ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
《ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠰᠢᠢ᠍ᠳᠪᠤᠷᠢᠯᠡᠬᠦ ᠲᠦᠬᠦᠭᠡᠷᠦᠮᠵᠢ ᠵᠢᠨ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ (ᠲᠤᠷᠰᠢᠨ ᠬᠡᠷᠡᠭᠵᠢᠬᠦᠯᠬᠦ)》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2020-11-19

      ᠨᠢᠭᠡ᠂ ᠪᠠᠷᠢᠮᠵᠢᠶ᠎ᠠ ᠲᠤᠭᠳᠠᠭ᠋ᠠᠭᠰᠠᠨ ᠴᠢᠬᠤᠯᠠ ᠴᠢᠨᠠᠷ ᠪᠤᠯᠤᠨ ᠠᠴᠢ ᠬᠤᠯᠪᠤᠭᠳᠠᠯ
      ᠨᠠᠮ᠎ᠤᠨ ᠲᠦᠪ ᠬᠤᠷᠢᠶ᠎ᠠ᠂   ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠵᠠᠰᠠᠬᠤ ᠠᠵᠢᠯ᠎ᠢ ᠮᠠᠰᠢ ᠴᠢᠬᠤᠯᠠᠴᠢᠯᠠᠨ ᠦᠵᠡᠭᠰᠡᠭᠡᠷ ᠢᠷᠡᠭᠰᠡᠨ ᠶᠤᠮ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠠᠯᠪᠠᠨ ᠲᠢᠩᠬᠢᠮ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠠᠴᠠ ᠬᠡᠪᠯᠡᠨ ᠲᠠᠷᠬᠠᠭ᠋ᠠᠭᠰᠠᠨ《ᠬᠦᠳᠡᠭᠡ ᠲᠤᠰᠬᠤᠨ᠎ᠤ ᠬᠦᠮᠦᠨ ᠤᠷᠤᠰᠢᠨ ᠰᠠᠭᠤᠭ᠎ᠠ ᠤᠷᠴᠢᠨ ᠲᠤᠭᠤᠷᠢᠨ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠦᠰᠦᠪ》᠎ᠲᠤ᠄《ᠡᠯ᠎ᠡ ᠭᠠᠵᠠᠷ ᠤᠷᠤᠨ ᠤᠰᠤ ᠭᠠᠳᠠᠭᠰᠢᠯᠠᠭᠤᠯᠬᠤ ᠬᠡᠯᠪᠡᠷᠢ ᠪᠤᠯᠤᠨ ᠭᠠᠳᠠᠭᠰᠢᠯᠠᠭᠤᠯᠬᠤ ᠴᠢᠭᠯᠡᠰᠢ   ᠵᠡᠷᠬᠡ᠎ᠪᠠᠨ ᠢᠯᠭ᠋ᠠᠨ ᠰᠠᠯᠭ᠋ᠠᠬᠤ         ᠬᠡᠷᠡᠭᠲᠡᠢ᠂ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠵᠠᠰᠠᠨ ᠭᠠᠳᠠᠭᠰᠢᠯᠠᠭᠤᠯᠬᠤ ᠪᠠᠷᠢᠮᠵᠢᠶ᠎ᠠ᠎ᠪᠠᠨ ᠲᠦᠷᠦᠯ ᠠᠩᠬᠢᠯᠠᠨ ᠲᠤᠭᠳᠠᠭ᠋ᠠᠬᠤ ᠬᠡᠷᠡᠭᠲᠡᠢ》 ᠭᠡᠵᠦ ᠱᠠᠭ᠋ᠠᠷᠳᠠᠭᠰᠠᠨ ᠪᠠᠢ᠌ᠳᠠᠭ᠃ ᠨᠠᠢ᠍ᠮᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠤᠷᠠᠯ ᠲᠡᠭᠡᠷ᠎ᠡ ᠶᠡᠷᠦᠩᠬᠡᠢ ᠱᠦᠵᠢ ᠰᠢ ᠵᠢᠨ ᠫᠢᠩ ᠮᠦᠨ《ᠬᠦᠳᠡᠭᠡ ᠲᠤᠰᠬᠤᠨ᠎ᠤ ᠬᠦᠮᠦᠨ ᠤᠷᠤᠰᠢᠨ ᠰᠠᠭᠤᠭ᠎ᠠ ᠤᠷᠴᠢᠨ ᠲᠤᠭᠤᠷᠢᠨ᠎ᠢ ᠴᠡᠭᠴᠡᠯᠡᠨ ᠵᠠᠰᠠᠬᠤ ᠠᠵᠢᠯᠯᠠᠭ᠋ᠠᠨ᠎ᠢ ᠦᠷᠬᠦᠯᠵᠢᠯᠡᠨ ᠦᠷᠨᠢᠬᠦᠯᠵᠦ᠂ ᠦᠵᠡᠰᠬᠦᠯᠡᠩᠳᠦ ᠰᠠᠢ᠌ᠬᠠᠨ ᠬᠦᠳᠡᠭᠡ ᠲᠤᠰᠬᠤᠨ᠎ᠢ ᠪᠠᠢ᠌ᠭᠤᠯᠬᠤ ᠬᠡᠷᠡᠭᠲᠡᠢ》 ᠭᠡᠵᠦ ᠱᠠᠭ᠋ᠠᠷᠳᠠᠭᠰᠠᠨ ᠶᠤᠮ᠃
      ᠠᠮᠢ ᠠᠬᠤᠢ ᠤᠷᠴᠢᠨ ᠲᠤᠭᠤᠷᠢᠨ᠎ᠤ ᠶᠠᠮᠤᠨ᠂ ᠬᠦᠳᠡᠭᠡ ᠠᠵᠤ ᠠᠬᠤᠢ ᠪᠠ ᠬᠦᠳᠡᠭᠡ ᠲᠤᠰᠬᠤᠨ᠎ᠤ ᠶᠠᠮᠤᠨ᠎ᠤ《ᠬᠦᠳᠡᠭᠡ ᠠᠵᠤ ᠠᠬᠤᠢ ᠪᠠ ᠬᠦᠳᠡᠭᠡ ᠲᠤᠰᠬᠤᠨ᠎ᠤ ᠪᠤᠬᠢᠷᠳᠤᠯ᠎ᠢ ᠵᠠᠰᠠᠬᠤ ᠪᠤᠭᠤᠮᠳᠠ ᠰᠢᠪᠳᠤᠯᠬᠤ ᠲᠠᠢ᠌ᠯᠠᠯᠳᠤᠭ᠋ᠠᠨ᠎ᠤ ᠠᠵᠢᠯᠯᠠᠭ᠋ᠠᠨ᠎ᠤ ᠲᠦᠯᠦᠪᠯᠡᠭᠡ ᠵᠢ ᠬᠡᠪᠯᠡᠨ ᠲᠠᠷᠬᠠᠭ᠋ᠠᠬᠤ ᠲᠤᠬᠠᠢ ᠮᠡᠳᠡᠭᠳᠡᠯ》 (  ᠤᠷᠴᠢᠨ ᠲᠤᠭᠤᠷᠢᠨ ᠬᠦᠷᠦᠰᠦ ᠰᠢᠷᠤᠢ[2018]143 ᠲᠤᠭ᠋ᠠᠳᠤ)᠎ᠳᠤ᠄《ᠡᠯ᠎ᠡ ᠮᠤᠵᠢ (  ᠤᠷᠤᠨ᠂ ᠬᠤᠳᠠ)᠎ᠨᠢ ᠤᠰᠤ ᠭᠠᠳᠠᠭᠰᠢᠯᠠᠭᠤᠯᠬᠤ ᠬᠡᠯᠪᠡᠷᠢ᠂ ᠭᠠᠳᠠᠭᠰᠢᠯᠠᠭᠤᠯᠬᠤ ᠴᠢᠭᠯᠡᠰᠢ ᠵᠡᠷᠭᠡ᠎ᠪᠠᠨ ᠢᠯᠭ᠋ᠠᠨ ᠰᠠᠯᠭ᠋ᠠᠬᠤ ᠬᠡᠷᠡᠭᠳᠡᠢ᠂ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠰᠢᠢ᠍ᠳᠪᠤᠷᠢᠯᠡᠬᠦ ᠭᠠᠳᠠᠭᠰᠢᠯᠠᠭᠤᠯᠤᠯᠳᠠ ᠵᠢᠨ ᠪᠠᠷᠢᠮᠵᠢᠶ᠎ᠠ ᠵᠢ ᠲᠤᠭᠳᠠᠭ᠋ᠠᠭᠬᠤ ᠪᠠ ᠵᠠᠰᠠᠪᠤᠷᠢ ᠤᠷᠤᠭᠤᠯᠤᠬᠤ ᠠᠵᠢᠯ᠎ᠢ ᠲᠦᠷᠭᠡᠳᠭᠡᠬᠦ ᠬᠡᠷᠡᠭᠲᠡᠢ》   ᠭᠡᠵᠦ ᠳᠤᠳᠤᠷᠬᠠᠢ ᠵᠢᠭ᠋ᠠᠵᠤ ᠭᠠᠷᠭ᠋ᠠᠪᠠ᠃ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠠᠴᠠ ᠬᠡᠪᠯᠡᠨ ᠲᠠᠷᠬᠠᠭ᠋ᠠᠭᠰᠠᠨ《ᠤᠷᠤᠨ ᠨᠤᠳᠤᠭ᠎ᠠᠴᠠ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠰᠢᠢ᠍ᠳᠪᠤᠷᠢᠯᠡᠨ   ᠭᠠᠳᠠᠭᠰᠢᠯᠠᠭᠤᠯᠬᠤ ᠪᠠᠷᠢᠮᠵᠢᠶ᠎ᠠ ᠲᠤᠭᠳᠠᠭ᠋ᠠᠬᠤ ᠵᠢ ᠲᠦᠷᠭᠡᠳᠭᠡᠬᠦ ᠲᠤᠬᠠᠢ ᠮᠡᠳᠡᠭᠳᠡᠯ》 (  ᠤᠷᠴᠢᠨ ᠲᠤᠭᠤᠷᠢᠨ᠎ᠤ ᠠᠯᠪᠠᠨ ᠭᠡᠷ᠎ᠤᠨ ᠤᠰᠤᠨ ᠴᠤᠭᠴᠠ ᠵᠢᠨ ᠠᠯᠪᠠᠨ ᠪᠢᠴᠢᠭ[2018]1083 ᠲᠤᠭ᠋ᠠᠳᠤ)᠎ᠳᠤ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠰᠢᠢ᠍ᠳᠪᠤᠷᠢᠯᠡᠨ ᠭᠠᠳᠠᠭᠰᠢᠯᠠᠭᠤᠯᠬᠤ ᠪᠠᠷᠢᠮᠵᠢᠶ᠎ᠠ ᠵᠢᠨ ᠶᠡᠷᠦᠩᠬᠡᠢ ᠱᠠᠭ᠋ᠠᠷᠳᠠᠯᠭ᠎ᠠ᠂ ᠡᠵᠡᠮᠳᠡᠯ᠎ᠤᠨ ᠵᠢᠭ᠋ᠠᠯᠳᠠ ᠲᠤᠭ᠎ᠠ ᠵᠢᠴᠢ ᠭᠠᠳᠠᠭᠰᠢᠯᠠᠭᠤᠯᠤᠯᠳᠠ ᠵᠢᠨ ᠬᠢᠵᠠᠭ᠋ᠠᠷ ᠬᠡᠮᠵᠢᠭᠳᠡᠯ ᠵᠡᠷᠭᠡ ᠵᠢ ᠤᠯᠠᠮ ᠨᠢᠭᠡ ᠠᠯᠬᠤᠮ ᠲᠤᠳᠤᠷᠬᠠᠢ᠌ᠯᠠᠨ ᠲᠤᠭᠳᠠᠭ᠋ᠠᠵᠠᠢ᠃
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ《ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠰᠢᠢ᠍ᠳᠪᠤᠷᠢᠯᠡᠬᠦ ᠲᠦᠬᠦᠭᠡᠷᠦᠮᠵᠢ ᠵᠢᠨ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ (  ᠲᠤᠷᠰᠢᠨ ᠬᠡᠷᠡᠭᠵᠢᠬᠦᠯᠬᠦ)》ᠵᠢ ᠲᠤᠭᠳᠠᠭ᠋ᠠᠭᠰᠠᠨ᠎ᠨᠢ ᠮᠠᠨ᠎ᠤ ᠤᠷᠤᠨ᠎ᠤ ᠬᠦᠳᠡᠭᠡ ᠲᠤᠰᠬᠤᠨ᠎ᠤ ᠤᠰᠤᠨ᠎ᠤ ᠪᠤᠬᠢᠷᠳᠤᠯ᠎ᠢ ᠰᠡᠷᠭᠡᠢ᠌ᠯᠡᠨ ᠵᠠᠰᠠᠬᠤ᠂ ᠬᠦᠳᠡᠭᠡ ᠲᠤᠰᠬᠤᠨ᠎ᠤ ᠤᠰᠤᠨ᠎ᠤ ᠤᠷᠴᠢᠨ ᠲᠤᠭᠤᠷᠢᠨ᠎ᠤ ᠴᠢᠨᠠᠷ ᠴᠢᠨᠰᠠᠭ᠎ᠠ ᠵᠢ ᠰᠠᠢ᠌ᠵᠢᠷᠠᠭᠤᠯᠬᠤ ᠴᠢᠬᠤᠯᠠ ᠱᠠᠭ᠋ᠠᠷᠳᠠᠯᠭ᠎ᠠ ᠪᠤᠯᠤᠨ ᠠᠷᠭ᠎ᠠ ᠬᠡᠮᠵᠢᠶ᠎ᠡ ᠪᠤᠯᠤᠨ᠎ᠠ᠃ ᠤᠳᠤᠬᠠᠨ᠎ᠳᠤ᠂ ᠮᠠᠨ᠎ᠤ ᠤᠷᠤᠨ ᠬᠠᠷᠠᠬᠠᠨ ᠳᠤᠰᠬᠠᠢ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠭᠠᠳᠠᠭᠰᠢᠯᠠᠭᠤᠯᠬᠤ ᠪᠠᠷᠢᠮᠵᠢᠶ᠎ᠠ ᠵᠢ ᠲᠤᠭᠳᠠᠭ᠎ᠠ ᠦᠭᠡᠢ ᠪᠠᠢ᠌ᠵᠤ᠂ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠵᠠᠰᠠᠬᠤ ᠪᠠ ᠬᠢᠨᠠᠨ ᠬᠠᠮᠢᠶᠠᠷᠤᠯᠳᠠ ᠵᠢ ᠬᠢᠵᠠᠭ᠋ᠠᠷᠯᠠᠵᠤ᠂ ᠬᠦᠳᠡᠭᠡ ᠲᠤᠰᠬᠤᠨ᠎ᠤ ᠤᠰᠤᠨ᠎ᠤ ᠪᠤᠬᠢᠷᠳᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠢᠯᠭᠤᠮ ᠶᠠᠪᠤᠭᠳᠠᠬᠤ ᠵᠢ ᠬᠦᠯᠢᠶᠡᠰᠦᠯᠡᠭᠰᠡᠬᠡᠷ ᠢᠷᠡᠵᠡᠢ᠃ ᠪᠤᠳᠠᠳᠠᠢ᠎ᠠᠴᠠ ᠡᠬᠦᠰᠴᠦ᠂ ᠲᠤᠬᠠᠢ ᠵᠢᠨ ᠭᠠᠵᠠᠷ᠎ᠤᠨ ᠪᠠᠢ᠌ᠳᠠᠯ᠎ᠳᠤ᠎ᠨᠢ ᠲᠤᠬᠢᠷᠠᠭᠤᠯᠤᠨ ᠵᠦᠢ ᠵᠤᠬᠢᠰᠳᠠᠢ᠎ᠪᠠᠷ ᠬᠦᠳᠡᠭᠡ ᠲᠤᠰᠬᠤᠨ᠎ᠤ ᠪᠤᠬᠢᠷ ᠤᠰᠤ ᠵᠢ ᠭᠠᠳᠠᠭᠰᠢᠯᠠᠭᠤᠯᠬᠤ ᠪᠠᠷᠢᠮᠵᠢᠶ᠎ᠠ ᠵᠢ ᠲᠤᠭᠳᠠᠭ᠋ᠠᠨ ᠬᠡᠷᠡᠭᠵᠢᠬᠦᠯᠬᠦ᠎ᠨᠢ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢᠨ ᠪᠤᠬᠢᠷᠳᠤᠯ᠎ᠢ ᠡᠵᠡᠮᠳᠡᠬᠦ ᠬᠠᠮᠤᠭ ᠪᠦᠳᠦᠮᠵᠢᠳᠡᠢ ᠠᠷᠭ᠎ᠠ ᠪᠠᠷᠢᠯ ᠪᠤᠯᠤᠨ᠎ᠠ᠃ ᠮᠠᠨ᠎ᠤ ᠤᠷᠤᠨ᠎ᠤ ᠬᠦᠳᠡᠭᠡ ᠲᠤᠰᠬᠤᠨ᠎ᠤ ᠨᠦᠬᠦᠴᠡᠯ ᠪᠠᠢ᠌ᠳᠠᠯ᠂ ᠪᠤᠬᠢᠷ ᠤᠰᠤ ᠵᠢ ᠰᠢᠢ᠍ᠳᠪᠤᠷᠢᠯᠡᠬᠦ ᠬᠦᠷᠢᠶ᠎ᠡ ᠬᠡᠪᠴᠢᠶ᠎ᠡ ᠪᠠ ᠭᠠᠳᠠᠭᠰᠢᠯᠠᠭᠤᠯᠬᠤ ᠴᠢᠭᠯᠡᠰᠢ ᠵᠡᠷᠭᠡ ᠵᠢ ᠦᠨᠳᠦᠰᠦᠯᠡᠨ᠂ ᠲᠦᠷᠦᠯ ᠲᠡᠰ ᠬᠤᠪᠢᠶᠠᠨ ᠡᠵᠡᠮᠳᠡᠯ᠎ᠤᠨ ᠵᠢᠭ᠋ᠠᠯᠳᠠ ᠲᠤᠭ᠎ᠠ ᠪᠤᠯᠤᠨ ᠭᠠᠳᠠᠭᠰᠢᠯᠠᠭᠤᠯᠤᠯᠳᠠ ᠵᠢᠨ ᠱᠠᠭ᠋ᠠᠷᠳᠠᠯᠭ᠎ᠠ ᠵᠢ ᠲᠤᠭᠳᠠᠭ᠋ᠠᠬᠤ᠎ᠨᠢ ᠬᠠᠮᠢᠶ᠎ᠠ ᠪᠦᠬᠦᠢ ᠮᠡᠷᠭᠡᠵᠢᠯ᠎ᠤᠨ ᠬᠦᠷᠴᠦ ᠲᠡᠢ᠌ᠯᠬᠦ ᠪᠤᠬᠢᠷᠳᠤᠯ᠎ᠢ ᠡᠵᠡᠮᠳᠡᠬᠦ ᠲᠦᠪᠰᠢᠨ᠎ᠢ ᠬᠦᠢ᠍ᠴᠡᠳ ᠪᠤᠳᠤᠯᠬᠢᠯᠠᠵᠤ᠂ ᠮᠦᠨ ᠬᠦᠳᠡᠭᠡ ᠲᠤᠰᠬᠤᠨ᠎ᠤ ᠭᠠᠵᠠᠷ ᠤᠷᠤᠨ᠎ᠤ ᠠᠵᠤ ᠠᠬᠤᠢ ᠵᠢᠨ ᠲᠠᠭ᠋ᠠᠭ᠋ᠠᠴᠠ ᠴᠢᠳᠠᠪᠤᠷᠢ ᠪᠤᠯᠤᠨ ᠬᠠᠮᠢᠶᠠᠷᠤᠯᠳᠠ ᠵᠢᠨ ᠲᠦᠪᠰᠢᠨ᠎ᠢ ᠬᠠᠮᠳᠤ᠎ᠳᠤ᠎ᠨᠢ ᠬᠠᠷᠠᠭ᠋ᠠᠯᠵᠠᠨ ᠪᠤᠳᠤᠯᠬᠢᠯᠠᠭᠰᠠᠨ ᠪᠠᠢ᠌ᠳᠠᠭ᠃ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠵᠠᠰᠠᠬᠤ ᠲᠦᠬᠦᠭᠡᠷᠦᠮᠵᠢ ᠵᠢᠨ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠡᠵᠡᠮᠳᠡᠯ᠎ᠤᠨ ᠬᠢᠵᠠᠭ᠋ᠠᠷ ᠬᠡᠮᠵᠢᠭᠳᠡᠯ᠎ᠢ ᠵᠦᠢ ᠵᠤᠬᠢᠰᠳᠠᠢ ᠲᠤᠭᠳᠠᠭ᠋ᠠᠬᠤ᠎ᠨᠢ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠵᠠᠰᠠᠬᠤ ᠪᠠ ᠬᠢᠨᠠᠨ ᠬᠠᠮᠢᠶᠠᠷᠤᠯᠳᠠ ᠵᠢ ᠴᠢᠩᠭ᠋ᠠᠳᠬᠠᠬᠤ ᠱᠠᠭ᠋ᠠᠷᠳᠠᠯᠭ᠎ᠠ ᠮᠦᠨ᠃
      ᠬᠤᠶᠠᠷ᠂ ᠪᠤᠬᠢᠷᠳᠤᠯ ᠪᠤᠳᠠᠰ᠎ᠢ ᠡᠵᠡᠮᠳᠡᠬᠦ ᠵᠢᠭ᠋ᠠᠯᠳᠠ ᠲᠤᠭ᠎ᠠ ᠵᠢᠴᠢ ᠭᠠᠳᠠᠭᠰᠢᠯᠠᠭᠤᠯᠤᠯᠳᠠ ᠵᠢᠨ ᠬᠢᠵᠠᠭ᠋ᠠᠷ ᠬᠡᠮᠵᠢᠭᠳᠡᠯ ᠵᠢ ᠲᠤᠭᠳᠠᠭ᠋ᠠᠭᠰᠠᠨ ᠦᠨᠳᠦᠰᠦᠯᠡᠯ
     (ᠨᠢᠭᠡ) ᠪᠤᠬᠢᠷᠳᠤᠯ ᠪᠤᠳᠠᠰ᠎ᠤᠨ ᠡᠵᠡᠮᠳᠡᠯ᠎ᠤᠨ ᠵᠢᠭ᠋ᠠᠯᠳᠠ ᠲᠤᠭ᠎ᠠ ᠵᠢᠨ ᠰᠤᠩᠭᠤᠯᠳᠠ
   《ᠤᠷᠤᠨ ᠨᠤᠳᠤᠭ᠎ᠠᠴᠠ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠰᠢᠢ᠍ᠳᠪᠤᠷᠢᠯᠡᠨ ᠭᠠᠳᠠᠭᠰᠢᠯᠠᠭᠤᠯᠬᠤ ᠪᠠᠷᠢᠮᠵᠢᠶ᠎ᠠ ᠲᠤᠭᠳᠠᠭ᠋ᠠᠬᠤ ᠵᠢ ᠲᠦᠷᠭᠡᠳᠭᠡᠬᠦ ᠲᠤᠬᠠᠢ ᠮᠡᠳᠡᠭᠳᠡᠯ》 (  ᠤᠷᠴᠢᠨ ᠲᠤᠭᠤᠷᠢᠨ᠎ᠤ ᠠᠯᠪᠠᠨ ᠭᠡᠷ᠎ᠤᠨ ᠤᠰᠤᠨ ᠴᠤᠭᠴᠠ ᠵᠢᠨ ᠠᠯᠪᠠᠨ ᠪᠢᠴᠢᠭ[2018]1083 ᠲᠤᠭ᠋ᠠᠳᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ PH ᠬᠡᠮᠵᠢᠭᠳᠡᠯ᠂ ᠬᠢᠮᠢ ᠵᠢᠨ ᠬᠦᠴᠢᠯᠳᠦ᠋ᠷᠦᠭᠴᠢ ᠱᠠᠭ᠋ᠠᠷᠳᠠᠬᠤ ᠬᠡᠮᠵᠢᠶ᠎ᠡ (CODC r) ᠪᠠ ᠬᠦᠪᠦᠮᠡᠯ ᠪᠤᠳᠠᠰ (SS) ᠵᠶ᠋ᠡᠷ ᠦᠨᠳᠦᠰᠦᠨ ᠵᠢᠭ᠋ᠠᠯᠳᠠ ᠲᠤᠭ᠎ᠠ ᠪᠤᠯᠭ᠋ᠠᠵᠤ᠂ ᠡᠬᠦᠨ᠎ᠳᠤ ᠤᠰᠤ ᠵᠢ ᠰᠢᠭᠤᠳ《ᠭᠠᠵᠠᠷ᠎ᠤᠨ ᠭᠠᠳᠠᠷᠭᠤ ᠵᠢᠨ ᠤᠰᠤᠨ᠎ᠤ ᠤᠷᠴᠢᠨ ᠲᠤᠭᠤᠷᠢᠨ᠎ᠤ ᠴᠢᠨᠠᠷ ᠴᠢᠨᠰᠠᠭ᠎ᠠ ᠵᠢᠨ ᠪᠠᠷᠢᠮᠵᠢᠶ᠎ᠠ》 (GB 3838-2002)   ᠵᠢᠨ ᠭᠠᠵᠠᠷ᠎ᠤᠨ ᠭᠠᠳᠠᠷᠭᠤ ᠵᠢᠨ ᠤᠰᠤᠨ᠎ᠤ II᠂ III ᠲᠦᠷᠦᠯ᠎ᠤᠨ ᠴᠢᠳᠠᠮᠵᠢᠳᠤ ᠤᠰᠤᠨ ᠪᠦᠰᠡ᠎ᠳᠤ ᠭᠠᠳᠠᠭᠰᠢᠯᠠᠭᠤᠯᠬᠤ᠎ᠳᠤ᠂ ᠲᠡᠭᠡᠷ᠎ᠡ ᠲᠤᠷᠠᠳᠤᠭᠰᠠᠨ ᠬᠡᠳᠦᠨ ᠦᠨᠳᠦᠰᠦᠨ ᠵᠢᠭ᠋ᠠᠯᠳᠠ ᠲᠤᠭ᠎ᠠ᠎ᠠᠴᠠ ᠭᠠᠳᠠᠨ᠎ᠠ ᠪᠠᠰᠠ NH3-N ᠵᠢ ᠨᠡᠮᠡᠭᠳᠡᠬᠦᠯᠵᠡᠢ᠃ ᠤᠰᠤ ᠵᠢ ᠰᠢᠭᠤᠳ《ᠭᠠᠵᠠᠷ᠎ᠤᠨ ᠭᠠᠳᠠᠷᠭᠤ ᠵᠢᠨ ᠤᠰᠤᠨ᠎ᠤ ᠤᠷᠴᠢᠨ ᠲᠤᠭᠤᠷᠢᠨ᠎ᠤ ᠴᠢᠨᠠᠷ ᠴᠢᠨᠰᠠᠭ᠎ᠠ ᠵᠢᠨ ᠪᠠᠷᠢᠮᠵᠢᠶ᠎ᠠ》 (GB 3838-2002)   ᠵᠢᠨ ᠭᠠᠵᠠᠷ᠎ᠤᠨ ᠭᠠᠳᠠᠷᠭᠤ ᠵᠢᠨ ᠤᠰᠤᠨ᠎ᠤ IV᠂ V ᠲᠦᠷᠦᠯ᠎ᠤᠨ ᠴᠢᠳᠠᠮᠵᠢᠳᠤ ᠤᠰᠤᠨ ᠪᠦᠰᠡ᠎ᠳᠤ ᠭᠠᠳᠠᠭᠰᠢᠯᠠᠭᠤᠯᠬᠤ ᠪᠤᠬᠢᠷᠳᠤᠯ ᠪᠤᠳᠠᠰ᠎ᠤᠨ ᠡᠵᠡᠮᠳᠡᠯ ᠵᠢᠭ᠋ᠠᠯᠳᠠ ᠲᠤᠭ᠎ᠠ᠎ᠪᠠᠷ ᠦᠨᠳᠦᠰᠦᠨ ᠵᠢᠭ᠋ᠠᠯᠳᠠ ᠲᠤᠭ᠎ᠠ ᠪᠤᠯᠭ᠋ᠠᠪᠠ᠃ ᠤᠰᠤ ᠵᠢ ᠪᠢᠳᠡᠬᠦᠮᠵᠢᠳᠦ ᠤᠰᠤᠨ ᠴᠤᠭᠴᠠ ᠪᠤᠶᠤ ᠠᠽᠤᠲ ᠹᠤᠰᠹᠤᠷ᠎ᠨᠢ ᠪᠠᠷᠢᠮᠵᠢᠶ᠎ᠠ᠎ᠠᠴᠠ ᠲᠠᠪᠠᠭᠰᠠᠨ ᠤᠰᠤᠨ ᠴᠤᠭᠴᠠ᠎ᠳᠤ ᠭᠠᠳᠠᠭᠰᠢᠯᠠᠭᠤᠯᠬᠤ ᠦᠶ᠎ᠡ᠎ᠳᠤ ᠲᠡᠭᠡᠷ᠎ᠡ ᠲᠤᠷᠠᠳᠤᠭᠰᠠᠨ ᠦᠨᠳᠦᠰᠦᠨ ᠵᠢᠭ᠋ᠠᠯᠳᠠ ᠲᠤᠭ᠎ᠠ᠎ᠠᠴᠠ ᠭᠠᠳᠠᠨ᠎ᠠ ᠪᠠᠰᠠ NH3-N、TN ᠪᠠTP ᠵᠢ ᠨᠡᠮᠡᠨ᠎ᠡ᠃
      (ᠬᠤᠶᠠᠷ) ᠭᠠᠳᠠᠠᠭᠰᠢᠯᠠᠭᠤᠯᠤᠯᠳᠠ ᠵᠢᠨ ᠬᠢᠵᠠᠭ᠋ᠠᠷ ᠬᠡᠮᠵᠢᠭᠳᠡᠯ᠎ᠢ ᠲᠤᠭᠳᠠᠭ᠋ᠠᠭᠰᠠᠨ ᠦᠨᠳᠦᠰᠦᠯᠡᠯ
ᠡᠵᠡᠮᠳᠡᠯ ᠵᠢᠭ᠋ᠠᠯᠳᠠ ᠲᠤᠭ᠎ᠠ ᠵᠢᠨ ᠬᠡᠮᠵᠢᠭᠳᠡᠯ᠎ᠨᠢ ᠵᠠᠷᠴᠢᠮ ᠲᠡᠭᠡᠷ᠎ᠡ᠎ᠪᠠᠨ《ᠬᠤᠳᠠ ᠪᠠᠯᠭ᠋ᠠᠰᠤᠨ᠎ᠤ ᠪᠤᠬᠢᠷ ᠤᠰᠤ ᠵᠢ ᠰᠢᠢ᠍ᠳᠪᠤᠷᠢᠯᠡᠬᠦ ᠦᠢ᠍ᠯᠡᠳᠪᠤᠷᠢ ᠵᠢᠨ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ》 (GB 18918-2002)᠎ᠳᠠᠬᠢ ᠬᠠᠷᠠᠭ᠋ᠠᠯᠵᠠᠭᠰᠠᠨ ᠵᠢᠭ᠋ᠠᠯᠳᠠ ᠲᠤᠭ᠋ᠠᠨ᠎ᠤ ᠪᠠᠷᠢᠮᠵᠢᠶᠠᠳᠤ ᠦᠳᠭᠡᠴᠡ ᠵᠢᠨ ᠬᠢᠵᠠᠭ᠋ᠠᠷ ᠬᠡᠮᠵᠢᠭᠳᠡᠯ ᠵᠶ᠋ᠡᠷ ᠯᠠᠪᠯᠠᠯᠳᠠ ᠪᠤᠯᠭ᠋ᠠᠵᠤ᠂ ᠬᠠᠮᠳᠤ᠎ᠳᠤ᠎ᠨᠢ ᠬᠦᠳᠡᠭᠡ ᠲᠤᠰᠬᠤᠨ᠎ᠤ ᠤᠷᠤᠨ ᠪᠠᠢ᠌ᠷᠢ ᠵᠢᠨ ᠨᠦᠬᠦᠴᠡᠯ᠂ ᠬᠦᠳᠡᠭᠡ ᠲᠤᠰᠬᠤᠨ᠎ᠤ ᠬᠦᠮᠦᠨ ᠠᠮᠠ ᠵᠢᠨ ᠲᠦᠪᠯᠡᠷᠡᠭᠰᠡᠨ ᠬᠡᠮᠵᠢᠶ᠎ᠡ᠂ ᠪᠤᠬᠢᠷ ᠤᠰᠤᠨ᠎ᠤ ᠬᠡᠮᠵᠢᠶ᠎ᠡ᠂ ᠭᠠᠳᠠᠭᠰᠢᠯᠠᠭᠤᠯᠬᠤ ᠴᠢᠭᠯᠡᠰᠢ᠂ ᠭᠠᠳᠠᠭᠰᠢᠯᠠᠭᠤᠯᠬᠤ ᠬᠡᠯᠪᠡᠷᠢ (  ᠰᠢᠭᠤᠳ ᠪᠤᠶᠤ ᠲᠠᠮ)᠂ ᠬᠦᠯᠢᠶᠡᠨ ᠠᠪᠬᠤ ᠤᠰᠤᠨ ᠴᠤᠭᠴᠠ ᠵᠢᠨ ᠪᠤᠬᠢᠷᠳᠤᠯ ᠪᠤᠳᠠᠰ ᠭᠠᠳᠠᠭᠰᠢᠯᠠᠭᠤᠯᠬᠤ ᠱᠠᠭ᠋ᠠᠷᠳᠠᠯᠭ᠎ᠠ ᠵᠡᠷᠭᠡ ᠡᠯᠸᠮᠸᠨ᠋ᠲ᠎ᠤᠳ᠎ᠢ ᠶᠡᠷᠦᠩᠬᠡᠢ᠌ᠯᠡᠨ ᠪᠤᠳᠤᠯᠬᠢᠯᠠᠵᠤ ᠲᠤᠭᠳᠠᠭ᠋ᠠᠵᠠᠢ᠃ ᠮᠦᠨ ᠤᠰᠤ ᠵᠢ《ᠲᠠᠮ ᠭᠠᠳᠠᠭᠰᠢᠯᠠᠭᠤᠯᠬᠤ》 ᠪᠠ《ᠪᠤᠰᠤᠳ ᠤᠰᠤᠨ᠎ᠤ ᠤᠷᠴᠢᠨ ᠲᠤᠭᠤᠷᠢᠨ᠎ᠤ ᠴᠢᠳᠠᠮᠵᠢᠳᠦ ᠲᠤᠭᠤᠷᠢᠭ ᠬᠤᠪᠢᠶᠠᠨ ᠲᠤᠭᠳᠠᠭ᠋ᠠᠭᠰᠠᠨ ᠦᠭᠡᠢ ᠤᠰᠤᠨ ᠪᠦᠰᠡ᠂ ᠭᠤᠤ ᠰᠤᠪᠠᠭ》᠎ᠲᠤ ᠭᠠᠳᠠᠭᠰᠢᠯᠠᠭᠤᠯᠬᠤ ᠪᠠᠢ᠌ᠳᠠᠯ᠎ᠢ ᠨᠡᠮᠡᠵᠦ ᠤᠷᠤᠭᠤᠯᠵᠠᠢ᠃
      ᠭᠤᠷᠪᠠ᠂ ᠪᠠᠷᠢᠮᠵᠢᠶ᠎ᠠ ᠲᠤᠭᠳᠠᠭ᠋ᠠᠭᠰᠠᠨ ᠵᠠᠷᠴᠢᠮ
     (ᠨᠢᠭᠡ) ᠲᠦᠷᠦᠯ᠂ ᠲᠤᠭᠤᠷᠢᠭ᠂ ᠲᠡᠰ ᠬᠤᠪᠢᠶᠠᠨ ᠡᠵᠡᠮᠰᠢᠨ᠎ᠡ᠃ ᠦᠪᠡᠷᠲᠡᠭᠡᠨ ᠵᠠᠰᠠᠬᠤ ᠤᠷᠤᠨ᠎ᠤ ᠬᠦᠳᠡᠭᠡ ᠲᠤᠰᠬᠤᠨ ᠮᠠᠯᠵᠢᠬᠤ ᠤᠷᠤᠨ᠎ᠤ ᠤᠷᠤᠨ ᠪᠠᠢ᠌ᠷᠢ ᠵᠢᠨ ᠨᠦᠬᠦᠴᠡᠯ᠂ ᠪᠤᠬᠢᠷ ᠤᠰᠤ ᠵᠢ ᠰᠢᠢ᠍ᠳᠪᠤᠷᠢᠯᠡᠬᠦ ᠬᠡᠪᠴᠢᠶ᠎ᠡ ᠪᠤᠯᠤᠨ ᠭᠠᠳᠠᠭᠰᠢᠯᠠᠭᠤᠯᠬᠤ ᠴᠢᠭᠯᠡᠰᠢ ᠵᠡᠷᠭᠡ ᠵᠢ ᠦᠨᠳᠦᠰᠦᠯᠡᠨ᠂ ᠲᠦᠷᠦᠯ ᠲᠡᠰ ᠬᠤᠪᠢᠶᠠᠨ ᠡᠵᠡᠮᠳᠡᠯ ᠵᠢᠭ᠋ᠠᠯᠳᠠ ᠲᠤᠭ᠎ᠠ ᠪᠠ ᠭᠠᠳᠠᠭᠰᠢᠯᠠᠭᠤᠯᠬᠤ ᠱᠠᠭ᠋ᠠᠷᠳᠠᠯᠭ᠎ᠠ ᠵᠢ ᠲᠤᠭᠳᠠᠭ᠋ᠠᠪᠠ᠃
      (ᠬᠤᠶᠠᠷ) ᠠᠵᠤ ᠠᠬᠤᠢ ᠵᠢᠨ ᠮᠡᠷᠭᠡᠵᠢᠯ ᠬᠦᠷᠦᠯᠴᠡᠭᠡ᠎ᠲᠠᠢ ᠪᠠᠢ᠌ᠬᠤ ᠬᠡᠷᠡᠭᠲᠡᠢ᠃ ᠪᠤᠳᠠᠳᠤ ᠴᠢᠨᠠᠷ ᠪᠠ ᠠᠯᠤᠰᠴᠢ ᠴᠢᠨᠠᠷ᠎ᠤᠨ ᠵᠠᠷᠴᠢᠮ᠎ᠢ ᠪᠠᠷᠢᠮᠳᠠᠯᠠᠵᠤ᠂ ᠤᠳᠤᠬᠠᠨ᠎ᠤ ᠮᠡᠷᠭᠡᠵᠢᠯ᠎ᠤᠨ ᠲᠦᠪᠰᠢᠨ ᠪᠠ ᠠᠵᠤ ᠠᠬᠤᠢ ᠵᠢᠨ ᠨᠦᠬᠦᠴᠡᠯ᠎ᠳᠤ ᠰᠠᠭᠤᠷᠢᠯᠠᠨ᠂ ᠬᠠᠮᠢᠶ᠎ᠠ ᠪᠦᠬᠦᠢ ᠮᠡᠷᠭᠡᠵᠢᠯ᠎ᠤᠨ ᠬᠦᠷᠴᠦ ᠲᠡᠢ᠌ᠯᠬᠦ ᠪᠤᠬᠢᠷᠳᠤᠯ᠎ᠢ ᠡᠵᠡᠮᠳᠡᠬᠦ ᠲᠦᠪᠰᠢᠨ᠎ᠢ ᠬᠦᠢ᠍ᠴᠡᠳ ᠪᠤᠳᠤᠯᠬᠢᠯᠠᠵᠤ᠂ ᠬᠦᠳᠡᠭᠡ ᠲᠤᠰᠬᠤᠨ ᠮᠠᠯᠵᠢᠬᠤ ᠤᠷᠤᠨ᠎ᠤ ᠭᠠᠵᠠᠷ ᠤᠷᠤᠨ᠎ᠤ ᠠᠵᠤ ᠠᠬᠤᠢ ᠵᠢᠨ ᠲᠠᠭ᠋ᠠᠭ᠋ᠠᠴᠠ ᠵᠢᠨ ᠴᠢᠳᠠᠪᠤᠷᠢ ᠪᠠ ᠬᠠᠮᠢᠶᠠᠷᠤᠯᠳᠠ ᠵᠢᠨ ᠲᠦᠪᠰᠢᠨ᠎ᠢ ᠬᠠᠷᠠᠭ᠋ᠠᠯᠵᠠᠨ ᠪᠤᠳᠤᠯᠬᠢᠯᠠᠵᠠᠢ᠃
     (ᠭᠤᠷᠪᠠ) ᠵᠤᠬᠢᠴᠠᠭᠤᠯᠤᠨ ᠨᠢᠭᠡᠳᠭᠡᠵᠦ᠂ ᠴᠢᠩᠭ᠎ᠠ ᠰᠤᠯᠠ ᠵᠢ ᠬᠠᠷᠢᠯᠴᠠᠨ ᠬᠠᠷᠠᠭ᠋ᠠᠯᠵᠠᠨ᠎ᠠ᠃ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠰᠢᠢ᠍ᠳᠪᠤᠷᠢᠯᠡᠬᠦ ᠲᠦᠬᠦᠭᠡᠷᠦᠮᠵᠢ᠎ᠨᠢ ᠬᠤᠳᠠ ᠪᠠᠯᠭ᠋ᠠᠰᠤᠨ᠎ᠤ ᠪᠤᠬᠢᠷ ᠤᠰᠤ ᠵᠢ ᠰᠢᠢ᠍ᠳᠪᠤᠷᠢᠯᠡᠬᠦ ᠦᠢ᠍ᠯᠡᠳᠪᠤᠷᠢ᠎ᠲᠠᠢ ᠬᠠᠷᠢᠴᠠᠭᠤᠯᠪᠠᠯ ᠨᠡᠯᠢᠶᠡᠳ ᠴᠢᠯᠦᠭᠡᠳᠡᠢ ᠪᠤᠬᠢᠷᠳᠤᠯ ᠪᠤᠳᠠᠰ ᠭᠠᠳᠠᠭᠰᠢᠯᠠᠭᠤᠯᠬᠤ ᠬᠢᠵᠠᠭ᠋ᠠᠷ ᠬᠡᠮᠵᠢᠭᠳᠡᠯ᠎ᠢ ᠲᠤᠭᠳᠠᠭ᠋ᠠᠵᠠᠢ᠃ ᠡᠬᠦᠨ᠎ᠤ ᠬᠠᠮᠳᠤ ᠪᠠᠰᠠ《ᠬᠤᠳᠠ ᠪᠠᠯᠭ᠋ᠠᠰᠤᠨ᠎ᠤ ᠪᠤᠬᠢᠷ ᠤᠰᠤ ᠰᠢᠢ᠍ᠳᠪᠤᠷᠢᠯᠡᠬᠦ ᠦᠢ᠍ᠯᠡᠳᠪᠤᠷᠢ ᠵᠢᠨ ᠪᠤᠬᠢᠷᠳᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ》《ᠪᠤᠬᠢᠷ ᠤᠰᠤ ᠵᠢ ᠶᠡᠷᠦᠩᠬᠡᠢ᠌ᠯᠡᠨ ᠭᠠᠳᠠᠭᠰᠢᠯᠠᠭᠤᠯᠬᠤ ᠪᠠᠷᠢᠮᠵᠢᠶ᠎ᠠ》《ᠲᠠᠷᠢᠶᠠᠯᠠᠩ᠎ᠤᠨ ᠤᠰᠤᠯᠠᠯᠳᠠ ᠵᠢᠨ ᠤᠰᠤᠨ᠎ᠤ ᠴᠢᠨᠠᠷ ᠴᠢᠨᠰᠠᠭ᠎ᠠ ᠵᠢᠨ ᠪᠠᠷᠢᠮᠵᠢᠶ᠎ᠠ》᠂《ᠵᠢᠭ᠋ᠠᠰᠤᠨ᠎ᠤ ᠦᠢ᠍ᠯᠡᠰ᠎ᠤᠨ ᠤᠰᠤᠨ᠎ᠤ ᠴᠢᠨᠠᠷ ᠴᠢᠨᠰᠠᠭ᠎ᠠ ᠵᠢᠨ ᠪᠠᠷᠢᠮᠵᠢᠶ᠎ᠠ》《ᠬᠤᠳᠠ ᠵᠢᠨ ᠪᠤᠬᠢᠷ ᠤᠰᠤ ᠵᠢ ᠲᠠᠬᠢᠨ ᠠᠰᠢᠭᠯᠠᠬᠤ ᠦᠵᠡᠮᠵᠢ ᠵᠢᠨ ᠤᠷᠴᠢᠨ ᠲᠤᠭᠤᠷᠢᠨ᠎ᠳᠤ ᠬᠡᠷᠡᠭᠯᠡᠬᠦ ᠤᠰᠤᠨ᠎ᠤ ᠴᠢᠨᠠᠷ ᠴᠢᠨᠰᠠᠭ᠎ᠠ ᠵᠢᠨ ᠪᠠᠷᠢᠮᠵᠢᠶ᠎ᠠ》 ᠵᠡᠷᠭᠡ ᠤᠳᠤ᠎ᠪᠠᠷ ᠬᠡᠷᠡᠭᠵᠢᠬᠦᠯᠵᠦ ᠪᠠᠢ᠌ᠭ᠎ᠠ ᠤᠯᠤᠰ ᠪᠠ ᠤᠷᠤᠨ ᠨᠤᠳᠤᠭ᠎ᠤᠨ ᠪᠠᠷᠢᠮᠵᠢᠶ᠎ᠠ᠎ᠲᠠᠢ ᠬᠠᠷᠢᠯᠴᠠᠨ ᠠᠪᠴᠠᠯᠳᠤᠭᠤᠯᠬᠤ᠂ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠂ ᠲᠦᠯᠦᠪᠵᠢᠬᠦᠯᠭᠡ ᠪᠤᠯᠤᠨ ᠲᠦᠷᠦ ᠵᠢᠨ ᠪᠤᠳᠤᠯᠭ᠎ᠠ᠎ᠲᠠᠢ ᠠᠪᠴᠠᠯᠳᠤᠭᠤᠯᠬᠤ ᠵᠢ ᠬᠦᠢ᠍ᠴᠡᠳ ᠪᠤᠳᠤᠯᠬᠢᠯᠠᠵᠠᠢ᠃
     (ᠲᠦᠷᠪᠡ) ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠵᠤᠷᠢᠭᠵᠢᠭᠤᠯᠤᠨ᠎ᠠ᠃ ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠬᠤᠯᠪᠤᠭᠳᠠᠯ ᠪᠦᠬᠦᠢ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠳᠠᠯ ᠲᠤᠤᠷ᠎ᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠵᠤᠷᠢᠭᠵᠢᠭᠤᠯᠤᠨ᠎ᠠ᠃ ᠶᠡᠷᠦᠩᠬᠡᠢ᠌ᠯᠡᠨ ᠠᠰᠢᠭᠯᠠᠬᠤ ᠨᠦᠬᠦᠴᠡᠯ᠎ᠳᠤ ᠨᠠᠢ᠌ᠴᠡᠭᠰᠡᠨ ᠪᠠᠢ᠌ᠪᠠᠯ ᠲᠦᠷᠦᠬᠦᠨ᠎ᠳᠤ᠎ᠨᠢ ᠶᠡᠷᠦᠩᠬᠡᠢ᠌ᠯᠡᠨ ᠠᠰᠢᠭᠯᠠᠨ᠎ᠠ᠃ ᠲᠠᠷᠢᠶ᠎ᠠ᠂ ᠤᠢ ᠰᠢᠭᠤᠢ᠂ ᠨᠤᠳᠤᠭ ᠪᠡᠯᠴᠢᠭᠡᠷ ᠵᠡᠷᠭᠡ᠎ᠳᠤ ᠪᠤᠷᠳᠤᠭᠤᠷ ᠤᠷᠤᠭᠤᠯᠬᠤ᠂ ᠤᠰᠤᠯᠠᠯᠳᠠ ᠬᠢᠬᠦ᠎ᠳᠤ ᠬᠡᠷᠡᠭᠯᠡᠬᠦ᠎ᠳᠤ ᠡᠷᠬᠡᠪᠰᠢ ᠬᠠᠮᠢᠶ᠎ᠠ ᠪᠦᠬᠦᠢ ᠪᠠᠷᠢᠮᠵᠢᠶ᠎ᠠ ᠪᠠ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠲᠡᠢ᠃ ᠪᠤᠰᠤᠳ ᠬᠡᠷᠡᠭᠴᠡᠭᠡᠨ᠎ᠳᠤ ᠬᠡᠷᠡᠭᠯᠡᠬᠦ᠎ᠳᠤ ᠤᠯᠤᠰ᠎ᠤᠨ ᠪᠤᠶᠤ ᠡᠰᠡᠬᠦᠯ᠎ᠡ ᠤᠷᠤᠨ ᠨᠤᠳᠤᠭ᠎ᠤᠨ ᠬᠠᠷᠠᠭ᠋ᠠᠯᠵᠠᠭᠰᠠᠨ   ᠳᠠᠬᠢᠨ ᠬᠡᠷᠡᠭᠯᠡᠬᠦ ᠤᠰᠤ ᠵᠢᠨ ᠴᠢᠨᠠᠷ ᠴᠢᠨᠰᠠᠭ᠎ᠠ ᠵᠢᠨ ᠪᠠᠷᠢᠮᠵᠢᠶᠠᠨ᠎ᠳᠤ ᠬᠦᠷᠦᠭᠰᠡᠨ ᠪᠠᠢ᠌ᠬᠤ ᠬᠡᠷᠡᠭᠲᠡᠢ᠃ ᠤᠰᠤ ᠵᠢ ᠰᠢᠭᠤᠳ ᠪᠤᠶᠤ ᠲᠠᠮ ᠵᠶ᠋ᠡᠷ ᠤᠰᠤᠨ ᠴᠤᠭᠴᠠ᠎ᠳᠤ ᠭᠠᠳᠠᠭᠰᠢᠯᠠᠭᠤᠯᠬᠤ᠎ᠳᠤ ᠤᠯᠤᠰ᠎ᠤᠨ ᠭᠠᠳᠠᠭᠰᠢᠯᠠᠭᠤᠯᠤᠯᠳᠠ ᠵᠢᠨ ᠪᠠᠷᠢᠮᠵᠢᠶ᠎ᠠ ᠶᠤᠰᠤᠭ᠋ᠠᠷ ᠬᠡᠷᠡᠭᠵᠢᠬᠦᠯᠬᠦ ᠬᠡᠷᠡᠭᠲᠡᠢ᠃
      ᠲᠦᠷᠪᠡ᠂   ᠪᠠᠷᠢᠮᠵᠢᠶ᠎ᠠ ᠵᠢᠨ ᠲᠦᠷᠦᠯ ᠠᠩᠬᠢᠯᠠᠯ
      ᠤᠤᠯ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠶᠠᠮᠤᠨ᠎ᠤ《ᠤᠷᠴᠢᠨ ᠲᠤᠭᠤᠷᠢᠨ᠎ᠤ ᠪᠠᠷᠢᠮᠵᠢᠶ᠎ᠠ ᠵᠢ ᠬᠠᠮᠢᠶᠠᠷᠬᠤ ᠠᠷᠭ᠎ᠠ》᠎ᠳᠤ ᠲᠤᠭᠳᠠᠭ᠋ᠠᠭᠰᠠᠨ《ᠤᠷᠤᠨ ᠨᠤᠳᠤᠭ᠎ᠤᠨ ᠤᠷᠴᠢᠨ ᠲᠤᠭᠤᠷᠢᠨ᠎ᠤ ᠪᠠᠷᠢᠮᠵᠢᠶ᠎ᠠ᠎ᠨᠢ ᠲᠤᠰ ᠪᠠᠷᠢᠮᠵᠢᠶ᠎ᠠ ᠵᠢ ᠨᠡᠢ᠌ᠳᠡᠯᠡᠭᠰᠡᠨ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠬᠠᠷᠢᠶ᠎ᠠ ᠲᠤᠭᠤᠷᠢᠭ᠎ᠤᠨ ᠬᠦᠷᠢᠶ᠎ᠡ ᠬᠡᠪᠴᠢᠶᠡᠨ ᠲᠤᠲᠤᠷ᠎ᠠ ᠬᠡᠷᠡᠭᠵᠢᠬᠦᠯᠬᠦ》 ᠪᠠ《ᠤᠷᠴᠢᠨ ᠲᠤᠭᠤᠷᠢᠨ᠎ᠤ ᠴᠢᠨᠠᠷ ᠴᠢᠨᠰᠠᠭ᠎ᠠ ᠵᠢᠨ ᠪᠠᠷᠢᠮᠵᠢᠶ᠎ᠠ᠂ ᠪᠤᠬᠢᠷᠳᠤᠯ ᠪᠤᠳᠠᠰ᠎ᠤᠨ ᠭᠠᠳᠠᠭᠰᠢᠯᠠᠭᠤᠯᠤᠯᠳᠠ ᠵᠢᠨ ᠪᠠᠷᠢᠮᠵᠢᠶ᠎ᠠ ᠪᠠ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠳᠤ ᠲᠤᠭᠳᠠᠭ᠋ᠠᠭᠰᠠᠨ ᠡᠷᠬᠡᠪᠰᠢ ᠬᠡᠷᠡᠭᠵᠢᠬᠦᠯᠬᠦ ᠪᠤᠰᠤᠳ ᠤᠷᠴᠢᠨ ᠲᠤᠭᠤᠷᠢᠨ᠎ᠤ ᠪᠠᠷᠢᠮᠵᠢᠶ᠎ᠠ᠎ᠨᠢ ᠠᠯᠪᠠᠳᠠᠯᠭ᠎ᠠ ᠵᠢᠨ ᠴᠢᠨᠠᠷᠳᠠᠢ ᠤᠷᠴᠢᠨ ᠲᠤᠭᠤᠷᠢᠨ᠎ᠤ ᠪᠠᠷᠢᠮᠵᠢᠶ᠎ᠠ᠎ᠳᠤ ᠪᠠᠭᠳᠠᠭᠳᠠᠵᠤ᠂ ᠠᠯᠪᠠᠳᠠᠯᠭ᠎ᠠ ᠵᠢᠨ ᠴᠢᠨᠠᠷᠳᠠᠢ ᠤᠷᠴᠢᠨ ᠲᠤᠭᠤᠷᠢᠨ᠎ᠤ ᠪᠠᠷᠢᠮᠵᠢᠶ᠎ᠠ ᠵᠢ ᠡᠷᠬᠡᠪᠰᠢ ᠬᠡᠷᠡᠭᠵᠢᠬᠦᠯᠬᠦ ᠬᠡᠷᠡᠭᠲᠡᠢ》 ᠭᠡᠬᠦ ᠲᠤᠭᠳᠠᠭ᠋ᠠᠯ ᠶᠤᠰᠤᠭ᠋ᠠᠷ᠂ ᠦᠪᠡᠷᠲᠡᠭᠡᠨ ᠵᠠᠰᠠᠬᠤ ᠤᠷᠤᠨ᠎ᠤ《ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠰᠢᠢ᠍ᠳᠪᠤᠷᠢᠯᠡᠬᠦ ᠲᠦᠬᠦᠭᠡᠷᠦᠮᠵᠢ ᠵᠢᠨ ᠪᠤᠬᠢᠷᠳᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ》᠎ᠨᠢ ᠦᠪᠡᠷᠲᠡᠭᠡᠨ ᠵᠠᠰᠠᠬᠤ ᠤᠷᠤᠨ᠎ᠤ ᠬᠡᠪᠴᠢᠶᠡᠨ ᠲᠤᠲᠤᠷᠠᠬᠢ ᠬᠡᠷᠡᠭᠵᠢᠬᠦᠯᠬᠦ ᠠᠯᠪᠠᠳᠠᠯᠭ᠎ᠠ ᠵᠢᠨ ᠴᠢᠨᠠᠷᠳᠠᠢ ᠤᠷᠴᠢᠨ ᠲᠤᠭᠤᠷᠢᠨ᠎ᠤ ᠤᠷᠤᠨ ᠨᠤᠳᠤᠭ᠎ᠤᠨ ᠪᠠᠷᠢᠮᠵᠢᠶᠠᠨ᠎ᠳᠤ ᠬᠠᠷᠢᠶᠠᠯᠠᠭᠳᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠦᠪ᠎ᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠢᠨᠠᠨ ᠪᠠᠢ᠌ᠴᠠᠭ᠋ᠠᠬᠤ ᠠᠵᠢᠯ᠎ᠤᠨ ᠲᠤᠭᠳᠠᠭ᠋ᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2020 ᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠣᠤᠯᠳᠠᠯᠭ᠎ᠠ
《ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠤᠭᠲᠠᠭ᠋ᠠᠬᠤ ᠵᠢᠷᠤᠮᠵᠢᠯᠠᠯ᠎ᠤᠨ ᠲᠤᠭᠲᠠᠭ᠋ᠠᠯ》᠎ᠤᠨ ᠲᠦᠷᠦ ᠵᠢᠨ ᠪᠤᠳᠤᠯᠭ᠎ᠠ ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠮᠦᠩᠭᠡ ᠰᠣᠪᠠᠭ · ᠨᠢᠭᠡ ᠯᠠ ᠤᠳᠠᠭ᠎ᠠ᠎ᠳᠤ ᠭᠦᠢ᠍ᠴᠡᠳᠬᠡᠬᠦ〉 ᠠᠵᠢᠯ᠎ᠢ ᠪᠥᠬᠦ ᠲᠠᠯ᠎ᠠ᠎ᠪᠠᠷ ᠶᠠᠪᠤᠭᠳᠠᠭᠤᠯᠬᠤ ᠬᠡᠷᠡᠭᠵᠢᠭᠦᠯᠬᠦ ᠲᠥᠰᠦᠯ》᠎ᠤᠨ ᠲᠦᠷᠦ ᠵᠢᠨ ᠪᠤᠳᠤᠯᠭ᠎ᠠ ᠵᠢᠨ ᠲᠣᠪᠴᠢ ᠠᠰᠠᠭᠤᠯᠲᠠ ᠬᠠᠷᠢᠭᠤᠯᠲᠠ
 
             蒙ICP备05000248号