᠥᠪ᠎ᠢ ᠪᠣᠳᠠᠲᠤ ᠠᠬᠤᠢ ᠪᠣᠯᠭ᠋ᠠᠬᠤ ᠵᠢᠨ ᠦᠨᠳᠦᠰᠦ᠎ᠨᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠡᠯ᠎ᠡ ᠲᠠᠯ᠎ᠠ ᠵᠢᠨ ᠪᠠᠢ᠌ᠭᠤᠯᠤᠯ ᠲᠣᠭᠲᠠᠴᠠ ᠵᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠳᠦᠷᠢᠮ᠎ᠤᠨ ᠪᠠᠲᠤᠯᠠᠭ᠎ᠠ ᠬᠠᠩᠭ᠋ᠠᠬᠤ᠎ᠳᠤ ᠪᠠᠢ᠌ᠨ᠎ᠠ᠃
ᠬᠣᠶᠠᠳᠤᠭ᠋ᠠᠷ᠎ᠲᠤ᠂ ᠡᠨᠡ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠪᠠᠢ᠌ᠭᠤᠯᠤᠯ᠎ᠢ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠵᠢᠨ ᠲᠤᠯᠭ᠋ᠠᠮ᠎ᠠ ᠱᠠᠭ᠋ᠠᠷᠳᠠᠯᠭ᠎ᠠ ᠪᠣᠯᠣᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠳᠦᠷᠢᠮ᠎ᠤᠨ ᠪᠠᠢ᠌ᠭᠤᠯᠤᠯᠲᠠ ᠭᠡᠬᠦ ᠡᠨᠡᠬᠦ ᠭᠣᠣᠯ ᠰᠢᠵᠢᠮ᠎ᠢ ᠲᠤᠪᠤᠢ᠍ᠢ᠍ᠯᠭ᠋ᠠᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠪᠠᠷ ᠳᠠᠮᠵᠢᠨ ᠡᠯ᠎ᠡ ᠲᠠᠯ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠪᠠᠢ᠌ᠭᠤᠯᠤᠯ᠎ᠤᠨ ᠨᠡᠩ ᠪᠣᠯᠪᠠᠰᠤᠷᠠᠩᠭᠤᠢ ᠨᠡᠩ ᠲᠣᠭᠲᠠᠪᠤᠷᠢᠵᠢᠬᠤ ᠵᠢ ᠠᠬᠢᠭᠤᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠬᠦᠴᠦᠲᠡᠢ ᠳᠦᠷᠢᠮ᠎ᠤᠨ ᠪᠠᠲᠤᠯᠠᠭ᠎ᠠ ᠬᠠᠩᠭ᠋ᠠᠵᠠᠢ᠃ ᠡᠭᠦᠨ᠎ᠤ ᠬᠠᠮᠲᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠪᠠᠢ᠌ᠭᠤᠯᠤᠯ᠎ᠢ ᠲᠡᠭᠦᠯᠳᠡᠷᠵᠢᠭᠦᠯᠬᠦ ᠪᠣᠯ ᠨᠢᠭᠡᠨ ᠬᠥᠳᠡᠯᠦᠩᠭᠦᠢ ᠶᠠᠪᠤᠴᠠ ᠮᠥᠨ᠂ ᠦᠢ᠍ᠯᠡᠳᠦᠯᠭᠡ ᠵᠢᠨ ᠬᠥᠭᠵᠢᠯᠲᠡ ᠵᠢ ᠳᠠᠭ᠋ᠠᠯᠳᠤᠨ ᠵᠠᠢ᠌ᠯᠠᠰᠢ ᠦᠭᠡᠢ ᠬᠥᠭᠵᠢᠵᠦ᠂ ᠨᠢᠭᠡᠨᠲᠡ ᠪᠠᠢ᠌ᠭ᠎ᠠ ᠪᠠᠢ᠌ᠭᠤᠯᠤᠯ᠎ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠴᠢᠬᠤᠯᠠᠲᠠᠢ᠂ ᠰᠢᠨ᠎ᠡ ᠬᠦᠷᠢᠶ᠎ᠡ ᠰᠢᠨ᠎ᠡ ᠦᠢ᠍ᠯᠡᠳᠦᠯᠭᠡ᠎ᠳᠤ ᠳᠦᠷᠢᠮ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠳᠦᠷᠢᠮ᠎ᠤᠨ ᠬᠣᠭᠣᠰᠤᠨ᠎ᠢ ᠨᠥᠬᠥᠪᠦᠷᠢᠯᠡᠬᠦ ᠴᠢᠬᠤᠯᠠᠲᠠᠢ ᠭᠡᠳᠡᠭ᠎ᠢ ᠰᠡᠷᠭᠡᠭ ᠵᠶ᠋ᠡᠷ ᠣᠯᠵᠤ ᠬᠠᠷᠠᠬᠤ ᠬᠡᠷᠡᠭᠲᠡᠶ᠃ ᠰᠢᠨ᠎ᠡ ᠪᠠᠶ᠋ᠢᠳᠠᠯ ᠪᠠ ᠡᠭᠦᠷᠭᠡ ᠵᠢᠨ ᠡᠮᠦᠨ᠎ᠡ᠂ ᠡᠷᠬᠡᠪᠰᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠡᠯ᠎ᠡ ᠲᠠᠯ᠎ᠠ ᠵᠢᠨ ᠪᠠᠢ᠌ᠭᠤᠯᠤᠯ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠳᠦᠰᠦ ᠰᠠᠭᠤᠷᠢ᠎ᠪᠠᠨ ᠪᠠᠲᠤᠳᠬᠠᠨ᠂ ᠳᠠᠪᠠᠭᠤᠯᠢᠭ ᠵᠶ᠋ᠠᠨ ᠪᠠᠳᠠᠷᠠᠭᠤᠯᠵᠤ᠂ ᠳᠤᠲᠠᠭᠤᠳᠠᠯ ᠵᠶ᠋ᠠᠨ ᠨᠥᠬᠥᠪᠦᠷᠢᠯᠡᠵᠦ᠂ ᠬᠦᠴᠦᠷᠬᠡᠭ ᠪᠠᠭᠤᠷᠠᠢ ᠵᠦᠢ᠍ᠯ ᠵᠶ᠋ᠡᠨ ᠬᠦᠴᠦᠷᠬᠡᠭᠵᠢᠭᠦᠯᠵᠦ᠂ ᠮᠠᠨ᠎ᠤ ᠤᠯᠤᠰ᠎ᠤᠨ ᠪᠠᠢ᠌ᠭᠤᠯᠤᠯ᠎ᠤᠨ ᠳᠠᠪᠠᠭᠤᠯᠢᠭ᠎ᠢ ᠲᠠᠰᠤᠷᠠᠯᠲᠠ ᠦᠭᠡᠢ ᠨᠡᠩ ᠰᠠᠢ᠍ᠢ᠍ᠨ ᠵᠶ᠋ᠠᠷ ᠤᠯᠤᠰ᠎ᠤᠨ ᠵᠠᠰᠠᠯᠲᠠ ᠵᠢᠨ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ᠃
ᠭᠤᠷᠪᠠᠳᠤᠭ᠋ᠠᠷ᠎ᠲᠤ᠂ ᠡᠨᠡ ᠪᠣᠯ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠮᠠᠨ᠎ᠤ ᠤᠯᠤᠰ᠎ᠤᠨ ᠨᠡᠢ᠌ᠭᠡᠮ᠎ᠤᠨ ᠭᠣᠣᠯ ᠵᠥᠷᠢᠴᠡᠯ᠎ᠤᠨ ᠬᠤᠪᠢᠷᠠᠯᠲᠠ᠎ᠳᠤ ᠨᠡᠩ ᠰᠠᠶ᠋ᠢᠲᠤᠷ ᠵᠣᠬᠢᠴᠠᠬᠤ ᠵᠢᠨ ᠲᠤᠯᠭ᠋ᠠᠮ᠎ᠠ ᠱᠠᠭ᠋ᠠᠷᠳᠠᠯᠭ᠎ᠠ ᠪᠣᠯᠣᠨ᠎ᠠ᠃ ᠣᠳᠣᠬᠠᠨ᠎ᠳᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠲᠤᠯᠭ᠋ᠠᠷᠠᠵᠤ ᠪᠠᠢ᠌ᠭ᠎ᠠ ᠲᠣᠪᠣᠢ᠌ᠮ᠎ᠠ ᠠᠰᠠᠭᠤᠳᠠᠯ ᠪᠣᠯ ᠮᠥᠨᠬᠦ ᠬᠥᠭᠵᠢᠯᠲᠡ ᠲᠡᠩᠴᠡᠭᠦᠷᠢ ᠦᠭᠡᠢ ᠭᠦᠢ᠍ᠴᠡᠳ ᠦᠭᠡᠢ ᠪᠠᠶ᠋ᠢᠬᠤ ᠶᠠᠪᠤᠳᠠᠯ ᠪᠣᠯᠣᠨ᠎ᠠ᠃ ᠵᠢᠱ᠌ᠢᠶᠡᠯᠡᠪᠡᠯ᠂ ᠵᠠᠬ᠎ᠠ ᠳᠡᠯᠭᠡᠭᠦᠷ᠎ᠤᠨ ᠰᠢᠰᠲ᠋ᠧᠮ ᠮᠥᠨ ᠬᠦ᠌ ᠲᠡᠭᠦᠯᠳᠡᠷᠵᠢᠭᠡᠳᠦᠢ᠂ ᠵᠠᠬ᠎ᠠ ᠳᠡᠯᠭᠡᠭᠦᠷ᠎ᠤᠨ ᠪᠣᠢ᠌ᠵᠢᠯᠲᠠ ᠭᠦᠢ᠍ᠴᠡᠳ ᠦᠭᠡᠢ᠂ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠤᠨ ᠬᠠᠷᠢᠴᠠᠭ᠎ᠠ ᠬᠠᠷᠠᠬᠠᠨ ᠪᠦᠷᠢᠮᠦᠰᠦᠨ ᠵᠦᠭᠰᠢᠷᠡᠭᠡ ᠦᠭᠡᠢ᠂ ᠰᠢᠨ᠎ᠡ ᠵᠢ ᠡᠭᠦᠳᠬᠦ ᠴᠢᠳᠠᠪᠤᠷᠢ᠎ᠨᠢ ᠴᠢᠨᠠᠷ ᠰᠠᠢ᠌ᠲᠠᠢ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠬᠤ ᠦᠭᠡᠢ᠂ ᠠᠵᠤ ᠦᠢ᠍ᠯᠡᠰ᠎ᠤᠨ ᠰᠢᠰᠲ᠋ᠧᠮ ᠪᠦᠬᠦᠯᠢ ᠴᠣᠭᠴᠠ᠎ᠪᠠᠷ ᠵᠶ᠋ᠠᠨ ᠶᠡᠬᠡ ᠪᠣᠯᠪᠠᠴᠤ ᠴᠢᠩᠭ᠎ᠠ ᠪᠢᠰᠢ᠂ ᠪᠦᠷᠢᠨ ᠪᠣᠯᠪᠠᠴᠤ ᠨᠠᠷᠢᠯᠢᠭ ᠪᠢᠰᠢ᠂ ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ᠎ᠨᠢ ᠬᠥᠮᠥᠨ᠎ᠳᠤ ᠬᠢᠵᠠᠭ᠋ᠠᠷᠯᠠᠭᠳᠠᠬᠤ ᠪᠠᠶ᠋ᠢᠳᠠᠯ᠎ᠢ ᠦᠨᠳᠦᠰᠦᠨ᠎ᠠᠴᠠ᠎ᠨᠢ ᠬᠤᠪᠢᠷᠠᠭᠤᠯᠤᠭ᠋ᠠᠳᠤᠢ᠂ ᠬᠥᠳᠡᠭᠡ ᠠᠵᠤ ᠠᠬᠤᠢ ᠵᠢᠨ ᠰᠠᠭᠤᠷᠢ ᠪᠠᠰᠠ ᠪᠠᠲᠤ ᠪᠡᠬᠢ ᠪᠢᠰᠢ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠪᠣᠯᠣᠨ ᠣᠷᠣᠯᠭ᠎ᠠ ᠵᠢᠨ ᠬᠤᠪᠢᠶᠠᠷᠢᠯᠠᠯᠲᠠ ᠵᠢᠨ ᠵᠥᠷᠢᠶ᠎ᠡ ᠮᠥᠨ ᠨᠡᠯᠢᠶᠡᠳ ᠶᠡᠬᠡ ᠪᠠᠢ᠌ᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠮᠥᠨ ᠳᠤᠲᠠᠭᠤᠳᠠᠯ ᠣᠷᠣᠰᠢᠵᠤ ᠪᠠᠶ᠋ᠢᠬᠤ ᠵᠡᠷᠭᠡ ᠪᠣᠯᠣᠨ᠎ᠠ᠃ ᠬᠤᠷᠢᠶᠠᠩᠭᠤᠢ᠌ᠯᠠᠭ᠋ᠠᠳ ᠬᠡᠯᠡᠪᠡᠯ᠂ ᠡᠲᠡᠭᠡᠷ ᠠᠰᠠᠭᠤᠳᠠᠯ ᠪᠣᠯ ᠴᠥᠮ ᠨᠡᠢ᠌ᠭᠡᠮ᠎ᠤᠨ ᠭᠣᠣᠯ ᠵᠥᠷᠢᠴᠡᠯ᠎ᠤᠨ ᠬᠤᠪᠢᠷᠠᠯᠲᠠ ᠵᠢᠨ ᠲᠤᠰᠬᠠᠯ ᠮᠥᠨ᠂ ᠬᠥᠭᠵᠢᠯᠲᠡ ᠵᠢᠨ ᠳᠤᠮᠳᠠᠬᠢ ᠠᠰᠠᠭᠤᠳᠠᠯ ᠮᠥᠨ᠂ ᠡᠷᠬᠡᠪᠰᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠪᠠᠢ᠌ᠭᠤᠯᠤᠯ ᠲᠣᠭᠲᠠᠴᠠ ᠵᠢᠨ ᠲᠠᠯ᠎ᠠ᠎ᠠᠴᠠ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠶ᠃
ᠳᠥᠷᠪᠡᠳᠦᠭᠡᠷ᠎ᠲᠤ᠂ ᠡᠨᠡ ᠪᠣᠯ ᠬᠦᠨᠳᠦ ᠶᠡᠬᠡ ᠠᠶᠤᠯ ᠲᠦᠭᠰᠢᠭᠦᠷᠢ ᠵᠢᠨ ᠥᠷᠢᠰᠥᠯᠳᠦᠭᠡᠨ᠎ᠢ ᠠᠷᠭ᠋ᠠᠴᠠᠭ᠋ᠠᠬᠤ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠯᠠᠪᠳᠠᠭᠤᠨ ᠵᠶ᠋ᠠᠷ ᠬᠣᠯᠠ ᠠᠶᠠᠯᠠᠬᠤ ᠵᠢ ᠠᠬᠢᠭᠤᠯᠬᠤ ᠵᠢᠨ ᠲᠤᠯᠭ᠋ᠠᠮ ᠱᠠᠭ᠋ᠠᠷᠳᠠᠯᠭ᠎ᠠ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠪᠣᠯ ᠨᠢᠭᠡᠨ ᠰᠢᠨ᠎ᠡ ᠦᠢ᠍ᠯᠡᠰ ᠮᠥᠨ᠂ ᠤᠷᠤᠭᠰᠢᠯᠠᠯᠲᠠ ᠵᠢᠨ ᠵᠠᠮ ᠳᠡᠭᠡᠷ᠎ᠡ ᠡᠯ᠎ᠡ ᠵᠦᠢ᠍ᠯ᠎ᠤᠨ ᠵᠥᠷᠢᠴᠡᠯ ᠪᠠ ᠠᠶᠤᠯ ᠲᠦᠭᠰᠢᠭᠦᠷᠢ ᠵᠢᠨ ᠥᠷᠢᠰᠥᠯᠳᠦᠭᠡᠨ᠎ᠳᠤ ᠵᠠᠢ᠌ᠯᠠᠰᠢ ᠦᠭᠡᠢ ᠲᠤᠯᠭ᠋ᠠᠷᠠᠬᠤ ᠶᠤᠮ᠃ ᠢᠯᠠᠩᠭᠤᠶ᠎ᠠ ᠣᠳᠣᠬᠠᠨ᠎ᠤ ᠳᠡᠯᠡᠬᠡᠢ ᠵᠢᠨ ᠵᠠᠭᠤᠨ ᠵᠢᠯ᠎ᠳᠤ ᠭᠠᠷᠤᠭ᠎ᠠ ᠦᠭᠡᠢ ᠶᠡᠬᠡ ᠬᠤᠪᠢᠷᠠᠯᠲᠠ ᠲᠦᠷᠭᠡᠨ ᠬᠥᠭᠵᠢᠵᠦ᠂ ᠬᠡᠰᠡᠭ ᠲᠠᠯ᠎ᠠ ᠵᠢᠨ ᠮᠥᠷᠭᠥᠯᠳᠦᠭᠡᠨ ᠪᠠ ᠦᠢ᠍ᠮᠡᠭᠡᠨ ᠳᠡᠪᠵᠢᠶᠡᠨ ᠣᠯᠠᠨᠲᠠ ᠡᠭᠦᠰᠴᠦ᠂ ᠪᠦᠬᠦ ᠪᠥᠮᠪᠥᠷᠴᠡᠭ᠎ᠤᠨ ᠴᠢᠨᠠᠷᠲᠠᠢ ᠠᠰᠠᠭᠤᠳᠠᠯ ᠰᠢᠷᠦᠭᠦᠰᠴᠦ᠂ ᠭᠠᠳᠠᠨ᠎ᠠ᠎ᠠᠴᠠ ᠢᠷᠡᠭᠰᠡᠨ ᠳᠠᠷᠤᠯᠲᠠ ᠥᠭᠬᠦ ᠪᠠ ᠬᠣᠷᠢᠭᠯᠠᠨ ᠵᠣᠭᠰᠤᠭ᠋ᠠᠬᠤ ᠶᠠᠪᠤᠳᠠᠯ ᠲᠠᠰᠤᠷᠠᠯᠲᠠ ᠦᠭᠡᠢ ᠳᠡᠰ ᠳᠠᠪᠰᠢᠵᠤ᠂ ᠮᠠᠨ᠎ᠤ ᠤᠯᠤᠰ᠎ᠤᠨ ᠬᠥᠭᠵᠢᠯᠲᠡ ᠪᠠᠢ᠌ᠯᠳᠤᠬᠤ ᠪᠣᠳᠣᠯᠭ᠎ᠠ ᠵᠢᠨ ᠠᠵᠠ ᠲᠣᠬᠢᠶᠠᠯ ᠪᠠ ᠠᠶᠤᠯ ᠲᠦᠭᠰᠢᠭᠦᠷᠢ ᠵᠢᠨ ᠥᠷᠢᠰᠥᠯᠳᠦᠭᠡᠨ ᠵᠡᠷᠭᠡ᠎ᠪᠠᠷ ᠣᠷᠣᠰᠢᠵᠤ᠂ ᠵᠢᠱ᠌ᠢᠵᠦ ᠮᠡᠳᠡᠬᠦᠶ᠎ᠡ ᠪᠡᠷᠬᠡ ᠬᠦᠴᠦᠨ ᠵᠦᠢ᠍ᠯ ᠨᠡᠮᠡᠭᠳᠡᠬᠦ ᠴᠠᠭ ᠦᠶ᠎ᠡ᠎ᠳᠤ ᠣᠷᠣᠵᠤ᠂ ᠡᠯ᠎ᠡ ᠵᠦᠢ᠍ᠯ᠎ᠤᠨ 《ᠬᠠᠷ᠎ᠠ ᠬᠤᠨ ᠭᠠᠯᠠᠭᠤ》 《ᠪᠣᠷᠣ ᠬᠡᠷᠢᠰ》᠎ᠤᠨ ᠬᠡᠷᠡᠭ ᠬᠡᠵᠢᠶ᠎ᠡ ᠴᠦ᠍ ᠡᠭᠦᠰᠴᠦ ᠮᠠᠲᠠᠨ᠎ᠠ᠃ ᠡᠲᠡᠭᠡᠷ ᠠᠶᠤᠯ ᠲᠦᠭᠰᠢᠭᠦᠷᠢ ᠵᠢᠨ ᠥᠷᠢᠰᠥᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠡᠳᠦᠷ ᠢᠷᠡᠬᠦᠶ᠎ᠡ ᠰᠢᠷᠦᠭᠦᠰᠴᠦ ᠪᠠᠢ᠌ᠭ᠎ᠠ ᠤᠯᠠᠨ ᠤᠯᠤᠰ᠎ᠤᠨ ᠥᠷᠢᠰᠥᠯᠳᠦᠭᠡᠨ᠎ᠤ ᠳᠤᠮᠳᠠ ᠪᠠᠢ᠌ᠯᠳᠤᠬᠤ ᠪᠣᠳᠣᠯᠭ᠎ᠠ ᠵᠢᠨ ᠰᠠᠨᠠᠭ᠋ᠠᠴᠢᠯᠠᠭ᠋ᠠᠲᠤ ᠡᠷᠬᠡ ᠵᠢ ᠣᠯᠬᠤ᠎ᠳᠤ ᠪᠢᠳᠡ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠪᠦᠷᠢᠨ ᠲᠡᠭᠦᠯᠳᠡᠷ ᠳᠦᠷᠢᠮ ᠵᠶ᠋ᠡᠷ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠵᠤ᠂ ᠥᠷᠢᠰᠥᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠬᠢᠮᠤᠷᠠᠯ᠎ᠤᠨ ᠳᠤᠮᠳᠠ ᠰᠢᠨ᠎ᠡ ᠠᠵᠠ ᠲᠣᠬᠢᠶᠠᠯ᠎ᠢ ᠪᠤᠢ ᠪᠣᠯᠭ᠋ᠠᠵᠤ᠂ ᠬᠤᠪᠢᠷᠠᠯᠲᠠ ᠵᠢᠨ ᠳᠤᠮᠳᠠ ᠰᠢᠨ᠎ᠡ ᠪᠠᠶ᠋ᠢᠳᠠᠯ᠎ᠢ ᠡᠭᠦᠳᠬᠦ ᠴᠢᠬᠤᠯᠠᠲᠠᠢ ᠶᠤᠮ᠃
ᠬᠣᠶᠠᠷ᠂ ᠲᠣᠭᠲᠠᠭ᠋ᠠᠯ᠎ᠤᠨ ᠨᠣᠣᠷᠠᠭ᠎ᠢ ᠲᠤᠭᠤᠷᠪᠢᠭᠰᠠᠨ ᠶᠠᠪᠤᠴᠠ ᠵᠢᠨ ᠲᠤᠬᠠᠢ
2023 ᠣᠨ᠎ᠤ 11 ᠰᠠᠷ᠎ᠠ᠎ᠳᠤ᠂ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ᠎ᠠᠴᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢ᠌ᠯᠠᠩ᠎ᠢ ᠪᠠᠢ᠌ᠭᠤᠯᠵᠤ᠂ ᠨᠠᠳᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠵᠤ᠂ ᠸᠠᠩ ᠬᠸ ᠨᠢᠩ᠂ ᠼᠠᠢ ᠴᠢ᠂ ᠳ᠋ᠢᠩ ᠰᠢᠤᠸᠠᠢ ᠰᠢᠶᠠᠩ ᠨᠥᠬᠥᠷ ᠵᠶ᠋ᠡᠷ ᠳᠤᠭᠤᠢ᠌ᠯᠠᠩ᠎ᠤᠨ ᠳᠡᠳ᠋ ᠳᠠᠷᠤᠭ᠎ᠠ ᠪᠣᠯᠭ᠋ᠠᠵᠤ᠂ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶᠠᠨ᠎ᠤ ᠤᠳᠤᠷᠢᠳᠤᠯᠭ᠎ᠠ ᠳᠣᠣᠷ᠎ᠠ ᠪᠢᠴᠢᠭ ᠮᠠᠲ᠋ᠧᠷᠢᠶᠠᠯ ᠲᠤᠭᠤᠷᠪᠢᠬᠤ ᠠᠵᠢᠯ᠎ᠢ ᠡᠭᠦᠷᠭᠡᠯᠡᠭᠦᠯᠬᠦ᠎ᠪᠠᠷ ᠲᠣᠭᠲᠠᠪᠠ᠃ 12 ᠰᠠᠷ᠎ᠠ ᠵᠢᠨ 8᠎ᠤ ᠡᠳᠦᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢ᠌ᠯᠠᠩ ᠠᠩᠬᠠᠳᠤᠭ᠋ᠠᠷ ᠤᠳᠠᠭ᠋ᠠᠨ᠎ᠤ ᠪᠥᠬᠥᠳᠡ ᠬᠤᠷᠠᠯ ᠬᠤᠷᠠᠯᠳᠤᠭᠤᠯᠵᠤ᠂ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠵᠢᠩᠬᠢᠨᠢ᠎ᠪᠠᠷ ᠡᠬᠢᠯᠡᠪᠡ᠃ 7 ᠰᠠᠷ᠎ᠠ ᠭᠠᠷᠤᠢ ᠵᠢᠨ ᠬᠤᠭᠤᠴᠠᠭ᠋ᠠᠨ᠎ᠳᠤ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢ᠌ᠯᠠᠩ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠥᠷᠭᠡᠨ ᠵᠶ᠋ᠡᠷ ᠰᠠᠨᠠᠯ ᠬᠤᠷᠢᠶᠠᠵᠤ᠂ ᠲᠤᠰᠬᠠᠢ ᠰᠡᠳᠦᠪ᠎ᠤᠨ ᠨᠤᠲᠠᠯᠠᠯᠲᠠ ᠵᠢ ᠥᠷᠨᠢᠭᠦᠯᠦᠨ᠂ ᠲᠠᠬᠢᠨ ᠳᠠᠪᠲᠠᠨ ᠶᠠᠷᠢᠯᠴᠠᠵᠤ ᠵᠠᠰᠠᠪᠤᠷᠢ ᠣᠷᠣᠭᠤᠯᠪᠠ᠃
ᠲᠣᠭᠲᠠᠭ᠋ᠠᠯ᠎ᠤᠨ ᠨᠣᠣᠷᠠᠭ᠎ᠢ ᠲᠤᠭᠤᠷᠪᠢᠬᠤ ᠶᠠᠪᠤᠴᠠ᠎ᠳᠤ᠂ ᠪᠢᠳᠡ ᠳᠣᠣᠷᠠᠬᠢ ᠬᠡᠳᠦᠨ ᠲᠠᠯ᠎ᠠ ᠵᠢ ᠭᠣᠣᠯᠳᠠᠯᠭ᠎ᠠ᠎ᠲᠠᠢ ᠡᠵᠡᠮᠳᠡᠪᠡ᠄ ᠨᠢᠭᠡ᠎ᠳᠤ᠂ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠵᠢ ᠳ᠋ᠦᠩᠨᠡᠨ ᠬᠡᠷᠡᠭᠯᠡᠵᠦ᠂ ᠵᠠᠷᠴᠢᠮ᠎ᠢ ᠵᠢᠷᠤᠮᠯᠠᠵᠤ᠂ ᠵᠥᠪ ᠣᠨᠣᠪᠴᠢᠲᠠᠢ ᠤᠯᠤᠰ ᠲᠥᠷᠥ ᠵᠢᠨ ᠴᠢᠭᠯᠡᠯ᠎ᠢ ᠪᠠᠷᠢᠮᠲᠠᠯᠠᠬᠤ᠎ᠪᠠᠷ ᠲᠣᠭᠲᠠᠭ᠋ᠠᠪᠠ᠃ ᠬᠣᠶᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ᠎ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠰᠦᠪᠡᠭᠴᠢᠯᠡᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠎ᠠ᠃ ᠭᠤᠷᠪᠠ᠎ᠳᠤ᠂ ᠭᠣᠣᠯᠳᠠᠯᠭ᠎ᠠ ᠵᠢ ᠠᠳᠬᠤᠵᠤ᠂ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠳᠤᠪᠤᠢ᠍ᠢ᠍ᠯᠭ᠋ᠠᠵᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠴᠢᠬᠤᠯᠠ ᠶᠡᠬᠡ ᠥᠭᠡᠷᠡᠴᠢᠯᠡᠯᠲᠡ ᠵᠢ ᠳᠤᠪᠤᠢ᠍ᠢ᠍ᠯᠭ᠋ᠠᠵᠤ᠂ ᠠᠵᠤ ᠠᠬᠤᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠳᠠᠢ᠌ᠴᠢᠯᠠᠬᠤ ᠦᠢ᠍ᠯᠡᠳᠦᠯ᠎ᠢ ᠳᠤᠪᠤᠢ᠍ᠢ᠍ᠯᠭ᠋ᠠᠵᠤ᠂ ᠥᠭᠡᠷᠡᠴᠢᠯᠡᠯᠲᠡ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠳᠤᠪᠤᠢ᠍ᠢ᠍ᠯᠭ᠋ᠠᠪᠠ᠃ ᠳᠥᠷᠪᠡ᠎ᠳᠤ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠠᠷᠠᠳ ᠲᠦᠮᠡᠨ᠎ᠤ ᠪᠦᠬᠦᠯᠢ ᠴᠣᠭᠴᠠ ᠵᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠬᠡᠲᠦ ᠵᠢᠨ ᠠᠰᠢᠭ ᠲᠤᠰᠠ᠎ᠠᠴᠠ ᠡᠭᠦᠰᠦᠨ ᠥᠭᠡᠷᠡᠴᠢᠯᠡᠯᠲᠡ ᠵᠢ ᠤᠬᠠᠭ᠋ᠠᠯᠠᠨ ᠲᠦᠯᠬᠢᠨ ᠠᠬᠢᠭᠤᠯᠤᠨ᠎ᠠ᠃ ᠲᠠᠪᠤ᠎ᠳᠤ᠂ ᠰᠢᠰᠲ᠋ᠧᠮ᠎ᠤᠨ ᠴᠤᠭᠯᠠᠷᠠᠯ᠎ᠢ ᠴᠢᠩᠭ᠋ᠠᠳᠬᠠᠵᠤ᠂ ᠥᠭᠡᠷᠡᠴᠢᠯᠡᠯᠲᠡ ᠵᠢᠨ ᠪᠦᠬᠦᠯᠢ ᠴᠣᠭᠴᠠ ᠵᠢᠨ ᠲᠥᠯᠦᠪᠵᠢᠭᠦᠯᠭᠡ᠂ ᠰᠢᠰᠲ᠋ᠧᠮ᠎ᠤᠨ ᠪᠠᠢ᠌ᠷᠢᠰᠢᠭᠤᠯᠤᠯᠲᠠ ᠵᠢ ᠴᠢᠩᠭ᠋ᠠᠳᠬᠠᠵᠤ᠂ ᠡᠯ᠎ᠡ ᠲᠠᠯ᠎ᠠ ᠵᠢᠨ ᠥᠭᠡᠷᠡᠴᠢᠯᠡᠯᠲᠡ ᠵᠢ ᠬᠠᠷᠢᠯᠴᠠᠨ ᠬᠠᠮᠵᠢᠯᠴᠠᠭᠤᠯᠵᠤ᠂ ᠥᠨᠳᠥᠷ ᠪᠦᠲᠦᠮᠵᠢᠲᠡᠢ ᠬᠠᠮᠵᠢᠯᠴᠠᠭᠤᠯᠤᠨ᠎ᠠ᠃
ᠡᠨᠡ ᠤᠳᠠᠭ᠋ᠠᠨ᠎ᠤ ᠪᠥᠬᠥᠳᠡ ᠬᠤᠷᠠᠯ᠎ᠤᠨ ᠪᠢᠴᠢᠭ ᠮᠠᠲ᠋ᠧᠷᠢᠶᠠᠯ᠎ᠢ ᠲᠤᠭᠤᠷᠪᠢᠨ ᠪᠢᠴᠢᠬᠦ᠎ᠳᠡᠭᠡᠨ ᠠᠷᠠᠳᠴᠢᠯᠠᠯ᠎ᠢ ᠪᠠᠳᠠᠷᠠᠭᠤᠯᠬᠤ᠂ ᠤᠯᠠᠨ᠎ᠤ ᠣᠶᠤᠨ ᠤᠬᠠᠭ᠋ᠠᠨ᠎ᠢ ᠲᠥᠪᠯᠡᠷᠡᠭᠦᠯᠬᠦ ᠵᠢ ᠪᠦᠬᠦ ᠶᠠᠪᠤᠴᠠ᠎ᠳᠤ ᠲᠤᠭᠤᠰᠢᠯᠠᠭᠤᠯᠪᠠ᠃ 2023 ᠣᠨ᠎ᠤ 11 ᠰᠠᠷ᠎ᠠ ᠵᠢᠨ 27᠎ᠤ ᠡᠳᠦᠷ᠂ ᠨᠠᠮ᠎ᠤᠨ ᠲᠥᠪ ᠬᠣᠷᠢᠶ᠎ᠠ ᠮᠡᠳᠡᠭᠳᠡᠯ ᠪᠠᠭᠤᠯᠭ᠋ᠠᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠥᠪᠯᠡᠬᠦ ᠵᠦᠢ᠍ᠯ᠎ᠤᠨ ᠲᠤᠬᠠᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠵᠢᠨ᠎ᠬᠢᠨ ᠪᠠ ᠬᠡᠰᠡᠭ ᠺᠠᠳ᠋ᠷ ᠤᠯᠠᠨ ᠲᠦᠮᠡᠨ᠎ᠤ ᠰᠠᠨᠠᠯ᠎ᠢ ᠬᠤᠷᠢᠶᠠᠪᠠ᠃ ᠤᠯᠠᠨ ᠵᠶ᠋ᠠᠷ ᠵᠶ᠋ᠠᠨ ᠰᠠᠨᠠᠯ ᠨᠢᠭᠡᠲᠡᠢ ᠦᠵᠡᠭᠰᠡᠨ᠎ᠨᠢ᠂ ᠨᠠᠮ᠎ᠤᠨ ᠲᠥᠪ ᠬᠣᠷᠢᠶ᠎ᠠ᠎ᠠᠴᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠳᠡᠭᠡᠷ᠎ᠡ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠠᠰᠠᠭᠤᠳᠠᠯ᠎ᠢ ᠥᠭᠡᠷᠡᠴᠢᠯᠡᠯᠲᠡ ᠵᠢ ᠡᠴᠦᠰ᠎ᠲᠤᠨᠢ ᠲᠤᠯᠲᠠᠯ᠎ᠠ ᠬᠢᠬᠦ ᠡᠷᠡᠰ ᠪᠠᠲᠤ ᠵᠣᠷᠢᠭ ᠪᠠ ᠴᠢᠩᠭ᠎ᠠ ᠴᠢᠩᠭ᠎ᠠ ᠡᠭᠦᠷᠭᠡ ᠬᠠᠷᠢᠭᠤᠴᠠᠯᠭ᠎ᠠ ᠵᠢ ᠢᠯᠡᠷᠡᠭᠦᠯᠪᠡ᠂ ᠡᠨᠡ᠎ᠨᠢ ᠰᠢᠨ᠎ᠡ ᠴᠠᠭ ᠦᠶ᠎ᠡ ᠵᠢᠨ ᠰᠢᠨ᠎ᠡ ᠠᠶᠠᠯᠠᠯ᠎ᠳᠤ ᠶᠠᠮᠠᠷ ᠲᠤᠭ᠎ᠢ ᠡᠷᠭᠦᠬᠦ᠂ ᠶᠠᠮᠠᠷ ᠵᠠᠮ ᠵᠶ᠋ᠠᠷ ᠵᠠᠮᠨᠠᠬᠤ ᠵᠢᠨ ᠲᠤᠬᠠᠢ ᠲᠠᠬᠢᠨ ᠲᠤᠩᠬᠠᠭᠯᠠᠯ ᠪᠣᠯᠣᠨ᠎ᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠵᠢᠨ᠎ᠬᠢᠨ ᠪᠢᠴᠢᠭ ᠮᠠᠲ᠋ᠧᠷᠢᠶᠠᠯ᠎ᠤᠨ ᠭᠣᠣᠯ ᠰᠡᠳᠦᠪ᠂ ᠪᠣᠷᠣ ᠲᠥᠯᠥᠪ᠂ ᠴᠢᠬᠤᠯᠠ ᠠᠷᠭ᠎ᠠ ᠬᠡᠮᠵᠢᠶ᠎ᠡ ᠵᠡᠷᠭᠡ ᠵᠢᠨ ᠲᠠᠯ᠎ᠠ᠎ᠪᠠᠷ ᠮᠠᠰᠢ ᠤᠯᠠᠨ ᠦᠨ᠎ᠡ ᠥᠷᠲᠡᠭ᠎ᠲᠠᠢ ᠰᠠᠨᠠᠭᠤᠯᠭ᠎ᠠ ᠳᠤᠷᠠᠳᠴᠤ᠂ ᠲᠣᠭᠲᠠᠭ᠋ᠠᠯ᠎ᠤᠨ ᠨᠣᠣᠷᠠᠭ᠎ᠢ ᠲᠤᠭᠤᠷᠪᠢᠬᠤ᠎ᠳᠤ ᠴᠢᠬᠤᠯᠠ ᠯᠠᠪᠯᠠᠯᠲᠠ ᠬᠠᠩᠭ᠋ᠠᠪᠠ᠃
2024 ᠣᠨ᠎ᠤ 5 ᠰᠠᠷ᠎ᠠ ᠵᠢᠨ 7᠎ᠤ ᠡᠳᠦᠷ᠂ ᠲᠣᠭᠲᠠᠭ᠋ᠠᠯ᠎ᠤᠨ ᠨᠣᠣᠷᠠᠭ᠎ᠢ ᠨᠠᠮ᠎ᠤᠨ ᠳᠣᠲᠣᠭ᠋ᠠᠳᠤ ᠵᠢᠨ ᠵᠣᠬᠢᠬᠤ ᠬᠡᠪᠴᠢᠶᠡᠨ᠎ᠳᠤ ᠲᠠᠷᠬᠠᠭ᠋ᠠᠨ ᠰᠠᠨᠠᠯ ᠬᠤᠷᠢᠶᠠᠵᠤ᠂ ᠨᠠᠮ᠎ᠤᠨ ᠳᠣᠲᠣᠭ᠋ᠠᠳᠤ ᠵᠢᠨ ᠠᠬᠠᠮᠠᠳ ᠨᠥᠬᠥᠳ᠎ᠤᠨ ᠰᠠᠨᠠᠯ᠎ᠢ ᠬᠤᠷᠢᠶᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶ᠎ᠠ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠬᠠᠷᠢᠭᠤᠴᠠᠯᠭ᠋ᠠᠲᠠᠨ ᠪᠣᠯᠣᠨ ᠨᠠᠮ ᠪᠦᠯᠦᠭ᠎ᠤᠨ ᠪᠤᠰᠤ ᠬᠥᠮᠥᠰ᠎ᠤᠨ ᠲᠥᠯᠥᠭᠡᠯᠡᠭᠴᠢ ᠵᠢᠨ ᠰᠠᠨᠠᠯ᠎ᠢ ᠲᠤᠰᠬᠠᠢ᠌ᠯᠠᠨ ᠰᠣᠨᠣᠰᠴᠤ᠂ ᠬᠣᠯᠪᠣᠭᠳᠠᠯ ᠪᠦᠬᠦᠢ ᠠᠵᠤ ᠠᠬᠤᠢ᠌ᠯᠠᠯ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ᠎ᠤ ᠰᠠᠨᠠᠯ᠎ᠢ ᠰᠣᠨᠣᠰᠪᠠ᠃ ᠬᠠᠷᠢᠭᠤ ᠲᠤᠰᠬᠠᠭᠰᠠᠨ ᠪᠠᠶ᠋ᠢᠳᠠᠯ᠎ᠠᠴᠠ ᠦᠵᠡᠪᠡᠯ᠂ ᠤᠯᠠᠨ ᠵᠶ᠋ᠠᠷ ᠵᠶ᠋ᠠᠨ ᠰᠠᠨᠠᠯ ᠨᠢᠭᠡᠲᠡᠢ ᠦᠵᠡᠭᠰᠡᠨ᠎ᠨᠢ᠂ ᠲᠣᠭᠲᠠᠭ᠋ᠠᠯ᠎ᠤᠨ ᠡᠬᠡ ᠨᠣᠣᠷᠠᠭ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠡᠨᠡᠬᠦ ᠭᠣᠣᠯ ᠰᠡᠳᠦᠪ᠎ᠤᠨ ᠲᠣᠭᠣᠷᠢᠨ᠎ᠳᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠪᠠᠢ᠌ᠯᠳᠤᠬᠤ ᠪᠣᠳᠣᠯᠭ᠎ᠠ ᠠᠷᠭ᠎ᠠ ᠬᠡᠮᠵᠢᠶ᠎ᠡ ᠵᠢ ᠵᠢᠷᠤᠭᠯᠠᠵᠤ᠂ ᠵᠥᠪ ᠣᠨᠣᠪᠴᠢᠲᠠᠢ ᠤᠯᠤᠰ ᠲᠥᠷᠥ ᠵᠢᠨ ᠴᠢᠭᠯᠡᠯ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ᠎ᠳᠤ ᠰᠢᠢ᠍ᠳᠪᠦᠷᠢᠯᠡᠬᠦ ᠴᠢᠬᠤᠯᠠᠲᠠᠢ ᠴᠢᠬᠤᠯᠠ ᠶᠡᠬᠡ ᠪᠠᠢ᠌ᠭᠤᠯᠤᠮᠵᠢ ᠲᠣᠭᠲᠠᠴᠠ ᠵᠢᠨ ᠠᠰᠠᠭᠤᠳᠠᠯ᠎ᠢ ᠬᠦᠴᠦᠯᠡᠨ ᠠᠳᠬᠤᠵᠤ ᠥᠭᠡᠷᠡᠴᠢᠯᠡᠯᠲᠡ ᠵᠢ ᠲᠥᠯᠥᠪᠵᠢᠭᠦᠯᠵᠦ᠂ ᠭᠣᠣᠯ ᠰᠡᠳᠦᠪ᠎ᠨᠢ ᠢᠯᠡ ᠲᠣᠳᠣ᠂ ᠭᠣᠣᠯᠳᠠᠯᠭ᠎ᠠ᠎ᠪᠠᠨ ᠳᠣᠪᠣᠶ᠋ᠢᠯᠭ᠋ᠠᠵᠤ᠂ ᠠᠷᠭ᠎ᠠ ᠬᠡᠮᠵᠢᠶ᠎ᠡ᠎ᠨᠢ ᠪᠣᠳᠠᠲᠠᠢ ᠵᠢ ᠡᠷᠬᠢᠮᠯᠡᠭᠰᠡᠨ ᠪᠥᠭᠡᠳ ᠶᠠᠪᠤᠭᠳᠠᠭᠤᠰᠢᠲᠠᠢ ᠪᠠᠶ᠋ᠢᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠠᠬᠢᠭᠤᠯᠬᠤ ᠥᠷᠭᠡᠴᠡ ᠪᠠ ᠭᠦᠨᠵᠡᠭᠡᠢ᠌ᠷᠡᠯ ᠲᠡᠰᠢ ᠤᠷᠤᠭᠰᠢᠯᠠᠬᠤ ᠵᠢᠨ ᠶᠡᠷᠦᠩᠬᠡᠢ ᠳᠠᠢ᠌ᠴᠢᠯᠠᠯᠲᠠ᠂ ᠶᠡᠷᠦᠩᠬᠡᠢ ᠵᠠᠬᠢᠷᠭ᠎ᠠ ᠪᠣᠯᠣᠨ᠎ᠠ᠂ ᠡᠨᠡ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠪᠠᠢ᠌ᠭᠤᠯᠤᠯ᠎ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ᠎ᠤᠨ ᠵᠠᠰᠠᠯᠲᠠ ᠵᠢᠨ ᠰᠢᠰᠲ᠋ᠥᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠲᠡᠦᠬᠡ ᠵᠢᠨ ᠰᠠᠨᠠᠭ᠋ᠠᠴᠢᠯᠠᠭ᠋ᠠᠲᠤ ᠴᠢᠨᠠᠷ᠎ᠢ ᠭᠦᠢ᠍ᠴᠡᠳ ᠢᠯᠡᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠠ ᠳᠦᠷᠢᠮ᠎ᠤᠨ ᠪᠠᠲᠤᠯᠠᠭ᠎ᠠ ᠬᠠᠩᠭ᠋ᠠᠬᠤ᠎ᠨᠢ ᠯᠠᠪᠲᠠᠢ ᠶᠤᠮ᠃ ᠡᠭᠦᠨ᠎ᠤ ᠬᠠᠮᠲᠤ᠂ ᠡᠯ᠎ᠡ ᠲᠠᠯ᠎ᠠ ᠵᠢᠨ᠎ᠬᠢᠨ 1911 ᠵᠦᠢ᠍ᠯ᠎ᠤᠨ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢ᠌ᠯᠠᠩ ᠡᠲᠡᠭᠡᠷ ᠰᠠᠨᠠᠯ ᠪᠠ ᠰᠠᠨᠠᠭᠤᠯᠭ᠎ᠠ ᠵᠢ ᠨᠠᠷᠢᠨ ᠬᠢᠨᠠᠮᠠᠭ᠋ᠠᠢ ᠰᠤᠳᠤᠯᠵᠤ᠂ ᠰᠢᠩᠭᠡᠬᠡᠨ ᠠᠪᠴᠤ ᠴᠢᠳᠠᠬᠤ ᠵᠢᠨ ᠳᠣᠲᠣᠷ᠎ᠠ ᠰᠢᠩᠭᠡᠬᠡᠨ ᠠᠪᠴᠤ᠂ 221 ᠭᠠᠵᠠᠷ᠎ᠲᠤ ᠵᠠᠰᠠᠪᠤᠷᠢ ᠣᠷᠣᠭᠤᠯᠪᠠ᠃
ᠲᠤᠭᠤᠷᠪᠢᠬᠤ ᠠᠵᠢᠯ᠎ᠤᠨ ᠶᠠᠪᠤᠴᠠ᠎ᠳᠤ᠂ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶ᠎ᠠ 3 ᠤᠳᠠᠭ᠎ᠠ ᠬᠤᠷᠠᠯ ᠬᠤᠷᠠᠯᠳᠤᠭᠤᠯᠵᠤ᠂ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ 2 ᠤᠳᠠᠭ᠎ᠠ ᠬᠤᠷᠠᠯ ᠬᠤᠷᠠᠯᠳᠤᠭᠤᠯᠵᠤ ᠬᠢᠨᠠᠨ ᠵᠥᠪᠯᠡᠵᠦ᠂ ᠵᠠᠰᠠᠪᠤᠷᠢ ᠣᠷᠣᠭᠤᠯᠵᠤ᠂ ᠡᠨᠡ ᠤᠳᠠᠭ᠎ᠠ ᠵᠢᠨ ᠪᠦᠭᠦᠳᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠬᠦ ᠲᠣᠭᠲᠠᠭ᠋ᠠᠯ᠎ᠤᠨ ᠨᠣᠣᠷᠠᠭ᠎ᠢ ᠪᠤᠢ ᠪᠣᠯᠭ᠋ᠠᠪᠠ᠃
ᠭᠤᠷᠪᠠ᠂ ᠲᠣᠭᠲᠠᠭ᠋ᠠᠯ᠎ᠤᠨ ᠨᠣᠣᠷᠠᠭ᠎ᠤᠨ ᠦᠨᠳᠦᠰᠦᠨ ᠪᠣᠷᠣ ᠲᠥᠯᠥᠪ ᠪᠠ ᠭᠣᠣᠯ ᠠᠭᠤᠯᠭ᠎ᠠ ᠵᠢᠨ ᠲᠤᠬᠠᠢ
ᠲᠣᠭᠲᠠᠭ᠋ᠠᠯ᠎ᠤᠨ ᠡᠬᠡ ᠨᠣᠣᠷᠠᠭ᠎ᠲᠤ ᠤᠳᠤᠷᠢᠳᠬᠠᠯ ᠪᠠ ᠲᠡᠭᠦᠰᠬᠡᠯ᠎ᠤᠨ ᠦᠭᠡ᠎ᠠᠴᠠ ᠭᠠᠳᠠᠨ᠎ᠠ᠂ 15 ᠬᠡᠰᠡᠭ ᠪᠠᠢ᠌ᠵᠤ᠂ ᠭᠤᠷᠪᠠᠨ ᠲᠣᠮᠣ ᠬᠡᠰᠡᠭ᠎ᠲᠤ ᠬᠤᠪᠢᠶᠠᠭᠳᠠᠵᠠᠢ᠃ ᠨᠢᠭᠡᠳᠦᠭᠡᠷ ᠬᠡᠰᠡᠭ᠎ᠢ ᠨᠢᠭᠡᠳᠦᠭᠡᠷ ᠲᠣᠮᠣ ᠬᠡᠰᠡᠭ᠎ᠲᠤ ᠬᠤᠪᠢᠶᠠᠪᠠ᠂ ᠡᠨᠡ᠎ᠨᠢ ᠶᠡᠷᠦᠩᠬᠡᠢ ᠤᠨᠤᠯ ᠪᠣᠯᠣᠨ᠎ᠠ᠂ ᠡᠭᠦᠨ᠎ᠳᠤ ᠭᠣᠣᠯᠳᠠᠭᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢᠨ ᠴᠢᠬᠤᠯᠠ ᠶᠡᠬᠡ ᠠᠴᠢ ᠬᠣᠯᠪᠣᠭᠳᠠᠯ ᠪᠠ ᠶᠡᠷᠦᠩᠬᠡᠢ ᠱᠠᠭ᠋ᠠᠷᠳᠠᠯᠭ᠎ᠠ ᠵᠢ ᠲᠣᠳᠣᠷᠬᠠᠢ᠌ᠯᠠᠨ ᠥᠭᠦᠯᠡᠵᠡᠢ᠃ ᠬᠣᠶᠠᠳᠤᠭ᠋ᠠᠷ ᠬᠡᠰᠡᠭ᠎ᠠᠴᠠ ᠠᠷᠪᠠᠨ ᠳᠥᠷᠪᠡᠳᠦᠭᠡᠷ ᠬᠡᠰᠡᠭ ᠬᠦᠷᠲᠡᠯᠡᠬᠢ ᠬᠤᠪᠢᠶᠠᠷᠢ ᠤᠨᠤᠯ᠎ᠨᠢ ᠬᠣᠶᠠᠳᠤᠭ᠋ᠠᠷ ᠬᠡᠰᠡᠭ᠎ᠲᠤ ᠬᠤᠪᠢᠶᠠᠭᠳᠠᠵᠤ᠂ ᠭᠣᠣᠯᠳᠠᠭᠤ ᠠᠵᠤ ᠠᠬᠤᠢ᠂ ᠤᠯᠤᠰ ᠲᠥᠷᠥ᠂ ᠰᠣᠶᠣᠯ᠂ ᠨᠡᠢ᠌ᠭᠡᠮ᠂ ᠠᠮᠢ ᠠᠬᠤᠢ ᠵᠢᠨ ᠪᠣᠯᠪᠠᠰᠤᠨ᠂ ᠤᠯᠤᠰ᠎ᠤᠨ ᠠᠮᠤᠷ ᠲᠦᠪᠰᠢᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠨᠭ᠌ᠬᠢ ᠵᠡᠷᠭᠡ ᠲᠠᠯ᠎ᠠ᠎ᠠᠴᠠ ᠥᠭᠡᠷᠡᠴᠢᠯᠡᠯᠲᠡ ᠵᠢ ᠪᠠᠢ᠌ᠷᠢᠯᠠᠭᠤᠯᠪᠠ᠃ ᠠᠷᠪᠠᠨ ᠲᠠᠪᠤᠳᠤᠭ᠋ᠠᠷ ᠬᠡᠰᠡᠭ᠎ᠨᠢ ᠭᠤᠷᠪᠠᠳᠤᠭ᠋ᠠᠷ ᠬᠡᠰᠡᠭ᠎ᠲᠤ ᠬᠤᠪᠢᠶᠠᠭᠳᠠᠵᠤ᠂ ᠭᠣᠣᠯᠳᠠᠭᠤ ᠥᠭᠡᠷᠡᠴᠢᠯᠡᠯᠲᠡ ᠵᠢᠨ ᠲᠤᠬᠠᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠤᠨ ᠪᠠᠢ᠌ᠭᠤᠯᠤᠯᠲᠠ ᠵᠢᠨ ᠳᠦᠷᠢᠮ᠎ᠤᠨ ᠥᠭᠡᠷᠡᠴᠢᠯᠡᠯᠲᠡ᠂ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ᠌ᠷᠡᠭᠦᠯᠬᠦ ᠲᠤᠬᠠᠢ ᠶᠠᠷᠢᠵᠠᠢ᠃ ᠠᠭᠤᠯᠭ᠎ᠠ ᠵᠢᠨ ᠵᠤᠷᠪᠤᠰ᠎ᠢ ᠨᠡᠢ᠌ᠳᠡᠮ᠎ᠳᠤ᠎ᠨᠢ ᠵᠢᠭᠰᠠᠭ᠋ᠠᠵᠤ᠂ 60 ᠵᠤᠷᠪᠤᠰ᠎ᠢ ᠵᠢᠭᠰᠠᠭ᠋ᠠᠵᠠᠢ᠃
ᠲᠣᠭᠲᠠᠭ᠋ᠠᠯ᠎ᠤᠨ ᠡᠬᠡ ᠨᠣᠣᠷᠠᠭ᠎ᠲᠤ 2035 ᠣᠨ᠎ᠳᠤ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢᠨ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠬᠦ᠎ᠪᠠᠷ ᠲᠣᠭᠲᠠᠵᠤ᠂ ᠬᠣᠶ᠋ᠢᠰᠢᠳᠠ ᠵᠢᠨ ᠲᠠᠪᠤᠨ ᠵᠢᠯ᠎ᠤᠨ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠭᠣᠣᠯᠳᠠᠯᠭ᠎ᠠ᠎ᠲᠠᠢ ᠪᠠᠢ᠌ᠷᠢᠯᠠᠭᠤᠯᠵᠤ᠂ ᠠᠭᠤᠯᠭ᠎ᠠ ᠵᠢᠨ ᠪᠠᠢ᠌ᠷᠢᠯᠠᠭᠤᠯᠤᠯᠲᠠ ᠵᠢᠨ ᠲᠠᠯ᠎ᠠ᠎ᠪᠠᠷ ᠳᠣᠣᠷᠠᠬᠢ ᠮᠡᠲᠦ ᠬᠡᠳᠦᠨ ᠣᠨᠴᠠᠯᠢᠭ᠎ᠲᠠᠢ᠃
ᠨᠢᠭᠡᠳᠦᠭᠡᠷ᠎ᠲᠤ᠂ ᠠᠵᠤ ᠠᠬᠤᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠴᠢᠬᠤᠯᠠᠴᠢᠯᠠᠨ ᠪᠠᠳᠠᠷᠠᠭᠤᠯᠤᠨ᠎ᠠ᠃ ᠠᠵᠤ ᠠᠬᠤᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠪᠣᠯ ᠮᠥᠨᠬᠦ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠭᠣᠣᠯᠳᠠᠯᠭ᠎ᠠ ᠪᠣᠯᠣᠨ᠎ᠠ᠂ ᠭᠣᠣᠯ ᠡᠭᠦᠷᠭᠡ᠎ᠨᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠠᠰᠢᠭᠲᠠᠢ ᠪᠠᠢ᠌ᠭᠤᠯᠤᠮᠵᠢ ᠲᠣᠭᠲᠠᠴᠠ ᠵᠢ ᠲᠡᠭᠦᠯᠳᠡᠷᠵᠢᠭᠦᠯᠵᠦ᠂ ᠬᠥᠭᠵᠢᠯᠲᠡ ᠵᠢᠨ ᠰᠢᠨ᠎ᠡ ᠵᠢ ᠬᠥᠳᠡᠯᠭᠡᠬᠦ ᠬᠦᠴᠦᠨ ᠰᠢᠨ᠎ᠡ ᠳᠠᠪᠠᠭᠤᠯᠢᠭ᠎ᠢ ᠪᠤᠢ ᠪᠣᠯᠭ᠋ᠠᠵᠤ᠂ 《ᠬᠣᠶᠠᠷ ᠭᠤᠶ᠋ᠢᠪᠢᠰᠢ ᠦᠭᠡᠢ ᠪᠠᠶ᠋ᠢᠬᠤ》 ᠵᠢ ᠪᠠᠷᠢᠮᠲᠠᠯᠠᠨ ᠨᠠᠢ᠌ᠳᠠᠪᠤᠷᠢᠵᠢᠭᠤᠯᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠢ᠌ᠭᠤᠯᠵᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠲᠡᠭᠦᠯᠳᠡᠷᠵᠢᠭᠦᠯᠬᠦ ᠶᠠᠪᠤᠳᠠᠯ ᠪᠣᠯᠣᠨ᠎ᠠ᠃
ᠲᠣᠭᠲᠠᠭ᠋ᠠᠯ᠎ᠤᠨ ᠨᠣᠣᠷᠠᠭ᠎ᠲᠤ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ ᠬᠠᠷᠢᠴᠠᠭ᠎ᠠ ᠭᠡᠬᠦ ᠡᠨᠡ ᠬᠦ᠌ ᠭᠣᠣᠯ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ᠎ᠪᠠᠷ ᠭᠣᠣᠯᠯᠠᠭᠤᠯᠤᠨ᠂ ᠥᠨᠳᠥᠷ ᠬᠢᠷᠢ ᠲᠦᠪᠰᠢᠨ ᠪᠦᠬᠦᠢ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠢ᠌ᠭᠤᠯᠤᠮᠵᠢ ᠵᠢ ᠪᠠᠢ᠌ᠭᠤᠯᠬᠤ ᠵᠢ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠠᠵᠤ ᠠᠬᠤᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠭᠣᠣᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ᠎ᠳᠤ ᠪᠠᠢ᠌ᠷᠢᠯᠠᠭᠤᠯᠤᠯᠲᠠ ᠬᠢᠪᠡ᠃ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠭᠣᠣᠯᠯᠠᠬᠤ ᠴᠢᠳᠠᠮᠵᠢ ᠵᠢ ᠴᠢᠩᠭ᠋ᠠᠷᠠᠭᠤᠯᠬᠤ᠂ ᠭᠣᠣᠯᠯᠠᠬᠤ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠬᠦ ᠲᠠᠯ᠎ᠠ᠎ᠠᠴᠠ ᠪᠣᠳᠣᠯᠬᠢᠯᠠᠨ᠂ ᠡᠯ᠎ᠡ ᠬᠣᠯᠪᠣᠭᠳᠠᠯ ᠪᠦᠬᠦᠢ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠪᠠᠢ᠌ᠯᠳᠤᠬᠤ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢ ᠵᠢᠨ ᠪᠠᠢ᠌ᠷᠢᠰᠢᠯ᠎ᠢ ᠰᠢᠯᠢᠳᠡᠭᠵᠢᠭᠦᠯᠬᠦ ᠪᠠ ᠪᠦᠲᠦᠴᠡ ᠵᠢ ᠲᠣᠬᠢᠷᠠᠭᠤᠯᠬᠤ ᠵᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠬᠥᠷᠥᠩᠭᠡ ᠪᠠ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭ᠋ᠠᠢ᠌ᠷᠠᠭᠤᠯᠬᠤ ᠵᠢ ᠠᠬᠢᠭᠤᠯᠤᠨ᠎ᠠ᠃ ᠨᠠᠢ᠌ᠳᠠ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠲᠠᠯ᠎ᠠ᠎ᠠᠴᠠ ᠪᠣᠳᠣᠯᠬᠢᠯᠠᠨ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢ ᠠᠬᠢᠭᠤᠯᠬᠤ ᠬᠠᠤᠯᠢ ᠵᠢ ᠲᠣᠭᠲᠠᠭ᠋ᠠᠵᠤ᠂ ᠥᠮᠴᠢᠯᠡᠯ᠎ᠤᠨ ᠡᠷᠬᠡ ᠵᠢᠨ ᠬᠠᠤᠯᠢ ᠬᠡᠷᠡᠭᠵᠢᠭᠦᠯᠦᠯᠲᠡ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠂ ᠡᠷᠡᠭᠦᠦ ᠵᠢᠨ ᠬᠡᠷᠡᠭ᠎ᠤᠨ ᠠᠷᠭ᠎ᠠ ᠪᠠᠷᠢᠯ᠎ᠢ ᠠᠰᠢᠭᠯᠠᠨ ᠠᠵᠤ ᠠᠬᠤᠢ ᠵᠢᠨ ᠵᠢᠭᠤᠷᠠᠯᠳᠤᠭ᠋ᠠᠨ᠎ᠳᠤ ᠭᠠᠷ ᠲᠥᠷᠥᠬᠦ ᠵᠢ ᠰᠡᠷᠭᠡᠢ᠌ᠯᠡᠨ ᠵᠠᠯᠠᠷᠠᠭᠤᠯᠤᠨ᠎ᠠ ᠭᠡᠵᠦ ᠳᠤᠷᠠᠳᠤᠨ ᠭᠠᠷᠭ᠋ᠠᠪᠠ᠃ ᠭᠣᠣᠯᠴᠢ ᠥᠷᠢᠰᠥᠯᠳᠦᠭᠡᠨ᠎ᠤ ᠬᠢᠨᠠᠨ ᠪᠠᠢ᠌ᠴᠠᠭ᠋ᠠᠯᠲᠠ ᠵᠢᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠬᠤ᠂ ᠪᠦᠬᠦ ᠤᠯᠤᠰ᠎ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠣᠣᠯᠴᠢ ᠥᠷᠢᠰᠥᠯᠳᠦᠭᠡᠨ᠎ᠢ ᠬᠠᠷᠰᠢᠯᠠᠬᠤ ᠡᠯ᠎ᠡ ᠵᠦᠢ᠍ᠯ᠎ᠤᠨ ᠲᠣᠭᠲᠠᠭ᠋ᠠᠯ ᠪᠠ ᠠᠷᠭ᠎ᠠ ᠬᠢᠳᠡᠯ᠎ᠢ ᠴᠡᠪᠡᠷᠯᠡᠨ ᠬᠦᠴᠦᠨ ᠦᠭᠡᠢ ᠪᠣᠯᠭ᠋ᠠᠬᠤ᠂ ᠡᠯᠧᠮᠧᠨ᠋ᠲ᠎ᠤᠨ ᠵᠠᠬ᠎ᠠ ᠳᠡᠯᠭᠡᠭᠦᠷ᠎ᠤᠨ ᠳᠦᠷᠢᠮ ᠪᠠ ᠳᠦᠷᠢᠮ᠎ᠢ ᠲᠡᠭᠦᠯᠳᠡᠷᠵᠢᠭᠦᠯᠬᠦ ᠵᠡᠷᠭᠡ ᠵᠢ ᠳᠤᠷᠠᠳᠤᠨ ᠭᠠᠷᠭ᠋ᠠᠵᠠᠢ᠃ ᠡᠲᠡᠭᠡᠷ ᠠᠷᠭ᠎ᠠ ᠬᠡᠮᠵᠢᠶ᠎ᠡ᠎ᠨᠢ ᠪᠦᠬᠦ ᠨᠡᠢ᠌ᠭᠡᠮ᠎ᠤᠨ ᠳᠣᠲᠣᠭ᠋ᠠᠳᠤ ᠵᠢᠨ ᠬᠥᠳᠡᠯᠭᠡᠬᠦ ᠬᠦᠴᠦᠨ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠨᠡᠩ ᠰᠠᠢ᠍ᠢ᠍ᠨ ᠬᠥᠭᠵᠢᠭᠡᠬᠦ ᠪᠣᠯᠣᠨ᠎ᠠ᠃
ᠲᠣᠭᠲᠠᠭ᠋ᠠᠯ᠎ᠤᠨ ᠡᠬᠡ ᠨᠣᠣᠷᠠᠭ᠎ᠲᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠬᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠠᠬᠢᠭᠤᠯᠬᠤ ᠲᠤᠬᠠᠢ ᠪᠠᠢ᠌ᠷᠢᠯᠠᠭᠤᠯᠤᠯᠲᠠ ᠬᠢᠵᠡᠢ᠃ ᠳᠡᠭᠡᠳᠦ ᠮᠡᠷᠭᠡᠵᠢᠯ᠂ ᠥᠨᠳᠥᠷ ᠦᠷ᠎ᠡ ᠪᠦᠲᠦᠮᠵᠢ᠎ᠲᠠᠢ᠂ ᠥᠨᠳᠥᠷ ᠶᠠᠰᠤ ᠴᠢᠨᠠᠷ ᠵᠶ᠋ᠠᠷ ᠣᠨᠴᠠᠯᠢᠭ ᠪᠣᠯᠭ᠋ᠠᠭᠰᠠᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠲᠠᠢ ᠤᠶᠠᠯᠳᠤᠭᠤᠯᠤᠨ᠂ ᠰᠢᠨ᠎ᠡ ᠬᠦᠷᠢᠶ᠎ᠡ ᠰᠢᠨ᠎ᠡ ᠤᠷᠤᠯᠳᠤᠭ᠋ᠠᠨ᠎ᠤ ᠵᠠᠮ᠎ᠤᠨ ᠳᠦᠷᠢᠮ᠎ᠤᠨ ᠬᠠᠩᠭ᠋ᠠᠯᠭ᠎ᠠ ᠵᠢ ᠴᠢᠩᠭ᠋ᠠᠳᠬᠠᠵᠤ᠂ ᠢᠷᠡᠭᠡᠳᠦᠢ ᠵᠢᠨ ᠠᠵᠤ ᠦᠢ᠍ᠯᠡᠰ᠎ᠤᠨ ᠣᠷᠣᠭᠤᠯᠤᠯᠲᠠ ᠵᠢᠨ ᠨᠡᠮᠡᠭᠳᠡᠯ᠎ᠤᠨ ᠲᠣᠭᠲᠠᠴᠠ ᠵᠢ ᠪᠠᠢ᠌ᠭᠤᠯᠵᠤ᠂ ᠤᠯᠤᠰ᠎ᠤᠨ ᠪᠠᠷᠢᠮᠵᠢᠶ᠎ᠠ ᠵᠢ ᠳᠡᠭᠡᠭᠰᠢᠯᠡᠭᠦᠯᠬᠦ᠎ᠪᠠᠷ ᠤᠯᠠᠮᠵᠢᠯᠠᠯᠲᠤ ᠠᠵᠤ ᠦᠢ᠍ᠯᠡᠰ᠎ᠢ ᠰᠢᠯᠢᠳᠡᠭᠵᠢᠭᠦᠯᠦᠨ ᠲᠡᠰ ᠳᠡᠪᠰᠢᠭᠦᠯᠬᠦ ᠵᠢ ᠬᠥᠲᠥᠯᠥᠨ ᠳᠠᠭ᠋ᠠᠭᠤᠯᠵᠤ᠂ ᠡᠯ᠎ᠡ ᠳᠦᠷᠦᠯ᠎ᠤᠨ ᠲᠡᠷᠢᠭᠦᠨ᠎ᠤ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠲᠥᠪᠯᠡᠷᠡᠭᠦᠯᠬᠦ ᠵᠢ ᠠᠬᠢᠭᠤᠯᠤᠨ᠎ᠠ ᠭᠡᠵᠦ ᠳᠤᠷᠠᠳᠤᠨ ᠭᠠᠷᠭ᠋ᠠᠪᠠ᠃
ᠲᠣᠭᠲᠠᠭ᠋ᠠᠯ᠎ᠤᠨ ᠨᠣᠣᠷᠠᠭ᠎ᠲᠤ ᠬᠣᠷᠸ᠎ᠠ ᠠᠵᠤ ᠠᠬᠤᠢ ᠵᠢᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠲᠤᠬᠠᠢ ᠪᠠᠢ᠌ᠷᠢᠯᠠᠭᠤᠯᠤᠯᠲᠠ ᠬᠢᠪᠡ᠃ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠲᠥᠯᠦᠪᠵᠢᠭᠦᠯᠭᠡ ᠵᠢᠨ ᠰᠢᠰᠲ᠋ᠧᠮ ᠪᠠ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ ᠡᠳ᠋᠎ᠤᠨ ᠵᠠᠰᠠᠭ ᠭᠠᠢ᠌ᠯᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠨ ᠨᠤᠲᠤᠭ᠎ᠤᠨ ᠡᠵᠡᠨ ᠮᠡᠳᠡᠬᠦ ᠡᠳ᠋᠎ᠤᠨ ᠬᠦᠴᠦᠨ᠎ᠢ ᠨᠡᠮᠡᠭᠳᠡᠭᠦᠯᠦᠨ᠂ ᠣᠷᠣᠨ ᠨᠤᠲᠤᠭ᠎ᠤᠨ ᠭᠠᠢ᠌ᠯᠢ ᠵᠢᠨ ᠢᠷᠡᠯᠲᠡ ᠵᠢ ᠥᠷᠭᠡᠳᠬᠡᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠳᠡᠮᠵᠢᠬᠦ ᠬᠡᠪᠴᠢᠶ᠎ᠡ ᠵᠢ ᠵᠦᠢ ᠵᠣᠬᠢᠰᠲᠠᠢ ᠥᠷᠭᠡᠳᠬᠡᠵᠦ᠂ ᠲᠥᠪ᠎ᠤᠨ ᠠᠵᠢᠯ ᠶᠠᠪᠤᠳᠠᠯ᠎ᠤᠨ ᠡᠷᠬᠡ ᠵᠢ ᠵᠣᠬᠢᠰᠲᠠᠢ᠎ᠪᠠᠷ ᠴᠢᠩᠭ᠋ᠠᠳᠬᠠᠵᠤ᠂ ᠲᠥᠪ᠎ᠤᠨ ᠡᠳ᠋᠎ᠤᠨ ᠵᠠᠰᠠᠭ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠪᠠᠶ᠋ᠢᠷᠢ ᠲᠣᠭᠲᠠᠭ᠋ᠠᠯᠲᠠ ᠪᠠ ᠵᠠᠰᠠᠯᠲᠠ ᠵᠢ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠪᠠ ᠪᠡᠯᠡ ᠲᠣᠬᠢᠷᠠᠭᠤᠯᠭ᠎ᠠ ᠵᠢ ᠬᠠᠷᠢᠯᠴᠠᠨ ᠵᠣᠬᠢᠴᠠᠭᠤᠯᠬᠤ ᠬᠥᠷᠥᠩᠭᠡ ᠵᠢᠨ ᠵᠠᠬ᠎ᠠ ᠳᠡᠯᠭᠡᠭᠦᠷ᠎ᠤᠨ ᠴᠢᠳᠠᠮᠵᠢ ᠵᠢ ᠲᠡᠭᠦᠯᠳᠡᠷᠵᠢᠭᠦᠯᠵᠦ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃
ᠲᠣᠭᠲᠠᠭ᠋ᠠᠯ᠎ᠤᠨ ᠨᠣᠣᠷᠠᠭ᠎ᠲᠤ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠢ᠌ᠭᠤᠯᠤᠮᠵᠢ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠪᠠᠢ᠌ᠷᠢᠯᠠᠭᠤᠯᠤᠯᠲᠠ ᠬᠢᠵᠡᠢ᠃ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠦᠨ ᠠᠬᠢᠭᠤᠯᠵᠤ᠂ ᠬᠥᠳᠡᠭᠡ ᠲᠣᠰᠬᠤᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠦᠨ᠎ᠡ᠃ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠵᠢ ᠳᠡᠮᠵᠢᠬᠦ ᠳᠦᠷᠢᠮ᠎ᠢ ᠲᠡᠭᠦᠯᠳᠡᠷᠵᠢᠭᠦᠯᠦᠨ᠎ᠡ᠃ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃
ᠲᠣᠭᠲᠠᠭ᠋ᠠᠯ᠎ᠤᠨ ᠨᠣᠣᠷᠠᠭ᠎ᠲᠤ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠵᠢᠨ ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠪᠠᠢ᠌ᠷᠢᠯᠠᠭᠤᠯᠤᠯᠲᠠ ᠬᠢᠪᠡ᠃ ᠳᠦᠷᠢᠮ᠎ᠤᠨ ᠬᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠨ᠎ᠡ ᠭᠡᠵᠦ ᠳᠤᠷᠠᠳᠪᠠ᠃ ᠭᠠᠳᠠᠭ᠋ᠠᠳᠤ ᠠᠷᠠᠯᠵᠢᠶᠠᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠪᠠ ᠭᠠᠳᠠᠭ᠋ᠠᠳᠤ᠎ᠳᠤ ᠪᠡᠯᠡ ᠣᠷᠣᠭᠤᠯᠬᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃ ᠣᠷᠣᠨ ᠪᠦᠰᠡ ᠵᠢᠨ ᠨᠡᠭᠡᠭᠡᠯᠲᠡ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠢ᠌ᠭᠤᠯᠬᠤ ᠲᠣᠭᠲᠠᠴᠠ ᠵᠢ ᠲᠡᠭᠦᠯᠳᠡᠷᠵᠢᠭᠦᠯᠦᠨ ᠠᠬᠢᠭᠤᠯᠤᠨ᠎ᠠ᠃
ᠬᠣᠶᠠᠳᠤᠭ᠋ᠠᠷ᠎ᠲᠤ᠂ ᠪᠦᠬᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠪᠠᠢ᠌ᠭᠤᠯᠤᠮᠵᠢ ᠲᠣᠭᠲᠠᠴᠠ ᠵᠢ ᠪᠠᠢ᠌ᠭᠤᠯᠬᠤ ᠵᠢ ᠬᠦᠨᠳᠦᠳᠬᠡᠨ᠎ᠡ᠃ ᠲᠣᠭᠲᠠᠭ᠋ᠠᠯ᠎ᠤᠨ ᠡᠬᠡ ᠨᠣᠣᠷᠠᠭ᠎ᠲᠤ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠠᠢ᠌ᠭᠤᠯᠤᠮᠵᠢ ᠲᠣᠭᠲᠠᠴᠠ ᠵᠢ ᠨᠢᠭᠡ ᠴᠣᠭᠴᠠᠵᠢᠭᠤᠯᠤᠭᠰᠠᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠳᠡᠬᠡᠭᠰᠢᠯᠡᠬᠦᠯᠦᠨ᠎ᠡ᠃
ᠰᠤᠷᠭ᠋ᠠᠨ ᠬᠥᠮᠦᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠠᠯ᠎ᠠ᠎ᠪᠠᠷ᠂ ᠶᠡᠬᠡ ᠳᠡᠭᠡᠳᠦ ᠰᠤᠷᠭ᠋ᠠᠭᠤᠯᠢ ᠵᠢᠨ ᠥᠭᠡᠷᠡᠴᠢᠯᠡᠯᠲᠡ ᠵᠢ ᠲᠥᠷᠥᠯ ᠬᠤᠪᠢᠶᠠᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ᠎ᠪᠠᠷ ᠬᠥᠲᠥᠯᠥᠭᠦᠯᠦᠭᠰᠡᠨ ᠰᠢᠨᠵᠢᠯᠡᠭᠡᠨ᠎ᠤ ᠰᠠᠯᠠᠭ᠎ᠠ ᠵᠢᠨ ᠲᠣᠬᠢᠷᠠᠭᠤᠯᠤᠯᠲᠠ ᠵᠢᠨ ᠲᠣᠭᠲᠠᠴᠠ ᠪᠠ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠂ ᠬᠡᠲᠦ ᠬᠡᠪ᠎ᠤᠨ ᠪᠠᠢ᠌ᠷᠢᠰᠢᠯ ᠵᠶ᠋ᠠᠷ ᠪᠠᠴᠢᠮ ᠬᠡᠷᠡᠭᠴᠡᠭᠡ᠎ᠲᠠᠢ ᠰᠢᠨᠵᠢᠯᠡᠭᠡᠨ᠎ᠤ ᠰᠠᠯᠠᠭ᠎ᠠ ᠵᠢᠨ ᠲᠤᠰᠬᠠᠢ ᠮᠡᠷᠭᠡᠵᠢᠯ᠎ᠢ ᠪᠠᠢ᠌ᠭᠤᠯᠤᠨ᠎ᠠ᠃ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠣᠭᠲᠠᠴᠠ ᠵᠢ ᠲᠡᠭᠦᠯᠳᠡᠷᠵᠢᠭᠦᠯᠵᠦ᠂ ᠦᠷ᠎ᠡ ᠪᠦᠲᠦᠭᠡᠯ᠎ᠢ ᠬᠤᠪᠢᠷᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠠᠯ᠎ᠠ᠎ᠪᠠᠷ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠂ ᠥᠨᠳᠥᠷ ᠲᠦᠪᠰᠢᠨ᠎ᠲᠠᠢ ᠰᠤᠳᠤᠯᠭ᠋ᠠᠨ᠎ᠤ ᠬᠡᠯᠪᠡᠷᠢ ᠵᠢᠨ ᠶᠡᠬᠡ ᠰᠤᠷᠭ᠋ᠠᠭᠤᠯᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠤᠨ ᠪᠠᠶ᠋ᠢᠷᠢ ᠲᠣᠭᠲᠠᠭ᠋ᠠᠯᠲᠠ ᠪᠠ ᠪᠠᠢ᠌ᠷᠢᠯᠠᠭᠤᠯᠤᠯᠲᠠ ᠵᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡᠲᠦ ᠬᠠᠮᠢᠶᠠᠷᠤᠯᠲᠠ ᠵᠢ ᠰᠠᠢ᠌ᠵᠢᠷᠠᠭᠤᠯᠵᠤ᠂ ᠰᠠᠭᠤᠷᠢ ᠰᠤᠳᠤᠯᠭ᠋ᠠᠨ᠎ᠤ ᠬᠦᠷᠢᠶ᠎ᠡ᠂ ᠰᠣᠯᠪᠢᠴᠠᠯ ᠬᠣᠰᠢᠭᠤᠷᠠᠯ ᠬᠦᠷᠢᠶ᠎ᠡ᠂ ᠭᠣᠣᠯᠳᠠᠯᠭ᠎ᠠ᠎ᠲᠠᠢ ᠬᠦᠷᠢᠶᠡᠨ᠎ᠤ ᠪᠠᠷᠠᠭ᠋ᠠᠯᠬᠢᠯᠠᠯᠳᠤ ᠴᠢᠨᠠᠷ᠂ ᠬᠥᠲᠥᠯᠥᠨ ᠳᠠᠭ᠋ᠠᠭᠤᠯᠬᠤ ᠴᠢᠨᠠᠷᠲᠠᠢ ᠪᠠᠢ᠌ᠷᠢᠯᠠᠭᠤᠯᠤᠯᠲᠠ ᠵᠢ ᠴᠢᠩᠭ᠋ᠠᠳᠬᠠᠨ᠎ᠠ᠃ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠤᠨ ᠲᠣᠭᠲᠠᠴᠠ ᠵᠢ ᠪᠠᠢ᠌ᠭᠤᠯᠤᠨ ᠪᠤᠵᠠᠭ᠋ᠠᠢ᠌ᠷᠠᠭᠤᠯᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳᠦᠷᠦᠯ᠎ᠤᠨ ᠠᠵᠢᠯ ᠦᠢ᠍ᠯᠡᠰ᠎ᠤᠨ ᠨᠢᠭᠡᠴᠢ᠎ᠳᠤ ᠡ᠊ᠩ᠎ᠤᠨ ᠠᠵᠢᠯ ᠦᠢ᠍ᠯᠡᠰ᠎ᠤᠨ ᠨᠢᠭᠡᠴᠢ᠎ᠠᠴᠠ ᠨᠡᠩ ᠠᠮᠢᠳᠤᠯᠢᠭ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠵᠢ ᠵᠥᠪᠰᠢᠶᠡᠷᠡᠵᠦ᠂ ᠠᠵᠤ ᠠᠬᠤᠢ᠍ᠢ᠍ᠯᠠᠯᠴᠢᠯᠠᠭᠰᠠᠨ ᠬᠠᠮᠢᠶᠠᠷᠤᠯᠲᠠ ᠵᠢ ᠡᠷᠢᠯᠬᠢᠯᠡᠨ᠎ᠡ᠃ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠣᠯᠭᠣᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃
ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢᠨ ᠲᠠᠯ᠎ᠠ᠎ᠪᠠᠷ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠴᠢᠳᠠᠪᠤᠷᠢᠲᠠᠨ᠎ᠤ ᠬᠦᠴᠦᠨ᠎ᠢ ᠲᠦᠷᠭᠡᠪᠴᠢᠯᠡᠨ ᠪᠠᠢ᠌ᠭᠤᠯᠵᠤ᠂ ᠡᠯ᠎ᠡ ᠳᠦᠷᠦᠯ᠎ᠤᠨ ᠴᠢᠳᠠᠪᠤᠷᠢᠲᠠᠨ᠎ᠤ ᠬᠡᠪ ᠴᠢᠨᠠᠷ᠎ᠢ ᠳᠡᠭᠡᠭᠰᠢᠯᠡᠭᠦᠯᠦᠨ᠎ᠡ᠃ ᠰᠢᠨ᠎ᠡ ᠵᠢ ᠡᠭᠦᠳᠬᠦ ᠵᠠᠯᠠᠭᠤ ᠴᠢᠳᠠᠪᠤᠷᠢᠲᠠᠨ᠎ᠢ ᠢᠯᠡᠷᠡᠭᠦᠯᠬᠦ᠂ ᠰᠢᠯᠢᠨ ᠳᠡᠪᠰᠢᠭᠦᠯᠬᠦ᠂ ᠬᠥᠮᠥᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠵᠠᠯᠠᠭᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠬᠠᠷᠠᠭ᠋ᠠᠯᠵᠠᠯ᠎ᠢ ᠨᠡᠩ ᠰᠠᠶ᠋ᠢᠲᠤᠷ ᠪᠠᠲᠤᠯᠠᠨ᠎ᠠ; ᠴᠢᠳᠠᠪᠤᠷᠢᠲᠠᠨ᠎ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠢ ᠴᠢᠩᠭ᠋ᠠᠳᠬᠠᠵᠤ᠂ ᠬᠥᠮᠥᠨ ᠬᠡᠷᠡᠭᠯᠡᠬᠦ ᠭᠣᠣᠯ ᠴᠣᠭᠴᠠ᠎ᠳᠤ ᠡᠷᠬᠡ ᠣᠯᠭᠣᠬᠤ ᠵᠢ ᠪᠠᠷᠢᠮᠲᠠᠯᠠᠵᠤ᠂ ᠴᠢᠳᠠᠪᠤᠷᠢᠲᠠᠨ᠎ᠤ ᠬᠦᠯᠢᠶᠡᠰᠦ ᠵᠢ ᠰᠤᠯᠠᠷᠠᠭᠤᠯᠤᠨ᠎ᠠ; ᠭᠠᠳᠠᠭ᠋ᠠᠳᠤ᠎ᠠᠴᠠ ᠴᠢᠳᠠᠪᠤᠷᠢᠲᠠᠨ ᠣᠷᠣᠭᠤᠯᠤᠨ ᠠᠪᠴᠢᠷᠠᠬᠤ ᠵᠢ ᠳᠡᠮᠵᠢᠬᠦ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ᠃
ᠭᠤᠷᠪᠠᠳᠤᠭ᠋ᠠᠷ᠎ᠲᠤ᠂ ᠪᠦᠬᠦ ᠲᠠᠯ᠎ᠠ᠎ᠪᠠᠷ ᠥᠭᠡᠷᠡᠴᠢᠯᠡᠯᠲᠡ ᠬᠢᠬᠦ ᠵᠢ ᠴᠢᠬᠤᠯᠠᠴᠢᠯᠠᠨ᠎ᠠ᠃ ᠲᠣᠭᠲᠠᠭ᠋ᠠᠯ᠎ᠤᠨ ᠡᠬᠡ ᠨᠣᠣᠷᠠᠭ᠎ᠲᠤ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢ ᠵᠣᠬᠢᠴᠠᠩᠭᠤᠢ ᠠᠬᠢᠭᠤᠯᠬᠤ ᠪᠣᠷᠣ ᠲᠥᠯᠥᠪ᠎ᠤᠨ ᠳᠣᠣᠷ᠎ᠠ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠰᠦᠪᠡᠭᠴᠢᠯᠡᠵᠦ᠂ ᠠᠵᠤ ᠠᠬᠤᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠪᠠ ᠪᠤᠰᠤᠳ ᠡᠯ᠎ᠡ ᠬᠦᠷᠢᠶᠡᠨ᠎ᠤ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠪᠠᠢ᠌ᠷᠢᠯᠠᠭᠤᠯᠪᠠ᠃
ᠠᠷᠠᠳᠴᠢᠯᠠᠯ ᠪᠠ ᠬᠠᠤᠯᠢ᠎ᠪᠠᠷ ᠵᠠᠰᠠᠬᠤ ᠬᠦᠷᠢᠶᠡᠨ᠎ᠤ ᠥᠭᠡᠷᠡᠴᠢᠯᠡᠯᠲᠡ ᠵᠢᠨ ᠲᠠᠯ᠎ᠠ᠎ᠪᠠᠷ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠳᠦᠷᠢᠮ᠎ᠤᠨ ᠰᠢᠰᠲ᠋ᠧᠮ᠎ᠢ ᠪᠦᠷᠢᠨᠰᠢᠭᠦᠯᠬᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠬᠦ ᠲᠤᠬᠠᠢ ᠲᠤᠰ ᠲᠤᠰ ᠪᠠᠢ᠌ᠷᠢᠯᠠᠭᠤᠯᠤᠯᠲᠠ ᠬᠢᠪᠡ᠃ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ ᠭᠡᠵᠦ ᠳᠤᠷᠠᠳᠪᠠ; ᠵᠥᠪᠯᠡᠬᠦ ᠠᠷᠠᠳᠴᠢᠯᠠᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠦᠨᠳᠦᠰᠦᠨ ᠱᠠᠲᠤᠨ᠎ᠤ ᠠᠷᠠᠳᠴᠢᠯᠠᠯ᠎ᠤᠨ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ᠃ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢ᠌ᠷᠢᠰᠢᠯ᠎ᠢ ᠲᠡᠭᠦᠯᠳᠡᠷᠵᠢᠭᠦᠯᠦᠨ᠎ᠡ᠃ ᠭᠣᠣᠯᠳᠠᠯᠭ᠎ᠠ᠎ᠲᠠᠢ ᠬᠦᠷᠢᠶ᠎ᠡ᠂ ᠰᠢᠨ᠎ᠡ᠎ᠪᠠᠷ ᠬᠥᠭᠵᠢᠭᠰᠡᠨ ᠬᠦᠷᠢᠶ᠎ᠡ᠂ ᠭᠠᠳᠠᠭ᠋ᠠᠳᠤ᠎ᠳᠤ ᠬᠣᠯᠪᠣᠭᠳᠠᠬᠤ ᠬᠦᠷᠢᠶᠡᠨ᠎ᠤ ᠬᠠᠤᠯᠢ ᠲᠣᠭᠲᠠᠭ᠋ᠠᠯᠲᠠ ᠵᠢ ᠴᠢᠩᠭ᠋ᠠᠳᠬᠠᠨ᠎ᠠ ᠭᠡᠵᠦ ᠳᠤᠷᠠᠳᠪᠠ᠃ ᠬᠢᠨᠠᠨ ᠪᠠᠢ᠌ᠴᠠᠭ᠋ᠠᠬᠤ ᠪᠠᠢ᠌ᠭᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠪᠠᠢ᠌ᠴᠠᠭ᠋ᠠᠬᠤ ᠪᠠᠢ᠌ᠭᠤᠯᠭ᠎ᠠ᠂ ᠰᠢᠭᠦᠨ ᠲᠠᠰᠤᠯᠬᠤ ᠪᠠᠢ᠌ᠭᠤᠯᠭ᠎ᠠ᠂ ᠬᠠᠤᠯᠢ ᠪᠠᠷᠢᠬᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠂ ᠬᠢᠨᠠᠨ ᠪᠠᠢ᠌ᠴᠠᠭ᠋ᠠᠬᠤ ᠡᠷᠬᠡ᠂ ᠲᠤᠷᠰᠢᠨ ᠪᠠᠢ᠌ᠴᠠᠭ᠋ᠠᠬᠤ ᠡᠷᠬᠡ᠂ ᠪᠠᠢ᠌ᠴᠠᠭ᠋ᠠᠬᠤ ᠡᠷᠬᠡ᠂ ᠰᠢᠭᠦᠨ ᠲᠠᠰᠤᠯᠬᠤ ᠡᠷᠬᠡ᠂ ᠭᠦᠢ᠍ᠴᠡᠳᠬᠡᠬᠦ ᠡᠷᠬᠡ ᠵᠢᠨ ᠬᠠᠷᠢᠯᠴᠠᠨ ᠬᠠᠮᠵᠢᠯᠴᠠᠬᠤ᠂ ᠬᠠᠷᠢᠯᠴᠠᠨ ᠬᠢᠵᠠᠭ᠋ᠠᠷᠯᠠᠬᠤ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠦᠨ᠎ᠡ᠃ ᠬᠠᠤᠯᠢ᠎ᠪᠠᠷ ᠵᠠᠰᠠᠬᠤ ᠨᠡᠢ᠌ᠭᠡᠮ᠎ᠤᠨ ᠪᠠᠢ᠌ᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠦᠨ ᠠᠬᠢᠭᠤᠯᠤᠨ᠎ᠠ᠃
ᠰᠣᠶᠣᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠠᠯ᠎ᠠ᠎ᠪᠠᠷ᠂ ᠪᠣᠳᠠᠰ᠎ᠤᠨ ᠪᠣᠯᠪᠠᠰᠤᠨ ᠪᠠ ᠣᠶᠤᠨ᠎ᠤ ᠪᠣᠯᠪᠠᠰᠤᠨ᠎ᠤ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠵᠢ ᠠᠬᠢᠭᠤᠯᠬᠤ ᠵᠢ ᠪᠣᠳᠣᠯᠬᠢᠯᠠᠵᠤ᠂ ᠬᠦᠰᠡᠯᠡᠩ ᠢᠲᠡᠭᠡᠯ ᠵᠣᠷᠢᠭ᠎ᠤᠨ ᠬᠥᠮᠦᠵᠢᠯ᠎ᠢ ᠪᠠᠢ᠌ᠩᠭᠤᠵᠢᠭᠤᠯᠤᠨ ᠳᠦᠷᠢᠮᠵᠢᠭᠦᠯᠬᠦ ᠵᠢ ᠠᠬᠢᠭᠤᠯᠵᠤ᠂ ᠪᠣᠯᠪᠠᠰᠤᠨ᠎ᠢ ᠪᠣᠢ᠌ᠵᠢᠭᠤᠯᠬᠤ᠂ ᠪᠣᠯᠪᠠᠰᠤᠨ᠎ᠢ ᠦᠢ᠍ᠯᠡᠳᠦᠯᠭᠡᠵᠢᠭᠦᠯᠬᠦ᠂ ᠪᠣᠯᠪᠠᠰᠤᠨ᠎ᠢ ᠡᠭᠦᠳᠦᠨ ᠪᠠᠢ᠌ᠭᠤᠯᠬᠤ ᠠᠵᠢᠯ᠎ᠤᠨ ᠲᠣᠭᠲᠠᠴᠠ ᠵᠢ ᠥᠭᠡᠷᠡᠴᠢᠯᠡᠨ ᠰᠠᠢ᠌ᠵᠢᠷᠠᠭᠤᠯᠵᠤ ᠰᠢᠨ᠎ᠡ ᠵᠢ ᠡᠭᠦᠳᠦᠨ᠎ᠡ᠃ ᠰᠣᠶᠣᠯ᠎ᠤᠨ ᠦᠢ᠍ᠯᠡᠴᠢᠯᠡᠭᠡ ᠪᠠ ᠰᠣᠶᠣᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠲᠣᠭᠲᠠᠴᠠ ᠵᠢ ᠰᠢᠯᠢᠳᠡᠭᠵᠢᠭᠦᠯᠵᠦ᠂ ᠰᠢᠯᠢᠳᠡᠭ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢ ᠪᠠᠢ᠌ᠭᠤᠯᠤᠨ᠎ᠠ᠃ ᠰᠦᠯᠵᠢᠶ᠎ᠡ ᠵᠢᠨ ᠶᠡᠷᠦᠩᠬᠡᠢ᠌ᠯᠡᠨ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠤᠯᠠᠨ ᠤᠯᠤᠰ᠎ᠤᠨ ᠳᠠᠮᠵᠢᠭᠤᠯᠭ᠎ᠠ ᠵᠢᠨ ᠪᠠᠢ᠌ᠷᠢᠰᠢᠯ᠎ᠤᠨ ᠲᠠᠬᠢᠨ ᠪᠦᠷᠢᠯᠳᠦᠬᠦ ᠵᠢ ᠠᠬᠢᠭᠤᠯᠵᠤ᠂ ᠨᠡᠩ ᠦᠷ᠎ᠡ ᠪᠦᠲᠦᠮᠵᠢᠲᠡᠢ ᠤᠯᠠᠨ ᠤᠯᠤᠰ᠎ᠤᠨ ᠳᠠᠮᠵᠢᠭᠤᠯᠭ᠎ᠠ ᠵᠢᠨ ᠰᠢᠰᠲ᠋ᠧᠮ᠎ᠢ ᠪᠠᠢ᠌ᠭᠤᠯᠤᠨ᠎ᠠ᠃
ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠳᠦᠷᠢᠮ᠎ᠤᠨ ᠰᠢᠰᠲ᠋ᠧᠮ᠎ᠢ ᠪᠦᠷᠢᠨᠰᠢᠭᠦᠯᠬᠦ ᠲᠠᠯ᠎ᠠ᠎ᠪᠠᠷ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠡᠮᠬᠢ ᠵᠢᠷᠤᠮ᠎ᠢ ᠵᠢᠷᠤᠮᠵᠢᠭᠤᠯᠤᠨ᠎ᠠ᠃ ᠦᠢ᠍ᠯᠡᠰ ᠪᠣᠰᠬᠠᠬᠤ᠎ᠪᠠᠷ ᠠᠵᠢᠯ ᠣᠯᠭᠣᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠠᠵᠢᠯ ᠣᠯᠭᠣᠯᠲᠠ ᠵᠢᠨ ᠰᠢᠨ᠎ᠡ ᠬᠡᠯᠪᠡᠷᠢ ᠪᠠᠶ᠋ᠢᠳᠠᠯ᠎ᠢ ᠳᠡᠮᠵᠢᠨ ᠵᠢᠷᠤᠮᠵᠢᠭᠤᠯᠤᠨ᠎ᠠ; ᠠᠮᠢᠳᠤᠯᠢᠭ ᠵᠶ᠋ᠠᠷ ᠠᠵᠢᠯ ᠣᠯᠣᠭᠰᠠᠳ᠂ ᠬᠥᠯᠥᠰᠦᠨ ᠠᠵᠢᠯᠴᠢᠨ᠂ ᠰᠢᠨ᠎ᠡ᠎ᠪᠠᠷ ᠠᠵᠢᠯ ᠣᠯᠣᠭᠰᠠᠨ ᠬᠥᠮᠥᠰ᠎ᠤᠨ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠵᠦ᠂ ᠠᠵᠢᠯ ᠣᠯᠣᠭᠰᠠᠨ ᠭᠠᠵᠠᠷ᠎ᠲᠤ ᠳᠠᠭ᠋ᠠᠳᠬᠠᠯ᠎ᠳᠤ ᠣᠷᠣᠬᠤ ᠡᠷᠦᠭᠡ ᠠᠮᠠ ᠵᠢᠨ ᠲᠠᠩᠰᠠ ᠵᠢᠨ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠬᠦᠴᠦᠨ ᠦᠭᠡᠢ ᠪᠣᠯᠭ᠋ᠠᠨ᠎ᠠ᠃ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠪᠴᠢᠯᠡᠨ ᠪᠠᠢ᠌ᠭᠤᠯᠵᠤ᠂ ᠡᠯ᠎ᠡ ᠬᠣᠲᠠ ᠵᠢᠨ ᠵᠠᠰᠠᠭ᠎ᠤᠨ ᠣᠷᠳᠣᠨ᠎ᠳᠤ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠬᠢᠷᠠᠭᠤᠯᠤᠯ ᠡᠵᠡᠮᠳᠡᠯ᠎ᠤᠨ ᠡᠵᠡᠨ ᠮᠡᠳᠡᠬᠦ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠡᠷᠡᠭᠦᠯ ᠮᠠᠨᠳᠤ ᠵᠢ ᠤᠷᠢᠳᠠᠪᠠᠷ ᠬᠥᠭᠵᠢᠭᠦᠯᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠨ᠎ᠡ᠃ ᠬᠥᠮᠥᠨ ᠠᠮᠠ ᠵᠢᠨ ᠬᠥᠭᠵᠢᠯᠲᠡ ᠵᠢ ᠳᠡᠮᠵᠢᠬᠦ ᠪᠠ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠵᠦ᠂ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ ᠪᠠ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠨᠠᠰᠤᠵᠢᠯ᠎ᠤᠨ ᠦᠢ᠍ᠯᠡᠰ ᠪᠠ ᠨᠠᠰᠤᠵᠢᠯ᠎ᠤᠨ ᠠᠵᠤ ᠦᠢ᠍ᠯᠡᠰ᠎ᠢ ᠬᠥᠭᠵᠢᠭᠦᠯᠬᠦ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠰᠠᠢ᠍ᠢ᠍ᠨ ᠳᠤᠷ᠎ᠠ ᠵᠢᠨ᠂ ᠤᠶᠠᠨ ᠬᠠᠳᠠᠨ ᠵᠠᠷᠴᠢᠮ ᠶᠣᠰᠣᠭ᠋ᠠᠷ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ ᠪᠠᠭᠤᠬᠤ ᠨᠠᠰᠤ ᠵᠢ ᠠᠭ᠋ᠠᠵᠢᠮ ᠵᠶ᠋ᠠᠷ ᠬᠣᠢ᠌ᠰᠢᠯᠠᠭᠤᠯᠬᠤ ᠥᠭᠡᠷᠡᠴᠢᠯᠡᠯᠲᠡ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠤᠨ᠎ᠠ ᠭᠡᠵᠦ ᠳᠤᠷᠠᠳᠤᠨ ᠭᠠᠷᠭ᠋ᠠᠪᠠ᠃
ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠠᠯ᠎ᠠ᠎ᠪᠠᠷ᠂ ᠠᠮᠢ ᠠᠬᠤᠢ ᠵᠢᠨ ᠪᠣᠯᠪᠠᠰᠤᠨ᠎ᠤ ᠰᠠᠭᠤᠷᠢ ᠪᠠᠢ᠌ᠭᠤᠯᠤᠮᠵᠢ ᠵᠢ ᠲᠡᠭᠦᠯᠳᠡᠷᠵᠢᠭᠦᠯᠬᠦ᠂ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠬᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠣᠭᠲᠠᠴᠠ ᠵᠢ ᠪᠦᠷᠢᠨᠰᠢᠭᠦᠯᠦᠨ᠎ᠡ ᠭᠡᠵᠦ ᠳᠤᠷᠠᠳᠤᠨ ᠭᠠᠷᠭ᠋ᠠᠪᠠ᠃ ᠣᠷᠣᠨ ᠪᠦᠰᠡ ᠬᠤᠪᠢᠶᠠᠭᠰᠠᠨ᠂ ᠵᠦᠷᠢᠶᠡᠴᠢᠯᠡᠭᠰᠡᠨ᠂ ᠨᠠᠷᠢᠯᠢᠭ ᠣᠨᠣᠴᠠᠲᠠᠢ᠎ᠪᠠᠷ ᠬᠠᠮᠢᠶᠠᠷᠤᠨ ᠡᠵᠡᠮᠳᠡᠬᠦ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠴᠢᠭᠯᠡᠯ ᠵᠶ᠋ᠡᠷ ᠨᠥᠬᠥᠪᠦᠷᠢᠯᠡᠬᠦ ᠲᠣᠭᠲᠠᠴᠠ ᠵᠢ ᠪᠦᠷᠢᠨᠰᠢᠭᠦᠯᠵᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠳᠡᠮᠵᠢᠬᠦ ᠡᠳ᠋᠎ᠤᠨ ᠵᠠᠰᠠᠭ ᠭᠠᠢ᠌ᠯᠢ᠂ ᠮᠥᠩᠭᠥᠨ ᠭᠦᠢ᠍ᠯᠭᠡᠭᠡ᠂ ᠪᠡᠯᠡ ᠣᠷᠣᠭᠤᠯᠤᠯᠲᠠ᠂ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠪᠠ ᠪᠠᠷᠢᠮᠵᠢᠶ᠎ᠠ ᠵᠢᠨ ᠰᠢᠰᠲ᠋ᠧᠮ᠎ᠢ ᠬᠡᠷᠡᠭᠵᠢᠭᠦᠯᠵᠦ᠂ ᠰᠢᠨ᠎ᠡ ᠬᠡᠯᠪᠡᠷᠢ ᠵᠢᠨ ᠡᠨᠧᠷᠭᠢ ᠵᠢᠨ ᠰᠤᠷᠪᠤᠯᠵᠢ ᠵᠢᠨ ᠰᠢᠰᠲ᠋ᠧᠮ᠎ᠢ ᠲᠦᠷᠭᠡᠪᠴᠢᠯᠡᠨ ᠲᠥᠯᠥᠪᠵᠢᠭᠦᠯᠦᠨ ᠪᠠᠢ᠌ᠭᠤᠯᠤᠨ᠎ᠠ ᠭᠡᠵᠦ ᠳᠤᠷᠠᠳᠤᠨ ᠭᠠᠷᠭ᠋ᠠᠪᠠ᠃
ᠳᠥᠷᠪᠡᠳᠦᠭᠡᠷ᠎ᠲᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠬᠦ ᠵᠢ ᠴᠢᠬᠤᠯᠠᠴᠢᠯᠠᠨ᠎ᠠ᠃ ᠤᠯᠤᠰ᠎ᠤᠨ ᠠᠮᠤᠷ ᠲᠦᠪᠰᠢᠨ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠯᠠᠪᠳᠠᠭᠤᠨ ᠵᠶ᠋ᠠᠷ ᠬᠣᠯᠠ ᠠᠶᠠᠯᠠᠬᠤ ᠵᠢᠨ ᠴᠢᠬᠤᠯᠠ ᠰᠠᠭᠤᠷᠢ ᠮᠥᠨ᠃ ᠲᠣᠭᠲᠠᠭ᠋ᠠᠯ᠎ᠤᠨ ᠡᠬᠡ ᠨᠣᠣᠷᠠᠭ᠎ᠲᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠵᠢ ᠨᠡᠩ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠤᠯᠤᠰ᠎ᠤᠨ ᠠᠮᠤᠷ ᠲᠦᠪᠰᠢᠨ᠎ᠤ ᠰᠢᠰᠲ᠋ᠧᠮ ᠪᠣᠯᠣᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠵᠢᠨ ᠲᠣᠭᠣᠷᠢᠨ᠎ᠳᠤ᠂ ᠬᠣᠯᠪᠤᠭ᠋ᠠᠯᠠᠨ ᠬᠥᠳᠡᠯᠦᠯᠴᠡᠭᠰᠡᠨ ᠥᠨᠳᠥᠷ ᠪᠦᠲᠦᠮᠵᠢᠲᠡᠢ ᠤᠯᠤᠰ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠢ ᠪᠠᠢ᠌ᠭᠤᠯᠵᠤ᠂ ᠤᠯᠤᠰ᠎ᠤᠨ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢ ᠵᠢ ᠣᠯᠭᠣᠬᠤ ᠵᠢ ᠠᠬᠢᠭᠤᠯᠤᠨ᠎ᠠ ᠭᠡᠵᠦ ᠳᠤᠷᠠᠳᠪᠠ; ᠭᠡᠨᠡᠳᠲᠡ ᠡᠭᠦᠰᠦᠭᠰᠡᠨ ᠴᠢᠬᠤᠯᠠ ᠶᠡᠬᠡ ᠤᠯᠠᠨ ᠨᠠᠢ᠌ᠳᠠ ᠵᠢᠨ ᠬᠡᠷᠡᠭ᠎ᠢ ᠰᠢᠢ᠍ᠳᠪᠦᠷᠢᠯᠡᠬᠦ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠦᠨ᠎ᠡ᠃ ᠵᠣᠬᠢᠶᠠᠮᠠᠯ ᠣᠶᠤᠨᠴᠢ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ᠎ᠠ᠃ ᠪᠦᠬᠦ ᠤᠯᠤᠰ᠎ᠤᠨ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠢ᠌ᠭᠤᠯᠤᠨ᠎ᠠ᠃ ᠨᠡᠢ᠌ᠭᠡᠮ᠎ᠤᠨ ᠠᠮᠤᠷ ᠲᠦᠪᠰᠢᠨ᠎ᠤ ᠪᠦᠬᠦᠯᠢ ᠴᠣᠭᠴᠠ ᠵᠢᠨ ᠰᠡᠷᠭᠡᠢ᠌ᠯᠡᠨ ᠡᠵᠡᠮᠳᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠤᠯᠠᠨ ᠲᠦᠮᠡᠨ᠎ᠤ ᠲᠤᠰᠬᠠᠯ ᠶᠡᠬᠡᠲᠡᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠨ᠎ᠡ᠃ ᠡᠷᠬᠢᠨ ᠲᠣᠭᠣᠷᠢᠨ᠎ᠤ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃ ᠵᠠᠯᠬᠠᠭ᠋ᠠᠯᠢ ᠡᠰᠡᠷᠭᠦᠴᠡᠬᠦ᠂ ᠭᠠᠷ ᠲᠥᠷᠥᠬᠦ ᠵᠢ ᠡᠰᠡᠷᠭᠦᠴᠡᠬᠦ᠂ 《ᠤᠷᠳᠤ ᠭᠠᠷ ᠵᠶ᠋ᠠᠷ ᠬᠠᠮᠢᠶᠠᠷᠬᠤ》 ᠵᠢ ᠡᠰᠡᠷᠭᠦᠴᠡᠬᠦ ᠲᠣᠭᠲᠠᠴᠠ ᠵᠢ ᠪᠦᠷᠢᠨᠰᠢᠭᠦᠯᠦᠨ᠎ᠡ᠃ ᠠᠷᠠᠯᠵᠢᠶᠠᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭᠲᠠᠴᠠ ᠵᠢ ᠪᠦᠷᠢᠨᠰᠢᠭᠦᠯᠦᠨ᠎ᠡ᠃ ᠭᠠᠳᠠᠭ᠋ᠠᠳᠤ᠎ᠳᠤ ᠬᠣᠯᠪᠣᠭᠳᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ ᠪᠠ ᠬᠠᠤᠯᠢ᠎ᠪᠠᠷ ᠵᠠᠰᠠᠬᠤ ᠵᠢ ᠬᠡᠷᠡᠭᠵᠢᠭᠦᠯᠬᠦ ᠰᠢᠰᠲ᠋ᠧᠮ᠎ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠤᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠎ᠡ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠨᠭ᠌ᠬᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ᠎ᠲᠠᠢ ᠤᠶᠠᠯᠳᠤᠭᠤᠯᠤᠨ᠂ ᠠᠷᠠᠳ᠎ᠤᠨ ᠴᠡᠷᠢᠭ ᠠᠨᠭ᠌ᠬᠢ ᠵᠢᠨ ᠤᠳᠤᠷᠢᠳᠤᠯᠭ᠎ᠠ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠲᠣᠭᠲᠠᠴᠠ ᠵᠢ ᠲᠡᠭᠦᠯᠳᠡᠷᠵᠢᠭᠦᠯᠬᠦ᠂ ᠬᠠᠮᠲᠤᠷᠠᠨ ᠪᠠᠢ᠌ᠯᠳᠤᠬᠤ ᠰᠢᠰᠲ᠋ᠧᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠴᠡᠷᠢᠭ ᠠᠨᠭ᠌ᠬᠢ ᠪᠠ ᠣᠷᠣᠨ ᠨᠤᠲᠤᠭ ᠠᠯᠤᠰᠯᠠᠭᠰᠠᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠳᠤᠷᠠᠳᠤᠨ ᠭᠠᠷᠭ᠋ᠠᠪᠠ᠃
ᠲᠠᠪᠤᠳᠤᠭ᠋ᠠᠷ᠎ᠲᠤ᠂ ᠥᠭᠡᠷᠡᠴᠢᠯᠡᠯᠲᠡ ᠵᠢᠨ ᠲᠤᠬᠠᠢ ᠨᠠᠮ᠎ᠤᠨ ᠤᠳᠤᠷᠢᠳᠤᠯᠭ᠎ᠠ ᠵᠢ ᠴᠢᠬᠤᠯᠠᠴᠢᠯᠠᠨ ᠴᠢᠩᠭ᠋ᠠᠳᠬᠠᠬᠤ ᠬᠡᠷᠡᠭᠲᠡᠶ᠃ ᠨᠠᠮ᠎ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠵᠢᠨ ᠦᠨᠳᠦᠰᠦᠨ ᠪᠠᠲᠤᠯᠠᠭ᠎ᠠ ᠮᠥᠨ᠃ ᠲᠣᠭᠲᠠᠭ᠋ᠠᠯ᠎ᠤᠨ ᠨᠣᠣᠷᠠᠭ᠎ᠲᠤ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ ᠺᠠᠳ᠋ᠷ ᠠᠵᠢᠯᠲᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠥᠮᠥᠨ ᠰᠣᠩᠭᠣᠵᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠵᠢ ᠢᠯᠡ ᠲᠣᠳᠣ ᠪᠤᠢ ᠪᠣᠯᠭ᠋ᠠᠵᠤ᠂ ᠤᠯᠤᠰ ᠲᠥᠷᠥ ᠵᠢᠨ ᠲᠠᠯ᠎ᠠ᠎ᠪᠠᠷ ᠪᠠᠲᠤ ᠴᠢᠩᠭ᠎ᠠ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ᠎ᠪᠠᠷ ᠥᠭᠡᠷᠡᠴᠢᠯᠡᠯᠲᠡ ᠬᠢᠬᠦ᠂ ᠪᠣᠳᠠᠲᠤ ᠪᠦᠲᠦᠮᠵᠢ᠎ᠪᠠᠷ ᠲᠣᠪᠣᠢ᠌ᠮ᠎ᠠ᠂ ᠲᠥᠪ ᠭᠣᠣᠯᠴᠢ ᠠᠷᠢᠭᠤᠨ ᠴᠢᠬᠡᠴᠢ ᠪᠠᠶ᠋ᠢᠬᠤ ᠺᠠᠳ᠋ᠷ᠎ᠢ ᠶᠡᠬᠡᠪᠡᠷ ᠰᠢᠯᠢᠨ ᠰᠣᠩᠭᠣᠵᠤ᠂ ᠺᠠᠳ᠋ᠷ᠎ᠤᠨ ᠳᠤᠷ᠎ᠠ᠎ᠪᠠᠷ ᠵᠶ᠋ᠠᠨ ᠦᠢ᠍ᠯᠡᠳᠬᠦ᠂ ᠠᠵᠢᠯ ᠬᠢᠬᠦ ᠦᠭᠡᠢ᠂ ᠬᠢᠬᠦ ᠵᠣᠷᠢᠭ ᠦᠭᠡᠢ᠂ ᠰᠠᠢ᠍ᠢ᠍ᠨ ᠬᠢᠬᠦ ᠦᠭᠡᠢ ᠪᠠᠶ᠋ᠢᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ; ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ 《ᠭᠤᠷᠪᠠ ᠵᠢ ᠢᠯᠭ᠋ᠠᠬᠤ》 ᠵᠢ ᠨᠠᠢ᠌ᠳᠠᠪᠤᠷᠢᠵᠢᠭᠤᠯᠤᠨ᠂ ᠺᠠᠳ᠋ᠷᠴᠤᠳ᠎ᠤᠨ ᠵᠠᠮ ᠨᠡᠭᠡᠭᠡᠨ ᠤᠷᠤᠭᠰᠢᠯᠠᠬᠤ᠂ ᠠᠵᠢᠯ ᠬᠢᠵᠦ ᠠᠳᠠᠯ ᠦᠢ᠍ᠯᠡᠰ ᠴᠣᠭᠴᠠᠯᠠᠬᠤ ᠵᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠶ; ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠥᠷᠥ ᠵᠢᠨ ᠴᠢᠳᠠᠪᠬᠢ ᠪᠣᠯᠣᠨ ᠵᠣᠬᠢᠶᠠᠨ ᠪᠠᠢ᠌ᠭᠤᠯᠤᠯᠲᠠ ᠵᠢᠨ ᠴᠢᠳᠠᠪᠬᠢ ᠵᠢ ᠴᠢᠩᠭ᠋ᠠᠳᠬᠠᠬᠤ ᠬᠡᠯᠪᠡᠷᠢ ᠵᠢᠨ ᠦᠵᠡᠯ᠂ ᠨᠣᠶᠠᠨᠴᠢ ᠰᠤᠷᠲᠠᠯ᠎ᠢ ᠰᠡᠷᠭᠡᠢ᠌ᠯᠡᠨ ᠵᠠᠰᠠᠬᠤ ᠳᠦᠷᠢᠮ᠎ᠤᠨ ᠲᠣᠭᠲᠠᠴᠠ ᠵᠢ ᠪᠦᠷᠢᠨᠰᠢᠭᠦᠯᠵᠦ᠂ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠬᠠᠮᠲᠤᠳᠤᠨᠢ ᠪᠠᠢ᠌ᠴᠠᠭ᠋ᠠᠵᠤ ᠬᠠᠮᠲᠤᠳᠤᠨᠢ ᠵᠠᠰᠠᠬᠤ ᠲᠣᠭᠲᠠᠴᠠ ᠵᠢ ᠪᠦᠷᠢᠨᠰᠢᠭᠦᠯᠵᠦ᠂ ᠰᠢᠨ᠎ᠡ ᠮᠠᠶᠢᠭ᠎ᠤᠨ ᠢᠯᠵᠠᠷᠠᠯ ᠪᠠ ᠳᠠᠯᠳᠠ ᠢᠯᠵᠠᠷᠠᠯ᠎ᠢ ᠰᠡᠷᠭᠡᠢ᠌ᠯᠡᠨ ᠵᠠᠰᠠᠬᠤ ᠪᠦᠲᠦᠮᠵᠢᠲᠡᠢ ᠠᠷᠭ᠎ᠠ ᠵᠢ ᠪᠠᠶᠠᠯᠢᠭᠵᠢᠭᠤᠯᠤᠨ᠎ᠠ᠃
ᠨᠥᠬᠥᠳ ᠨᠠᠷ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠪᠦᠭᠦᠳᠡ ᠬᠤᠷᠠᠯ᠎ᠤᠨ ᠭᠣᠣᠯ ᠰᠡᠳᠦᠪ᠎ᠤᠨ ᠲᠣᠭᠣᠷᠢᠨ᠎ᠳᠤ ᠶᠠᠷᠢᠯᠴᠠᠵᠤ᠂ ᠪᠦᠲᠦᠭᠡᠯᠴᠢ ᠴᠢᠨᠠᠷᠲᠠᠢ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠳᠤᠷᠠᠳᠴᠤ᠂ ᠬᠠᠮᠲᠤ᠎ᠪᠠᠷ ᠡᠨᠡ ᠤᠳᠠᠭ᠎ᠠ ᠵᠢᠨ ᠪᠦᠭᠦᠳᠡ ᠬᠤᠷᠠᠯ᠎ᠢ ᠰᠠᠶ᠋ᠢᠲᠤᠷ ᠬᠤᠷᠠᠯᠳᠤᠭᠤᠯᠵᠤ᠂ ᠲᠣᠭᠲᠠᠭ᠋ᠠᠯ᠎ᠤᠨ ᠨᠣᠣᠷᠠᠭ᠎ᠲᠤ ᠰᠠᠶ᠋ᠢᠲᠤᠷ ᠵᠠᠰᠠᠪᠤᠷᠢ ᠣᠷᠣᠭᠤᠯᠬᠤ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃