ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠺᠣᠮᠫᠠᠨᠢ ᠵᠢᠨ ᠤᠯᠠᠭ᠋ᠠᠨᠴᠠᠪ᠎ᠤᠨ ᠴᠠᠬᠢᠯᠭ᠋ᠠᠨ ᠬᠠᠩᠭ᠋ᠠᠬᠤ ᠬᠤᠪᠢᠶᠠᠷᠢ ᠺᠣᠮᠫᠠᠨᠢ᠎ᠳᠤ᠄
ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠥᠪᠥᠷ ᠮᠣᠩᠭᠣᠯ᠎ᠤᠨ ᠶᠠ ᠰᠢᠨ ᠠᠳᠠᠯ ᠦᠢ᠍ᠯᠡᠰ ᠴᠣᠭᠴᠠᠯᠠᠬᠤ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠳ᠋ᠠᠢ᠌ᠲ᠋ᠠ ᠵᠢᠨ ᠲᠥᠪ᠎ᠤᠨ ᠲᠥᠷᠥᠯ ᠵᠦᠢ᠍ᠯ᠎ᠤᠨ ᠢᠵᠢ ᠪᠦᠷᠢᠳᠦᠭᠰᠡᠨ 110 ᠺᠢᠯᠣᠸᠠᠲ᠎ᠤᠨ ᠴᠠᠬᠢᠯᠭ᠋ᠠᠨ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
(1) ᠰᠢᠨ᠎ᠡ᠎ᠪᠠᠷ ᠪᠠᠢ᠌ᠭᠤᠯᠬᠤ ᠮᠠᠨᠳᠠ ~ ᠶᠠ ᠰᠢᠨ ᠬᠦᠷᠬᠦ 110kV ᠴᠠᠬᠢᠯᠭ᠋ᠠᠨ ᠳᠠᠮᠵᠢᠭᠤᠯᠬᠤ ᠱᠤᠭᠤᠮ᠎ᠤᠨ ᠶᠡᠷᠦᠩᠬᠡᠢ ᠣᠷᠳᠣᠨ᠎ᠢ 3.6km᠂ ᠰᠢᠨ᠎ᠡ᠎ᠪᠠᠷ ᠪᠠᠢ᠌ᠭᠤᠯᠬᠤ ᠲᠠᠩ ᠴᠠᠬᠢᠯᠭ᠋ᠠᠨ ᠬᠡᠯᠬᠢᠶᠡᠨ᠎ᠤ ᠠᠭ᠋ᠠᠷ᠎ᠲᠠᠬᠢ ᠱᠤᠭᠤᠮ᠎ᠤᠨ ᠣᠷᠳᠣᠨ᠎ᠢ 0.09 km᠂ ᠪᠤᠰᠤᠳ ᠪᠠᠷᠢᠯᠭ᠎ᠠ ᠵᠢᠨ ᠢᠵᠢᠯᠢ ᠰᠤᠪᠤᠷᠭ᠎ᠠ ᠵᠢᠨ ᠬᠣᠣᠰ ᠴᠠᠬᠢᠯᠭ᠋ᠠᠨ ᠬᠡᠯᠬᠢᠶᠡᠨ᠎ᠤ ᠥᠷᠥᠭᠡᠰᠦᠨ ᠲᠠᠯ᠎ᠠ ᠵᠢᠨ ᠡᠯᠭᠦᠭᠰᠡᠨ ᠤᠲᠠᠰᠤ᠎ᠨᠢ 3.25km᠂ (ᠮᠠᠨᠳᠠ — ᠸᠠᠩ ᠭᠦᠧᠧ ᠬᠣᠣᠰ ᠴᠠᠬᠢᠯᠭ᠋ᠠᠨ ᠬᠡᠯᠬᠢᠶ᠎ᠡ ᠵᠢᠨ ᠪᠣᠯᠣᠳ ᠬᠣᠭᠣᠯᠠᠢ ᠵᠢᠨ ᠪᠠᠭ᠋ᠠᠨ᠎ᠠ ᠵᠢᠨ ᠥᠷᠥᠭᠡᠰᠦᠨ ᠲᠠᠯ᠎ᠠ ᠵᠢᠨ ᠡᠯᠭᠦᠭᠰᠡᠨ ᠤᠲᠠᠰᠤ᠎ᠨᠢ 1.8 km᠂ ᠮᠠᠨᠳᠠ — ᠬᠤᠸᠠ ᠸᠧᠢ ᠵᠢᠨ ᠬᠣᠶᠠᠳᠤᠭ᠋ᠠᠷ ᠬᠤᠭᠤᠴᠠᠭ᠋ᠠᠨ᠎ᠤ ᠬᠣᠣᠰ ᠴᠠᠬᠢᠯᠭ᠋ᠠᠨ ᠬᠡᠯᠬᠢᠶ᠎ᠡ ᠵᠢᠨ ᠪᠣᠯᠣᠳ ᠬᠣᠭᠣᠯᠠᠢ ᠵᠢᠨ ᠪᠠᠭ᠋ᠠᠨ᠎ᠠ ᠵᠢᠨ ᠥᠷᠥᠭᠡᠰᠦᠨ ᠲᠠᠯ᠎ᠠ ᠵᠢᠨ ᠡᠯᠭᠦᠭᠰᠡᠨ ᠤᠲᠠᠰᠤ᠎ᠨᠢ 1.45 km ᠵᠢ ᠠᠰᠢᠭᠯᠠᠨ᠎ᠠ) ᠰᠢᠨ᠎ᠡ᠎ᠪᠠᠷ ᠪᠠᠢ᠌ᠭᠤᠯᠤᠭᠰᠠᠨ ᠴᠠᠬᠢᠯᠭ᠋ᠠᠨ ᠤᠲᠠᠰᠤᠨ ᠤ ᠱᠤᠭᠤᠮ᠎ᠨᠢ 0.26 km (ᠨᠢᠭᠡᠨᠲᠡ ᠪᠠᠢ᠌ᠭᠤᠯᠤᠭᠰᠠᠨ ᠴᠠᠬᠢᠯᠭ᠋ᠠᠨ ᠤᠲᠠᠰᠤᠨ᠎ᠤ ᠭᠤᠤ ᠵᠢ ᠠᠰᠢᠭᠯᠠᠨ ᠳᠡᠪᠢᠰᠦᠨ᠎ᠡ)᠂ ᠲᠣᠰ ᠱᠤᠭᠤᠮ᠎ᠨᠢ ᠰᠤᠪᠤᠷᠭ᠎ᠠ ᠵᠢᠨ ᠰᠠᠭᠤᠷᠢ ᠵᠢ ᠪᠣᠰᠬᠠᠬᠤ ᠦᠭᠡᠢ᠃ (2) ᠢ ᠡᠸ᠋ ᠲᠠᠩ — ᠶᠠ ᠰᠢᠨ ᠬᠦᠷᠬᠦ 110kV ᠴᠠᠬᠢᠯᠭ᠋ᠠᠨ ᠬᠦᠷᠭᠡᠬᠦ ᠱᠤᠭᠤᠮ᠎ᠢ ᠰᠢᠨ᠎ᠡ᠎ᠪᠠᠷ ᠪᠠᠢ᠌ᠭᠤᠯᠵᠤ᠂ ᠱᠤᠭᠤᠮ᠎ᠤᠨ ᠪᠥᠬᠥ ᠣᠷᠳᠣᠨ᠎ᠢ 5.1 km᠂ ᠰᠢᠨ᠎ᠡ᠎ᠪᠠᠷ ᠪᠠᠢ᠌ᠭᠤᠯᠤᠭᠰᠠᠨ ᠲᠠᠩ ᠴᠠᠬᠢᠯᠭ᠋ᠠᠨ ᠬᠡᠯᠬᠢᠶᠡᠨ᠎ᠤ ᠠᠭ᠋ᠠᠷ᠎ᠲᠠᠬᠢ ᠱᠤᠭᠤᠮ᠎ᠤᠨ ᠣᠷᠳᠣᠨ᠎ᠢ 0.5km᠂ ᠪᠤᠰᠤᠳ ᠪᠠᠷᠢᠯᠭ᠎ᠠ ᠵᠢ ᠠᠰᠢᠭᠯᠠᠨ ᠨᠢᠭᠡ ᠰᠤᠪᠤᠷᠭ᠎ᠠ ᠵᠢᠨ ᠬᠣᠣᠰ ᠴᠠᠬᠢᠯᠭ᠋ᠠᠨ ᠬᠡᠯᠬᠢᠶᠡᠨ᠎ᠤ ᠥᠷᠥᠭᠡᠰᠦᠨ ᠲᠠᠯ᠎ᠠ ᠵᠢᠨ ᠤᠲᠠᠰᠤ 4.4km᠂ (ᠢ ᠡᠸ᠋ ᠲᠠᠩ — ᠸᠠᠩ ᠭᠦᠧᠧ ᠬᠦᠷᠬᠦ ᠬᠣᠣᠰ ᠴᠠᠬᠢᠯᠭ᠋ᠠᠨ ᠬᠡᠯᠬᠢᠶᠡᠨ᠎ᠤ ᠱᠤᠭᠤᠮ᠎ᠤᠨ ᠪᠣᠯᠣᠳ ᠬᠣᠭᠣᠯᠠᠢ ᠵᠢᠨ ᠪᠠᠭ᠋ᠠᠨ᠎ᠠ ᠵᠢᠨ ᠥᠷᠥᠭᠡᠰᠦᠨ ᠲᠠᠯ᠎ᠠ ᠵᠢᠨ ᠤᠲᠠᠰᠤ 4.4km) ᠴᠠᠬᠢᠯᠭ᠋ᠠᠨ ᠤᠲᠠᠰᠤᠨ᠎ᠤ ᠱᠤᠭᠤᠮ᠎ᠢ 0.2km (ᠨᠢᠭᠡᠨᠲᠡ ᠪᠠᠢ᠌ᠭᠤᠯᠤᠭᠰᠠᠨ ᠴᠠᠬᠢᠯᠭ᠋ᠠᠨ ᠤᠲᠠᠰᠤᠨ᠎ᠤ ᠭᠤᠤ ᠵᠢ ᠠᠰᠢᠭᠯᠠᠨ ᠳᠡᠪᠢᠰᠦᠨ᠎ᠡ) ᠰᠢᠨ᠎ᠡ᠎ᠪᠠᠷ ᠪᠠᠢ᠌ᠭᠤᠯᠵᠤ᠂ 2 ᠰᠠᠭᠤᠷᠢ ᠪᠣᠯᠣᠳ ᠬᠣᠭᠣᠯᠠᠢ ᠵᠢᠨ ᠪᠠᠭ᠋ᠠᠨ᠎ᠠ ᠵᠢ ᠪᠠᠢ᠌ᠭᠤᠯᠤᠨ᠎ᠠ᠃
ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠯᠢ ᠲᠤ ᠪᠤᠢ᠃
ᠬᠣᠶᠠᠷ᠂ ᠶᠡᠷᠦᠩᠬᠡᠢ ᠰᠠᠨᠠᠯ
ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
(ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃
(ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯᠯᠠᠭ᠋ᠠᠨ᠎ᠤ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯᠯᠠᠭ᠋ᠠᠨ᠎ᠤ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014) ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠭᠤᠷᠪᠠ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠳᠥᠷᠪᠡ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠳᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
ᠳᠥᠷᠪᠡ᠂ ᠪᠦᠲᠦᠭᠡᠨ ᠪᠠᠢ᠌ᠭᠤᠯᠬᠤ ᠨᠢᠭᠡᠴᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
ᠲᠠᠪᠤ᠂ ᠮᠠᠨ᠎ᠤ ᠲᠢᠩᠬᠢᠮ᠎ᠠᠴᠠ ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
2024 ᠣᠨ᠎ᠤ 7 ᠰᠠᠷ᠎ᠠ ᠵᠢᠨ 22