ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
ᠲᠦᠪ᠎ᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠢᠨᠠᠨ ᠪᠠᠢ᠌ᠴᠠᠭ᠋ᠠᠬᠤ ᠠᠵᠢᠯ᠎ᠤᠨ ᠲᠤᠭᠳᠠᠭ᠋ᠠᠯ
ᠨᠡᠶ᠋ᠢᠲᠡᠯᠡᠭᠰᠡᠨ ᠴᠠᠭ᠄ 2020-11-19

      ᠦᠪᠡᠷᠲᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ    

      ᠨᠢᠭᠡᠳᠦᠭᠡᠷ ᠪᠦᠯᠦᠭ     ᠶᠡᠷᠦᠩᠬᠡᠢ ᠲᠦᠷᠢᠮ
      ᠨᠢᠭᠡᠳᠦᠭᠡᠷ ᠵᠤᠢ᠌ᠯ   ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠢ ᠵᠢᠷᠤᠮᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠵᠢᠨ ᠲᠤᠰᠠᠳᠠ᠂ 《ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠤᠭᠤᠮᠳᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠲᠤᠬᠠᠢ ᠰᠠᠨᠠᠯ》᠂     《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ》 ᠵᠡᠷᠭᠡ ᠵᠢᠨ ᠱᠠᠭ᠋ᠠᠷᠳᠠᠯᠭ᠎ᠠ ᠵᠢ ᠦᠨᠳᠦᠰᠦᠯᠡᠨ ᠲᠤᠰ ᠲᠤᠭᠳᠠᠭ᠋ᠠᠯ᠎ᠢ ᠲᠤᠭᠳᠠᠭ᠋ᠠᠪᠠ᠃
      ᠬᠣᠶᠠᠳᠤᠭ᠋ᠠᠷ ᠵᠤᠢ᠌ᠯ ᠲᠥᠪ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠦᠷᠢᠮ᠎ᠢ ᠬᠡᠷᠡᠭᠵᠢᠭᠦᠯᠵᠦ᠂ ᠲᠤᠰᠬᠠᠢ ᠲᠤᠰᠢᠶᠠᠯᠲᠤ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠪᠠᠶ᠋ᠢᠭᠤᠯᠵᠤ᠂ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠣᠯᠪᠣᠭᠳᠠᠯ ᠪᠦᠬᠦᠢ ᠲᠥᠪ᠎ᠤᠨ ᠠᠵᠤ ᠠᠬᠤᠶ᠋ᠢᠯᠠᠯ ᠵᠡᠷᠭᠡ ᠵᠤᠬᠢᠶᠠᠨ ᠪᠠᠶ᠋ᠢᠭᠤᠯᠤᠯᠲᠠ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ ᠥᠷᠨᠢᠭᠦᠯᠦᠨ᠎ᠡ᠃
      ᠭᠤᠷᠪᠠᠳᠤᠭ᠋ᠠᠷ ᠵᠤᠢ᠌ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠠᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠦᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ   ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠳᠥᠷᠪᠡᠨ ᠦᠵᠡᠯ ᠤᠬᠠᠮᠰᠠᠷ》᠎ᠢ   ᠳᠡᠬᠡᠭᠰᠢᠯᠡᠬᠦᠯᠦᠨ᠂ 《ᠳᠥᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠦᠷᠢᠶᠡᠯᠡᠬᠦ》 ᠵᠢ ᠪᠡᠶᠡᠯᠡᠭᠦᠯᠵᠦ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠤᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ   ᠨᠠᠢ᠌ᠳᠠᠪᠤᠷᠢᠵᠢᠭᠤᠯᠵᠤ   ᠪᠠᠷᠢᠮᠲᠠᠯᠠᠭᠰᠠᠨ ᠪᠠᠶ᠋ᠢᠨ᠎ᠠ᠃
      ᠳᠥᠷᠪᠡᠳᠦᠭᠡᠷ ᠵᠤᠢ᠌ᠯ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ᠎ᠨᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠤᠯᠤᠰ ᠲᠥᠷᠥ ᠵᠢᠨ ᠵᠤᠭᠰᠤᠴᠠ᠎ᠪᠠᠨ ᠳᠡᠭᠡᠭᠰᠢᠯᠡᠭᠦᠯᠦᠨ᠎ᠡ; ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠦᠨᠡᠨᠬᠦ ᠪᠤᠳᠠᠳᠠᠢ᠌ᠵᠢᠭᠤᠯᠵᠤ ᠬᠠᠳᠠᠭᠤ᠎ᠲᠠᠢ ᠤᠷᠤᠯᠳᠤᠨ᠂ ᠭᠡᠳᠡᠷᠬᠦ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠨᠠᠢ᠌ᠳᠠᠪᠤᠷᠢᠵᠢᠭᠤᠯᠤᠨ᠎ᠠ᠃ ᠬᠠᠤᠯᠢ ᠲᠣᠭᠲᠠᠭ᠋ᠠᠯ ᠵᠢ ᠵᠢᠷᠤᠮᠯᠠᠬᠤ ᠵᠢ ᠪᠠᠷᠢᠮᠳᠠᠯᠠᠨ᠂ ᠴᠢᠩᠭ᠎ᠠ ᠨᠢᠭᠳᠠ ᠲᠦᠷᠢᠮᠵᠢᠬᠦᠯᠦᠨ ᠪᠤᠰᠤᠳᠴᠢ ᠭᠣᠣᠯᠴᠢ ᠪᠠᠶ᠋ᠢᠬᠤ ᠵᠢ ᠪᠡᠶᠡᠯᠡᠭᠦᠯᠦᠨ᠎ᠡ᠂ ᠡᠣᠯᠠᠠ ᠲᠦᠮᠡᠨᠴᠢ ᠱᠤᠭᠤᠮ᠎ᠢ ᠪᠠᠷᠢᠮᠲᠠᠯᠠᠵᠤ᠂ ᠮᠡᠳᠡᠭᠡ ᠵᠠᠩᠭᠢ ᠵᠢ ᠢᠯᠡ ᠪᠣᠯᠭ᠋ᠠᠵᠤ᠂ ᠶᠡᠷᠦᠩᠬᠡᠢ᠌ᠯᠡᠭᠰᠡᠨ ᠬᠦᠴᠦᠨ ᠴᠢᠳᠠᠪᠤᠷᠢ ᠵᠢ ᠴᠢᠬᠤᠯᠠᠴᠢᠯᠠᠨ᠎ᠠ; ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠦ᠂ ᠦᠨᠡᠨᠬᠦ ᠠᠵᠢᠯᠯᠠᠨ ᠪᠣᠳᠠᠲᠠᠢ ᠬᠢᠵᠦ᠂ ᠬᠡᠯᠪᠡᠷᠢ ᠵᠢᠨ ᠦᠵᠡᠯ᠂ ᠨᠣᠶᠠᠨᠴᠢ ᠦᠵᠡᠯ᠎ᠢ ᠡᠰᠡᠷᠭᠦᠴᠡᠨ᠎ᠡ᠃
      ᠲᠠᠪᠤᠳᠤᠭ᠋ᠠᠷ ᠵᠤᠢ᠌ᠯ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠨᠢ ᠵᠤᠷᠰᠢᠯᠳᠤ ᠬᠢᠨᠠᠨ ᠪᠠᠶ᠋ᠢᠴᠠᠭ᠋ᠠᠬᠤ᠂ ᠲᠤᠰᠬᠠᠢ ᠵᠤᠢ᠌ᠯ ᠵᠶ᠋ᠡᠷ ᠬᠢᠨᠠᠨ ᠪᠠᠶ᠋ᠢᠴᠠᠭ᠋ᠠᠬᠤ ᠪᠠ《ᠡᠷᠭᠢᠵᠦ ᠬᠠᠷᠠᠬᠤ》 ᠵᠡᠷᠭᠡ ᠬᠡᠯᠪᠡᠷᠢ ᠪᠤᠢ᠃
      ᠵᠠᠷᠴᠢᠮ ᠳᠡᠭᠡᠷ᠎ᠡ᠎ᠪᠠᠨ ᠬᠤᠭᠤᠴᠠᠭ᠎ᠠ ᠪᠦᠷᠢ ᠵᠢᠨ ᠨᠠᠮ᠎ᠤᠨ ᠲᠥᠪ ᠬᠣᠷᠢᠶᠠᠨ᠎ᠤ ᠲᠤᠰᠢᠶᠠᠯ᠎ᠤᠨ ᠬᠤᠭᠤᠴᠠᠭ᠋ᠠᠨ᠎ᠳᠤ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠂ ᠲᠥᠷᠥ ᠵᠢᠨ   ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠣᠯᠪᠣᠭᠳᠠᠯ ᠪᠦᠬᠦᠢ ᠲᠥᠪ᠎ᠤᠨ ᠠᠵᠤ ᠠᠬᠤᠶ᠋ᠢᠯᠠᠯ᠎ᠳᠤ ᠵᠤᠷᠰᠢᠯᠳᠤ ᠬᠢᠨᠠᠨ ᠪᠠᠶ᠋ᠢᠴᠠᠭ᠋ᠠᠯᠲᠠ ᠬᠢᠬᠦ ᠵᠢᠨ ᠬᠠᠮᠲᠤ ᠬᠡᠷᠡᠭᠴᠡᠭᠡ᠎ᠪᠠᠨ ᠦᠨᠳᠦᠰᠦᠯᠡᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ 《ᠡᠷᠭᠢᠵᠦ ᠬᠠᠷᠠᠬᠤ》 ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠳᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠲᠤᠰᠬᠠᠢ   ᠵᠤᠢ᠌ᠯ᠎ᠤᠨ ᠬᠢᠨᠠᠨ ᠪᠠᠶ᠋ᠢᠴᠠᠭ᠋ᠠᠯᠲᠠ ᠵᠢ ᠵᠤᠬᠢᠶᠠᠨ ᠪᠠᠶ᠋ᠢᠭᠤᠯᠤᠨ ᠥᠷᠨᠢᠭᠦᠯᠦᠨ᠎ᠡ᠃
      ᠵᠢᠷᠭᠤᠳᠤᠭ᠋ᠠᠷ ᠵᠤᠢ᠌ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠲᠥᠯᠥᠪᠵᠢᠭᠦᠯᠭᠡ ᠵᠢᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠲᠠᠪᠤᠨ ᠵᠢᠯ᠎ᠤᠨ ᠠᠵᠢᠯ᠎ᠤᠨ ᠲᠥᠯᠥᠪᠵᠢᠭᠦᠯᠭᠡ ᠵᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠦᠪᠰᠢᠶᠡᠷᠡᠬᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠃ ᠣᠨ᠎ᠤ ᠠᠵᠢᠯ᠎ᠤᠨ ᠲᠥᠯᠥᠪᠯᠡᠭᠡ᠎ᠳᠤ ᠲᠤᠰ ᠵᠢᠯ᠎ᠤᠨ ᠬᠢᠨᠠᠨ ᠪᠠᠶ᠋ᠢᠴᠠᠭ᠋ᠠᠬᠤ ᠠᠵᠢᠯ᠎ᠤᠨ ᠪᠣᠳᠠᠲᠠᠢ ᠲᠣᠬᠢᠷᠠᠭᠤᠯᠤᠯᠲᠠ᠎ᠪᠠᠨ ᠲᠣᠳᠣᠷᠬᠠᠶ᠋ᠢᠯᠠᠵᠤ᠂ ᠲᠠᠪᠤᠨ ᠵᠢᠯ᠎ᠤᠨ ᠲᠥᠯᠥᠪᠵᠢᠭᠦᠯᠭᠡ ᠵᠢᠨ ᠡᠭᠦᠷᠭᠡ ᠵᠢᠨ ᠨᠠᠢ᠌ᠳᠠᠪᠤᠷᠢᠵᠢᠭᠤᠯᠤᠯᠳᠠ᠎ᠶᠢ ᠪᠠᠲᠤᠯᠠᠬᠤ ᠬᠡᠷᠡᠭᠲᠡᠢ᠃
      ᠬᠣᠶᠠᠳᠤᠭ᠋ᠠᠷ ᠪᠦᠯᠦᠭ   ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠠ ᠠᠵᠢᠯᠲᠠᠨ
      ᠳᠣᠯᠣᠳᠤᠭ᠋ᠠᠷ ᠵᠤᠢ᠌ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠢ ᠵᠤᠬᠢᠶᠠᠨ ᠪᠠᠶ᠋ᠢᠭᠤᠯᠤᠨ ᠵᠤᠬᠢᠴᠠᠭᠤᠯᠬᠤ ᠵᠢ ᠬᠠᠷᠢᠭᠤᠴᠠᠨ᠎ᠠ᠃ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ᠂ ᠳᠡᠳ᠋ ᠳᠠᠷᠤᠭ᠎ᠠ ᠵᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠰᠤᠳᠤᠯᠤᠨ ᠲᠣᠭᠲᠠᠭ᠋ᠠᠵᠤ᠂ ᠪᠦᠷᠢᠯᠳᠦᠬᠦᠨ ᠰᠠᠯᠠᠭ᠎ᠠ ᠮᠥᠴᠢᠷ᠎ᠲᠤ ᠲᠥᠪ᠎ᠤᠨ ᠠᠯᠪᠠᠨ ᠲᠢᠩᠬᠢᠮ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠂ ᠲᠥᠪ᠎ᠤᠨ ᠤᠬᠠᠭᠤᠯᠬᠤ ᠬᠡᠯᠲᠡᠰ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠂ ᠬᠠᠤᠯᠢ ᠴᠠᠭ᠋ᠠᠵᠠ ᠵᠢᠨ ᠶᠠᠮᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠬᠢᠨᠠᠨ ᠪᠣᠳᠣᠬᠤ ᠵᠠᠬᠢᠷᠭ᠎ᠠ ᠪᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ ᠵᠡᠷᠭᠡ ᠪᠠᠭᠲᠠᠨ᠎ᠠ᠃
      ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ ᠠᠯᠪᠠᠨ ᠭᠡᠷ᠎ᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠲᠤᠬᠢᠷᠠᠭᠤᠯᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠳᠦᠷ ᠳᠣᠳᠣᠮ᠎ᠤᠨ ᠠᠵᠢᠯ᠎ᠢ ᠬᠠᠷᠢᠭᠤᠴᠠᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠪᠣᠳᠠᠲᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠵᠢᠯ᠎ᠢ ᠡᠭᠦᠷᠭᠡᠯᠡᠨ᠎ᠡ᠃
ᠨᠠᠢ᠍ᠮᠠᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠭᠦᠷᠭᠡ ᠬᠠᠷᠢᠭᠤᠴᠠᠯᠭ᠎ᠠ᠄
     (ᠨᠢᠭᠡ) ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠠᠵᠢᠯ᠎ᠢ ᠬᠡᠷᠡᠭᠵᠢᠭᠦᠯᠬᠦ ᠳᠤᠮᠳᠠ ᠪᠣᠳᠠᠲᠠᠢ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠤᠨ᠎ᠠ;
     (ᠬᠣᠶᠠᠷ) ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ;
     (ᠭᠤᠷᠪᠠ) ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠬᠣᠯᠪᠣᠭᠳᠠᠯ ᠪᠦᠬᠦᠢ ᠪᠠᠶ᠋ᠢᠳᠠᠯ᠎ᠢ ᠮᠡᠳᠡᠭᠦᠯᠦᠨ᠎ᠡ;
     (ᠳᠥᠷᠪᠡ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠦᠷᠢᠮ᠎ᠤᠨ ᠵᠢᠷᠤᠮᠵᠢᠯ᠂   ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠬᠢᠨᠠᠨ ᠵᠦᠪᠳᠡᠯᠴᠡᠨ᠎ᠡ;
     (ᠲᠠᠪᠤ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠠᠯᠪᠠᠨ ᠭᠡᠷ᠎ᠤᠨ ᠬᠣᠯᠪᠣᠭᠳᠠᠯ ᠪᠦᠬᠦᠢ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠨ᠎ᠠ;
     (ᠵᠢᠷᠭᠤᠭ᠎ᠠ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠪᠤᠰᠤᠳ ᠴᠢᠬᠤᠯᠠ ᠵᠦᠢ᠍ᠯᠡᠰ᠎ᠢ ᠬᠢᠨᠠᠨ ᠶᠠᠷᠢᠯᠴᠠᠨ᠎ᠠ᠃
      ᠶᠢᠰᠦᠳᠦᠭᠡᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠯᠪᠠᠨ ᠭᠡᠷ᠎ᠤᠨ ᠡᠭᠦᠷᠭᠡ ᠬᠠᠷᠢᠭᠤᠴᠠᠯᠭ᠎ᠠ᠄
     (ᠨᠢᠭᠡ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠳᠤ ᠠᠵᠢᠯ᠎ᠤᠨ ᠪᠠᠶ᠋ᠢᠳᠠᠯ ᠵᠶ᠋ᠠᠨ ᠮᠡᠳᠡᠭᠦᠯᠵᠦ᠂ ᠤᠳᠤᠷᠢᠳᠬᠤ ᠳᠤᠭᠤᠶ᠋ᠢᠯᠠᠩ᠎ᠤᠨ ᠲᠣᠭᠲᠠᠭ᠋ᠠᠭᠰᠠᠨ ᠠᠵᠢᠯ᠎ᠤᠨ ᠡᠭᠦᠷᠭᠡ ᠵᠢ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠤᠨ᠎ᠠ;
     (ᠬᠣᠶᠠᠷ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠬᠠᠤᠯᠢ ᠲᠣᠭᠲᠠᠭ᠋ᠠᠯ ᠳᠦᠷᠢᠮ᠂ ᠲᠥᠯᠥᠪᠵᠢᠭᠦᠯᠭᠡ ᠵᠢᠨ ᠲᠥᠯᠥᠪᠯᠡᠭᠡ᠂ ᠬᠡᠷᠡᠭᠵᠢᠭᠦᠯᠬᠦ ᠲᠥᠰᠦᠯ᠎ᠢ ᠬᠠᠷᠢᠭᠤᠴᠠᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ;
     (ᠭᠤᠷᠪᠠ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠠᠵᠢᠯ᠎ᠢ ᠡᠭᠦᠷᠭᠡᠯᠡᠨ᠎ᠡ;
     (ᠳᠥᠷᠪᠡ)   ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠬᠢᠨᠠᠬᠤ᠂ ᠬᠤᠷᠢᠶᠠᠩᠭᠤᠶ᠋ᠢᠯᠠᠬᠤ᠂ ᠳᠡᠭᠡᠭᠰᠢ ᠮᠡᠳᠡᠭᠦᠯᠬᠦ ᠵᠢᠴᠢ ᠬᠢᠨᠠᠨ ᠪᠠᠶ᠋ᠢᠴᠠᠭ᠋ᠠᠵᠤ ᠬᠠᠷᠢᠭᠤ ᠲᠤᠰᠬᠠᠬᠤ᠂ ᠰᠢᠯᠵᠢᠭᠦᠯᠦᠨ ᠲᠤᠰᠢᠶᠠᠵᠤ ᠬᠦᠷᠭᠡᠬᠦ ᠵᠢ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠪᠠ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠲᠣᠬᠢᠷᠠᠭᠤᠯᠵᠤ   ᠱᠠᠯᠪᠳᠠᠭᠤᠯᠬᠤ ᠵᠡᠷᠭᠡ ᠠᠵᠢᠯ᠎ᠢ ᠡᠭᠦᠷᠭᠡᠯᠡᠨ᠎ᠡ;
     (ᠲᠠᠪᠤ) ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢ ᠵᠢᠯᠣᠭᠣᠳᠴᠤ ᠮᠣᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ;
     (ᠵᠢᠷᠭᠤᠭ᠎ᠠ) ᠤᠳᠤᠷᠢᠳᠬᠤ ᠳᠤᠭᠤᠶ᠋ᠢᠯᠠᠩ᠎ᠠᠴᠠ ᠲᠤᠰᠢᠶᠠᠭᠰᠠᠨ ᠪᠤᠰᠤᠳ ᠠᠵᠢᠯ᠎ᠢ ᠡᠭᠦᠷᠭᠡᠯᠡᠨ᠎ᠡ᠃
      ᠠᠷᠪᠠᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ   ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠣᠳᠠᠲᠠᠢ ᠬᠢᠨᠠᠨ ᠪᠠᠶ᠋ᠢᠴᠠᠭ᠋ᠠᠬᠤ ᠡᠭᠦᠷᠭᠡ ᠵᠢ ᠡᠭᠦᠷᠭᠡᠯᠡᠨ᠎ᠡ᠃
      ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠳᠤᠭᠤᠶ᠋ᠢᠯᠠᠩ᠎ᠤᠨ ᠳᠡᠳ᠋ ᠳᠠᠷᠤᠭ᠎ᠠ ᠵᠢ ᠲᠤᠬᠢᠷᠠᠭᠤᠯᠤᠨ᠎ᠠ᠃ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠨᠢ ᠳᠤᠭᠤᠶ᠋ᠢᠯᠠᠩ᠎ᠤᠨ ᠳᠠᠷᠤᠭ᠎ᠠ ᠬᠠᠷᠢᠭᠤᠴᠠᠬᠤ ᠳᠦᠷᠢᠮ᠎ᠢ ᠬᠡᠷᠡᠭᠵᠢᠭᠦᠯᠵᠦ᠂ ᠳᠡᠳ᠋ ᠳᠠᠷᠤᠭ᠎ᠠ᠎ᠨᠢ ᠳᠤᠭᠤᠶ᠋ᠢᠯᠠᠩ᠎ᠤᠨ ᠳᠠᠷᠤᠭ᠎ᠠ ᠵᠢ ᠬᠠᠪᠰᠤᠷᠤᠨ ᠠᠵᠢᠯ ᠦᠷᠨᠢᠬᠦᠯᠦᠨ᠎ᠡ᠃ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠣᠳᠣ ᠵᠢᠨ ᠲᠤᠰᠢᠶᠠᠯ᠎ᠳᠤ ᠪᠠᠶ᠋ᠢᠭ᠎ᠠ ᠪᠤᠶᠤ ᠣᠶ᠋ᠢᠷ᠎ᠠ ᠵᠢᠨ ᠬᠤᠭᠤᠴᠠᠭ᠋ᠠᠨ᠎ᠳᠤ ᠤᠳᠤᠷᠢᠳᠬᠤ ᠪᠠᠶ᠋ᠢᠷᠢ᠎ᠠᠴᠠ ᠪᠠᠭᠤᠭᠰᠠᠨ ᠮᠣᠵᠢ ᠶᠠᠮᠤᠨ᠎ᠤ ᠱᠠᠲᠤᠨ᠎ᠤ ᠤᠳᠤᠷᠢᠳᠬᠤ ᠨᠥᠬᠥᠳ᠎ᠠᠴᠠ ᠡᠭᠦᠷᠭᠡᠯᠡᠵᠦ᠂ ᠳᠡᠳ᠋ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠳᠣ ᠵᠢᠨ ᠲᠤᠰᠢᠶᠠᠯ᠎ᠲᠠᠢ ᠳᠠᠷᠤᠭ᠎ᠠ ᠡᠭᠦᠷᠭᠡᠯᠡᠨ᠎ᠡ᠃
      ᠲᠤᠭᠤᠢ᠌ᠯᠠᠩ᠎ᠤᠨ ᠳᠠᠷᠤᠭ᠎ᠠ ᠰᠣᠩᠭᠣᠨ ᠬᠡᠷᠡᠭᠯᠡᠬᠦ ᠬᠥᠮᠥᠷᠭᠡ ᠵᠢ   ᠪᠠᠢ᠌ᠭᠤᠯᠵᠤ᠂ ᠲᠦᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠠᠴᠠ ᠡᠠᠮᠢ ᠡᠠᠬᠣᠢ ᠡᠣᠷᠴᠢᠠ ᠲᠤᠭᠤᠷᠢᠨ᠎ᠤ ᠶᠠᠮᠤᠨ᠎ᠳᠤ ᠬᠠᠮᠢᠶᠠᠷᠤᠭᠤᠯᠤᠨ᠎ᠠ᠃ ᠳᠤᠭᠤᠶ᠋ᠢᠯᠠᠩ᠎ᠤᠨ ᠳᠠᠷᠤᠭ᠎ᠠ᠂ ᠳᠡᠳ᠋ ᠳᠠᠷᠤᠭ᠎ᠠ ᠪᠣᠯᠬᠤ ᠬᠥᠮᠦᠨ᠎ᠢ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠠᠴᠠ ᠬᠢᠨᠠᠨ ᠬᠠᠷᠭᠤᠭᠤᠯᠬᠤ ᠵᠢᠷᠤᠮ᠎ᠢ ᠭᠦᠢ᠍ᠴᠡᠳᠬᠡᠨ᠎ᠡ᠃
      ᠳᠤᠭᠤᠶ᠋ᠢᠯᠠᠩ᠎ᠤᠨ ᠳᠠᠷᠤᠭ᠎ᠠ᠂ ᠳᠡᠳ᠋ ᠳᠠᠷᠤᠭ᠎ᠠ ᠵᠢ ᠤᠳᠠᠭ᠎ᠠ ᠪᠦᠷᠢ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠡᠭᠦᠷᠭᠡ ᠵᠢ ᠦᠨᠳᠦᠰᠦᠯᠡᠨ ᠲᠣᠭᠲᠠᠭ᠋ᠠᠬᠤ ᠪᠥᠭᠡᠳ ᠡᠷᠬᠡ ᠣᠯᠭᠣᠨ᠎ᠠ᠃
      ᠠᠷᠪᠠᠨ ᠨᠢᠭᠡᠳᠦᠭᠡᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ᠎ᠨᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠡᠯ᠎ᠡ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠠᠵᠢᠯᠲᠠᠨ ᠵᠶ᠋ᠠᠷ ᠭᠣᠣᠯ ᠴᠣᠭᠴᠠ ᠪᠣᠯᠭ᠋ᠠᠬᠤ ᠵᠢᠨ ᠬᠠᠮᠲᠤ᠂ ᠡᠭᠦᠷᠭᠡ ᠵᠢᠨ ᠬᠡᠷᠡᠭᠴᠡᠭᠡ᠎ᠪᠠᠨ ᠦᠨᠳᠦᠰᠦᠯᠡᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠪᠠ ᠪᠤᠰᠤᠳ ᠠᠵᠢᠯᠲᠠᠨ᠎ᠢ ᠲᠡᠳᠡᠨ ᠠᠪᠴᠢᠷᠠᠵᠤ ᠣᠷᠣᠯᠴᠠᠭᠤᠯᠤᠨ᠎ᠠ᠃ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ᠎ᠨᠢ ᠳᠣᠣᠷᠠᠬᠢ ᠨᠥᠬᠥᠴᠡᠯ᠎ᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠢ᠄
     (ᠨᠢᠭᠡ) ᠬᠦᠰᠡᠯᠡᠩ ᠢᠲᠡᠭᠡᠯ ᠵᠣᠷᠢᠭ ᠡᠷᠡᠰ ᠪᠠᠲᠤ ᠪᠠᠶ᠋ᠢᠵᠤ᠂ ᠨᠠᠮ᠎ᠳᠤ ᠦᠨᠡᠨᠴᠢ ᠰᠢᠳᠤᠷᠭᠤ᠂ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ;
     (ᠬᠣᠶᠠᠷ) ᠵᠠᠷᠴᠢᠮ᠎ᠢ ᠪᠠᠷᠢᠮᠲᠠᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠠᠤᠯᠢ ᠶᠣᠰᠣᠭ᠋ᠠᠷ ᠠᠵᠢᠯᠯᠠᠵᠤ᠂ ᠲᠥᠪ ᠭᠣᠣᠯᠴᠢ᠂ ᠠᠷᠢᠭᠤᠨ ᠴᠢᠬᠡᠴᠢ ᠪᠠᠢ᠌ᠬᠤ;
(ᠭᠤᠷᠪᠠ) ᠰᠠᠬᠢᠯᠭ᠎ᠠ ᠪᠠᠲᠤ ᠵᠢ ᠰᠠᠬᠢᠵᠤ᠂ ᠨᠢᠭᠤᠴᠠ ᠵᠢ ᠴᠢᠩᠭ᠎ᠠ ᠰᠠᠬᠢᠬᠤ;
(ᠳᠥᠷᠪᠡ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ ᠪᠤᠶᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠰᠠᠶ᠋ᠢᠨ ᠮᠡᠳᠡᠳᠡᠭ᠂ ᠨᠡᠯᠢᠶᠡᠳ ᠴᠢᠩᠭ᠎ᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠲᠠᠢ ᠪᠠᠶ᠋ᠢᠬᠤ;
     (ᠲᠠᠪᠤ) ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ᠎ᠤᠨ ᠱᠠᠭ᠋ᠠᠷᠳᠠᠯᠭ᠎ᠠ ᠵᠢ ᠡᠭᠦᠷᠭᠡᠯᠡᠵᠦ ᠳᠡᠶ᠋ᠢᠯᠬᠦ᠃
      ᠠᠷᠪᠠᠨ ᠬᠣᠶᠠᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ᠎ᠢ ᠰᠣᠩᠭᠣᠨ ᠲᠣᠬᠢᠷᠠᠭᠤᠯᠬᠤ᠎ᠳᠤ ᠪᠠᠷᠢᠮᠵᠢᠶ᠎ᠠ ᠵᠢᠨ ᠨᠥᠬᠥᠴᠡᠯ᠎ᠢ ᠴᠢᠩᠳᠠᠯᠠᠵᠤ᠂ ᠬᠢᠨᠠᠨ ᠪᠠᠶ᠋ᠢᠴᠠᠭ᠋ᠠᠬᠤ ᠠᠵᠢᠯ᠎ᠢ ᠬᠢᠬᠦ᠎ᠳᠤ ᠲᠣᠬᠢᠷᠠᠬᠤ ᠥᠬᠡᠢ ᠬᠥᠮᠦᠰ᠎ᠲᠤ ᠴᠠᠭ ᠲᠤᠬᠠᠢ᠎ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃
      ᠠᠷᠪᠠᠨ ᠭᠤᠷᠪᠠᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ ᠲᠤᠰᠢᠶᠠᠯ ᠬᠠᠷᠢᠭᠤᠴᠠᠬᠤ᠎ᠠᠴᠠ ᠵᠠᠢ᠌ᠯᠠᠬᠤ᠂ ᠭᠠᠵᠠᠷ ᠣᠷᠣᠨ᠎ᠠᠴᠠ ᠵᠠᠢ᠌ᠯᠠᠬᠤ᠂ ᠠᠯᠪᠠᠨ ᠶᠠᠪᠤᠳᠠᠯ ᠵᠶ᠋ᠠᠷ ᠵᠠᠶ᠋ᠢᠯᠠᠬᠤ ᠲᠦᠷᠢᠮ᠎ᠢ ᠬᠡᠷᠡᠭᠵᠢᠭᠦᠯᠬᠦ ᠵᠢᠨ ᠬᠠᠮᠲᠤ ᠡᠭᠦᠷᠭᠡ ᠵᠢᠨ ᠬᠡᠷᠡᠭᠴᠡᠭᠡ᠎ᠪᠠᠨ ᠦᠨᠳᠦᠰᠦᠯᠡᠨ ᠠᠵᠢᠯ᠎ᠤᠨ ᠪᠠᠶ᠋ᠢᠷᠢ ᠡᠭᠡᠯᠵᠢᠬᠦᠯᠦᠨ ᠰᠣᠯᠢᠯᠴᠠᠬᠤ ᠵᠢ ᠬᠡᠷᠡᠭᠵᠢᠭᠦᠯᠦᠨ᠎ᠡ᠃
      ᠭᠤᠷᠪᠠᠳᠤᠭ᠋ᠠᠷ ᠪᠦᠯᠦᠭ   ᠬᠢᠨᠠᠨ ᠪᠠᠢ᠌ᠴᠠᠭ᠋ᠠᠬᠤ ᠡᠲᠡᠭᠡᠳ ᠪᠠ ᠠᠭᠤᠯᠭ᠎ᠠ
      ᠠᠷᠪᠠᠨ ᠳᠥᠷᠪᠡᠳᠦᠭᠡᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠤᠷᠰᠢᠯᠳᠦ ᠬᠢᠨᠠᠨ ᠪᠠᠶ᠋ᠢᠴᠠᠭ᠋ᠠᠬᠤ ᠡᠲᠡᠭᠡᠳ᠎ᠲᠤ ᠪᠠᠭᠲᠠᠬᠤ᠎ᠨᠢ᠄
     (ᠨᠢᠭᠡ) ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠮᠥᠷᠲᠡᠭᠡᠨ ᠬᠣᠯᠪᠣᠭᠳᠠᠯ ᠪᠦᠬᠦᠢ ᠲᠤᠰᠬᠠᠢ ᠣᠷᠣᠨ ᠬᠣᠲᠠ ᠵᠢᠨ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠴᠤ᠌ ᠪᠠᠭᠳᠠᠭ᠋ᠠᠵᠤ ᠪᠣᠯᠤᠨ᠎ᠠ;
     (ᠬᠣᠶᠠᠷ) ᠴᠢᠬᠤᠯᠠ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠭᠰᠡᠨ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ;
     (ᠭᠤᠷᠪᠠ) ᠡᠷᠬᠢᠯᠡᠵᠦ ᠪᠠᠶ᠋ᠢᠭ᠎ᠠ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠨᠢ ᠠᠮᠢ ᠠᠬᠤᠢ ᠣᠷᠴᠢᠨ ᠲᠣᠭᠣᠷᠢᠨ᠎ᠳᠤ ᠨᠡᠯᠢᠶᠡᠳ ᠶᠡᠬᠡ ᠨᠥᠯᠥᠭᠡ᠎ᠲᠠᠢ ᠲᠥᠪ᠎ᠤᠨ ᠠᠵᠤ ᠠᠬᠤᠶ᠋ᠢᠯᠠᠯ;
     (ᠳᠥᠷᠪᠡ) ᠲᠥᠪ᠎ᠤᠨ ᠬᠢᠨᠠᠨ ᠪᠠᠶ᠋ᠢᠴᠠᠭ᠋ᠠᠬᠤ᠎ᠪᠠᠷ ᠱᠠᠭ᠋ᠠᠷᠳᠠᠭᠰᠠᠨ ᠪᠤᠰᠤᠳ ᠨᠢᠭᠡᠴᠢ᠃
      ᠠᠷᠪᠠᠨ ᠲᠠᠪᠤᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠤᠷᠰᠢᠯᠳᠦ ᠬᠢᠨᠠᠨ ᠪᠠᠶ᠋ᠢᠴᠠᠭ᠋ᠠᠬᠤ ᠠᠭᠤᠯᠭ᠎ᠠ᠎ᠳᠤ᠄
     (ᠨᠢᠭᠡ) ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠤᠷᠤᠯᠴᠠᠨ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠵᠢᠴᠢ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠲᠦᠯᠬᠢᠨ ᠠᠬᠢᠭᠤᠯᠤᠭᠰᠠᠨ ᠪᠠᠶ᠋ᠢᠳᠠᠯ;
     (ᠬᠣᠶᠠᠷ) ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
    (ᠭᠤᠷᠪᠠ) ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠳᠦᠷᠢᠮ᠂ ᠪᠠᠷᠢᠮᠵᠢᠶ᠎ᠠ ᠵᠢᠨ ᠵᠢᠷᠤᠮᠵᠢᠯ᠂ ᠲᠥᠯᠥᠪᠵᠢᠭᠦᠯᠭᠡ ᠵᠢᠨ ᠲᠥᠯᠥᠪᠯᠡᠭᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
    (ᠳᠥᠷᠪᠡ) ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠌ᠬᠤ᠂ ᠨᠢᠭᠡ ᠠᠵᠢᠯ᠎ᠤᠨ ᠪᠠᠶ᠋ᠢᠷᠢ ᠵᠢᠨ ᠬᠣᠣᠰ ᠬᠠᠷᠢᠭᠤᠴᠠᠯᠭ᠎ᠠ ᠵᠢ ᠲᠦᠯᠬᠢᠨ ᠠᠬᠢᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠪᠠ ᠤᠷᠲᠤ ᠬᠤᠭᠤᠴᠠᠭ᠋ᠠᠨ᠎ᠤ ᠪᠦᠲᠦᠮᠵᠢᠲᠦ ᠲᠣᠭᠲᠠᠴᠠ ᠵᠢᠨ ᠪᠠᠶ᠋ᠢᠭᠤᠯᠤᠯᠲᠠ ᠵᠢᠨ ᠪᠠᠶ᠋ᠢᠳᠠᠯ;
    (ᠲᠠᠪᠤ)   ᠠᠮᠢ ᠠᠬᠤᠢ ᠣᠷᠴᠢᠨ ᠲᠣᠭᠣᠷᠢᠨ᠎ᠤ ᠲᠤᠪᠤᠢ᠌ᠮ᠎ᠠ ᠠᠰᠠᠭᠤᠳᠠᠯ ᠵᠢᠴᠢ ᠰᠢᠢ᠍ᠳᠪᠦᠷᠢᠯᠡᠭᠰᠡᠨ ᠪᠠᠶ᠋ᠢᠳᠠᠯ᠃
    (ᠵᠢᠷᠭᠤᠭ᠎ᠠ) ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠮᠠᠭᠤᠳᠠᠬᠤ ᠬᠠᠨᠳᠤᠰᠢ᠎ᠲᠠᠢ ᠣᠷᠣᠨ ᠪᠦᠰᠡ ᠵᠢᠨ ᠰᠠᠪᠠ ᠭᠠᠵᠠᠷ ᠵᠢᠴᠢ ᠴᠡᠭᠴᠡᠯᠡᠨ ᠵᠠᠰᠠᠭᠰᠠᠨ ᠪᠠᠶ᠋ᠢᠳᠠᠯ;
    (ᠳᠣᠯᠣᠭ᠎ᠠ) ᠠᠷᠠᠳ ᠣᠯᠠᠨ᠎ᠤ ᠲᠤᠰᠬᠠᠭᠰᠠᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠬᠠᠯᠠᠨ ᠰᠠᠶ᠋ᠢᠵᠢᠷᠠᠭᠤᠯᠤᠭᠰᠠᠨ ᠪᠠᠶ᠋ᠢᠳᠠᠯ;
    (ᠨᠠᠢ᠍ᠮᠠ) ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠬᠡᠷᠡᠭ ᠪᠣᠯᠭ᠋ᠠᠨ ᠳᠠᠩᠰᠠᠯᠠᠬᠤ᠂ ᠪᠠᠶ᠋ᠢᠴᠠᠭ᠋ᠠᠨ ᠰᠢᠢ᠍ᠳᠪᠦᠷᠢᠯᠡᠬᠦ᠂ ᠰᠢᠯᠵᠢᠭᠦᠯᠦᠨ ᠲᠤᠰᠢᠶᠠᠬᠤ᠂ ᠰᠢᠭᠦᠨ ᠲᠠᠰᠤᠯᠬᠤ᠂ ᠭᠦᠢ᠍ᠴᠡᠳᠬᠡᠬᠦ ᠵᠡᠷᠭᠡ ᠭᠤᠭᠴᠤᠭ᠎ᠠ᠎ᠳᠤ ᠬᠠᠤᠯᠢ ᠪᠤᠰᠤ᠎ᠪᠠᠷ ᠭᠠᠷ ᠲᠥᠷᠥᠭᠰᠡᠨ ᠵᠢᠴᠢ ᠦᠯᠦ ᠬᠠᠮᠵᠢᠯᠴᠠᠭᠰᠠᠨ ᠵᠡᠷᠭᠡ ᠪᠠᠶ᠋ᠢᠳᠠᠯ;
    (ᠶᠢᠰᠦ) ᠪᠤᠰᠤᠳ ᠬᠢᠨᠠᠨ ᠪᠠᠶ᠋ᠢᠴᠠᠭ᠋ᠠᠬᠤ ᠴᠢᠬᠤᠯᠠ᠎ᠲᠠᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠰᠠᠭᠤᠳᠠᠯ᠎ᠤᠳ᠃
    ᠠᠷᠪᠠᠨ ᠵᠢᠷᠭᠤᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ   ᠪᠠᠢ᠌ᠴᠠᠭ᠋ᠠᠯᠳᠠ ᠵᠢᠨ《ᠡᠷᠭᠢᠵᠦ ᠬᠠᠷᠠᠬᠤ》᠎ᠨᠢ ᠭᠣᠣᠯᠳᠠᠭᠤ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠂ ᠭᠣᠣᠯᠳᠠᠯᠭ᠎ᠠ᠎ᠲᠠᠢ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢᠨ ᠪᠠᠶ᠋ᠢᠭᠤᠯᠤᠯᠲᠠ ᠵᠢᠨ ᠪᠠᠶ᠋ᠢᠳᠠᠯ ᠵᠡᠷᠭᠡ ᠢᠯᠠᠩᠭᠤᠶ᠎ᠠ ᠴᠡᠭᠴᠡᠯᠡᠨ ᠰᠠᠶ᠋ᠢᠵᠢᠷᠠᠭᠤᠯᠬᠤ ᠶᠠᠪᠤᠴᠠ᠎ᠳᠠᠬᠢ ᠬᠡᠯᠪᠡᠷᠢ ᠵᠢᠨ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ   ᠬᠢᠨᠠᠨ ᠪᠠᠶ᠋ᠢᠴᠠᠭ᠋ᠠᠨ᠎ᠠ᠃
    ᠠᠷᠪᠠᠨ ᠳᠣᠯᠣᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠵᠦᠢ᠍ᠯ ᠵᠶ᠋ᠡᠷ ᠬᠢᠨᠠᠨ ᠪᠠᠶ᠋ᠢᠴᠠᠭ᠋ᠠᠬᠤ᠎ᠳᠤ ᠠᠰᠠᠭᠤᠳᠠᠯ᠎ᠳᠤ ᠰᠢᠭᠤᠳ ᠬᠠᠨᠳᠤᠬᠤ᠂ ᠡᠷᠬᠡ ᠰᠦᠷ᠎ᠢ ᠴᠢᠩᠭ᠋ᠠᠳᠬᠠᠬᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠵᠢ   ᠴᠢᠬᠤᠯᠠᠴᠢᠯᠠᠨ᠎ᠠ᠃ ᠬᠢᠨᠠᠨ ᠪᠠᠶ᠋ᠢᠴᠠᠭ᠋ᠠᠬᠤ ᠵᠦᠢ᠍ᠯ᠎ᠨᠢ ᠭᠣᠣᠯᠳᠠᠭᠤ᠄
    (ᠨᠢᠭᠡ) ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠬᠢᠨᠠᠨ ᠪᠠᠶ᠋ᠢᠴᠠᠭ᠋ᠠᠬᠤ᠎ᠪᠠᠷ ᠲᠣᠳᠣᠷᠬᠠᠢ ᠱᠠᠭ᠋ᠠᠷᠳᠠᠭᠰᠠᠨ ᠵᠦᠢ᠍ᠯᠡᠰ;
    (ᠬᠣᠶᠠᠷ) ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠮᠢ ᠠᠬᠤᠢ ᠣᠷᠴᠢᠨ ᠲᠣᠭᠣᠷᠢᠨ᠎ᠤ ᠳᠣᠪᠣᠶ᠋ᠢᠮ᠎ᠠ ᠠᠰᠠᠭᠤᠳᠠᠯ;
    (ᠭᠤᠷᠪᠠ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ᠎ᠨᠢ ᠬᠦᠴᠦᠨ ᠥᠬᠡᠢ ᠨᠡᠶ᠋ᠢᠲᠡᠯᠢᠭ ᠬᠡᠷᠡᠭ;
    (ᠳᠥᠷᠪᠡ) ᠲᠤᠰᠬᠠᠢ ᠵᠦᠢ᠍ᠯ ᠵᠶ᠋ᠡᠷ ᠬᠢᠨᠠᠨ ᠪᠠᠶ᠋ᠢᠴᠠᠭ᠋ᠠᠬᠤ ᠴᠢᠬᠤᠯᠠᠲᠠᠢ ᠪᠤᠰᠤᠳ ᠵᠦᠢ᠍ᠯ᠎ᠤᠳ᠃
ᠠᠷᠪᠠᠨ ᠨᠠᠢ᠍ᠮᠠᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠤᠷᠰᠢᠯ ᠶᠣᠰᠣᠭ᠋ᠠᠷ ᠬᠢᠨᠠᠨ ᠪᠠᠶ᠋ᠢᠴᠠᠭ᠋ᠠᠬᠤ᠂ 《ᠡᠷᠭᠢᠵᠦ ᠬᠠᠷᠠᠬᠤ》 ᠬᠣᠯᠪᠣᠭᠳᠠᠯ ᠪᠦᠬᠦᠢ ᠠᠵᠢᠯ᠎ᠤᠨ ᠲᠣᠬᠢᠷᠠᠭᠤᠯᠤᠯᠲᠠ ᠵᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃
    ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠵᠦᠢ᠍ᠯ ᠵᠶ᠋ᠡᠷ ᠬᠢᠨᠠᠨ ᠪᠠᠶ᠋ᠢᠴᠠᠭ᠋ᠠᠬᠤ ᠵᠢᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠂ ᠬᠢᠨᠠᠨ ᠪᠠᠶ᠋ᠢᠴᠠᠭ᠋ᠠᠭᠳᠠᠬᠤ ᠡᠲᠡᠭᠡᠳ ᠪᠣᠯᠤᠨ ᠬᠢᠨᠠᠨ ᠪᠠᠶ᠋ᠢᠴᠠᠭ᠋ᠠᠬᠤ ᠠᠭᠤᠯᠭ᠎ᠠ ᠵᠢ ᠪᠣᠳᠠᠲᠠᠢ ᠬᠢᠨᠠᠨ ᠪᠠᠶ᠋ᠢᠴᠠᠭ᠋ᠠᠬᠤ ᠵᠦᠢ᠍ᠯ ᠪᠣᠯᠤᠨ ᠱᠠᠭ᠋ᠠᠷᠳᠠᠯᠭ᠎ᠠ ᠵᠢ ᠦᠨᠳᠦᠰᠦᠯᠡᠨ ᠲᠣᠭᠲᠠᠭ᠋ᠠᠬᠤ ᠬᠡᠷᠡᠭᠲᠡᠢ᠃ ᠴᠢᠬᠤᠯᠠ ᠲᠤᠰᠬᠠᠢ ᠵᠦᠢ᠍ᠯ ᠵᠶ᠋ᠡᠷ ᠬᠢᠨᠠᠨ ᠪᠠᠶ᠋ᠢᠴᠠᠭ᠋ᠠᠬᠤ ᠬᠣᠯᠪᠣᠭᠳᠠᠯ ᠪᠦᠬᠦᠢ ᠠᠵᠢᠯ᠎ᠤᠨ ᠲᠣᠬᠢᠷᠠᠭᠤᠯᠤᠯᠲᠠ ᠵᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃
    ᠳᠥᠷᠪᠡᠳᠦᠭᠡᠷ ᠪᠦᠯᠦᠭ   ᠬᠢᠨᠠᠨ ᠪᠠᠶ᠋ᠢᠴᠠᠭ᠋ᠠᠬᠤ ᠵᠢᠷᠤᠮ ᠪᠠ ᠡᠷᠬᠡ ᠵᠢᠨ ᠬᠡᠪᠴᠢᠶ᠎ᠡ
    ᠠᠷᠪᠠ ᠶᠢᠰᠦᠳᠦᠭᠡᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠳᠠ᠎ᠨᠢ ᠶᠡᠷᠦ᠎ᠳᠡᠭᠡᠨ ᠬᠢᠨᠠᠨ ᠪᠠᠢ᠌ᠴᠠᠭ᠋ᠠᠬᠤ᠎ᠪᠠᠷ ᠪᠡᠯᠡᠳᠬᠡᠬᠦ᠂   ᠬᠢᠨᠠᠨ ᠪᠠᠢ᠌ᠴᠠᠭ᠋ᠠᠬᠤ᠎ᠪᠠᠷ ᠪᠠᠢ᠌ᠭᠤᠯᠭ᠎ᠠ ᠨᠢᠭᠡᠴᠢ᠎ᠳᠤ ᠣᠷᠣᠵᠤ ᠰᠠᠭᠤᠬᠤ᠂ ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ ᠬᠢᠬᠦ᠂ ᠬᠢᠨᠠᠨ ᠪᠠᠶ᠋ᠢᠴᠠᠭ᠋ᠠᠵᠤ ᠬᠠᠷᠢᠭᠤ ᠲᠤᠰᠬᠠᠬᠤ᠂ ᠰᠢᠯᠵᠢᠭᠦᠯᠦᠨ ᠲᠤᠰᠢᠶᠠᠵᠤ ᠬᠦᠷᠭᠡᠬᠦ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠪᠠ ᠲᠠᠩᠰᠠ ᠡᠪᠬᠡᠮᠡᠯ   ᠪᠠᠢ᠌ᠭᠤᠯᠬᠤ ᠵᠡᠷᠭᠡ ᠵᠢᠷᠤᠮ ᠲᠠᠷᠠᠭ᠋ᠠᠯᠠᠯ᠎ᠢ ᠪᠠᠭᠲᠠᠭ᠋ᠠᠨ᠎ᠠ᠃
    ᠬᠣᠷᠢᠳᠤᠭ᠋ᠠᠷ ᠵᠦᠢ᠍ᠯ   ᠬᠢᠨᠠᠨ ᠪᠠᠶ᠋ᠢᠴᠠᠭ᠋ᠠᠬᠤ ᠪᠡᠯᠡᠳᠬᠡᠯ ᠠᠵᠢᠯ᠎ᠳᠤ ᠭᠣᠣᠯᠳᠠᠭᠤ ᠳᠣᠣᠷᠠᠬᠢ ᠵᠦᠢ᠍ᠯᠡᠰ ᠪᠠᠭᠲᠠᠨ᠎ᠠ᠄
    (ᠨᠢᠭᠡ) ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠠᠴᠠ ᠬᠢᠨᠠᠨ ᠪᠠᠶ᠋ᠢᠴᠠᠭ᠋ᠠᠭᠳᠠᠬᠤ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠵᠢᠴᠢ ᠠᠰᠠᠭᠤᠳᠠᠯ᠎ᠤᠨ ᠰᠦᠪᠡᠭᠴᠢ ᠵᠢ ᠣᠶ᠋ᠢᠯᠠᠭ᠋ᠠᠨ᠎ᠠ;
    (ᠬᠣᠶᠠᠷ) ᠴᠢᠬᠤᠯᠠ ᠪᠦᠬᠦᠢ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ;
    (ᠭᠤᠷᠪᠠ) ᠳᠤᠭᠤᠶ᠋ᠢᠯᠠᠩ᠎ᠤᠨ ᠳᠠᠷᠤᠭ᠎ᠠ᠂ ᠳᠡᠳ᠋ ᠳᠤᠭᠤᠶ᠋ᠢᠯᠠᠩ᠎ᠤᠨ ᠳᠠᠷᠤᠭ᠎ᠠ ᠵᠢᠨ ᠵᠢᠱ᠌ᠢᠭᠳᠡᠭᠴᠢ ᠵᠢ ᠲᠣᠭᠲᠠᠭ᠋ᠠᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠢ ᠪᠦᠷᠢᠯᠳᠦᠭᠦᠯᠵᠦ᠂ ᠳᠠᠶ᠋ᠢᠴᠢᠯᠠᠯᠲᠠ ᠵᠢᠨ ᠪᠣᠯᠪᠠᠰᠤᠷᠠᠯ᠎ᠢ ᠥᠷᠨᠢᠭᠦᠯᠦᠨ᠎ᠡ;
    (ᠳᠥᠷᠪᠡ)   ᠬᠢᠨᠠᠨ ᠪᠠᠶ᠋ᠢᠴᠠᠭ᠋ᠠᠬᠤ ᠠᠵᠢᠯ᠎ᠤᠨ ᠲᠥᠰᠦᠯ᠎ᠢ ᠲᠣᠭᠲᠠᠭ᠋ᠠᠨ᠎ᠠ;
    (ᠲᠠᠪᠤ)   ᠬᠢᠨᠠᠨ ᠪᠠᠢ᠌ᠴᠠᠭ᠋ᠠᠬᠤ᠎ᠪᠠᠷ ᠣᠷᠣᠵᠤ ᠰᠠᠭᠤᠬᠤ ᠮᠡᠳᠡᠭᠳᠡᠯ᠎ᠢ ᠳᠠᠷᠤᠮᠠᠯᠯᠠᠨ ᠶᠠᠪᠤᠭᠤᠯᠵᠤ᠂   ᠬᠢᠨᠠᠨ ᠪᠠᠢ᠌ᠴᠠᠭ᠋ᠠᠬᠤ᠎ᠪᠠᠷ ᠣᠷᠣᠵᠤ ᠰᠠᠭᠤᠬᠤ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠨᠠᠶ᠋ᠢᠳᠠᠪᠤᠷᠢᠵᠢᠭᠤᠯᠤᠨ᠎ᠠ᠃
ᠬᠣᠷᠢᠨ ᠨᠢᠭᠡᠳᠦᠭᠡᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ ᠠᠵᠢᠯ᠎ᠤᠨ ᠣᠷᠣᠵᠤ ᠰᠠᠭᠤᠬᠤ ᠴᠠᠭ᠎ᠢ ᠪᠣᠳᠠᠲᠠᠢ   ᠬᠢᠨᠠᠨ ᠪᠠᠶ᠋ᠢᠴᠠᠭ᠋ᠠᠬᠤ ᠡᠲᠡᠭᠡᠳ ᠪᠣᠯᠤᠨ   ᠬᠢᠨᠠᠨ ᠪᠠᠶ᠋ᠢᠴᠠᠭ᠋ᠠᠬᠤ ᠡᠭᠦᠷᠭᠡ ᠵᠢ ᠦᠨᠳᠦᠰᠦᠯᠡᠨ ᠲᠣᠭᠲᠠᠭ᠋ᠠᠬᠤ ᠬᠡᠷᠡᠭᠲᠡᠢ᠃ ᠬᠢᠨᠠᠨ ᠪᠠᠶ᠋ᠢᠴᠠᠭ᠋ᠠᠬᠤ᠎ᠪᠠᠷ ᠣᠷᠣᠵᠤ ᠰᠠᠭᠤᠬᠤ᠎ᠨᠢ ᠭᠣᠣᠯᠳᠠᠭᠤ ᠳᠣᠣᠷᠠᠬᠢ ᠮᠡᠲᠦ ᠠᠷᠭ᠎ᠠ᠎ᠪᠠᠷ ᠠᠵᠢᠯ ᠵᠶ᠋ᠠᠨ ᠥᠷᠨᠢᠭᠦᠯᠦᠨ᠎ᠡ᠄
    (ᠨᠢᠭᠡ) ᠬᠢᠨᠠᠨ ᠪᠠᠶ᠋ᠢᠴᠠᠭ᠋ᠠᠭᠳᠠᠬᠤ ᠡᠲᠡᠭᠡᠳ᠎ᠤᠨ ᠠᠵᠢᠯ᠎ᠤᠨ ᠬᠠᠷᠢᠭᠤ ᠮᠡᠳᠡᠭᠦᠯᠦᠯᠲᠡ ᠪᠠ ᠬᠣᠯᠪᠣᠭᠳᠠᠯ ᠪᠦᠬᠦᠢ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠵᠢ ᠰᠣᠨᠣᠰᠤᠨ᠎ᠠ;
    (ᠬᠣᠶᠠᠷ) ᠬᠢᠨᠠᠨ ᠪᠠᠶ᠋ᠢᠴᠠᠭ᠋ᠠᠭᠳᠠᠬᠤ ᠡᠲᠡᠭᠡᠳ᠎ᠤᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠪᠠ ᠪᠤᠰᠤᠳ ᠬᠣᠯᠪᠣᠭᠳᠠᠯ ᠪᠦᠬᠦᠢ ᠬᠠᠷᠢᠭᠤᠴᠠᠯᠭ᠋ᠠᠳᠠᠨ᠎ᠲᠠᠢ ᠲᠤᠰᠬᠠᠢ ᠶᠠᠷᠢᠯᠴᠠᠨ᠎ᠠ;
    (ᠭᠤᠷᠪᠠ) ᠠᠷᠠᠳ ᠣᠯᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ᠎ᠬᠢ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠨ᠎ᠡ;
    (ᠳᠥᠷᠪᠡ) ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠳᠠᠩᠰᠠ ᠡᠪᠬᠡᠮᠡᠯ᠂ ᠬᠤᠷᠠᠯ᠎ᠤᠨ ᠲᠡᠮᠳᠡᠭᠯᠡᠯ ᠵᠡᠷᠭᠡ ᠮᠠᠲ᠋ᠧᠷᠢᠶᠠᠯ᠎ᠢ ᠰᠢᠯᠵᠢᠭᠦᠯᠦᠨ ᠦᠵᠡᠬᠦ᠂ ᠪᠠᠭᠤᠯᠭ᠋ᠠᠬᠤ;
    (ᠲᠠᠪᠤ) ᠬᠣᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠵᠢᠴᠢ ᠬᠤᠪᠢ ᠬᠥᠮᠦᠨ᠎ᠠᠴᠠ ᠠᠰᠠᠭᠤᠨ ᠯᠠᠪᠯᠠᠬᠤ ᠠᠵᠢᠯ᠎ᠢ ᠥᠷᠨᠢᠭᠦᠯᠦᠨ᠎ᠡ;
    (ᠵᠢᠷᠭᠤᠭ᠎ᠠ) ᠠᠰᠠᠭᠤᠳᠠᠯ᠎ᠤᠨ ᠰᠦᠪᠡᠭᠴᠢ᠎ᠳᠤ ᠴᠢᠭᠯᠡᠭᠦᠯᠦᠨ ᠪᠠᠶ᠋ᠢᠴᠠᠭ᠋ᠠᠯᠲᠠ ᠬᠢᠵᠦ ᠭᠡᠷᠡᠴᠢ ᠠᠪᠬᠤ ᠠᠵᠢᠯ ᠥᠷᠨᠢᠭᠦᠯᠬᠦ ᠵᠢᠨ ᠬᠠᠮᠲᠤ ᠬᠣᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠵᠢᠴᠢ ᠬᠤᠪᠢ ᠬᠥᠮᠦᠨ᠎ᠢ ᠱᠠᠭ᠋ᠠᠷᠳᠠᠵᠤ ᠪᠠᠶ᠋ᠢᠭ᠋ᠠᠳ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠪᠢᠴᠢᠭ᠎ᠤᠨ ᠲᠣᠳᠣᠷᠬᠠᠶ᠋ᠢᠯᠠᠯᠲᠠ ᠬᠢᠯᠭᠡᠵᠦ ᠪᠣᠯᠤᠨ᠎ᠠ;
    (ᠳᠣᠯᠣᠭ᠎ᠠ) ᠶᠠᠷᠢᠯᠴᠠᠬᠤ ᠬᠤᠷᠠᠯ ᠬᠢᠵᠦ᠂ ᠬᠢᠨᠠᠨ ᠪᠠᠶ᠋ᠢᠴᠠᠭ᠋ᠠᠭᠳᠠᠬᠤ ᠡᠲᠡᠭᠡᠳ᠎ᠤᠨ ᠬᠣᠯᠪᠣᠭᠳᠠᠯ ᠪᠦᠬᠦᠢ ᠬᠤᠷᠠᠯ᠎ᠳᠤ ᠰᠤᠯᠠ ᠣᠷᠣᠯᠴᠠᠨ᠎ᠠ;
    (ᠨᠠᠢ᠍ᠮᠠ) ᠬᠢᠨᠠᠨ ᠪᠠᠶ᠋ᠢᠴᠠᠭ᠋ᠠᠭᠳᠠᠬᠤ ᠡᠲᠡᠭᠡᠳ᠎ᠤᠨ ᠬᠠᠷᠢᠶ᠎ᠠ ᠣᠷᠣᠨ ᠨᠤᠲᠤᠭ᠂ ᠰᠠᠯᠠᠭ᠎ᠠ ᠮᠥᠴᠢᠷ ᠪᠤᠶᠤ ᠨᠢᠭᠡᠴᠢ᠎ᠳᠤ ᠬᠦᠷᠴᠦ ᠳᠣᠷᠣᠭᠰᠢ ᠪᠠᠭᠤᠯᠭ᠋ᠠᠨ ᠬᠢᠨᠠᠨ ᠪᠠᠶ᠋ᠢᠴᠠᠭ᠋ᠠᠨ᠎ᠠ;
    (ᠶᠢᠰᠦ)   ᠬᠢᠨᠠᠨ ᠪᠠᠶ᠋ᠢᠴᠠᠭ᠋ᠠᠵᠤ ᠢᠯᠡᠷᠡᠭᠦᠯᠦᠭᠰᠡᠨ ᠳᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠬᠣᠯᠪᠣᠭᠳᠠᠯ ᠪᠦᠬᠦᠢ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠲᠠᠢ ᠪᠣᠯᠵᠣᠨ ᠠᠭᠤᠯᠵᠠᠬᠤ ᠪᠤᠶᠤ ᠪᠣᠯᠵᠣᠨ ᠶᠠᠷᠢᠯᠴᠠᠵᠤ ᠪᠣᠯᠤᠨ᠎ᠠ;
    (ᠠᠷᠪᠠ) ᠬᠣᠯᠪᠣᠭᠳᠠᠯ ᠪᠦᠬᠦᠢ ᠣᠷᠣᠨ ᠨᠤᠲᠤᠭ᠂ ᠰᠠᠯᠠᠭ᠎ᠠ ᠮᠥᠴᠢᠷ᠂ ᠨᠢᠭᠡᠴᠢ ᠵᠢᠴᠢ ᠬᠤᠪᠢ ᠬᠥᠮᠦᠨ᠎ᠤ ᠬᠠᠮᠵᠢᠯᠴᠠᠭ᠎ᠠ ᠵᠢ ᠤᠯᠬᠤ᠎ᠪᠠᠷ ᠭᠤᠶᠤᠴᠢᠯᠠᠵᠤ ᠪᠤᠯᠤᠨ᠎ᠠ;
    (ᠠᠷᠪᠠᠨ ᠨᠢᠭᠡ) ᠪᠤᠰᠤᠳ ᠴᠢᠬᠤᠯᠠ ᠪᠦᠬᠦᠢ ᠬᠢᠨᠠᠨ ᠪᠠᠶ᠋ᠢᠴᠠᠭ᠋ᠠᠬᠤ ᠠᠵᠢᠯ᠎ᠤᠨ ᠠᠷᠭ᠎ᠠ ᠮᠠᠶᠢᠭ᠃
    ᠬᠣᠷᠢᠨ ᠬᠣᠶᠠᠳᠤᠭ᠋ᠠᠷ ᠵᠦᠢ᠍ᠯ   ᠬᠢᠨᠠᠨ ᠪᠠᠶ᠋ᠢᠴᠠᠭ᠋ᠠᠬᠤ ᠠᠵᠢᠯ ᠳᠠᠭᠤᠰᠤᠭᠰᠠᠨ᠎ᠤ ᠳᠠᠷᠠᠭ᠎ᠠ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠲᠣᠭᠲᠠᠭᠰᠠᠨ ᠬᠤᠭᠤᠴᠠᠭ᠋ᠠᠨ ᠳᠣᠲᠣᠷ᠎ᠠ   ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ   ᠪᠢᠴᠢᠵᠦ᠂ ᠬᠢᠨᠠᠨ ᠪᠠᠶ᠋ᠢᠴᠠᠭ᠋ᠠᠵᠤ ᠢᠯᠡᠷᠡᠭᠦᠯᠦᠭᠰᠡᠨ ᠴᠢᠬᠤᠯᠠ ᠪᠠᠶ᠋ᠢᠳᠠᠯ ᠪᠠ ᠠᠰᠠᠭᠤᠳᠠᠯ᠎ᠢ ᠦᠨᠡᠨ ᠪᠤᠳᠠᠳᠠᠢ᠎ᠪᠠᠷ ᠮᠡᠳᠡᠭᠦᠯᠬᠦ ᠵᠢᠨ ᠬᠠᠮᠲᠤ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠢ᠃
    ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢᠨ ᠲᠤᠬᠠᠢ ᠵᠣᠬᠢᠬᠤ ᠠᠷᠭ᠎ᠠ ᠮᠠᠶᠢᠭ ᠵᠶ᠋ᠠᠷ ᠬᠢᠨᠠᠨ ᠪᠠᠶ᠋ᠢᠴᠠᠭ᠋ᠠᠭᠳᠠᠭᠰᠠᠨ ᠡᠲᠡᠭᠡᠳ᠎ᠲᠠᠢ ᠰᠠᠨᠠᠯ ᠵᠶ᠋ᠠᠨ ᠰᠣᠯᠢᠯᠴᠠᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠵᠶ᠋ᠠᠷ ᠬᠢᠨᠠᠨ ᠵᠦᠪᠯᠡᠵᠦ ᠲᠤᠭᠳᠠᠭ᠋ᠠᠭᠰᠠᠨ᠎ᠤ ᠳᠠᠷᠠᠭ᠎ᠠ ᠲᠡᠭᠡᠭᠰᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠬᠦ ᠬᠡᠷᠡᠭᠲᠡᠢ᠃
    ᠬᠣᠷᠢᠨ ᠭᠤᠷᠪᠠᠳᠤᠭ᠋ᠠᠷ ᠵᠦᠢ᠍ᠯ   ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠠᠴᠠ ᠬᠢᠨᠠᠨ ᠪᠠᠶ᠋ᠢᠴᠠᠭ᠋ᠠᠭᠳᠠᠭᠰᠠᠨ ᠡᠲᠡᠭᠡᠳ᠎ᠲᠤ ᠬᠠᠷᠢᠭᠤ ᠲᠤᠰᠬᠠᠵᠤ᠂   ᠬᠢᠨᠠᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠵᠢᠭ᠋ᠠᠨ ᠭᠠᠷᠭ᠋ᠠᠵᠤ᠂ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠨ᠎ᠠ᠃
    ᠬᠣᠷᠢᠨ ᠳᠥᠷᠪᠡᠳᠦᠭᠡᠷ ᠵᠦᠢ᠍ᠯ   ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠢ ᠬᠢᠨᠠᠨ ᠪᠠᠶ᠋ᠢᠴᠠᠭ᠋ᠠᠭᠳᠠᠬᠤ ᠡᠲᠡᠭᠡᠳ᠎ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ᠎ᠢ ᠶᠡᠷᠦᠩᠬᠡᠶ᠋ᠢᠯᠡᠨ ᠬᠢᠨᠠᠨ ᠰᠢᠯᠭ᠋ᠠᠵᠤ ᠦᠨᠡᠯᠡᠬᠦ᠂ ᠱᠠᠩᠨᠠᠵᠤ ᠲᠣᠷᠭ᠋ᠠᠬᠤ ᠪᠠ ᠲᠤᠰᠢᠶᠠᠯ᠎ᠳᠤ ᠲᠤᠮᠢᠯᠠᠬᠤ ᠪᠤᠶᠤ ᠤᠭᠴᠤᠷᠠᠭᠤᠯᠬᠤ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠺᠠᠳ᠋ᠷ᠎ᠤᠨ ᠬᠠᠮᠢᠶᠠᠷᠤᠯᠲᠠ ᠵᠢᠨ ᠡᠷᠬᠡ ᠮᠠᠲᠠᠯ᠎ᠤᠨ ᠶᠣᠰᠣᠭ᠋ᠠᠷ ᠬᠣᠯᠪᠣᠭᠳᠠᠯ ᠪᠦᠬᠦᠢ ᠵᠣᠬᠢᠶᠠᠨ ᠪᠠᠶ᠋ᠢᠭᠤᠯᠤᠯᠲᠠ (ᠠᠵᠢᠯᠲᠠᠨ᠎ᠤ ᠶᠠᠪᠤᠳᠠᠯ) ᠵᠢᠨ ᠰᠠᠯᠠᠭ᠎ᠠ ᠮᠥᠴᠢᠷ᠎ᠲᠤ ᠬᠦᠷᠭᠡᠨ᠎ᠡ᠃
    ᠬᠢᠨᠠᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠴᠢᠬᠤᠯᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠬᠠᠷᠢᠭᠤᠴᠠᠯᠭ᠎ᠠ᠎ᠪᠠᠨ ᠠᠯᠳᠠᠭᠰᠠᠨ ᠪᠠᠶ᠋ᠢᠳᠠᠯ᠎ᠳᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠨᠢ ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠠᠰᠠᠭᠤᠳᠠᠯ᠎ᠤᠨ ᠨᠠᠷᠢᠨ ᠳᠠᠩᠰᠠ ᠪᠠ ᠬᠡᠷᠡᠭ᠎ᠤᠨ ᠡᠪᠬᠡᠮᠡᠯ᠎ᠢ ᠵᠤᠬᠢᠶᠠᠵᠤ᠂ ᠬᠣᠯᠪᠣᠭᠳᠠᠯ ᠪᠦᠬᠦᠢ ᠡᠷᠬᠡ ᠮᠠᠲᠠᠯ᠎ᠤᠨ ᠬᠡᠪᠴᠢᠶ᠎ᠡ᠂ ᠵᠢᠷᠤᠮ ᠪᠠ ᠱᠠᠭ᠋ᠠᠷᠳᠠᠯᠭ᠎ᠠ ᠶᠣᠰᠣᠭ᠋ᠠᠷ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠤᠯᠤᠰ᠎ᠤᠨ ᠬᠢᠨᠠᠯᠲᠠ ᠲᠠᠯᠪᠢᠬᠤ ᠵᠥᠪᠯᠡᠯ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠵᠥᠪᠯᠡᠯ᠎ᠤᠨ ᠨᠠᠮ᠎ᠤᠨ ᠬᠣᠷᠢᠶ᠎ᠠ ᠪᠤᠶᠤ ᠬᠢᠨᠠᠨ ᠪᠠᠶ᠋ᠢᠴᠠᠭ᠋ᠠᠭᠳᠠᠬᠤ ᠡᠲᠡᠭᠡᠳ᠎ᠲᠤ ᠰᠢᠯᠵᠢᠭᠦᠯᠦᠨ ᠲᠤᠰᠢᠶᠠᠬᠤ ᠬᠡᠷᠡᠭᠲᠡᠢ᠃
    ᠬᠢᠨᠠᠨ ᠪᠠᠶ᠋ᠢᠴᠠᠭ᠋ᠠᠭ᠋ᠠᠳ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠲᠥᠯᠥᠬᠦ ᠠᠵᠢᠯ᠎ᠢ ᠥᠷᠨᠢᠭᠦᠯᠬᠦ ᠴᠢᠬᠤᠯᠠᠲᠠᠢ ᠪᠠᠶ᠋ᠢᠬᠤ ᠵᠢ ᠣᠯᠵᠤ ᠮᠡᠳᠡᠪᠡᠯ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ᠎ᠤᠨ ᠣᠷᠳᠣᠨ᠎ᠳᠤ ᠰᠢᠯᠵᠢᠭᠦᠯᠦᠨ ᠬᠦᠷᠭᠡᠵᠦ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠥᠯᠥᠪᠦᠷᠢ ᠨᠡᠬᠡᠮᠵᠢᠯᠡᠨ ᠲᠦᠯᠦᠬᠦᠯᠦᠨ᠎ᠡ; ᠨᠡᠶ᠋ᠢᠲᠡ ᠵᠢᠨ ᠠᠰᠠᠷᠠᠮᠵᠢ ᠵᠢᠨ ᠵᠠᠷᠭᠤ ᠬᠢᠬᠦ ᠴᠢᠬᠤᠯᠠ᠎ᠲᠠᠢ ᠪᠠᠶ᠋ᠢᠪᠠᠯ᠂ ᠪᠠᠶ᠋ᠢᠴᠠᠭ᠋ᠠᠬᠤ ᠪᠠᠶ᠋ᠢᠭᠤᠯᠭ᠎ᠠ ᠵᠡᠷᠭᠡ ᠡᠷᠬᠡᠳᠦ ᠪᠠᠶ᠋ᠢᠭᠤᠯᠭ᠎ᠠ᠎ᠳᠤ ᠰᠢᠯᠵᠢᠭᠦᠯᠦᠨ ᠥᠭᠴᠦ ᠬᠠᠤᠯᠢ ᠶᠣᠰᠣᠭ᠋ᠠᠷ ᠰᠢᠢ᠍ᠳᠪᠦᠷᠢᠯᠡᠭᠦᠯᠬᠦ ᠬᠡᠷᠡᠭᠲᠡᠢ᠃
    ᠬᠢᠨᠠᠨ ᠪᠠᠶ᠋ᠢᠴᠠᠭ᠋ᠠᠭ᠋ᠠᠳ ᠶᠠᠯ᠎ᠠ ᠬᠢᠭᠰᠡᠨ ᠰᠡᠵᠢᠭᠯᠡᠯᠲᠡᠢ ᠪᠠᠶ᠋ᠢᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠤᠶᠤ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠰᠢᠢ᠍ᠳᠪᠦᠷᠢᠯᠡᠭᠦᠯᠦᠨ᠎ᠡ᠃
    ᠬᠣᠷᠢᠨ ᠲᠠᠪᠤᠳᠤᠭ᠋ᠠᠷ ᠵᠦᠢ᠍ᠯ   ᠬᠢᠨᠠᠨ ᠪᠠᠶ᠋ᠢᠴᠠᠭ᠋ᠠᠭᠳᠠᠬᠤ ᠡᠲᠡᠭᠡᠳ᠎ᠨᠢ ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ ᠶᠣᠰᠣᠭ᠋ᠠᠷ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ ᠲᠣᠭᠲᠠᠭ᠋ᠠᠵᠤ᠂ ᠲᠣᠭᠲᠠᠭᠰᠠᠨ ᠬᠤᠭᠤᠴᠠᠭ᠋ᠠᠨ᠎ᠳᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠬᠦ ᠬᠡᠷᠡᠭᠲᠡᠢ᠃
    ᠬᠢᠨᠠᠨ ᠪᠠᠶ᠋ᠢᠴᠠᠭ᠋ᠠᠭᠳᠠᠬᠤ ᠡᠲᠡᠭᠡᠳ᠎ᠨᠢ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠬᠤ ᠵᠢᠨ ᠬᠠᠮᠲᠤ᠂ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ   ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠢ᠃
    ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠠᠯᠪᠠᠨ ᠭᠡᠷ᠎ᠨᠢ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠲᠣᠬᠢᠷᠠᠭᠤᠯᠤᠨ   ᠱᠠᠯᠠᠪᠳᠠᠭᠤᠯᠬᠤ ᠭᠦᠢ᠍ᠴᠡᠳᠬᠡᠯ ᠭᠡᠬᠦ ᠵᠢᠨ ᠬᠠᠮᠲᠤ ᠰᠤᠭᠤᠴᠢᠨ ᠪᠠᠶ᠋ᠢᠴᠠᠭ᠋ᠠᠵᠤ ᠬᠢᠨᠠᠨ ᠬᠠᠷᠭᠤᠭᠤᠯᠬᠤ ᠵᠢ ᠵᠣᠬᠢᠶᠠᠨ ᠪᠠᠶ᠋ᠢᠭᠤᠯᠬᠤ ᠬᠡᠷᠡᠭᠲᠡᠢ᠃ ᠴᠡᠭᠴᠡᠯᠡᠨ ᠰᠠᠶ᠋ᠢᠵᠢᠷᠠᠭᠤᠯᠤᠭᠰᠠᠨ᠎ᠨᠢ ᠬᠦᠴᠦᠨ ᠥᠬᠡᠢ ᠪᠣᠯ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠮᠡᠳᠡᠭᠳᠡᠬᠦ᠂ ᠪᠣᠯᠵᠣᠨ ᠶᠠᠷᠢᠯᠴᠠᠬᠤ᠂ ᠲᠤᠰᠬᠠᠢ ᠵᠦᠢ᠍ᠯ ᠵᠶ᠋ᠡᠷ ᠬᠢᠨᠠᠨ ᠪᠠᠶ᠋ᠢᠴᠠᠭ᠋ᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠬᠤ ᠬᠡᠷᠡᠭᠲᠡᠢ᠃
    ᠬᠣᠷᠢᠨ ᠵᠢᠷᠭᠤᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠶᠠᠪᠤᠴᠠ᠎ᠳᠤ ᠪᠣᠢ ᠪᠣᠯᠤᠭᠰᠠᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠡᠮᠬᠢᠯᠡᠨ ᠬᠠᠳᠠᠭ᠋ᠠᠯᠠᠵᠤ᠂ ᠳᠠᠩᠰᠠ ᠡᠪᠬᠡᠮᠡᠯ᠎ᠳᠤ ᠣᠷᠣᠭᠤᠯᠬᠤ ᠴᠢᠬᠤᠯᠠ᠎ᠲᠠᠢ ᠪᠣᠯ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠢ᠃
    ᠬᠣᠷᠢᠨ ᠳᠣᠯᠣᠳᠤᠭ᠋ᠠᠷ ᠵᠦᠢ᠍ᠯ   ᠬᠢᠨᠠᠨ ᠪᠠᠶ᠋ᠢᠴᠠᠭ᠋ᠠᠬᠤ ᠵᠢᠨ ᠳᠠᠭ᠋ᠠᠤ ᠥᠭᠡᠷᠡᠴᠢᠯᠡᠬᠦ ᠠᠵᠢᠯ᠎ᠢ ᠴᠢᠩᠭ᠋ᠠᠳᠬᠠᠨ᠎ᠠ᠃ ᠬᠢᠨᠠᠨ ᠪᠠᠢ᠌ᠴᠠᠭ᠋ᠠᠬᠤ᠎ᠪᠠᠷ ᠣᠷᠣᠵᠤ ᠰᠠᠭᠤᠬᠤ ᠶᠠᠪᠤᠴᠠ᠎ᠳᠤ ᠠᠷᠠᠳ ᠣᠯᠠᠨ᠎ᠤ ᠢᠯᠡᠴᠢᠯᠡᠨ ᠮᠡᠳᠡᠭᠦᠯᠦᠭᠰᠡᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ   ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠲᠤᠰᠢᠶᠠᠭᠰᠠᠨ ᠪᠤᠰᠤᠳ ᠠᠰᠠᠭᠤᠳᠠᠯ᠎ᠢ ᠬᠢᠨᠠᠨ ᠪᠠᠶ᠋ᠢᠴᠠᠭ᠋ᠠᠭᠳᠠᠬᠤ ᠡᠲᠡᠭᠡᠳ᠎ᠨᠢ   ᠲᠡᠷᠡ ᠳᠠᠷᠤᠢ᠌ᠬᠠᠨ ᠥᠭᠡᠷᠡᠴᠢᠯᠡᠨ   ᠰᠠᠢ᠌ᠵᠢᠷᠠᠭᠤᠯᠵᠤ᠂ ᠡᠷᠡᠰ ᠴᠡᠭᠴᠡᠯᠡᠨ ᠥᠭᠡᠷᠡᠴᠢᠯᠡᠵᠦ᠂ ᠬᠣᠯᠪᠣᠭᠳᠠᠯ ᠪᠦᠬᠦᠢ ᠠᠰᠠᠭᠤᠳᠠᠯ᠎ᠢ ᠦᠨᠡᠨᠬᠦ ᠪᠠᠶ᠋ᠢᠴᠠᠭ᠋ᠠᠨ ᠰᠢᠢ᠍ᠳᠪᠤᠷᠢᠯᠡᠵᠦ᠂ ᠴᠡᠭᠴᠡᠯᠡᠨ ᠰᠠᠶ᠋ᠢᠵᠢᠷᠠᠭᠤᠯᠬᠤ ᠵᠢ ᠪᠠᠲᠤᠯᠠᠬᠤ ᠬᠡᠷᠡᠭᠲᠡᠢ᠃
    ᠬᠣᠷᠢᠨ ᠨᠠᠢ᠍ᠮᠠᠳᠤᠭ᠋ᠠᠷ ᠵᠦᠢ᠍ᠯ   ᠬᠢᠨᠠᠨ ᠪᠠᠶ᠋ᠢᠴᠠᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠢ ᠴᠢᠩᠭ᠋ᠠᠳᠬᠠᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠤᠶᠤ ᠵᠥᠪ ᠭᠦᠢ᠍ᠴᠡᠳᠬᠡᠭᠰᠡᠨ ᠦᠭᠡᠢ᠎ᠠᠴᠠ ᠪᠣᠯᠵᠤ ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠭᠠᠵᠠᠷ ᠣᠷᠣᠨ ᠪᠠ ᠨᠢᠭᠡᠴᠢ ᠵᠢᠨ ᠨᠠᠮ ᠵᠠᠰᠠᠭ᠎ᠤᠨ ᠤᠳᠤᠷᠢᠳᠬᠤ ᠺᠠᠳ᠋ᠷ᠎ᠢ ᠬᠠᠤᠯᠢ ᠴᠠᠭ᠋ᠠᠵᠠ ᠶᠣᠰᠣᠭ᠋ᠠᠷ ᠲᠥᠪ ᠴᠢᠩᠭ᠎ᠠ᠂ ᠨᠠᠷᠢᠨ ᠣᠨᠣᠪᠴᠢᠲᠠᠢ᠂ ᠪᠦᠲᠦᠮᠵᠢᠲᠡᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ; ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠳᠠᠢ ᠪᠠᠢ᠌ᠳᠠᠯ᠎ᠠ ᠨᠡᠬᠡᠮᠵᠢᠯᠡᠭᠰᠡᠨ ᠦᠭᠡᠢ ᠪᠠᠢ᠌ᠪᠠᠯ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠨᠡᠬᠡᠮᠵᠢᠯᠡᠬᠦ ᠬᠡᠷᠡᠭᠲᠡᠢ᠃
    ᠬᠣᠷᠢ ᠶᠢᠰᠦᠳᠦᠭᠡᠷ ᠵᠦᠢ᠍ᠯ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠴᠢᠩᠭ᠋ᠠᠳᠬᠠᠨ᠎ᠠ᠃ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠪᠣᠳᠠᠲᠠᠢ ᠠᠵᠢᠯ᠎ᠤᠨ ᠲᠣᠬᠢᠷᠠᠭᠤᠯᠤᠯᠲᠠ᠂ ᠬᠢᠨᠠᠨ ᠪᠠᠢ᠌ᠴᠠᠭ᠋ᠠᠬᠤ ᠵᠢᠨ ᠲᠠᠭ᠋ᠠᠤ ᠬᠠᠯᠠᠨ ᠰᠠᠢ᠌ᠵᠢᠷᠠᠭᠤᠯᠤᠭᠰᠠᠨ ᠪᠠᠢ᠌ᠳᠠᠯ᠂ ᠬᠣᠯᠪᠣᠭᠳᠠᠯ ᠪᠦᠬᠦᠢ ᠳᠣᠪᠣᠶ᠋ᠢᠮ᠎ᠠ ᠠᠰᠠᠭᠤᠳᠠᠯ ᠪᠠ ᠬᠡᠷᠡᠭ᠎ᠤᠨ ᠵᠢᠱ᠌ᠢᠶ᠎ᠡ᠂   ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢᠨ ᠭᠣᠣᠯ ᠠᠭᠤᠯᠭ᠎ᠠ᠂   ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ᠂ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠢᠴᠢ ᠬᠢᠨᠠᠨ ᠪᠠᠶ᠋ᠢᠴᠠᠭ᠋ᠠᠵᠤ ᠬᠠᠷᠢᠭᠤᠴᠠᠯᠭ᠎ᠠ ᠨᠡᠬᠡᠮᠵᠢᠯᠡᠭᠰᠡᠨ ᠬᠣᠯᠪᠣᠭᠳᠠᠯ ᠪᠦᠬᠦᠢ ᠪᠠᠶ᠋ᠢᠳᠠᠯ ᠵᠡᠷᠭᠡ ᠵᠢ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ   ᠢᠯᠡ᠎ᠪᠠᠷ ᠨᠡᠢ᠌ᠳᠡᠯᠡᠵᠦ᠂ ᠨᠡᠶ᠋ᠢᠭᠡᠮ᠎ᠤᠨ ᠬᠠᠯᠠᠮᠵᠢᠯᠠᠵᠤ ᠪᠠᠶ᠋ᠢᠭ᠎ᠠ ᠵᠦᠢ᠍ᠯ᠎ᠳᠤ ᠬᠠᠷᠢᠭᠤ ᠲᠤᠰᠬᠠᠵᠤ᠂ ᠣᠯᠠᠨ ᠲᠦᠮᠡᠨ᠎ᠤ ᠬᠢᠨᠠᠯᠲᠠ ᠵᠢ ᠬᠦᠯᠢᠶᠡᠬᠦ ᠬᠡᠷᠡᠭᠲᠡᠢ᠃
    ᠲᠠᠪᠤᠳᠤᠭ᠋ᠠᠷ ᠪᠦᠯᠦᠭ   ᠬᠢᠨᠠᠨ ᠪᠠᠶ᠋ᠢᠴᠠᠭ᠋ᠠᠬᠤ ᠰᠠᠬᠢᠯᠭ᠎ᠠ ᠪᠠᠲᠤ ᠪᠠ ᠬᠠᠷᠢᠭᠤᠴᠠᠯᠭ᠎ᠠ
    ᠭᠤᠴᠢᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠳᠠ᠎ᠨᠢ ᠤᠯᠤᠰ ᠲᠥᠷᠥ ᠵᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠵᠢᠨ ᠳᠦᠷᠢᠮ᠎ᠢ ᠴᠢᠩᠭ᠎ᠠ ᠵᠢᠷᠤᠮᠯᠠᠨ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠦᠨ᠂ ᠡᠯ᠎ᠡ ᠵᠦᠢ᠍ᠯ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃
    ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠬᠢᠨᠠᠨ ᠪᠠᠢ᠌ᠴᠠᠭ᠋ᠠᠬᠤ᠎ᠪᠠᠷ ᠣᠷᠣᠵᠤ ᠰᠠᠭᠤᠬᠤ ᠬᠤᠭᠤᠴᠠᠭ᠋ᠠᠨ᠎ᠳᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠦᠷ ᠴᠠᠭ᠎ᠤᠨ ᠨᠠᠮ᠎ᠤᠨ ᠡᠭᠦᠷ ᠪᠠᠶ᠋ᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ   ᠭᠡᠰᠢᠬᠦᠳ᠎ᠢ ᠬᠥᠮᠦᠵᠢᠭᠦᠯᠬᠦ᠂ ᠬᠢᠨᠠᠯᠲᠠ ᠲᠠᠯᠪᠢᠬᠤ ᠪᠠ ᠬᠠᠮᠢᠶᠠᠷᠤᠯᠳᠠ᠎ᠪᠠᠨ ᠴᠢᠩᠭ᠋ᠠᠳᠬᠠᠬᠤ ᠬᠡᠷᠡᠭᠲᠡᠢ᠃
    ᠭᠤᠴᠢᠨ ᠨᠢᠭᠡᠳᠦᠭᠡᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠵᠢᠭ᠋ᠠᠪᠤᠷᠢ ᠠᠪᠴᠤ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠢᠨᠠᠨ ᠪᠠᠶ᠋ᠢᠴᠠᠭ᠋ᠠᠬᠤ ᠳᠤᠮᠳᠠ ᠣᠯᠵᠤ ᠮᠡᠳᠡᠭᠰᠡᠨ ᠴᠢᠬᠤᠯᠠ ᠪᠠᠶ᠋ᠢᠳᠠᠯ ᠪᠠ ᠴᠢᠬᠤᠯᠠ ᠶᠡᠬᠡ ᠠᠰᠠᠭᠤᠳᠠᠯ᠎ᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠤᠶᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠯᠪᠠᠨ ᠭᠡᠷ᠎ᠲᠤ ᠮᠡᠳᠡᠬᠦᠯᠦᠨ ᠵᠢᠭ᠋ᠠᠪᠤᠷᠢ ᠠᠪᠬᠤ ᠬᠡᠷᠡᠭᠲᠡᠢ᠂ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠭᠡᠰᠢᠬᠦᠳ ᠳᠤᠷ᠎ᠠ᠎ᠪᠠᠷ ᠵᠶ᠋ᠠᠨ ᠣᠪᠣᠷ ᠵᠶ᠋ᠠᠨ ᠢᠯᠡᠳᠬᠡᠬᠦ ᠪᠤᠶᠤ ᠰᠢᠢ᠍ᠳᠪᠦᠷᠢᠯᠡᠵᠦ ᠪᠣᠯᠬᠤ ᠥᠬᠡᠢ᠃
    ᠭᠤᠴᠢᠨ ᠬᠣᠶᠠᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠨᠢ ᠨᠢᠭᠤᠴᠠ ᠵᠢ ᠬᠠᠮᠠᠭ᠋ᠠᠯᠠᠬᠤ ᠡᠯ᠎ᠡ ᠵᠦᠢ᠍ᠯ᠎ᠤᠨ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠭᠡᠰᠢᠬᠦᠳ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠨᠢᠭᠤᠴᠠ ᠵᠢ ᠴᠢᠩᠭ᠎ᠠ ᠬᠠᠮᠠᠭ᠋ᠠᠯᠠᠬᠤ ᠬᠡᠷᠡᠭᠲᠡᠢ᠂ ᠵᠥᠪᠰᠢᠶᠡᠷᠡᠯ ᠦᠭᠡᠢ᠎ᠪᠠᠷ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠬᠣᠯᠪᠣᠭᠳᠠᠯ ᠪᠦᠬᠦᠢ ᠪᠠᠶ᠋ᠢᠳᠠᠯ᠎ᠢ ᠭᠠᠳᠠᠭᠰᠢ ᠨᠡᠶ᠋ᠢᠲᠡᠯᠡᠬᠦ ᠪᠤᠶᠤ ᠵᠠᠳᠠᠷᠠᠭᠤᠯᠵᠤ ᠪᠣᠯᠬᠤ ᠦᠭᠡᠢ᠃
    ᠭᠤᠴᠢᠨ ᠭᠤᠷᠪᠠᠳᠤᠭ᠋ᠠᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠬᠢᠨᠠᠨ ᠪᠠᠶ᠋ᠢᠴᠠᠭ᠋ᠠᠭᠳᠠᠬᠤ ᠡᠲᠡᠭᠡᠳ᠎ᠤᠨ ᠬᠡᠪ᠎ᠤᠨ ᠠᠵᠢᠯ᠎ᠳᠤ ᠭᠠᠷ ᠲᠥᠷᠥᠵᠦ ᠪᠣᠯᠬᠤ ᠥᠬᠡᠢ᠂ ᠬᠢᠨᠠᠨ ᠪᠠᠶ᠋ᠢᠴᠠᠭ᠋ᠠᠭᠳᠠᠬᠤ ᠡᠲᠡᠭᠡᠳ᠎ᠤᠨ ᠪᠣᠳᠠᠲᠠᠢ ᠠᠰᠠᠭᠤᠳᠠᠯ᠎ᠢ ᠰᠢᠢ᠍ᠳᠪᠤᠷᠢᠯᠡᠵᠦ ᠪᠤᠯᠬᠤ ᠦᠭᠡᠢ᠃
    ᠭᠤᠴᠢᠨ ᠳᠥᠷᠪᠡᠳᠦᠭᠡᠷ ᠵᠦᠢ᠍ᠯ   ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠨᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠰᠠᠬᠢᠯᠭ᠎ᠠ ᠪᠠᠲᠤ᠂ ᠵᠢᠷᠤᠮ ᠪᠠ ᠵᠢᠷᠤᠮᠵᠢᠯ᠎ᠢ ᠴᠢᠩᠭ᠎ᠠ ᠵᠢᠷᠤᠮᠯᠠᠵᠤ᠂ ᠡᠭᠦᠷᠭᠡ ᠬᠠᠷᠢᠭᠤᠴᠠᠯᠭ᠎ᠠ᠎ᠪᠠᠨ ᠵᠥᠪ ᠵᠶ᠋ᠡᠷ ᠭᠦᠢ᠍ᠴᠡᠳᠬᠡᠬᠦ ᠬᠡᠷᠡᠭᠲᠡᠢ᠃ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠭᠡᠰᠢᠬᠦᠳ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠢ᠌ᠪᠠᠯ᠂ ᠦᠢ᠍ᠯᠡ ᠪᠠᠶ᠋ᠢᠳᠠᠯ᠎ᠤᠨ ᠬᠦᠨᠳᠦ ᠬᠥᠩᠭᠡᠨ᠎ᠢ᠎ᠨᠢ ᠦᠵᠡᠵᠦ ᠪᠠᠶ᠋ᠢᠭ᠋ᠠᠳ ᠰᠠᠬᠢᠯᠭ᠎ᠠ ᠪᠠᠲᠤ ᠪᠠ ᠬᠠᠤᠯᠢ ᠶᠣᠰᠣᠭ᠋ᠠᠷ ᠰᠢᠭᠦᠮᠵᠢᠯᠡᠨ ᠰᠤᠷᠭ᠋ᠠᠬᠤ᠂ ᠵᠣᠬᠢᠶᠠᠨ ᠪᠠᠶ᠋ᠢᠭᠤᠯᠤᠯᠲᠠ ᠵᠢᠨ ᠰᠢᠢ᠍ᠳᠪᠦᠷᠢᠯᠡᠯᠲᠡ ᠪᠤᠶᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ᠂ ᠵᠠᠰᠠᠭ᠎ᠤᠨ ᠶᠠᠪᠤᠳᠠᠯ᠎ᠤᠨ ᠰᠢᠢ᠍ᠳᠭᠡᠯ ᠥᠭᠭᠦᠨ᠎ᠡ; ᠶᠠᠯ᠎ᠠ ᠬᠢᠭᠰᠡᠨ ᠰᠡᠵᠢᠭᠯᠡᠯᠲᠡᠢ ᠪᠠᠶ᠋ᠢᠪᠠᠯ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠤᠶᠤ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠥᠭᠴᠦ ᠬᠠᠤᠯᠢ ᠶᠣᠰᠣᠭ᠋ᠠᠷ ᠰᠢᠢ᠍ᠳᠪᠦᠷᠢᠯᠡᠭᠦᠯᠦᠨ᠎ᠡ᠄
    (ᠨᠢᠭᠡ) ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠬᠢᠨᠠᠨ ᠪᠠᠶ᠋ᠢᠴᠠᠭ᠋ᠠᠬᠤ ᠠᠵᠢᠯ   ᠦᠷᠨᠢᠬᠦᠯᠦᠭᠰᠡᠨ ᠦᠭᠡᠢ᠎ᠠᠴᠠ ᠪᠣᠯᠵᠤ ᠣᠯᠵᠤ ᠮᠡᠳᠡᠪᠡᠯ ᠵᠣᠬᠢᠬᠤ ᠠᠮᠢ ᠠᠬᠤᠢ ᠣᠷᠴᠢᠨ ᠲᠣᠭᠣᠷᠢᠨ᠎ᠤ ᠴᠢᠬᠤᠯᠠ ᠠᠰᠠᠭᠤᠳᠠᠯ᠎ᠢ ᠣᠯᠵᠤ ᠮᠡᠳᠡᠭᠰᠡᠨ ᠦᠭᠡᠢ;
    (ᠬᠣᠶᠠᠷ)   ᠬᠢᠨᠠᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠦᠨᠡᠨ ᠪᠣᠳᠠᠲᠠᠢ᠎ᠪᠠᠷ ᠮᠡᠳᠡᠭᠦᠯᠦᠭᠰᠡᠨ ᠥᠬᠡᠢ᠂ ᠦᠨᠡᠨ ᠬᠡᠷᠡᠭ᠎ᠢ ᠨᠢᠭᠤᠵᠤ ᠳᠠᠯᠳᠠᠯᠠᠭᠰᠠᠨ᠂ ᠭᠠᠵᠢᠭᠤᠳᠠᠭᠤᠯᠤᠭᠰᠠᠨ᠂ ᠵᠣᠬᠢᠶᠠᠨ ᠪᠠᠶ᠋ᠢᠭᠤᠯᠤᠭᠰᠠᠨ;
    (ᠭᠤᠷᠪᠠ) ᠠᠵᠢᠯ᠎ᠤᠨ ᠳᠤᠮᠳᠠ ᠡᠷᠬᠡ ᠮᠠᠲᠠᠯ᠎ᠠᠴᠠ ᠳᠠᠪᠠᠭᠰᠠᠨ ᠪᠤᠶᠤ ᠲᠣᠭᠲᠠᠭᠰᠠᠨ   ᠵᠢᠷᠤᠮ ᠵᠶ᠋ᠠᠷ ᠬᠢᠨᠠᠨ ᠪᠠᠶ᠋ᠢᠴᠠᠭ᠋ᠠᠬᠤ ᠠᠵᠢᠯ ᠵᠶ᠋ᠠᠨ ᠥᠷᠨᠢᠭᠦᠯᠦᠭᠰᠡᠨ ᠥᠬᠡᠢ᠎ᠠᠴᠠ ᠪᠣᠯᠵᠤ ᠮᠠᠭᠤ ᠦᠷ᠎ᠡ ᠳ᠋ᠦᠩ ᠭᠠᠷᠭ᠋ᠠᠭᠰᠠᠨ;
    (ᠳᠥᠷᠪᠡ) ᠬᠢᠨᠠᠨ ᠪᠠᠶ᠋ᠢᠴᠠᠭ᠋ᠠᠬᠤ ᠠᠵᠢᠯ᠎ᠤᠨ ᠳᠥᠭᠥᠮ ᠨᠥᠬᠥᠴᠡᠯ ᠵᠶ᠋ᠡᠨ ᠠᠰᠢᠭᠯᠠᠨ ᠬᠤᠪᠢ ᠵᠢᠨ ᠠᠰᠢᠭ ᠣᠯᠬᠤ ᠪᠤᠶᠤ ᠪᠤᠰᠤᠳ᠎ᠲᠤ ᠵᠦᠢ ᠶᠣᠰᠣᠨ᠎ᠤ ᠪᠤᠰᠤ ᠠᠰᠢᠭ ᠲᠤᠰᠠ ᠣᠯᠭᠣᠭᠰᠠᠨ;
    (ᠲᠠᠪᠤ) ᠬᠢᠨᠠᠨ ᠪᠠᠶ᠋ᠢᠴᠠᠭ᠋ᠠᠬᠤ ᠠᠵᠢᠯ᠎ᠤᠨ ᠨᠢᠭᠤᠴᠠ ᠵᠢ ᠵᠠᠳᠠᠷᠠᠭᠤᠯᠤᠭᠰᠠᠨ  ;
    (ᠵᠢᠷᠭᠤᠭ᠎ᠠ) ᠬᠢᠨᠠᠨ ᠪᠠᠶ᠋ᠢᠴᠠᠭ᠋ᠠᠬᠤ ᠠᠵᠢᠯ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠎ᠲᠠᠢ ᠪᠠᠶ᠋ᠢᠬᠤ᠃
    ᠭᠤᠴᠢᠨ ᠲᠠᠪᠤᠳᠤᠭ᠋ᠠᠷ ᠵᠦᠢ᠍ᠯ   ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠢᠴᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠯᠪᠠᠨ ᠭᠡᠷ᠎ᠨᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠬᠤ᠎ᠪᠠᠨ ᠴᠢᠩᠭ᠋ᠠᠳᠬᠠᠬᠤ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠵᠣᠬᠢᠴᠠᠭᠤᠯᠭ᠎ᠠ᠎ᠨᠢ ᠬᠦᠴᠦᠨ ᠥᠬᠡᠢ᠂ ᠮᠠᠭᠤ ᠦᠷ᠎ᠡ ᠠᠰᠢᠭ ᠭᠠᠷᠭ᠋ᠠᠭᠰᠠᠨ ᠪᠠᠢ᠌ᠪᠠᠯ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠨᠡᠬᠡᠮᠵᠢᠯᠡᠨ᠎ᠡ᠃
    ᠭᠤᠴᠢᠨ ᠵᠢᠷᠭᠤᠳᠤᠭ᠋ᠠᠷ ᠵᠦᠢ᠍ᠯ   ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠵᠢ ᠳᠡᠮᠵᠢᠵᠦ ᠬᠠᠮᠵᠢᠯᠴᠠᠬᠤ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠵᠢ ᠳᠡᠮᠵᠢᠬᠦ ᠬᠠᠷᠢᠭᠤᠴᠠᠯᠭ᠎ᠠ᠎ᠪᠠᠨ ᠲᠦᠯᠬᠢᠬᠦ᠂ ᠬᠤᠢ᠌ᠰᠢᠯᠠᠭᠤᠯᠬᠤ᠂ ᠲᠡᠪᠴᠢᠵᠦ ᠮᠠᠭᠤ ᠦᠷ᠎ᠡ ᠨᠦᠯᠦᠭᠡ ᠭᠠᠷᠭ᠋ᠠᠭᠰᠠᠨ ᠪᠣᠯ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠨᠡᠬᠡᠮᠵᠢᠯᠡᠨ᠎ᠡ᠃
    ᠭᠤᠴᠢᠨ ᠳᠣᠯᠣᠳᠤᠭ᠋ᠠᠷ ᠵᠦᠢ᠍ᠯ   ᠬᠢᠨᠠᠨ ᠪᠠᠶ᠋ᠢᠴᠠᠭ᠋ᠠᠭᠳᠠᠬᠤ ᠡᠲᠡᠭᠡᠳ᠎ᠨᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠠᠵᠢᠯ ᠵᠶ᠋ᠠᠨ ᠥᠷᠨᠢᠭᠦᠯᠬᠦ᠎ᠳᠤ ᠢᠳᠡᠪᠬᠢᠲᠡᠢ ᠬᠠᠮᠵᠢᠯᠴᠠᠨ᠂ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠳᠤ ᠪᠠᠶ᠋ᠢᠳᠠᠯ ᠪᠠ ᠠᠰᠠᠭᠤᠳᠠᠯ᠎ᠢ ᠦᠨᠡᠨ ᠮᠦᠨ ᠵᠶ᠋ᠡᠷ᠎ᠨᠢ ᠲᠤᠰᠬᠠᠬᠤ ᠬᠡᠷᠡᠭᠲᠡᠢ᠃ ᠬᠢᠨᠠᠨ ᠪᠠᠶ᠋ᠢᠴᠠᠭ᠋ᠠᠭᠳᠠᠬᠤ ᠡᠲᠡᠭᠡᠳ ᠵᠢᠴᠢ ᠲᠡᠭᠦᠨ᠎ᠤ ᠠᠵᠢᠯᠲᠠᠨ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠢ᠌ᠪᠠᠯ᠂ ᠦᠢ᠍ᠯᠡ ᠪᠠᠶ᠋ᠢᠳᠠᠯ᠎ᠤᠨ ᠬᠦᠨᠳᠦ ᠬᠥᠩᠭᠡᠨ᠎ᠢ᠎ᠨᠢ ᠦᠵᠡᠵᠦ ᠪᠠᠶ᠋ᠢᠭ᠋ᠠᠳ᠂ ᠲᠡᠭᠦᠨ᠎ᠤ ᠨᠠᠮ ᠵᠠᠰᠠᠭ᠎ᠤᠨ ᠤᠳᠤᠷᠢᠳᠬᠤ ᠪᠠᠭ᠎ᠤᠨ ᠭᠣᠣᠯ ᠬᠠᠷᠢᠭᠤᠴᠠᠯᠭ᠋ᠠᠲᠠᠨ ᠪᠤᠶᠤ ᠪᠤᠰᠤᠳ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠰᠠᠬᠢᠯᠭ᠎ᠠ ᠪᠠᠲᠤ ᠵᠢᠨ ᠶᠣᠰᠣᠭ᠋ᠠᠷ ᠰᠢᠭᠦᠮᠵᠢᠯᠡᠨ ᠬᠥᠮᠦᠵᠢᠭᠦᠯᠬᠦ᠂ ᠵᠣᠬᠢᠶᠠᠨ ᠪᠠᠶ᠋ᠢᠭᠤᠯᠤᠯᠲᠠ ᠵᠢᠨ ᠰᠢᠢ᠍ᠳᠪᠦᠷᠢᠯᠡᠯᠲᠡ ᠪᠤᠶᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ᠂ ᠵᠠᠰᠠᠭ᠎ᠤᠨ ᠶᠠᠪᠤᠳᠠᠯ᠎ᠤᠨ ᠰᠢᠢ᠍ᠳᠭᠡᠯ ᠥᠭᠭᠦᠨ᠎ᠡ; ᠶᠠᠯ᠎ᠠ ᠬᠢᠭᠰᠡᠨ ᠰᠡᠵᠢᠭᠯᠡᠯᠲᠡᠢ ᠪᠠᠶ᠋ᠢᠪᠠᠯ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠤᠶᠤ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠥᠭᠴᠦ ᠬᠠᠤᠯᠢ ᠶᠣᠰᠣᠭ᠋ᠠᠷ ᠰᠢᠢ᠍ᠳᠪᠦᠷᠢᠯᠡᠭᠦᠯᠦᠨ᠎ᠡ᠄
    (ᠨᠢᠭᠡ) ᠵᠣᠷᠢᠭᠤᠳᠠ ᠬᠤᠳᠠᠯ ᠬᠠᠭᠤᠷᠮᠠᠭ ᠪᠠᠶ᠋ᠢᠳᠠᠯ ᠬᠠᠩᠭ᠋ᠠᠵᠤ᠂ ᠪᠣᠳᠠᠲᠤ ᠶᠠᠪᠤᠳᠠᠯ᠎ᠢ ᠨᠢᠭᠤᠨ ᠳᠠᠯᠳᠠᠯᠠᠵᠤ᠂ ᠭᠠᠵᠢᠭᠤᠳᠠᠭᠤᠯᠵᠤ᠂ ᠵᠣᠬᠢᠶᠠᠨ ᠪᠦᠲᠦᠭᠡᠭᠰᠡᠨ;
    (ᠬᠣᠶᠠᠷ) ᠬᠠᠮᠢᠶ᠎ᠠ ᠪᠦᠬᠦᠢ ᠮᠠᠲ᠋ᠧᠷᠢᠶᠠᠯ᠎ᠢ ᠬᠠᠩᠭ᠋ᠠᠬᠤ ᠵᠢ ᠲᠡᠪᠴᠢᠭᠰᠡᠨ᠂ ᠵᠣᠷᠢᠭᠤᠳᠠ ᠤᠳᠠᠭ᠋ᠠᠰᠢᠷᠠᠭᠤᠯᠤᠭᠰᠠᠨ ᠪᠤᠶᠤ ᠱᠠᠭ᠋ᠠᠷᠳᠠᠯᠭ᠎ᠠ ᠶᠣᠰᠣᠭ᠋ᠠᠷ ᠬᠠᠩᠭ᠋ᠠᠭᠰᠠᠨ ᠦᠭᠡᠢ;
    (ᠭᠤᠷᠪᠠ) ᠬᠣᠯᠪᠣᠭᠳᠠᠯ ᠪᠦᠬᠦᠢ ᠨᠢᠭᠡᠴᠢ ᠪᠤᠶᠤ ᠬᠥᠮᠦᠨ᠎ᠢ ᠵᠢᠭ᠋ᠠᠨ ᠳᠣᠬᠢᠵᠤ᠂ ᠠᠯᠪᠠᠳᠠᠵᠤ ᠪᠠᠶ᠋ᠢᠭ᠋ᠠᠳ ᠬᠢᠨᠠᠨ ᠪᠠᠶ᠋ᠢᠴᠠᠭ᠋ᠠᠬᠤ ᠠᠵᠢᠯ᠎ᠢ ᠬᠠᠷᠰᠢᠯᠠᠭᠰᠠᠨ᠂ ᠬᠤᠷᠢᠭᠯᠠᠭᠰᠠᠨ;
    (ᠳᠥᠷᠪᠡ) ᠲᠤᠬᠠᠢ ᠵᠢᠨ ᠲᠠᠯᠠᠪᠤᠷ᠎ᠲᠤ ᠣᠴᠢᠵᠤ ᠪᠠᠶ᠋ᠢᠴᠠᠭ᠋ᠠᠬᠤ ᠪᠤᠶᠤ ᠪᠠᠶ᠋ᠢᠴᠠᠭ᠋ᠠᠵᠤ ᠭᠡᠷᠡᠴᠢ ᠠᠪᠬᠤ᠎ᠳᠤ ᠬᠠᠮᠵᠢᠯᠴᠠᠬᠤ ᠦᠭᠡᠢ;
    (ᠲᠠᠪᠤ) ᠵᠦᠢ ᠶᠣᠰᠣᠨ᠎ᠤ ᠰᠢᠯᠲᠠᠭ᠋ᠠᠨ ᠥᠬᠡᠢ᠎ᠪᠠᠷ ᠣᠷᠣᠰᠢᠵᠤ ᠪᠠᠶ᠋ᠢᠭ᠎ᠠ ᠠᠰᠠᠭᠤᠳᠠᠯ ᠵᠶ᠋ᠡᠨ ᠵᠠᠯᠠᠷᠠᠭᠤᠯᠬᠤ ᠥᠬᠡᠢ ᠪᠤᠶᠤ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠥᠬᠡᠢ;
    (ᠵᠢᠷᠭᠤᠭ᠎ᠠ) ᠪᠠᠶ᠋ᠢᠳᠠᠯ᠎ᠢ ᠲᠤᠰᠬᠠᠭᠰᠠᠨ ᠺᠠᠳ᠋ᠷ ᠣᠯᠠᠨ ᠲᠦᠮᠡᠨ᠎ᠳᠤ ᠴᠣᠬᠢᠯᠲᠠ ᠥᠭᠴᠦ᠂ ᠬᠠᠷᠢᠭᠤ ᠠᠪᠴᠤ᠂ ᠲᠡᠳᠡᠨ᠎ᠢ ᠬᠣᠣᠷᠯᠠᠭᠰᠠᠨ;
    (ᠳᠣᠯᠣᠭ᠎ᠠ) ᠲᠥᠪᠯᠡᠷᠡᠭᠦᠯᠦᠨ ᠠᠵᠢᠯ ᠵᠣᠭᠰᠣᠭ᠋ᠠᠵᠤ ᠦᠢ᠍ᠯᠡᠳᠪᠦᠷᠢᠯᠡᠯ ᠡᠵᠡᠩᠨᠡᠯᠲᠡ ᠵᠢ᠎ᠨᠢ ᠵᠣᠭᠰᠣᠭ᠋ᠠᠬᠤ ᠵᠡᠷᠭᠡ 《ᠨᠢᠭᠡ ᠯᠡ ᠠᠳᠠᠯᠢ᠎ᠪᠠᠷ ᠱᠠᠭ᠋ᠠᠷᠳᠠᠬᠤ》 ᠠᠷᠭ᠎ᠠ ᠮᠠᠶᠢᠭ᠎ᠢ ᠠᠪᠴᠤ ᠬᠢᠨᠠᠨ ᠪᠠᠢ᠌ᠴᠠᠭ᠋ᠠᠯᠳᠠ ᠵᠢ   ᠠᠷᠭ᠋ᠠᠴᠠᠭ᠋ᠠᠭᠰᠠᠨ;
    (ᠨᠠᠢ᠍ᠮᠠ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠠᠵᠢᠯ᠎ᠢ ᠬᠠᠷᠰᠢᠯᠠᠬᠤ ᠪᠠ   ᠬᠤᠷᠢᠭᠯᠠᠭᠰᠠᠨ ᠪᠤᠰᠤᠳ ᠪᠠᠶ᠋ᠢᠳᠠᠯ᠃
    ᠭᠤᠴᠢᠨ ᠨᠠᠢ᠍ᠮᠠᠳᠤᠭ᠋ᠠᠷ ᠵᠦᠢ᠍ᠯ   ᠬᠢᠨᠠᠨ ᠪᠠᠶ᠋ᠢᠴᠠᠭ᠋ᠠᠭᠳᠠᠬᠤ ᠡᠲᠡᠭᠡᠳ᠎ᠤᠨ ᠣᠷᠣᠨ ᠨᠤᠲᠤᠭ᠂ ᠰᠠᠯᠠᠭ᠎ᠠ ᠮᠥᠴᠢᠷ ᠪᠠ ᠨᠢᠭᠡᠴᠢ ᠵᠢᠨ ᠺᠠᠳ᠋ᠷ ᠣᠯᠠᠨ ᠲᠦᠮᠡᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ᠎ᠳᠤ ᠲᠤᠰ ᠲᠣᠭᠲᠠᠭ᠋ᠠᠯ᠎ᠤᠨ ᠭᠤᠴᠢᠨ ᠳᠥᠷᠪᠡᠳᠦᠭᠡᠷ ᠵᠦᠢ᠍ᠯ᠎ᠳᠤ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠲᠠᠢ ᠪᠠᠶ᠋ᠢᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠪᠠᠢ᠌ᠭᠤᠯᠭ᠎ᠠ᠎ᠳᠤ ᠲᠤᠰᠬᠠᠬᠤ ᠬᠡᠷᠡᠭᠲᠡᠢ᠃
    ᠵᠢᠷᠭᠤᠳᠤᠭ᠋ᠠᠷ ᠪᠦᠯᠦᠭ   ᠳᠠᠭ᠋ᠠᠯᠳᠤᠭᠤᠯᠤᠭᠰᠠᠨ ᠳᠦᠷᠢᠮ
    ᠭᠤᠴᠢ ᠶᠢᠰᠦᠳᠦᠭᠡᠷ ᠵᠦᠢ᠍ᠯ   ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ᠎ᠳᠤ ᠲᠥᠪ ᠪᠣᠯᠤᠨ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠬᠣᠶᠠᠷ ᠱᠠᠲᠤᠨ᠎ᠤ   ᠬᠢᠨᠠᠨ ᠪᠠᠶ᠋ᠢᠴᠠᠭ᠋ᠠᠬᠤ ᠪᠠᠶ᠋ᠢᠭᠤᠯᠤᠯ᠎ᠢ ᠬᠡᠷᠡᠭᠵᠢᠭᠦᠯᠦᠨ᠎ᠡ᠃ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ᠎ᠨᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠯᠲᠠ ᠵᠢᠨ ᠤᠷᠳᠤᠳᠬᠠᠯ ᠪᠠ   ᠨᠦᠬᠦᠪᠦᠷᠢᠯᠡᠯ ᠪᠣᠯᠤᠭᠰᠠᠨ᠎ᠤ ᠬᠤᠪᠢ᠎ᠳᠤ᠂ ᠬᠢᠨᠠᠨ ᠪᠠᠶ᠋ᠢᠴᠠᠭ᠋ᠠᠬᠤ ᠨᠡᠶ᠋ᠢᠯᠡᠮᠡᠯ ᠬᠦᠴᠦᠨ᠎ᠢ ᠪᠣᠢ ᠪᠣᠯᠭ᠋ᠠᠨ᠎ᠠ᠃ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ᠎ᠳᠤ   ᠵᠤᠷᠰᠢᠯᠳᠤ ᠬᠢᠨᠠᠨ ᠪᠠᠶ᠋ᠢᠴᠠᠭ᠋ᠠᠬᠤ᠂ ᠲᠤᠰᠬᠠᠢ ᠵᠦᠢ᠍ᠯ ᠵᠶ᠋ᠡᠷ ᠬᠢᠨᠠᠨ ᠪᠠᠶ᠋ᠢᠴᠠᠭ᠋ᠠᠬᠤ᠂ ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠬᠤ ᠵᠡᠷᠭᠡ ᠠᠷᠭ᠎ᠠ ᠮᠠᠶᠢᠭ᠎ᠢ ᠠᠪᠴᠤ ᠠᠵᠢᠯ ᠵᠶ᠋ᠠᠨ ᠥᠷᠨᠢᠭᠦᠯᠵᠦ᠂ ᠵᠢᠷᠤᠮ᠎ᠢ ᠴᠢᠩᠳᠠᠯᠠᠨ᠂ ᠡᠷᠬᠡ ᠮᠠᠲᠠᠯ᠎ᠢ᠎ᠨᠢ ᠲᠣᠳᠣᠷᠬᠠᠶ᠋ᠢᠯᠠᠵᠤ᠂ ᠰᠠᠬᠢᠯᠭ᠎ᠠ ᠪᠠᠲᠤ ᠵᠢ ᠴᠢᠩᠳᠠᠯᠠᠨ᠂ ᠦᠢ᠍ᠯᠡ ᠠᠵᠢᠯᠯᠠᠭ᠎ᠠ ᠵᠢ᠎ᠨᠢ ᠵᠢᠷᠤᠮᠵᠢᠭᠤᠯᠵᠤ ᠪᠣᠯᠤᠨ᠎ᠠ᠃
    ᠭᠠᠵᠠᠷ ᠣᠷᠣᠨ ᠬᠣᠲᠠ ᠵᠢᠨ ᠱᠠᠲᠤ ᠵᠢᠴᠢ ᠲᠡᠭᠦᠨ᠎ᠠᠴᠠ ᠳᠣᠷᠣᠭᠰᠢᠬᠢ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠳᠣᠣᠷᠠᠲᠤ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠬᠢᠨᠠᠯᠲᠠ ᠲᠠᠯᠪᠢᠬᠤ᠎ᠪᠠᠨ ᠬᠠᠤᠯᠢ ᠲᠣᠭᠲᠠᠭ᠋ᠠᠯ ᠶᠣᠰᠣᠭ᠋ᠠᠷ ᠴᠢᠩᠭ᠋ᠠᠳᠬᠠᠬᠤ ᠬᠡᠷᠡᠭᠲᠡᠢ᠃
    ᠳᠥᠴᠢᠳᠦᠭᠡᠷ ᠵᠦᠢ᠍ᠯ   ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠢ ᠲᠤᠰ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
    ᠳᠥᠴᠢᠨ ᠨᠢᠭᠡᠳᠦᠭᠡᠷ ᠵᠦᠢ᠍ᠯ   ᠲᠤᠰ ᠲᠣᠭᠲᠠᠭ᠋ᠠᠯ᠎ᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃

    ᠳᠥᠴᠢᠨ ᠬᠣᠶᠠᠳᠤᠭ᠋ᠠᠷ ᠵᠦᠢ᠍ᠯ   ᠲᠤᠰ ᠲᠣᠭᠲᠠᠭ᠋ᠠᠯ᠎ᠢ 2019 ᠣᠨ᠎ᠤ 6 ᠰᠠᠷ᠎ᠠ ᠵᠢᠨ 6᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2020 ᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠣᠤᠯᠳᠠᠯᠭ᠎ᠠ
《ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠤᠭᠲᠠᠭ᠋ᠠᠬᠤ ᠵᠢᠷᠤᠮᠵᠢᠯᠠᠯ᠎ᠤᠨ ᠲᠤᠭᠲᠠᠭ᠋ᠠᠯ》᠎ᠤᠨ ᠲᠦᠷᠦ ᠵᠢᠨ ᠪᠤᠳᠤᠯᠭ᠎ᠠ ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠮᠦᠩᠭᠡ ᠰᠣᠪᠠᠭ · ᠨᠢᠭᠡ ᠯᠠ ᠤᠳᠠᠭ᠎ᠠ᠎ᠳᠤ ᠭᠦᠢ᠍ᠴᠡᠳᠬᠡᠬᠦ〉 ᠠᠵᠢᠯ᠎ᠢ ᠪᠥᠬᠦ ᠲᠠᠯ᠎ᠠ᠎ᠪᠠᠷ ᠶᠠᠪᠤᠭᠳᠠᠭᠤᠯᠬᠤ ᠬᠡᠷᠡᠭᠵᠢᠭᠦᠯᠬᠦ ᠲᠥᠰᠦᠯ》᠎ᠤᠨ ᠲᠦᠷᠦ ᠵᠢᠨ ᠪᠤᠳᠤᠯᠭ᠎ᠠ ᠵᠢᠨ ᠲᠣᠪᠴᠢ ᠠᠰᠠᠭᠤᠯᠲᠠ ᠬᠠᠷᠢᠭᠤᠯᠲᠠ
ᠠᠯᠠᠱ᠌ᠠ ᠠᠶ᠋ᠢᠮᠠᠭ᠎ᠤᠨ 2021 ᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
             蒙ICP备05000248号