ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠴᠢ ᠯᠦ᠍ ᠡᠮ ᠦᠢ᠍ᠯᠡᠳᠬᠦ (ᠥᠪᠥᠷ ᠮᠣᠩᠭᠣᠯ) ᠬᠢᠵᠠᠭ᠋ᠠᠷᠲᠤ ᠺᠣᠮᠫᠠᠨᠢ ᠵᠢᠨ ᠲᠥᠷᠥᠯ ᠵᠦᠢ᠍ᠯ᠎ᠤᠨ ᠢᠵᠢ ᠪᠦᠷᠢᠳᠦᠭᠰᠡᠨ 110 ᠺᠢᠯᠣᠸᠠᠲ᠎ᠤᠨ ᠴᠠᠬᠢᠯᠭ᠋ᠠᠨ ᠬᠠᠩᠭ᠋ᠠᠬᠤ ᠱᠤᠭᠤᠮ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠨᠡᠶ᠋ᠢᠲᠡᠯᠡᠭᠰᠡᠨ ᠴᠠᠭ᠄ 2024-09-27

ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠥᠬᠡᠬᠣᠲᠠ ᠵᠢᠨ ᠴᠠᠬᠢᠯᠭ᠋ᠠᠨ ᠬᠠᠩᠭ᠋ᠠᠬᠤ ᠬᠤᠪᠢᠶᠠᠷᠢ ᠺᠣᠮᠫᠠᠨᠢ᠎ᠳᠤ᠄
      ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠴᠢ ᠯᠦ᠍ ᠡᠮ ᠦᠢ᠍ᠯᠡᠳᠬᠦ (ᠥᠪᠥᠷ ᠮᠣᠩᠭᠣᠯ) ᠬᠢᠵᠠᠭ᠋ᠠᠷᠲᠤ ᠺᠣᠮᠫᠠᠨᠢ ᠵᠢᠨ ᠲᠥᠷᠥᠯ ᠵᠦᠢ᠍ᠯ᠎ᠤᠨ ᠢᠵᠢ ᠪᠦᠷᠢᠳᠦᠭᠦᠯᠦᠭᠰᠡᠨ 110 ᠺᠢᠯᠣᠸᠠᠲ᠎ᠤᠨ ᠴᠠᠬᠢᠯᠭ᠋ᠠᠨ ᠬᠠᠩᠭ᠋ᠠᠬᠤ ᠱᠤᠭᠤᠮ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
      ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
      ᠢᠯᠢ — ᠹᠦᠪᠧᠩ T ᠵᠢ ᠴᠢ ᠯᠤ᠌ ᠡᠮ ᠦᠢ᠍ᠯᠡᠳᠬᠦ ᠺᠣᠮᠫᠠᠨᠢ᠎ᠳᠤ ᠵᠠᠯᠭ᠋ᠠᠬᠤ 110kV ᠴᠠᠬᠢᠯᠭ᠋ᠠᠨ ᠬᠦᠷᠭᠡᠬᠦ ᠱᠤᠭᠤᠮ᠎ᠢ ᠰᠢᠨ᠎ᠡ ᠪᠡᠷ᠎ᠡ ᠪᠠᠢ᠌ᠭᠤᠯᠵᠤ᠂ ᠱᠤᠭᠤᠮ᠎ᠤᠨ ᠤᠷᠳᠤ᠎ᠨᠢ 2.83km ᠪᠠᠢ᠌ᠵᠤ᠂ ᠡᠭᠦᠨ᠎ᠳᠤ ᠬᠣᠣᠰ ᠴᠠᠬᠢᠯᠭ᠋ᠠᠨ ᠬᠡᠯᠬᠢᠶ᠎ᠡ ᠱᠤᠭᠤᠮ 2km᠂ ᠬᠣᠣᠰ ᠴᠠᠬᠢᠯᠭ᠋ᠠᠨ ᠬᠡᠯᠬᠢᠶ᠎ᠡ ᠵᠢᠨ ᠠᠭ᠋ᠠᠷ᠎ᠲᠠᠬᠢ ᠤᠲᠠᠰᠤ 0.83km ᠪᠣᠯᠣᠨ᠎ᠠ᠃ 11 ᠰᠠᠭᠤᠷᠢ ᠰᠤᠪᠤᠷᠭ᠎ᠠ ᠵᠢᠨ ᠰᠠᠭᠤᠷᠢ ᠵᠢ ᠰᠢᠨ᠎ᠡ᠎ᠪᠠᠷ ᠪᠠᠢ᠌ᠭᠤᠯᠤᠨ᠎ᠠ᠃
      ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠢᠦᠢ᠍ᠴᠢᠦᠸᠠᠨ ᠲᠣᠭᠣᠷᠢᠭ᠎ᠤᠨ ᠬᠢᠯᠢ᠎ᠳᠤ ᠪᠤᠢ᠃
      ᠬᠣᠶᠠᠷ᠂ ᠶᠡᠷᠦᠩᠬᠡᠢ ᠰᠠᠨᠠᠯ
      ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
      ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
      (ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃
      (ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯᠯᠠᠭ᠋ᠠᠨ᠎ᠤ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯᠯᠠᠭ᠋ᠠᠨ᠎ᠤ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠭᠤᠷᠪᠠ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠳᠥᠷᠪᠡ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠳᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
      ᠳᠥᠷᠪᠡ᠂ ᠪᠦᠲᠦᠭᠡᠨ ᠪᠠᠢ᠌ᠭᠤᠯᠬᠤ ᠨᠢᠭᠡᠴᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
      ᠲᠠᠪᠤ᠂ ᠮᠠᠨ᠎ᠤ ᠲᠢᠩᠬᠢᠮ᠎ᠠᠴᠠ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃
           ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                      2024 ᠣᠨ᠎ᠤ 7 ᠰᠠᠷ᠎ᠠ ᠵᠢᠨ 22

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠶᠠ ᠰᠢᠨ ᠠᠳᠠᠯ ᠦᠢ᠍ᠯᠡᠰ ᠴᠣᠭᠴᠠᠯᠠᠬᠤ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠳ᠋ᠠᠢ᠌ᠲ᠋ᠠ ᠵᠢᠨ ᠲᠥᠪ᠎ᠤᠨ ᠲᠥᠷᠥᠯ ᠵᠦᠢ᠍ᠯ᠎ᠤᠨ ᠢᠵᠢ ᠪᠦᠷᠢᠳᠦᠭᠰᠡᠨ 110 ᠺᠢᠯᠣᠸᠠᠲ᠎ᠤᠨ ᠴᠠᠬᠢᠯᠭ᠋ᠠᠨ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠴᠣᠬᠣᠯᠠᠪᠤᠷᠢ
ᠪᠤᠭᠤᠲᠤ ᠬᠣᠲᠠ ᠵᠢᠨ ᠳᠠᠬᠢᠨ ᠡᠭᠦᠰᠴᠦ ᠪᠣᠯᠬᠤ ᠡᠨᠧᠷᠭᠢ ᠵᠢᠨ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠠᠩᠬᠠᠨ᠎ᠤ ᠬᠤᠭᠤᠴᠠᠭ᠋ᠠᠨ᠎ᠤ Ⅲ ᠪᠠᠷᠢᠮᠵᠢᠶᠠᠲᠤ ᠬᠡᠰᠡᠭ᠎ᠤᠨ 20 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠲᠥᠷᠥᠯ ᠵᠦᠢ᠍ᠯ᠎ᠤᠨ ᠪᠤᠭᠤᠲᠤ ᠵᠢᠨ ᠬᠥᠩᠭᠡᠨ ᠴᠠᠭ᠋ᠠᠨ᠎ᠤ ᠦᠢ᠍ᠯᠡᠰ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠣᠬᠢᠷᠲᠤᠯ ᠦᠭᠡᠢ ᠴᠠᠬᠢᠯᠭ᠋ᠠᠨ ᠬᠠᠩᠭ᠋ᠠᠬᠤ ᠲᠥᠷᠥᠯ ᠵᠦᠢ᠍ᠯ᠎ᠤᠨ ᠢᠵᠢ ᠪᠦᠷᠢᠳᠦᠭᠦᠯᠦᠭᠰᠡᠨ ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠵᠢᠨᠢᠩ᠎ᠤᠨ 585 ᠰᠠᠭᠤᠷᠢ ᠨᠤᠷᠠᠭ᠋ᠠᠵᠤ ᠪᠠᠢ᠌ᠭᠤᠯᠬᠤ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠥᠷ ᠮᠣᠩᠭᠣᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠡᠮᠦᠨᠡᠲᠦ ᠤᠮᠠᠷᠠᠲᠤ ᠵᠢᠨ ᠴᠠᠬᠢᠯᠭ᠋ᠠᠨ ᠰᠣᠷᠢᠨᠵᠢᠨ᠎ᠤ ᠴᠠᠭ᠋ᠠᠷᠢᠭ ᠲᠣᠣᠷ᠎ᠢ ᠵᠠᠳᠠᠯᠬᠤ 220kV ᠢᠵᠢ ᠪᠦᠷᠢᠳᠦᠭᠦᠯᠦᠭᠰᠡᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠬᠤᠸᠠᠨ ᠱᠧᠩ ᠰᠢᠨ᠎ᠡ ᠡᠨᠧᠷᠭᠢ (ᠥᠪᠥᠷ ᠮᠣᠩᠭᠣᠯ) ᠵᠢᠨ ᠬᠢᠵᠠᠭ᠋ᠠᠷᠲᠤ ᠺᠣᠮᠫᠠᠨᠢ ᠵᠢᠨ ᠵᠢᠯ᠎ᠳᠤ 10GW ᠥᠨᠳᠥᠷ ᠪᠦᠲᠦᠮᠵᠢᠲᠡᠢ ᠨᠡᠷᠡᠨ ᠡᠨᠧᠷᠭᠢ ᠵᠢᠨ ᠲᠣᠨᠣᠭᠯᠠᠯ᠎ᠤᠨ ᠣᠶᠤᠨᠲᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠢᠵᠢ ᠪᠦᠷᠢᠳᠦᠭᠰᠡᠨ 110kV ᠬᠦᠴᠦᠳᠡᠯ ᠥᠭᠡᠷᠡᠴᠢᠯᠡᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
 
             蒙ICP备05000248号