ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠪᠥᠲᠥᠭᠡᠨ ᠪᠠᠶ᠋ᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠭᠤᠷ ᠠᠮᠢᠰᠬᠤᠯ᠎ᠤᠨ ᠬᠤᠪᠢᠷᠠᠯᠲᠠ ᠬᠢᠭᠡᠳ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ ᠎ᠡ ᠵᠢ ᠪᠠᠭ᠋ᠠᠰᠬᠠᠬᠤ ᠲᠤᠬᠠᠢ ᠲᠤᠰᠬᠠᠶ ᠠᠵᠢᠯ᠎ᠤᠨ ᠲᠢᠩᠬᠢᠮ᠎ᠤᠨ ᠬᠣᠭᠣᠷᠣᠨᠳᠣᠬᠢ ᠬᠤᠯᠪᠣᠭ᠋ᠠᠲᠤ ᠬᠤᠷᠠᠯ᠎ᠤᠨ ᠲᠦᠷᠢᠮ》 ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-04-14

      ᠨᠢᠭᠡ᠂ ᠲᠤᠭᠤᠷᠪᠢᠭᠰᠠᠨ ᠠᠬᠤᠶ ᠪᠠᠶ᠋ᠢᠳᠠᠯ
     2018 ᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠠᠷᠠᠭ᠎ᠠ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠡᠭᠦᠷᠭᠡ ᠴᠢᠳᠠᠪᠬᠢ ᠵᠢ ᠬᠥᠭᠵᠢᠭᠦᠯᠦᠯᠲᠡ ᠥᠭᠡᠷᠡᠴᠢᠯᠡᠯᠲᠡ ᠵᠢᠨ ᠰᠢᠰᠲ᠋ᠧᠮ᠎ᠠᠴᠠ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠳᠤ ᠬᠤᠪᠢᠶᠠᠷᠢᠯᠠᠨ ᠰᠢᠯᠵᠢᠭᠦᠯᠪᠡ᠃ ᠡᠭᠦᠨ᠎ᠤ ᠬᠠᠮᠲᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠵᠡᠷᠭᠡ ᠬᠦᠯᠡᠮᠵᠢ ᠵᠢᠨ ᠬᠡᠢ ᠪᠡᠶᠡᠲᠦ ᠵᠢᠨ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ (ᠳᠣᠷᠣᠭᠰᠢ ᠨᠡᠭᠦᠷᠡᠰᠦᠲᠥ᠋ᠷᠥᠭᠴᠢ ᠵᠢᠨ ᠬᠦᠴᠦᠯᠡᠴᠡ ᠵᠢ ᠡᠵᠡᠮᠰᠢᠬᠦ ᠭᠡᠵᠦ ᠨᠡᠷᠡᠯᠡᠨ᠎ᠡ) ᠵᠢ ᠡᠨᠧᠷᠭᠢ ᠵᠢᠨ ᠬᠤᠷᠣᠭᠳᠠᠭᠤᠯᠤᠯ᠎ᠢ ᠡᠵᠡᠮᠳᠡᠬᠦ᠎ᠯᠦᠭᠡ ᠬᠠᠷᠢᠴᠠᠭ᠎ᠠ᠎ᠪᠠᠨ ᠰᠠᠯᠭ᠋ᠠᠬᠤ ᠵᠢ ᠪᠣᠬᠢᠷᠲᠣᠯ ᠭᠠᠳᠠᠭᠰᠢᠯᠠᠭᠤᠯᠬᠤ ᠬᠡᠪᠴᠢᠶᠡᠨ᠎ᠳᠤ ᠣᠷᠣᠭᠤᠯᠵᠤ ᠤᠯᠠᠮᠵᠢᠯᠠᠯᠲᠤ ᠪᠣᠬᠢᠷᠲᠤᠯ ᠪᠣᠳᠠᠰ᠎ᠲᠠᠢ ᠵᠡᠷᠭᠡ᠎ᠪᠠᠷ ᠬᠠᠮᠢᠶᠠᠷᠤᠨ᠎ᠠ᠃ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠣᠯ ᠨᠢᠭᠡᠨ ᠰᠢᠨ᠎ᠡ᠎ᠪᠠᠷ ᠡᠬᠢᠯᠡᠬᠦᠯᠵᠦ ᠪᠠᠢ᠌ᠭ᠎ᠠ ᠠᠵᠢᠯ ᠶᠤᠮ᠂ ᠲᠡᠷᠡ᠎ᠨᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠤᠯᠠᠨ ᠲᠠᠯ᠎ᠠ᠎ᠳᠤ ᠬᠣᠯᠪᠣᠭᠳᠠᠵᠤ ᠪᠠᠶ᠋ᠢᠳᠠᠭ᠃ ᠨᠡᠭᠦᠷᠡᠰᠦᠲᠥ᠋ᠷᠥᠭᠴᠢ ᠵᠢᠨ ᠬᠦᠴᠦᠯᠡᠴᠡ ᠵᠢ ᠡᠵᠡᠮᠳᠡᠬᠦ ᠪᠣᠯ ᠴᠢᠨᠠᠷ ᠰᠠᠶ᠋ᠢᠲᠠᠢ ᠬᠥᠭᠵᠢᠯᠲᠡ ᠵᠢ ᠬᠡᠮᠵᠢᠬᠦ ᠬᠡᠮᠵᠢᠭᠦᠷ ᠮᠥᠨ᠂ ᠪᠠᠰᠠ ᠴᠤ᠌ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠠᠵᠢᠯ᠎ᠤᠨ ᠴᠢᠬᠤᠯᠠ ᠭᠠᠷᠤᠭ᠎ᠠ ᠮᠥᠨ᠃ ᠣᠳᠣᠬᠠᠨ᠎ᠳᠤ ᠮᠠᠨ᠎ᠤ ᠣᠷᠣᠨ᠎ᠤ ᠨᠡᠭᠦᠷᠡᠰᠦᠲᠥ᠋ᠷᠥᠭᠴᠢ ᠵᠢᠨ ᠬᠦᠴᠦᠯᠡᠴᠡ ᠵᠢ ᠡᠵᠡᠮᠳᠡᠬᠦ ᠪᠠᠢ᠌ᠳᠠᠯ ᠲᠡᠶ᠋ᠢᠮᠦ ᠰᠠᠶ᠋ᠢᠨ ᠪᠢᠰᠢ᠂ ᠳᠠᠬᠢᠨ ᠡᠭᠦᠰᠴᠦ ᠪᠣᠯᠬᠤ ᠡᠨᠧᠷᠭᠢ ᠵᠢᠨ ᠬᠥᠭᠵᠢᠯᠲᠡ᠂ ᠡᠨᠧᠷᠭᠢ ᠵᠢᠨ ᠬᠤᠷᠣᠭᠳᠠᠯ ᠬᠦᠴᠦᠯᠡᠴᠡ ᠵᠢ ᠪᠠᠭᠤᠷᠠᠭᠤᠯᠬᠤ᠂ ᠪᠠᠷᠢᠯᠭ᠎ᠠ ᠵᠢᠨ ᠡᠨᠧᠷᠭᠢ ᠠᠷᠪᠢᠯᠠᠬᠤ᠂ ᠵᠠᠮ ᠬᠠᠷᠢᠯᠴᠠᠭ᠋ᠠᠨ᠎ᠤ ᠡᠨᠧᠷᠭᠢ ᠠᠷᠪᠢᠯᠠᠬᠤ᠂ ᠣᠶ ᠰᠢᠭᠤᠶ ᠵᠢᠨ ᠨᠡᠭᠦᠷᠡᠰᠦᠲᠥ᠋ᠷᠥᠭᠴᠢ ᠵᠢᠨ ᠬᠤᠷᠠᠮᠠᠯ ᠵᠡᠷᠭᠡ᠎ᠲᠠᠢ ᠮᠠᠰᠢ ᠶᠡᠭᠡ ᠬᠣᠯᠪᠣᠭᠳᠠᠯ ᠴᠢᠨᠠᠷᠲᠠᠢ᠎ᠲᠠᠢ ᠪᠠᠶ᠋ᠢᠵᠤ᠂ ᠲᠥᠯᠥᠪᠵᠢᠭᠦᠯᠭᠡ ᠵᠢᠨ ᠬᠠᠷᠠᠯᠲᠠ ᠵᠢ ᠪᠠᠢ᠍ᠷᠢᠯᠠᠭᠤᠯᠬᠤ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠬᠤ ᠲᠠᠯ᠎ᠠ᠎ᠪᠠᠷ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠠᠯᠬᠤᠮ ᠵᠶ᠋ᠠᠨ ᠨᠢᠭᠡᠳᠦᠯᠲᠡᠶ ᠪᠠᠶ᠋ᠢᠯᠭ᠋ᠠᠬᠤ ᠵᠢ ᠪᠠᠲᠤᠯᠠᠵᠤ᠂ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠴᠢᠬᠤᠯᠠᠲᠠᠶ ᠪᠠᠶ᠋ᠢᠨ᠎ᠠ᠃ ᠡᠭᠦᠨ᠎ᠤ ᠲᠤᠯᠠᠳᠠ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠤᠬᠠᠢ ᠲᠤᠰᠬᠠᠶ ᠠᠵᠢᠯ᠎ᠤᠨ ᠬᠤᠯᠪᠤᠭ᠋ᠠᠲᠤ ᠬᠤᠷᠠᠯ᠎ᠤᠨ ᠲᠦᠷᠢᠮ (ᠬᠦᠷᠭᠡᠨ ᠬᠢᠨᠠᠭᠤᠯᠬᠤ ᠨᠣᠤᠷᠠᠭ)》᠎ᠢ ᠰᠤᠳᠤᠯᠤᠨ ᠲᠤᠭᠤᠷᠪᠢᠵᠤ᠂ ᠰᠠᠯᠠᠭ᠎ᠠ ᠮᠥᠴᠢᠷ᠎ᠤᠳ᠎ᠢ ᠤᠯᠠᠮ ᠨᠢᠭᠡ ᠠᠯᠬᠤᠮ ᠲᠣᠳᠣᠷᠠᠭᠤᠯᠤᠨ᠂ ᠡᠭᠦᠷᠭᠡ ᠬᠠᠷᠢᠭᠤᠴᠠᠯᠭ᠎ᠠ ᠵᠢ᠎ᠨᠢ ᠲᠣᠳᠣᠷᠬᠠᠶ᠋ᠢᠯᠠᠵᠤ᠂ ᠲᠣᠭᠲᠠᠴᠠ ᠪᠠᠢ᠌ᠭᠤᠯᠤᠨ᠎ᠠ᠃ ᠡᠨᠡ ᠬᠦ᠌ ᠠᠵᠢᠯ᠎ᠢ ᠬᠠᠮᠵᠢᠯᠴᠠᠨ ᠠᠬᠢᠭᠤᠯᠵᠤ ᠳᠦᠷᠢᠮᠵᠢᠭᠦᠯᠦᠭᠰᠡᠨ ᠪᠠᠶ᠋ᠢᠳᠠᠯ᠎ᠢ ᠪᠤᠢ ᠪᠣᠯᠭ᠋ᠠᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠳᠤᠯᠠᠭ᠋ᠠᠨ᠎ᠢ ᠡᠵᠡᠮᠰᠢᠨ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠬᠠᠷᠠᠯᠲᠠ ᠵᠢ ᠴᠢᠷᠮᠠᠶ᠋ᠢᠨ ᠪᠡᠶᠡᠯᠡᠭᠦᠯᠦᠨ᠎ᠡ᠃
      ᠬᠣᠶᠠᠷ᠂ ᠲᠤᠭᠤᠷᠪᠢᠭᠰᠠᠨ ᠶᠠᠪᠤᠴᠠ
     2019 ᠣᠨ᠎ᠤ 10 ᠰᠠᠷ᠎ᠠ ᠵᠢᠨ ᠰᠡᠭᠦᠯᠴᠢ᠎ᠪᠠᠷ᠂ ᠠᠮᠢ ᠠᠬᠤᠶ ᠣᠷᠴᠢᠨ ᠲᠣᠭᠤᠷᠢᠨ᠎ᠤ ᠶᠠᠮᠤᠨ ᠪᠡᠭᠡᠵᠢᠩ᠎ᠳᠤ ᠯᠢᠶᠣᠤᠨᠢᠩ᠂ ᠴᠦᠩᠴᠢᠩ᠂ ᠭᠤᠸᠠᠩᠰᠢ᠂ ᠨᠢᠩᠰᠢᠶᠠ᠂ ᠲᠥᠪᠡᠳ᠂ ᠥᠪᠥᠷ ᠮᠣᠩᠭᠣᠯ ᠵᠡᠷᠭᠡ ᠮᠤᠵᠢ ᠣᠷᠣᠨ᠎ᠢ ᠳᠠᠭᠤᠳᠠᠨ ᠴᠤᠭᠯᠠᠭᠤᠯᠵᠤ ᠬᠦᠯᠡᠮᠵᠢ ᠵᠢᠨ ᠬᠡᠶ ᠵᠢᠨ ᠭᠠᠳᠠᠭᠰᠢᠯᠠᠭᠤᠯᠤᠯᠲᠠ ᠵᠢ ᠡᠵᠡᠮᠰᠢᠬᠦ ᠬᠠᠷᠠᠯᠲᠠ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠲᠤᠬᠠᠶ ᠶᠠᠷᠢᠯᠴᠠᠨ᠂ ᠮᠠᠨ᠎ᠤ ᠣᠷᠣᠨ᠎ᠤ ᠭᠣᠤᠯᠳᠠᠯᠭ᠎ᠠ᠎ᠨᠢ ᠤᠯᠤᠰ᠎ᠠᠴᠠ ᠬᠠᠪᠰᠤᠷᠤᠨ ᠰᠢᠢ᠍ᠳᠪᠤᠷᠢᠯᠡᠬᠦ ᠴᠢᠬᠤᠯᠠᠲᠠᠶ ᠠᠰᠠᠭᠤᠳᠠᠯ᠎ᠤᠨ ᠲᠤᠬᠠᠶ ᠰᠢᠢ᠍ᠳᠪᠤᠷᠢᠯᠡᠬᠦ ᠰᠠᠨᠠᠭᠤᠯᠭ᠎ᠠ ᠳᠤᠷᠠᠳᠪᠠ᠃ ᠳᠠᠷᠠᠭ᠎ᠠ᠎ᠨᠢ᠂ ᠪᠢᠳᠡ ᠳᠣᠲᠣᠭ᠋ᠠᠳᠤ ᠭᠠᠳᠠᠭ᠋ᠠᠳᠤ ᠬᠣᠶᠠᠷ ᠲᠠᠯ᠎ᠠ᠎ᠠᠴᠠ ᠠᠷᠭ᠎ᠠ ᠪᠣᠳᠣᠵᠤ᠂ ᠠᠵᠢᠯ ᠬᠢᠵᠦ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠨᠡᠭᠦᠷᠡᠰᠦᠲᠥ᠋ᠷᠥᠭᠴᠢ ᠪᠠᠭᠤᠷᠠᠭᠤᠯᠬᠤ ᠡᠭᠦᠷᠭᠡ ᠬᠠᠷᠠᠯᠲᠠ ᠵᠢ ᠮᠠᠰᠢ ᠶᠡᠬᠡ ᠴᠢᠷᠮᠠᠶ᠋ᠢᠯᠭ᠎ᠠ ᠭᠠᠷᠭ᠋ᠠᠵᠤ ᠪᠡᠶᠡᠯᠡᠭᠦᠯᠦᠭᠰᠡᠨ ᠶᠤᠮ᠃ 《ᠬᠤᠯᠪᠣᠭ᠋ᠠᠲᠤ ᠬᠤᠷᠠᠯ᠎ᠤᠨ ᠳᠦᠷᠢᠮ》᠎ᠢ ᠲᠤᠭᠤᠷᠪᠢᠬᠤ ᠶᠠᠪᠤᠴᠠ᠎ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠢᠴᠢ ᠡᠨᠧᠷᠭᠢ ᠠᠷᠪᠢᠯᠠᠵᠤ ᠪᠣᠬᠢᠷᠲᠤᠯ᠎ᠢ ᠪᠠᠭ᠋ᠠᠰᠬᠠᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠶ ᠰᠤᠳᠤᠯᠵᠤ᠂ ᠪᠤᠰᠤᠳ ᠮᠣᠵᠢ ᠬᠣᠲᠠ ᠵᠢᠨ ᠨᠡᠭᠦᠷᠡᠰᠦᠲᠥ᠋ᠷᠥᠭᠴᠢ ᠵᠢᠨ ᠬᠦᠴᠦᠯᠡᠴᠡ ᠵᠢ ᠡᠵᠡᠮᠳᠡᠬᠦ ᠠᠵᠢᠯ᠎ᠤᠨ ᠲᠤᠷᠰᠢᠯᠭ᠎ᠠ᠎ᠪᠠᠷ ᠲᠣᠯᠢ ᠪᠣᠯᠭ᠋ᠠᠬᠤ ᠵᠢᠨ ᠬᠠᠮᠲᠤ ᠮᠠᠨ᠎ᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠪᠠ᠃ ᠡᠨᠡ ᠬᠤᠭᠤᠴᠠᠭ᠋ᠠᠨ᠎ᠳᠤ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠤᠬᠠᠢ ᠲᠤᠰᠬᠠᠶ ᠠᠵᠢᠯ᠎ᠤᠨ ᠬᠤᠯᠪᠣᠭ᠋ᠠᠲᠤ ᠬᠤᠷᠠᠯ᠎ᠤᠨ ᠲᠦᠷᠢᠮ (ᠰᠠᠨᠠᠯ ᠬᠤᠷᠢᠶᠠᠬᠤ ᠨᠣᠤᠷᠠᠭ)᠎ᠤᠨ ᠰᠠᠨᠠᠯ ᠬᠤᠷᠢᠶᠠᠬᠤ ᠲᠤᠬᠠᠶ ᠪᠢᠴᠢᠭ》᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠪᠠ ᠨᠢᠭᠡᠴᠢ᠎ᠠᠴᠠ ᠰᠠᠨᠠᠯ ᠵᠥᠪᠯᠡᠯᠭᠡ ᠬᠤᠷᠢᠶᠠᠨ᠂ ᠶᠡᠷᠦᠩᠬᠡᠶ᠋ᠢᠯᠡᠨ ᠵᠠᠳᠠᠯᠵᠤ᠂ ᠬᠢᠨᠠᠮᠠᠭ᠋ᠠᠶ ᠰᠤᠳᠤᠯᠬᠤ᠎ᠪᠠᠷ ᠳᠠᠮᠵᠢᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠤᠬᠠᠢ ᠲᠤᠰᠬᠠᠶ ᠠᠵᠢᠯ᠎ᠤᠨ ᠬᠤᠯᠪᠣᠭ᠋ᠠᠲᠤ ᠬᠤᠷᠠᠯ᠎ᠤᠨ ᠳᠦᠷᠢᠮ (ᠬᠦᠷᠭᠡᠨ ᠬᠢᠨᠠᠭᠤᠯᠬᠤ ᠨᠣᠣᠷᠠᠭ)》᠎ᠢ ᠲᠥᠯᠥᠪᠰᠢᠭᠦᠯᠪᠡ᠃
      ᠭᠤᠷᠪᠠ᠂ ᠭᠣᠤᠯ ᠠᠭᠤᠯᠭ᠎ᠠ
     《ᠬᠤᠯᠪᠣᠭ᠋ᠠᠲᠤ ᠬᠤᠷᠠᠯ᠎ᠤᠨ ᠲᠦᠷᠢᠮ》᠎ᠢ ᠨᠡᠢ᠌ᠳᠡ ᠲᠠᠪᠤᠨ ᠬᠡᠰᠡᠭ᠎ᠲᠤ ᠬᠤᠪᠢᠶᠠᠨ᠎ᠠ᠂ ᠭᠣᠤᠯ ᠡᠭᠦᠷᠭᠡ ᠬᠠᠷᠢᠭᠤᠴᠠᠯᠭ᠎ᠠ᠂ ᠪᠦᠷᠢᠯᠳᠦᠬᠦᠨ ᠨᠢᠭᠡᠴᠢ᠂ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠂ ᠠᠵᠢᠯ᠎ᠤᠨ ᠲᠦᠷᠢᠮ ᠪᠠ ᠠᠵᠢᠯ᠎ᠤᠨ ᠱᠠᠭ᠋ᠠᠷᠳᠠᠯᠭ᠎ᠠ ᠵᠡᠷᠭᠡ ᠪᠠᠭᠲᠠᠨ᠎ᠠ᠃ ᠨᠢᠭᠡᠳᠦᠭᠡᠷ ᠬᠡᠰᠡᠭ᠎ᠨᠢ ᠭᠣᠣᠯ ᠡᠭᠦᠷᠭᠡ ᠬᠠᠷᠢᠭᠤᠴᠠᠯᠭ᠎ᠠ ᠪᠣᠯᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ   ᠪᠠ ᠮᠦᠨ ᠴᠤ᠌ ᠮᠠᠨ᠎ᠤ ᠣᠷᠣᠨ᠎ᠤ ᠪᠣᠳᠠᠲᠤ ᠪᠠᠢ᠍ᠳᠠᠯ᠎ᠲᠠᠢ ᠤᠶᠠᠯᠳᠤᠭᠤᠯᠤᠨ᠂ ᠬᠤᠯᠪᠣᠭ᠋ᠠᠲᠤ ᠬᠤᠷᠠᠯ᠎ᠤᠨ ᠳᠦᠷᠢᠮ᠎ᠤᠨ ᠭᠣᠤᠯ ᠡᠭᠦᠷᠭᠡ ᠴᠢᠳᠠᠪᠤᠷᠢ ᠵᠢ ᠲᠠᠪᠤᠨ ᠲᠠᠯ᠎ᠠ᠎ᠠᠴᠠ ᠲᠤᠭᠤᠷᠪᠢᠨ ᠲᠣᠭᠲᠠᠭ᠋ᠠᠪᠠ᠃ ᠬᠣᠶᠠᠳᠤᠭ᠋ᠠᠷ ᠬᠡᠰᠡᠭ᠎ᠨᠢ ᠪᠦᠷᠢᠯᠳᠦᠬᠦᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠤᠰᠬᠠᠶ ᠠᠵᠢᠯ᠎ᠤᠨ ᠬᠤᠯᠪᠣᠭ᠋ᠠᠲᠤ ᠬᠤᠷᠠᠯ᠎ᠤᠨ ᠲᠦᠷᠢᠮ᠎ᠤᠨ ᠪᠦᠷᠢᠯᠳᠦᠬᠦᠨ   ᠨᠢᠭᠡᠴᠢ᠎ᠨᠢ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠥᠭᠡᠷᠡᠴᠢᠯᠡᠯᠲᠡ ᠬᠥᠭᠵᠢᠭᠦᠯᠦᠯᠲᠡ ᠵᠢᠨ ᠵᠥᠪᠯᠡᠯ ᠵᠡᠷᠭᠡ 30 ᠰᠠᠯᠠᠭ᠎ᠠ ᠮᠥᠴᠢᠷ ᠪᠠ ᠪᠠᠢ᠌ᠭᠤᠯᠭ᠎ᠠ ᠨᠢᠭᠡᠴᠢ᠎ᠪᠠᠷ ᠪᠦᠷᠢᠯᠳᠦᠵᠡᠢ᠃ ᠭᠤᠷᠪᠠᠳᠤᠭ᠋ᠠᠷ ᠬᠡᠰᠡᠭ᠎ᠨᠢ ᠪᠦᠷᠢᠯᠳᠦᠬᠦᠨ ᠨᠢᠭᠡᠴᠢ ᠵᠢᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠪᠣᠯᠤᠨ᠎ᠠ᠂ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠳᠠᠷᠠᠭ᠋ᠠᠬᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠵᠢᠨ ᠡᠭᠦᠷᠭᠡ ᠴᠢᠳᠠᠪᠤᠷᠢ ᠵᠢᠨ ᠲᠣᠬᠢᠷᠠᠭᠤᠯᠤᠯᠲᠠ ᠵᠢ ᠦᠨᠳᠦᠰᠦᠯᠡᠨ᠂ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠢᠴᠢ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠲᠣᠬᠢᠷᠠᠭᠤᠯᠤᠯᠲᠠ ᠵᠢᠨ ᠪᠠᠶ᠋ᠢᠳᠠᠯ ᠵᠶ᠋ᠠᠷ ᠯᠠᠪᠯᠠᠯᠲᠠ ᠪᠣᠯᠭ᠋ᠠᠵᠤ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠥᠭᠡᠷᠡᠴᠢᠯᠡᠯᠲᠡ ᠬᠥᠭᠵᠢᠭᠦᠯᠦᠯᠲᠡ ᠵᠢᠨ ᠵᠥᠪᠯᠡᠯ ᠵᠡᠷᠭᠡ ᠵᠢᠨ 20 ᠰᠠᠯᠠᠭ᠎ᠠ ᠮᠥᠴᠢᠷ ᠪᠠ ᠪᠠᠢ᠌ᠭᠤᠯᠭ᠎ᠠ ᠨᠢᠭᠡᠴᠢ ᠵᠢ ᠭᠣᠤᠯᠳᠠᠯᠭ᠎ᠠ᠎ᠲᠠᠢ ᠰᠠᠯᠠᠭ᠎ᠠ ᠮᠥᠴᠢᠷ ᠪᠤᠶᠤ ᠨᠢᠭᠡᠴᠢ ᠪᠣᠯᠭ᠋ᠠᠵᠤ᠂ ᠲᠡᠷᠡᠴᠢᠯᠡᠨ ᠡᠨᠡ ᠬᠦ᠌ ᠠᠵᠢᠯ᠎ᠤᠨ ᠳᠤᠮᠳᠠᠬᠢ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠪᠠ᠂ ᠳᠥᠷᠪᠡᠳᠦᠭᠡᠷ ᠬᠡᠰᠡᠭ᠎ᠨᠢ ᠠᠵᠢᠯ᠎ᠤᠨ ᠲᠦᠷᠢᠮ ᠪᠣᠯᠤᠨ᠎ᠠ᠂ ᠠᠵᠢᠯ᠎ᠤᠨ ᠬᠡᠷᠡᠭᠴᠡᠭᠡ ᠵᠢ ᠦᠨᠳᠦᠰᠦᠯᠡᠨ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠤᠰᠬᠠᠶ ᠠᠵᠢᠯ᠎ᠤᠨ ᠪᠦᠷᠢᠯᠳᠦᠬᠦᠨ ᠨᠢᠭᠡᠴᠢ ᠵᠢᠨ ᠬᠣᠯᠪᠣᠭ᠋ᠠᠲᠤ ᠬᠤᠷᠠᠯ᠎ᠢ ᠬᠤᠷᠠᠯᠳᠤᠭᠤᠯᠬᠤ᠂ ᠬᠣᠯᠪᠣᠭ᠋ᠠᠲᠤ ᠬᠤᠷᠠᠯ᠎ᠤᠨ ᠪᠦᠷᠢᠯᠳᠦᠬᠦᠨ ᠨᠢᠭᠡᠴᠢ ᠵᠢᠨ ᠬᠣᠯᠪᠣᠭ᠋ᠠᠴᠢᠨ᠎ᠤ ᠪᠠᠢ᠌ᠭᠤᠯᠤᠯ᠎ᠢ ᠲᠣᠭᠲᠠᠭ᠋ᠠᠬᠤ᠂ ᠪᠠᠢ᠌ᠩᠭᠤᠵᠢᠭᠰᠠᠨ ᠮᠡᠳᠡᠭᠡ ᠵᠠᠩᠭᠢ ᠵᠢᠨ ᠰᠣᠯᠢᠯᠴᠠᠭ᠋ᠠᠨ᠎ᠤ ᠲᠣᠭᠲᠠᠴᠠ ᠵᠢ ᠪᠦᠷᠢᠨ ᠲᠡᠭᠦᠰ ᠪᠣᠯᠭ᠋ᠠᠬᠤ᠂ ᠨᠡᠭᠦᠷᠡᠰᠦᠲᠥ᠋ᠷᠥᠭᠴᠢ ᠵᠢᠨ ᠬᠦᠴᠦᠯᠡᠴᠡ ᠵᠢ ᠡᠵᠡᠮᠳᠡᠨ ᠵᠠᠳᠠᠯᠵᠤ ᠤᠷᠢᠳᠴᠢᠯᠠᠨ ᠰᠡᠷᠡᠮᠵᠢᠯᠡᠭᠦᠯᠬᠦ ᠲᠦᠷᠢᠮ᠎ᠢ ᠬᠡᠷᠡᠭᠵᠢᠭᠦᠯᠬᠦ ᠵᠡᠷᠭᠡ ᠲᠠᠯ᠎ᠠ᠎ᠪᠠᠷ ᠬᠣᠯᠪᠣᠭ᠋ᠠᠲᠤ ᠬᠤᠷᠠᠯ᠎ᠤᠨ ᠪᠠᠢ᠌ᠭᠤᠯᠤᠯ᠎ᠤᠨ ᠠᠵᠢᠯ᠎ᠤᠨ ᠲᠦᠷᠢᠮ᠎ᠢ ᠲᠣᠳᠣᠷᠬᠠᠶ᠋ᠢᠯᠠᠨ᠎ᠠ; ᠲᠠᠪᠤᠳᠤᠭ᠋ᠠᠷ ᠬᠡᠰᠡᠭ᠎ᠨᠢ ᠠᠵᠢᠯ᠎ᠤᠨ ᠱᠠᠭ᠋ᠠᠷᠳᠠᠯᠭ᠎ᠠ ᠪᠣᠯᠤᠨ᠎ᠠ᠂ ᠮᠠᠨ᠎ᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠳᠠᠭ᠋ᠠᠭ᠋ᠠᠮᠠᠭ᠋ᠠᠢ ᠪᠦᠲᠦᠮᠵᠢᠲᠡᠶ ᠠᠵᠢᠯ᠎ᠤᠨ ᠲᠣᠭᠲᠠᠴᠠ ᠵᠢ ᠲᠥᠯᠥᠪᠰᠢᠭᠦᠯᠬᠦ ᠲᠤᠬᠠᠶ ᠬᠡᠳᠦᠨ ᠱᠠᠭ᠋ᠠᠷᠳᠠᠯᠭ᠎ᠠ ᠳᠤᠷᠠᠳᠪᠠ᠃
      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠪᠥᠲᠥᠭᠡᠨ ᠪᠠᠶ᠋ᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠤᠰᠬᠠᠶ ᠠᠵᠢᠯ᠎ᠤᠨ ᠲᠢᠩᠬᠢᠮ᠎ᠤᠨ ᠬᠣᠭᠣᠷᠣᠨᠳᠣᠬᠢ ᠬᠣᠯᠪᠣᠭ᠋ᠠᠲᠤ ᠬᠤᠷᠠᠯ᠎ᠤᠨ ᠲᠦᠷᠢᠮ᠎ᠢ ᠪᠠᠶ᠋ᠢᠭᠤᠯᠬᠤ ᠲᠤᠬᠠᠶ ᠮᠡᠳᠡᠭᠳᠡᠯ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ (2020 ᠣᠨ᠎ᠤ ᠬᠡᠪᠯᠡᠯ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠬᠦᠳᠡᠭᠡ ᠲᠤᠰᠬᠤᠨ᠎ᠤ ᠠᠮᠢᠳᠤᠷᠠᠯ᠎ᠤᠨ ᠪᠤᠬᠢᠷ ᠤᠰᠤ ᠵᠢ ᠰᠢᠢ᠍ᠳᠪᠤᠷᠢᠯᠡᠬᠦ ᠲᠦᠬᠦᠭᠡᠷᠦᠮᠵᠢ ᠵᠢᠨ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ (ᠲᠤᠷᠰᠢᠨ ᠬᠡᠷᠡᠭᠵᠢᠬᠦᠯᠬᠦ)》 ᠵᠢᠨ ᠲᠠᠢ᠌ᠯᠤᠮᠵᠢ
ᠲᠦᠪ᠎ᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠢᠨᠠᠨ ᠪᠠᠢ᠌ᠴᠠᠭ᠋ᠠᠬᠤ ᠠᠵᠢᠯ᠎ᠤᠨ ᠲᠤᠭᠳᠠᠭ᠋ᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2020 ᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠣᠤᠯᠳᠠᠯᠭ᠎ᠠ
《ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
             蒙ICP备05000248号