ᠨᠢᠭᠡ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠰᠠᠶ᠋ᠢᠲᠤᠷ ᠬᠢᠬᠦ᠎ᠨᠢ ᠶᠠᠮᠠᠷ ᠠᠴᠢ ᠬᠣᠯᠪᠣᠭᠳᠠᠯ᠎ᠲᠠᠢ ᠪᠤᠢ?
2020 ᠣᠨ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠴᠦᠰ᠎ᠤᠨ ᠵᠢᠯ ᠪᠣᠯᠤᠨ᠎ᠠ᠂ ᠮᠦᠨ ᠴᠤ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠰᠠᠨᠠᠯ (ᠲᠥᠪ ᠠᠯᠪᠠᠨ ᠲᠠᠷᠬᠠᠭ᠋ᠠᠭᠰᠠᠨ[2016] 8 ᠳ᠋ᠤᠭ᠋ᠠᠷ ᠲᠣᠭ᠋ᠠᠲᠤ)᠎ᠢ ᠲᠤᠤᠱᠯᠠᠭᠤᠯᠤᠨ ᠨᠠᠢ᠍ᠢ᠍ᠳᠠᠪᠤᠷᠢᠵᠢᠭᠤᠯᠵᠤ ᠰᠢᠯᠭ᠋ᠠᠨ ᠪᠠᠢ᠌ᠴᠠᠭ᠋ᠠᠬᠤ ᠵᠢᠯ ᠪᠣᠯᠤᠨ᠎ᠠ᠃ ᠰᠢᠨ᠎ᠡ ᠴᠠᠭ ᠦᠶ᠎ᠡ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠲᠦᠯᠬᠢᠨ ᠠᠬᠢᠭᠤᠯᠬᠤ᠎ᠨᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠍ᠢ᠍ᠭᠡᠮ ᠵᠢᠷᠤᠮ᠎ᠤᠨ ᠠᠷᠠᠳᠴᠢᠯᠠᠭᠰᠠᠨ ᠤᠯᠤᠰ ᠲᠥᠷᠥ ᠵᠢ ᠬᠥᠭᠵᠢᠭᠦᠯᠬᠦ᠎ᠳᠤ ᠠᠰᠢᠭᠲᠠᠢ ᠪᠠᠢ᠍ᠢ᠍ᠵᠤ᠂ ᠠᠷᠠᠳ ᠲᠦᠮᠡᠨ᠎ᠤ ᠡᠮᠬᠢ ᠵᠢᠷᠤᠮ᠎ᠲᠠᠢ᠎ᠪᠠᠷ ᠤᠯᠤᠰ ᠲᠥᠷᠥ᠎ᠳᠤ ᠣᠷᠣᠯᠴᠠᠬᠤ ᠵᠢ ᠬᠥᠲᠥᠯᠥᠨ ᠵᠢᠯᠣᠭᠣᠳᠴᠤ᠂ ᠠᠷᠠᠳ ᠲᠦᠮᠡᠨ᠎ᠤ ᠪᠠᠶ᠋ᠢᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠵᠢᠴᠢ ᠬᠢᠨᠠᠯᠲᠠ ᠲᠠᠯᠪᠢᠬᠤ ᠡᠷᠬᠡ᠎ᠪᠠᠨ ᠬᠠᠤᠯᠢ ᠶᠣᠰᠣᠭ᠋ᠠᠷ ᠬᠡᠷᠡᠭᠵᠢᠭᠦᠯᠬᠦ ᠵᠢ ᠪᠠᠲᠤᠯᠠᠵᠤ᠂ ᠨᠠᠮ ᠪᠠ ᠵᠠᠰᠠᠭ᠎ᠤᠨ ᠣᠷᠳᠣᠨ᠎ᠤ ᠢᠳᠡᠭᠡᠮᠵᠢ ᠵᠢᠴᠢ ᠬᠦᠢ᠍ᠴᠡᠳᠬᠡᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠠᠷᠠᠳ ᠲᠦᠮᠡᠨ᠎ᠤ ᠨᠠᠮ ᠪᠠ ᠵᠠᠰᠠᠭ᠎ᠤᠨ ᠣᠷᠳᠣᠨ᠎ᠤ ᠠᠵᠢᠯ᠎ᠳᠠᠬᠢ ᠢᠲᠡᠭᠡᠯ ᠪᠠ ᠳᠡᠮᠵᠢᠯᠭᠡ ᠵᠢ ᠨᠡᠮᠡᠭᠳᠡᠭᠦᠯᠦᠨ᠎ᠡ᠃
ᠬᠣᠶᠠᠷ᠂ 2020 ᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠰᠠᠶ᠋ᠢᠲᠤᠷ ᠬᠢᠬᠦ ᠵᠢᠨ ᠶᠡᠷᠦᠩᠬᠡᠶ ᠱᠠᠭ᠋ᠠᠷᠳᠠᠯᠭ᠎ᠠ᠎ᠨᠢ ᠶᠠᠭᠤ ᠪᠤᠢ?
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠵᠣ᠂ ᠠᠷᠠᠳ ᠲᠦᠮᠡᠨ ᠵᠶ᠋ᠠᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ᠎ᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠢᠢ᠍ᠳᠪᠦᠷᠢᠲᠦ ᠪᠣᠳᠣᠯᠭ᠎ᠠ᠂ ᠪᠠᠶ᠋ᠢᠷᠢᠯᠠᠭᠤᠯᠤᠯᠲᠠ ᠪᠠ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠢ ᠬᠢᠨᠠᠮᠠᠭ᠋ᠠᠢ ᠨᠠᠢ᠍ᠢ᠍ᠳᠠᠪᠤᠷᠢᠵᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠷᠠᠳ ᠣᠯᠠᠨ᠎ᠤ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠤᠨ ᠬᠡᠪᠴᠢᠶᠡᠨ᠎ᠳᠤ ᠢᠯᠡ ᠪᠤᠯᠭ᠋ᠠᠬᠤ᠎ᠪᠠᠷ ᠳᠠᠮᠵᠢᠭᠤᠯᠤᠨ ᠨᠠᠢ᠍ᠢ᠍ᠳᠠᠪᠤᠷᠢᠵᠢᠭᠤᠯᠬᠤ ᠵᠢ ᠠᠬᠢᠭᠤᠯᠵᠤ᠂ᠢᠯᠡ ᠪᠤᠯᠭ᠋ᠠᠬᠤ᠎ᠪᠠᠷ ᠳᠠᠮᠵᠢᠭᠤᠯᠤᠨ ᠳᠦᠷᠢᠮᠵᠢᠯ᠎ᠢ ᠠᠬᠢᠭᠤᠯᠤᠨ᠂ ᠢᠯᠡ ᠪᠤᠯᠭ᠋ᠠᠬᠤ᠎ᠪᠠᠷ ᠳᠠᠮᠵᠢᠭᠤᠯᠤᠨ ᠦᠢ᠍ᠯᠡᠴᠢᠯᠡᠭᠡ ᠵᠢ ᠠᠬᠢᠭᠤᠯᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠢᠯᠡ ᠪᠣᠯᠭ᠋ᠠᠬᠤ ᠠᠵᠢᠯᠯᠭ᠎ᠠ ᠵᠢ ᠤᠬᠠᠮᠰᠠᠷ ᠪᠣᠯᠭ᠋ᠠᠵᠤ᠂ ᠢᠯᠡ ᠲᠣᠳᠣ ᠪᠠᠢ᠌ᠯᠭ᠋ᠠᠬᠤ ᠵᠢ ᠬᠡᠪᠰᠢᠯ ᠪᠤᠯᠭ᠋ᠠᠨ᠂ ᠢᠯᠡ ᠲᠣᠳᠣ ᠪᠠᠶ᠋ᠢᠯᠭ᠋ᠠᠬᠤ᠎ᠪᠠᠷ ᠲᠠᠮᠵᠢᠨ ᠠᠷᠠᠳ ᠲᠦᠮᠡᠨ᠎ᠤ ᠨᠡᠩ ᠬᠦᠨᠵᠡᠭᠡᠢ ᠣᠶ᠋ᠢᠯᠠᠭ᠋ᠠᠯᠲᠠ᠂ ᠢᠲᠡᠭᠡᠯ ᠪᠠ ᠳᠡᠮᠵᠢᠯᠭᠡ ᠵᠢ ᠤᠯᠬᠤ ᠬᠡᠷᠡᠭᠲᠡᠢ᠃
ᠭᠤᠷᠪᠠ᠂ ᠠᠵᠢᠯ᠎ᠤᠨ ᠡᠭᠦᠷᠭᠡ ᠶᠠᠭᠤ ᠪᠣᠶ?
(ᠨᠢᠭᠡ) ᠮᠡᠳᠡᠭᠡ ᠵᠠᠩᠭᠢ ᠵᠢ ᠢᠯᠡ ᠪᠣᠯᠭ᠋ᠠᠬᠤ ᠬᠢᠷᠢ ᠳᠦᠪᠰᠢᠨ᠎ᠢ ᠳᠡᠭᠡᠭᠰᠢᠯᠡᠭᠦᠯᠦᠨ᠎ᠡ
(1) ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠦᠢ᠍ᠯᠡᠳᠪᠤᠷᠢᠯᠡᠯ᠎ᠢ ᠰᠡᠷᠭᠦᠭᠡᠵᠦ ᠬᠢᠴᠢᠶᠡᠯ ᠰᠡᠷᠭᠦᠭᠡᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠢᠯᠡ ᠪᠤᠯᠭ᠋ᠠᠬᠤ ᠬᠡᠷᠡᠭᠳᠠᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠵᠠᠰᠠᠭ᠎ᠤᠨ ᠣᠷᠳᠣᠨ᠎ᠤ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠪᠠᠷ ᠲᠠᠮᠵᠢᠭᠤᠯᠤᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠲᠣᠰ ᠭᠠᠵᠠᠷ ᠣᠷᠣᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠢ᠌ᠯᠡᠨ ᠡᠵᠡᠮᠳᠡᠭᠰᠡᠨ ᠪᠠᠢ᠌ᠳᠠᠯ᠂
ᠠᠵᠢᠯ ᠦᠢ᠍ᠯᠡᠳᠪᠦᠷᠢᠯᠡᠯ᠎ᠢ ᠰᠡᠷᠭᠦᠭᠡᠬᠦ᠂ ᠬᠢᠴᠢᠶᠡᠯ ᠰᠡᠷᠭᠦᠭᠡᠬᠦ ᠲᠤᠬᠠᠢ ᠲᠥᠷᠥ ᠵᠢᠨ ᠪᠣᠳᠣᠯᠭ᠎ᠠ ᠵᠢᠨ ᠰᠤᠷᠠᠭ ᠴᠢᠮᠡᠭᠡ ᠵᠢᠴᠢ ᠠᠵᠢᠯ᠎ᠤᠨ ᠠᠬᠢᠯᠳᠠ ᠵᠢᠨ ᠪᠠᠢ᠌ᠳᠠᠯ ᠵᠡᠷᠭᠡ ᠵᠢ ᠨᠢᠭᠡᠳᠦᠯᠳᠠᠢ ᠨᠡᠢ᠌ᠳᠡᠯᠡᠵᠦ᠂ ᠠᠰᠠᠭᠤᠨ ᠯᠠᠪᠯᠠᠬᠤ ᠤᠲᠠᠰᠤ ᠵᠢ ᠢᠯᠡ ᠪᠤᠯᠭ᠋ᠠᠵᠤ᠂ ᠠᠵᠢᠯ ᠦᠢ᠍ᠯᠡᠳᠪᠦᠷᠢᠯᠡᠯ᠎ᠢ ᠰᠡᠷᠭᠦᠭᠡᠬᠦ᠂ ᠬᠢᠴᠢᠶᠡᠯ ᠰᠡᠷᠭᠦᠭᠡᠬᠦ᠎ᠳᠤ ᠠᠰᠢᠭᠲᠠᠶ ᠨᠥᠬᠥᠴᠡᠯ᠎ᠢ ᠡᠭᠦᠳᠴᠦ᠂ ᠠᠵᠤ ᠠᠬᠤᠶ ᠨᠡᠶ᠋ᠢᠭᠡᠮ᠎ᠤᠨ ᠠᠵᠢᠯᠯᠠᠭ᠋ᠠᠨ᠎ᠤ ᠡᠮᠬᠢ ᠵᠢᠷᠤᠮ ᠲᠦᠷᠭᠡᠨ ᠰᠡᠷᠬᠦᠬᠦ᠎ᠳᠤ ᠲᠤᠰᠠᠯᠠᠬᠤ ᠬᠡᠷᠡᠭᠳᠠᠢ᠃
(2) ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠢᠯᠡ ᠪᠣᠯᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠵᠠᠰᠠᠭ᠎ᠤᠨ ᠣᠷᠳᠣᠨ᠎ᠤ ᠠᠯᠪᠠᠨ ᠮᠡᠳᠡᠭᠡ᠂ ᠵᠠᠰᠠᠭ᠎ᠤᠨ ᠣᠷᠳᠣᠨ᠎ᠤ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠯᠡ ᠨᠡᠢ᠌ᠳᠡᠯᠡᠯ᠎ᠤᠨ ᠲᠠᠪᠴᠠᠩ ᠵᠡᠷᠭᠡ᠎ᠪᠠᠷ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠡ ᠪᠣᠯᠭ᠋ᠠᠵᠤ᠂ ᠪᠠᠰᠠ ᠰᠣᠨᠢᠨ ᠮᠡᠳᠡᠭᠡ ᠨᠡᠶ᠋ᠢᠲᠡᠯᠡᠬᠦ ᠬᠤᠷᠠᠯ᠂ ᠲᠥᠷᠥ ᠵᠢᠨ ᠪᠣᠳᠣᠯᠭ᠎ᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ᠂ ᠲᠤᠰᠬᠠᠶ ᠮᠡᠷᠭᠡᠵᠢᠯᠲᠡᠨ᠎ᠤ ᠲᠠᠶ᠋ᠢᠯᠤᠮᠵᠢ ᠵᠡᠷᠭᠡ ᠠᠷᠭ᠎ᠠ ᠮᠠᠶᠢᠭ ᠵᠶ᠋ᠠᠷ ᠲᠠᠶ᠋ᠢᠯᠪᠤᠷᠢᠯᠠᠯᠲᠠ ᠬᠢᠵᠦ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠨ ᠲᠠᠷᠬᠠᠭ᠋ᠠᠭᠰᠠᠨ ᠠᠬᠤᠶ ᠪᠠᠶ᠋ᠢᠳᠠᠯ ᠵᠢᠴᠢ ᠬᠣᠯᠪᠣᠭᠳᠠᠯ ᠪᠦᠬᠦᠢ ᠠᠭᠤᠯᠭ᠎ᠠ ᠵᠢ ᠨᠡᠶ᠋ᠢᠭᠡᠮ᠎ᠤᠨ ᠡᠯ᠎ᠡ ᠡᠲᠡᠭᠡᠳ᠎ᠲᠤ ᠴᠠᠭ ᠲᠤᠬᠠᠶ᠎ᠳᠤᠨᠢ ᠣᠶ᠋ᠢᠯᠠᠭ᠋ᠠᠭᠤᠯᠬᠤ ᠬᠡᠷᠡᠭᠲᠡᠶ᠃
(3) ᠭᠣᠤᠯᠳᠠᠯᠭ᠎ᠠ᠎ᠲᠠᠢ ᠬᠦᠷᠢᠶ᠎ᠡ ᠬᠡᠪᠴᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠬᠤ ᠬᠡᠷᠡᠭᠳᠠᠢ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠠᠮᠤᠨ᠂ ᠵᠥᠪᠯᠡᠯ᠎ᠤᠨ ᠳᠠᠷᠤᠮᠠᠯᠯᠠᠨ ᠲᠠᠷᠬᠠᠭ᠋ᠠᠭᠰᠠᠨ 26 ᠰᠠᠯᠪᠤᠷᠢ᠎ᠳᠠᠬᠢ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠᠷᠢᠮᠵᠢᠶ᠎ᠠ ᠵᠢᠨ ᠵᠢᠯᠣᠭᠣᠳᠤᠮᠵᠢ (ᠭᠠᠷᠴᠠᠭ)᠎ᠪᠠᠷ ᠯᠠᠪᠯᠠᠯᠲᠠ ᠪᠣᠯᠭ᠋ᠠᠵᠤ᠂ ᠴᠢᠬᠤᠯᠠ ᠲᠤᠮᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠤᠢ᠌ᠯ᠎ᠢ ᠬᠢᠨᠡᠨ ᠵᠥᠪᠰᠢᠶᠡᠷᠡᠬᠦ ᠪᠠ ᠬᠡᠷᠡᠭᠵᠢᠭᠦᠯᠬᠦ᠂ ᠣᠯᠠᠨ ᠨᠡᠢ᠌ᠳᠡ ᠵᠢᠨ ᠡᠬᠢ ᠪᠠᠶᠠᠯᠢᠭ᠎ᠢ ᠳᠣᠭᠢᠷᠠᠭᠤᠯᠬᠤ ᠠᠵᠢᠯ᠎ᠤᠨ ᠬᠡᠪᠴᠢᠶᠡᠨ᠎ᠳᠠᠬᠢ ᠮᠡᠳᠡᠭᠡ ᠵᠠᠩᠭᠢ᠂ ᠨᠡᠶ᠋ᠢᠭᠡᠮ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠤᠨ ᠪᠥᠲᠥᠭᠡᠨ ᠪᠠᠶ᠋ᠢᠭᠤᠯᠤᠯᠲᠠ ᠵᠢᠨ ᠬᠡᠪᠴᠢᠶᠡᠨ᠎ᠳᠠᠬᠢ ᠮᠡᠳᠡᠭᠡ ᠵᠠᠩᠭᠢ ᠵᠢᠨ ᠢᠯᠡ ᠪᠣᠯᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠳᠠᠢ᠃
(4) ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠠᠬᠢᠭᠤᠯᠬᠤ ᠬᠡᠷᠡᠭᠳᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠠᠷᠢᠮᠵᠢᠶ᠎ᠠ ᠵᠢᠨ ᠰᠢᠰᠲ᠋ᠧᠮ᠎ᠢ ᠪᠠᠶ᠋ᠢᠭᠤᠯᠵᠤ᠂ ᠪᠠᠷᠢᠮᠵᠢᠶᠠᠵᠢᠭᠰᠠᠨ ᠠᠷᠭ᠎ᠠ ᠪᠠᠷᠢᠯ ᠵᠶ᠋ᠠᠷ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠨᠡᠶ᠋ᠢᠲᠡᠯᠢᠭ ᠰᠢᠨᠵᠢ ᠪᠤᠯᠤᠨ ᠳᠤᠪᠤᠢ᠍ᠮᠠ ᠠᠰᠠᠭᠤᠳᠠᠯ᠎ᠢ ᠰᠢᠢ᠍ᠳᠪᠤᠷᠢᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ ᠲᠠᠪᠴᠠᠩ᠎ᠢ ᠪᠠᠶ᠋ᠢᠭᠤᠯᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠶᠠᠪᠤᠭᠳᠠᠭᠤᠯᠬᠤ ᠳᠠᠷᠠᠭ᠋ᠠᠯᠠᠯ᠎ᠢ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠰᠦᠯᠵᠢᠶ᠎ᠡ᠎ᠪᠠᠷ ᠬᠦᠢ᠍ᠴᠡᠳᠭᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
(5) ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠤᠨ᠎ᠠ᠃ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠣᠳᠣᠬᠠᠨ᠎ᠤ ᠪᠠ ᠬᠣᠶ᠋ᠢᠰᠢᠳᠠ ᠵᠢᠨ ᠭᠡᠰᠡᠭ ᠬᠤᠭᠤᠴᠠᠭ᠋ᠠᠨ᠎ᠤ ᠭᠣᠤᠯᠳᠠᠯᠭ᠎ᠠ᠎ᠲᠠᠢ ᠠᠵᠢᠯ ᠪᠣᠯᠤᠭᠰᠠᠨ᠎ᠤ ᠬᠤᠪᠢ᠎ᠳᠤ᠂ ᠵᠢᠭ᠋ᠠᠨ ᠵᠢᠯᠣᠭᠣᠳᠴᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠵᠣᠬᠢᠶᠠᠨ ᠪᠠᠶ᠋ᠢᠭᠤᠯᠤᠯᠲᠠ ᠵᠢᠨ ᠪᠠᠳᠤᠯᠠᠭ᠎ᠠ᠎ᠪᠠᠨ ᠴᠢᠩᠭ᠋ᠠᠳᠬᠠᠨ᠂ ᠪᠠᠶ᠋ᠢᠭᠤᠯᠤᠮᠵᠢ ᠲᠤᠭᠳᠠᠯᠴᠠᠭ᠎ᠠ᠎ᠪᠠᠨ ᠳᠡᠭᠦᠯᠳᠡᠷᠵᠢᠭᠦᠯᠵᠦ᠂ 2020 ᠣᠨ᠎ᠤ 10 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠠᠷᠴᠠᠭ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠵᠣᠬᠢᠶᠠᠬᠤ ᠪᠠ ᠢᠯᠡ ᠪᠣᠯᠭ᠋ᠠᠬᠤ ᠠᠵᠢᠯ᠎ᠢ ᠪᠡᠶᠡᠯᠡᠭᠦᠯᠦᠨ᠎ᠡ᠃
(ᠬᠣᠶᠠᠷ) ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠠᠪᠴᠠᠩ᠎ᠢ ᠪᠠᠢ᠌ᠭᠤᠯᠤᠨ᠎ᠠ
(6) ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠡᠷᠴᠢᠮᠵᠢᠭᠰᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠵᠠᠰᠠᠭ᠎ᠤᠨ ᠣᠷᠳᠣᠨ᠎ᠤ ᠰᠦᠯᠵᠢᠶᠡᠨ ᠦᠷᠲᠡᠭᠡ ᠵᠢᠨ ᠡᠷᠴᠢᠮᠵᠢᠭᠦᠯᠬᠦ ᠪᠠᠶ᠋ᠢᠭᠤᠯᠤᠯᠲᠠ ᠵᠢ ᠠᠬᠢᠭᠤᠯᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠢᠯᠡ ᠨᠡᠢ᠌ᠳᠡᠯᠡᠬᠦ ᠲᠠᠪᠴᠠᠩ᠎ᠤᠨ ᠪᠠᠢ᠌ᠭᠤᠯᠤᠯᠳᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠦᠯᠵᠢᠶ᠎ᠡ ᠵᠢ ᠮᠡᠳᠡᠭᠡ ᠵᠠᠩᠭᠢ ᠵᠢ ᠨᠠᠩ ᠪᠦᠬᠦ ᠲᠠᠯ᠎ᠠ᠎ᠪᠠᠷ ᠢᠯᠡ ᠪᠣᠯᠭ᠋ᠠᠬᠤ ᠲᠠᠪᠴᠠᠩ ᠪᠤᠯᠭ᠋ᠠᠵᠤ᠂ ᠲᠥᠷᠥ ᠵᠢᠨ ᠪᠣᠳᠣᠯᠭ᠎ᠠ ᠵᠢ ᠨᠡᠩ ᠡᠷᠬᠡ ᠰᠦᠷᠲᠦ ᠬᠦᠴᠦᠨ ᠪᠦᠬᠦᠢ ᠨᠡᠢ᠌ᠳᠡᠯᠡᠬᠦ᠂ ᠲᠠᠶ᠋ᠢᠯᠤᠮᠵᠢ ᠬᠢᠬᠦ ᠪᠠ ᠶᠠᠷᠢᠶ᠎ᠠ ᠬᠡᠯᠡᠯᠴᠡᠭᠡ ᠵᠢ ᠬᠥᠲᠥᠯᠥᠨ ᠵᠢᠯᠣᠭᠣᠳᠬᠤ ᠲᠠᠪᠴᠠᠩ ᠪᠤᠯᠭ᠋ᠠᠵᠤ᠂ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠬᠦ ᠪᠠ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠲᠠᠪᠴᠠᠩ ᠪᠤᠯᠭ᠋ᠠᠨ᠎ᠠ᠃
(7) ᠵᠠᠰᠠᠭ᠎ᠤᠨ ᠣᠷᠳᠣᠨ᠎ᠤ ᠰᠢᠰᠲ᠋ᠧᠮ᠎ᠤᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ ᠥᠷᠲᠡᠭᠡ ᠵᠢᠨ ᠪᠠᠶ᠋ᠢᠭᠤᠯᠤᠯᠲᠠ᠂ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠰᠦᠯᠵᠢᠶ᠎ᠡ ᠪᠠᠢ᠌ᠭᠤᠯᠬᠤ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠵᠠᠭᠪᠤᠷ᠂ ᠨᠢᠭᠡᠳᠦᠯᠲᠡᠶ ᠬᠡᠪᠴᠢᠶ᠎ᠡ᠂ ᠨᠢᠭᠡᠳᠦᠯᠲᠡᠶ ᠲᠦᠷᠢᠮᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠰᠢᠰᠲ᠋ᠧᠮ᠎ᠤᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ ᠥᠷᠲᠡᠭᠡ ᠵᠢᠨ ᠡᠷᠴᠢᠮᠵᠢᠭᠰᠡᠨ ᠲᠠᠪᠴᠠᠩ᠎ᠤᠨ ᠲᠦᠯᠦᠪᠵᠢᠭᠦᠯᠭᠡ᠂ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠬᠢᠵᠤ᠂ ᠨᠡᠢ᠌ᠳᠡᠯᠡᠯ᠎ᠤᠨ ᠠᠭᠤᠯᠭ᠎ᠠ ᠵᠢ ᠪᠠᠶᠠᠯᠢᠭᠵᠢᠭᠤᠯᠤᠨ᠂ ᠦᠵᠡᠬᠦ᠂ ᠬᠠᠢ᠌ᠬᠤ᠂ ᠪᠠᠭᠤᠯᠭ᠋ᠠᠬᠤ ᠴᠢᠳᠠᠮᠵᠢ ᠵᠡᠷᠭᠡ ᠵᠢ ᠰᠢᠯᠢᠳᠡᠭᠵᠢᠭᠦᠯᠦᠨ ᠲᠤᠬᠢᠷᠠᠭᠤᠯᠤᠨ᠎ᠡ᠃
(8) ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠳᠠᠬᠢ ᠬᠢᠨᠠᠯᠳᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠳᠠᠬᠢ ᠬᠠᠮᠢᠶᠠᠷᠤᠯᠲᠠ ᠬᠢᠨᠠᠯᠳᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠬᠠᠮᠢᠶᠠᠷᠤᠯᠲᠠ ᠵᠢ ᠵᠢᠷᠤᠮᠵᠢᠭᠤᠯᠤᠨ᠂ ᠠᠵᠤ ᠠᠬᠤᠶ᠋ᠢᠯᠠᠯ᠎ᠳᠤ ᠠᠰᠢᠭᠲᠠᠢ᠂ ᠠᠷᠠᠳ᠎ᠲᠤ ᠲᠥᠬᠥᠮ᠂ ᠬᠢᠯᠠᠰ ᠴᠡᠭ ᠣᠯᠠᠨ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ 《ᠬᠤᠷᠤᠭᠤᠨ ᠦᠵᠦᠭᠦᠷ ᠳᠡᠭᠡᠷᠡᠬᠢ ᠰᠦᠯᠵᠢᠶᠡᠨ᠎ᠤ ᠵᠠᠰᠠᠭ᠎ᠤᠨ ᠣᠷᠳᠣᠨ》᠎ᠢ ᠪᠠᠶ᠋ᠢᠭᠤᠯᠤᠨ᠎ᠠ᠃
(9) ᠵᠠᠰᠠᠭ᠎ᠤᠨ ᠣᠷᠳᠣᠨ᠎ᠤ ᠠᠯᠪᠠᠨ ᠮᠡᠳᠡᠭᠡ ᠵᠢ ᠦᠷᠭᠦᠯᠵᠢᠯᠡᠨ ᠰᠠᠶ᠋ᠢᠲᠤᠷ ᠬᠢᠨ᠎ᠡ᠃ ᠵᠠᠰᠠᠭ᠎ᠤᠨ ᠣᠷᠳᠣᠨ᠎ᠤ ᠠᠯᠪᠠᠨ ᠮᠡᠳᠡᠭᠡ ᠵᠢᠨ ᠡᠷᠬᠡ ᠰᠦᠷᠲᠦ ᠴᠢᠨᠠᠷ᠎ᠢ ᠤᠯᠠᠮ ᠨᠢᠭᠡ ᠠᠯᠬᠤᠮ ᠳᠣᠪᠣᠶ᠋ᠢᠯᠭ᠋ᠠᠵᠤ᠂ ᠲᠡᠭᠦᠨ᠎ᠤ ᠣᠯᠠᠨ ᠶᠠᠩᠵᠤᠴᠢᠯᠠᠭᠰᠠᠨ ᠲᠠᠷᠬᠠᠭ᠋ᠠᠯᠳᠠ ᠵᠢᠨ ᠳᠤᠮᠳᠠ ᠵᠠᠰᠠᠭ᠎ᠤᠨ ᠣᠷᠳᠣᠨ᠎ᠤ ᠡᠷᠬᠡ ᠰᠦᠷ᠎ᠢ ᠨᠠᠩ ᠰᠠᠶ᠋ᠢᠨ ᠲᠠᠭᠤᠷᠢᠰᠬᠠᠬᠤ ᠬᠡᠷᠡᠭᠲᠡᠶ᠃
(ᠭᠤᠷᠪᠠ) ᠲᠠᠶ᠋ᠢᠯᠤᠮᠵᠢ ᠬᠢᠵᠦ ᠬᠠᠷᠢᠭᠤ ᠥᠭᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ
(10) ᠲᠥᠷᠥ ᠵᠢᠨ ᠪᠣᠳᠣᠯᠭ᠎ᠠ ᠵᠢᠨ ᠲᠠᠢ᠍ᠯᠤᠮᠵᠢ ᠬᠢᠬᠦ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠤᠨ᠎ᠠ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢᠨ ᠲᠠᠢ᠍ᠯᠤᠮᠵᠢ ᠬᠢᠬᠦ ᠠᠵᠢᠯ᠎ᠤᠨ ᠬᠢᠨᠠᠯᠲᠠ ᠵᠤᠬᠢᠴᠠᠭᠤᠯᠭ᠎ᠠ᠎ᠪᠠᠨ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠭᠣᠣᠯ ᠪᠣᠯᠬᠤ ᠬᠠᠷᠢᠭᠤᠴᠠᠯᠭ᠋ᠠᠳᠠᠨ᠎ᠤ ᠲᠠᠶ᠋ᠢᠯᠤᠮᠵᠢ ᠪᠠ ᠦᠰᠦᠭ ᠪᠢᠴᠢᠭ᠎ᠤᠨ ᠪᠤᠰᠤ ᠲᠠᠶ᠋ᠢᠯᠤᠮᠵᠢ ᠬᠢᠬᠦ ᠬᠠᠷᠢᠴᠠᠯ᠎ᠢ ᠳᠡᠭᠡᠭᠰᠢᠯᠡᠭᠦᠯᠵᠦ᠂ ᠶᠡᠷᠦᠮᠳᠡᠭ ᠳᠦᠭᠦᠮᠴᠢᠯᠡᠭᠰᠡᠨ ᠲᠠᠶ᠋ᠢᠯᠤᠮᠵᠢ ᠵᠢ ᠡᠷᠡᠰ ᠬᠣᠷᠢᠭᠯᠠᠵᠤ᠂ 《ᠴᠠᠭ᠋ᠠᠰᠣᠨ ᠳᠡᠭᠡᠷᠡᠬᠢ》 ᠳᠠᠢ᠍ᠯᠤᠮᠵᠢ ᠵᠢ
《ᠪᠣᠳᠠᠲᠠᠶ ᠬᠢᠬᠦ》 ᠲᠠᠢ᠍ᠯᠤᠮᠵᠢ ᠪᠤᠯᠭ᠋ᠠᠵᠤ᠂ ᠴᠢᠷᠮᠠᠶ᠋ᠢᠪᠠᠯ ᠰᠠᠶᠢ ᠪᠡᠶᠡᠯᠡᠭᠦᠯᠵᠦ ᠴᠢᠳᠠᠬᠤ ᠠᠵᠢᠯ᠎ᠤᠨ ᠬᠠᠷᠠᠯᠲᠠ ᠵᠢ ᠣᠯᠠᠨ ᠲᠦᠮᠡᠨ᠎ᠤ ᠨᠢᠭᠡᠨᠲᠡ ᠪᠣᠳᠠᠲᠠᠶ ᠡᠳ᠋ᠯᠡᠵᠦ ᠪᠠᠶ᠋ᠢᠭ᠎ᠠ ᠲᠥᠷᠥ ᠵᠢᠨ ᠪᠣᠳᠣᠯᠭ᠎ᠠ ᠵᠢᠨ ᠦᠷ᠎ᠡ ᠠᠰᠢᠭ᠎ᠤᠨ ᠲᠠᠢ᠍ᠯᠦᠮᠵᠢ ᠪᠤᠯᠭ᠋ᠠᠨ᠎ᠠ᠃
(11) ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠪᠦᠲᠦᠮᠵᠢᠲᠡᠶ ᠬᠠᠷᠢᠭᠤᠯᠲᠠ ᠦᠭᠭᠦ ᠬᠡᠷᠡᠭᠳᠠᠢ᠃ 《ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ》 ᠵᠠᠷᠴᠢᠮ ᠶᠣᠰᠣᠭ᠋ᠠᠷ᠂ ᠣᠯᠠᠨ ᠲᠦᠮᠡᠨ᠎ᠤ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠶ᠎ᠳᠤᠨᠢ ᠤᠢ᠌ᠯᠠᠭ᠋ᠠᠬᠤ ᠬᠡᠷᠡᠭᠳᠡᠢ᠃
(ᠳᠦᠷᠪᠡ) ᠮᠠᠳᠠᠭ᠎ᠲᠠᠢ ᠠᠰᠠᠭᠤᠳᠠᠯ᠎ᠤᠨ ᠲᠠᠢ᠌ᠯᠪᠤᠷᠢᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
(12) ᠳᠦᠷᠢᠮ ᠲᠣᠭᠲᠠᠭ᠋ᠠᠯ ᠪᠠ ᠪᠠᠷᠢᠮᠵᠢᠶ᠎ᠠ ᠵᠢ ᠢᠯᠡ ᠲᠣᠳᠣ ᠪᠠᠶ᠋ᠢᠯᠭ᠋ᠠᠬᠤ ᠵᠢ ᠲᠦᠯᠬᠢᠨ ᠠᠬᠢᠭᠤᠯᠤᠨ᠎ᠠ᠃ ᠳᠦᠷᠢᠮ ᠲᠣᠭᠲᠠᠭ᠋ᠠᠯ ᠪᠠ ᠪᠠᠷᠢᠮᠵᠢᠶ᠎ᠠ ᠵᠢᠨ ᠬᠢᠨᠠᠯᠲᠠ ᠬᠠᠮᠢᠶᠠᠷᠤᠯᠲᠠ ᠵᠢ ᠢᠯᠡ ᠪᠣᠯᠭ᠋ᠠᠬᠤ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠥᠷᠥᠯ ᠵᠤᠢ᠌ᠯ ᠬᠤᠪᠢᠶᠠᠨ ᠡᠮᠬᠢᠯᠡᠵᠦ᠂ ᠴᠠᠭ ᠲᠤᠬᠠᠶ᠎ᠳᠤᠨᠢ ᠰᠢᠨᠡᠳᠬᠡᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠳᠠ ᠵᠢᠨ ᠴᠢᠳᠠᠪᠤᠷᠢ ᠵᠢᠨ ᠳᠡᠭᠡᠭᠰᠢᠯᠡᠯᠲᠡ᠎ᠳᠤ ᠨᠠᠩ ᠶᠡᠭᠡ ᠬᠦᠴᠦ ᠨᠡᠮᠡᠷᠢᠯᠡᠬᠦ ᠬᠡᠷᠡᠭᠳᠡᠢ᠃ ᠮᠡᠳᠡᠭᠡ ᠵᠠᠩᠭᠢ ᠵᠢᠨ ᠢᠯᠡ ᠪᠣᠯᠭ᠋ᠠᠬᠤ ᠠᠵᠢᠯ᠎ᠤᠨ ᠲᠥᠪ ᠭᠣᠣᠯᠴᠢ ᠬᠢᠨᠠᠨ ᠬᠠᠮᠢᠶᠠᠷᠤᠯᠲᠠ ᠳᠤᠮᠳᠠᠬᠢ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠢᠯᠡ ᠪᠠᠶ᠋ᠢᠯᠭ᠋ᠠᠬᠤ᠎ᠪᠠᠷ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠷᠬᠡ ᠲᠡᠭᠰᠢ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠪᠠᠶ᠋ᠢᠭᠤᠯᠤᠨ᠎ᠠ᠃
(13) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠲᠠᠢ ᠠᠭᠤᠰᠤᠯᠴᠠᠨ ᠬᠥᠭᠵᠢᠬᠦ ᠵᠢ ᠴᠢᠩᠭ᠋ᠠᠳᠬᠠᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠣᠳᠠᠲᠠᠶ ᠪᠠᠢ᠌ᠳᠠᠯ᠎ᠲᠠᠢ ᠤᠶᠠᠯᠳᠤᠭᠤᠯᠤᠨ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠠᠪᠴᠠᠩ ᠪᠤᠯᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠲᠤᠰᠬᠠᠶ ᠪᠤᠯᠤᠩ᠂ ᠲᠤᠰᠬᠠᠶ ᠭᠠᠵᠠᠷ ᠲᠤᠬᠢᠷᠠᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠦᠷᠦᠯ᠂ ᠠᠵᠢᠯ ᠬᠦᠢ᠍ᠴᠡᠳᠭᠡᠬᠦ ᠵᠦᠭᠯᠡᠭᠦᠷ᠂ ᠠᠵᠢᠯ ᠬᠦᠢ᠍ᠴᠡᠳᠭᠡᠬᠦ ᠶᠠᠪᠤᠴᠠ᠂ ᠠᠵᠢᠯ ᠬᠦᠢ᠍ᠴᠡᠳᠭᠡᠬᠦ ᠪᠠᠶ᠋ᠢᠭᠤᠯᠤᠮᠵᠢ ᠵᠡᠷᠭᠡ ᠮᠡᠳᠡᠭᠡ ᠵᠠᠩᠭᠢ ᠵᠢ ᠪᠥᠬᠥ ᠲᠠᠯ᠎ᠠ᠎ᠪᠠᠷ ᠣᠨᠣᠪᠴᠢᠲᠠᠶ ᠢᠯᠡ ᠪᠤᠯᠭ᠋ᠠᠬᠤ ᠬᠡᠷᠡᠭᠳᠠᠢ᠃
(ᠲᠠᠪᠤ) ᠠᠵᠢᠯ᠎ᠤᠨ ᠰᠠᠭᠤᠷᠢ᠎ᠪᠠᠨ ᠪᠠᠲᠤᠳᠬᠠᠬᠤ ᠬᠡᠷᠡᠭᠲᠡᠢ
(14) ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠳᠡᠢ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ᠎ᠤ ᠳᠠᠷᠠᠭ᠋ᠠᠬᠢ ᠬᠠᠮᠢᠶᠠᠷᠤᠯᠲᠠ ᠵᠢ ᠴᠢᠩᠭ᠋ᠠᠳᠬᠠᠵᠤ᠂ ᠨᠢᠭᠡᠳᠦᠯᠲᠡᠶ ᠲᠠᠪᠴᠠᠩ ᠵᠶ᠋ᠠᠷ ᠳᠠᠮᠵᠢᠭᠤᠯᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ (ᠬᠡᠯᠬᠢᠶᠡᠰᠦ ᠵᠢᠨ ᠳ᠋ᠤᠭ᠋ᠠᠷ᠂ ᠭᠠᠷᠴᠠᠭ᠂ ᠲᠠᠷᠬᠠᠭ᠋ᠠᠭᠰᠠᠨ ᠪᠢᠴᠢᠭ ᠮᠠᠲ᠋ᠧᠷᠢᠶᠠᠯ᠎ᠤᠨ ᠳ᠋ᠤᠭ᠋ᠠᠷ᠂ ᠭᠣᠤᠯ ᠰᠡᠳᠦᠪ᠎ᠤᠨ ᠠᠩᠭᠢᠯᠠᠯ᠂ ᠪᠢᠴᠢᠭ ᠮᠠᠲ᠋ᠧᠷᠢᠶᠠᠯ ᠶᠠᠪᠤᠭᠤᠯᠤᠭᠰᠠᠨ ᠪᠠᠶ᠋ᠢᠭᠤᠯᠭ᠎ᠠ᠂ ᠪᠢᠴᠢᠭ ᠮᠠᠲ᠋ᠧᠷᠢᠶᠠᠯ ᠶᠠᠪᠤᠭᠤᠯᠤᠭᠰᠠᠨ ᠡᠳᠦᠷ ᠬᠤᠭᠤᠴᠠᠭ᠎ᠠ ᠵᠡᠷᠭᠡ ᠭᠣᠤᠯ ᠪᠣᠯᠬᠤ ᠤᠤᠯ ᠲᠣᠭ᠎ᠠ ᠪᠠᠷᠢᠮᠲᠠ) ᠵᠢ ᠵᠢᠷᠤᠮᠵᠢᠭᠤᠯᠤᠨ ᠨᠡᠶ᠋ᠢᠲᠡᠯᠡᠬᠦ ᠵᠢᠨ ᠬᠠᠮᠲᠤ᠂ ᠲᠣᠭᠲᠠᠭ᠋ᠠᠭᠰᠠᠨ᠂ ᠥᠭᠡᠷᠡᠴᠢᠯᠡᠭᠰᠡᠨ᠂ ᠬᠦᠴᠦᠨ ᠥᠬᠡᠶ ᠪᠣᠯᠭ᠋ᠠᠭᠰᠠᠨ ᠵᠡᠷᠭᠡ ᠪᠠᠶ᠋ᠢᠳᠠᠯ᠎ᠢ ᠦᠨᠳᠦᠰᠦᠯᠡᠨ ᠬᠥᠳᠡᠯᠦᠩᠭᠦᠶ᠎ᠪᠠᠷ ᠳᠣᠭᠢᠷᠠᠭᠤᠯᠤᠨ ᠰᠢᠨᠡᠴᠢᠯᠡᠵᠤ᠂ ᠰᠠᠭᠤᠷᠢ ᠲᠣᠭ᠎ᠠ᠎ᠨᠢ ᠲᠣᠳᠣᠷᠬᠠᠶ ᠦᠭᠡᠢ᠂ ᠰᠢᠰᠲ᠋ᠧᠮ᠎ᠨᠢ ᠪᠦᠷᠢᠨ ᠬᠦᠢ᠍ᠴᠡᠳ ᠪᠤᠰᠤ ᠵᠡᠷᠭᠡ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠳᠠᠢ᠃
(15) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠷᠠᠭᠤᠯᠬᠤ ᠬᠡᠷᠡᠭᠲᠡᠶ᠃ ᠡᠯ᠎ᠡ ᠱᠠᠲᠤᠨ᠎ᠤ ᠵᠠᠰᠠᠭ᠎ᠤᠨ ᠣᠷᠳᠣᠨ᠂ ᠢᠯᠠᠩᠭᠤᠶ᠎ᠠ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠨᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠪᠠᠶ᠋ᠢᠭᠤᠯᠤᠮᠵᠢ ᠪᠠ ᠠᠵᠢᠯᠲᠠᠨ᠎ᠢ ᠲᠣᠳᠣᠷᠬᠠᠶ᠋ᠢᠯᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠲᠤᠰᠬᠠᠢ ᠪᠠᠶ᠋ᠢᠭᠤᠯᠤᠮᠵᠢ ᠡᠭᠦᠷᠭᠡᠯᠡᠵᠤ᠂ ᠲᠤᠰᠬᠠᠢ ᠠᠵᠢᠯᠲᠠᠨ ᠬᠠᠷᠢᠭᠤᠴᠠᠵᠤ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠬᠦᠢ᠍ᠴᠡᠳᠭᠡᠵᠦ᠂ ᠲᠤᠬᠢᠷᠠᠭᠤᠯᠤᠨ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠲᠦᠯᠬᠢᠨ ᠠᠬᠢᠭᠤᠯᠵᠤ᠂ ᠵᠢᠯᠤᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠠᠶ᠋ᠢᠭᠤᠯᠤᠮᠵᠢ᠎ᠨᠤᠭᠤᠳ ᠦᠨᠡᠨᠬᠦ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠤᠬᠠᠶ᠋ᠢᠯᠠᠭᠰᠠᠨ ᠠᠵᠢᠯ᠎ᠤᠨ ᠪᠤᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ᠂ ᠡᠯ᠎ᠡ ᠲᠦᠷᠦᠯ᠎ᠤᠨ ᠠᠵᠢᠯ᠎ᠢ ᠨᠠᠶ᠋ᠢᠳᠠᠪᠤᠷᠢᠵᠢᠭᠤᠯᠤᠨ ᠨᠠᠷᠢᠯᠢᠭᠵᠢᠭᠤᠯᠬᠤ ᠵᠢ ᠠᠬᠢᠭᠤᠯᠬᠤ ᠬᠡᠷᠡᠭᠳᠠᠢ᠃
(16) ᠠᠵᠢᠯ᠎ᠤᠨ ᠳᠦᠷᠢᠮ ᠲᠤᠭᠳᠠᠭ᠋ᠠᠯ᠎ᠢ ᠲᠤᠭᠳᠠᠭ᠋ᠠᠵᠤ ᠪᠦᠷᠢᠨᠰᠢᠭᠦᠯᠬᠦ ᠬᠡᠷᠡᠭᠲᠡᠶ᠃ ᠭᠤᠶᠤᠴᠢᠯᠠᠯ᠎ᠢ ᠦᠨᠳᠦᠰᠦᠯᠡᠨ ᠢᠯᠡ ᠪᠣᠯᠭ᠋ᠠᠬᠤ ᠠᠵᠢᠯ᠎ᠢ ᠵᠢᠷᠤᠮᠵᠢᠭᠤᠯᠬᠤ ᠬᠡᠷᠡᠭᠲᠡᠶ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ ᠵᠢᠴᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠠᠷᠴᠠᠭ᠎ᠢ ᠴᠠᠭ ᠲᠤᠬᠠᠶ᠎ᠳᠤᠨᠢ ᠰᠢᠨᠡᠳᠬᠡᠬᠦ ᠬᠡᠷᠡᠭᠳᠠᠢ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠬᠠᠤᠯᠢ ᠶᠣᠰᠣᠭ᠋ᠠᠷ ᠣᠨᠣᠪᠴᠢᠲᠠᠶ ᠨᠠᠶ᠋ᠢᠷᠠᠭᠤᠯᠤᠨ ᠵᠣᠬᠢᠶᠠᠵᠤ ᠨᠡᠢ᠌ᠳᠡᠯᠡᠨ᠂ ᠢᠳᠡᠪᠬᠢᠳᠠᠢ᠎ᠪᠠᠷ ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠳᠡᠢ᠃