ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
《ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2021-04-26

      ᠨᠢᠭᠡ᠂ ᠨᠡᠶ᠋ᠢᠲᠡᠯᠡᠬᠦ ᠵᠢᠨ ᠴᠢᠬᠤᠯᠠ ᠴᠢᠨᠠᠷ

      ᠨᠢᠭᠡ᠎ᠳᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠬᠡᠷᠡᠭᠴᠡᠭᠡ ᠪᠣᠯᠤᠨ᠎ᠠ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ ᠵᠢ ᠬᠠᠮᠠᠭ᠋ᠠᠯᠠᠬᠤ ᠤᠯᠤᠰ᠎ᠤᠨ ᠦᠨᠳᠦᠰᠦᠨ ᠪᠤᠳᠤᠯᠭ᠎ᠠ ᠵᠢ ᠪᠠᠷᠢᠮᠲᠠᠯᠠᠵᠤ᠂ ᠪᠣᠬᠢᠷᠲᠤᠯ ᠦᠭᠡᠢ ᠦᠢ᠍ᠯᠡᠳᠪᠦᠷᠢᠯᠡᠯ ᠪᠠ ᠬᠡᠷᠡᠭᠯᠡᠭᠡ ᠵᠢᠨ ᠬᠠᠤᠯᠢ ᠴᠠᠭ᠋ᠠᠵᠠ ᠵᠢᠨ ᠲᠦᠷᠢᠮ ᠪᠠ ᠲᠦᠷᠦ ᠵᠢᠨ ᠪᠤᠳᠤᠯᠭ᠎ᠠ ᠵᠢᠨ ᠤᠳᠤᠷᠢᠳᠤᠮᠵᠢ ᠵᠢ ᠲᠦᠷᠭᠡᠳᠬᠡᠨ ᠪᠠᠶ᠋ᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢᠨ ᠠᠷᠭ᠎ᠠ ᠮᠠᠶᠢᠭ ᠪᠠ ᠠᠮᠢᠳᠤᠷᠠᠯ᠎ᠤᠨ ᠠᠷᠭ᠎ᠠ ᠮᠠᠶᠢᠭ᠎ᠢ ᠪᠤᠢ ᠪᠣᠯᠭ᠋ᠠᠵᠤ᠂ ᠠᠷᠠᠳ ᠤᠯᠠᠨ᠎ᠳᠤ ᠰᠠᠶ᠋ᠢᠨ ᠰᠠᠶ᠋ᠢᠬᠠᠨ ᠦᠢ᠍ᠯᠡᠳᠪᠦᠷᠢᠯᠡᠯ ᠠᠮᠢᠳᠤᠷᠠᠯ᠎ᠤᠨ ᠣᠷᠴᠢᠨ ᠨᠥᠬᠦᠴᠡᠯ᠎ᠢ ᠡᠭᠦᠳᠴᠦ ᠥᠭᠬᠦ ᠬᠡᠷᠡᠭᠲᠡᠢ ᠭᠡᠵᠦ ᠳᠤᠷᠠᠳᠤᠨ ᠭᠠᠷᠭ᠋ᠠᠪᠠ᠃ ᠶᠡᠷᠦᠩᠬᠡᠢ ᠱᠦᠵᠢ ᠰᠢ ᠵᠢᠨ ᠫᠢᠩ ᠭᠤᠷᠪᠠ ᠤᠳᠠᠭ᠎ᠠ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠭᠰᠠᠨ ᠪᠥᠭᠡᠳ ᠴᠢᠬᠤᠯᠠ ᠵᠢᠭ᠋ᠠᠪᠤᠷᠢ ᠥᠭᠴᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠳᠤᠨᠤᠨ᠎ᠤ 75 ᠳ᠋ᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠶᠡᠭᠡ ᠬᠤᠷᠠᠯ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠲᠦᠷᠦᠭᠦᠴᠦᠳ᠎ᠤᠨ ᠬᠤᠷᠠᠯ ᠳᠡᠭᠡᠷ᠎ᠡ᠂ ᠲᠡᠷᠢᠭᠦᠯᠡᠭᠴᠢ ᠰᠢ ᠵᠢᠨ ᠫᠢᠩ ᠨᠡᠩ ᠬᠦᠴᠦᠲᠡᠢ ᠲᠦᠷᠦ ᠵᠢᠨ ᠪᠤᠳᠤᠯᠭ᠎ᠠ ᠪᠠ ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 2030 ᠣᠨ᠎ᠳᠤ ᠤᠷᠬᠢᠯ ᠬᠡᠮᠵᠢᠭᠳᠡᠯ᠎ᠳᠤ ᠬᠦᠷᠭᠡᠵᠦ᠂ 2060 ᠣᠨ᠎ᠳᠤ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠪᠡᠶᠡᠯᠡᠭᠦᠯᠦᠨ᠎ᠡ ᠭᠡᠵᠦ ᠲᠥᠪ ᠴᠢᠩᠭ᠎ᠠ᠎ᠪᠠᠷ ᠠᠮᠠᠯᠳᠠᠪᠠ᠂ ᠡᠨᠡ ᠪᠣᠯ ᠮᠠᠨ᠎ᠤ ᠤᠯᠤᠰ᠎ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠶᠡᠷᠦᠩᠬᠡᠢ ᠲᠠᠶ᠋ᠢᠴᠢᠯᠠᠯᠳᠠ ᠵᠢᠨ ᠵᠠᠷᠯᠢᠭ ᠪᠣᠯᠤᠨ᠎ᠠ᠃ 10 ᠳ᠋ᠤᠭ᠋ᠠᠷ ᠰᠠᠷ᠎ᠠ ᠵᠢᠨ 29᠎ᠤ ᠡᠳᠦᠷ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠥᠬᠦᠳᠡ ᠬᠤᠷᠠᠯ᠎ᠠᠴᠠ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠵᠢ ᠪᠠᠲᠤᠯᠠᠵᠤ᠂ 《ᠪᠣᠬᠢᠷᠲᠤᠯ ᠥᠬᠡᠶ ᠬᠥᠭᠵᠢᠯᠲᠡ ᠵᠢ ᠠᠬᠢᠭᠤᠯᠵᠤ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠵᠤ᠂ ᠪᠣᠬᠢᠷᠲᠤᠯ ᠥᠬᠡᠶ ᠪᠠᠷᠢᠯᠭ᠎ᠠ ᠵᠢ ᠬᠥᠭᠵᠢᠭᠦᠯᠵᠦ᠂ ᠪᠣᠬᠢᠷᠲᠤᠯ ᠥᠬᠡᠶ ᠠᠮᠢᠳᠤᠷᠠᠯ᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠴᠢᠮ᠎ᠢ ᠪᠠᠭᠤᠷᠠᠭᠤᠯᠤᠨ᠎ᠠ》 ᠭᠡᠵᠦ ᠵᠢᠭ᠋ᠠᠵᠤ ᠭᠠᠷᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠭᠤᠷᠪᠠᠳᠤᠭ᠋ᠠᠷ ᠪᠥᠬᠦᠳᠡ ᠬᠤᠷᠠᠯ᠎ᠠᠴᠠ ᠪᠠᠲᠤᠯᠠᠭᠰᠠᠨ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠠᠨᠠᠭᠤᠯᠭ᠎ᠠ》᠎ᠳᠤ ᠴᠤ᠌ ᠪᠣᠬᠢᠷᠲᠤᠯ ᠥᠬᠡᠶ ᠪᠠᠷᠢᠯᠭ᠎ᠠ ᠵᠢ ᠳᠡᠯᠭᠡᠷᠡᠭᠦᠯᠬᠦ ᠵᠢ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠠᠶ᠃ ᠪᠠᠶ᠋ᠢᠳᠠᠯ ᠪᠣᠯᠤᠨ ᠡᠭᠦᠷᠭᠡ᠎ᠨᠢ ᠪᠠᠷᠢᠯᠭ᠎ᠠ ᠵᠢᠨ ᠡᠨᠧᠷᠭᠢ ᠠᠷᠪᠢᠯᠠᠵᠤ ᠬᠤᠷᠣᠭᠳᠠᠯ᠎ᠢ ᠪᠠᠭ᠋ᠠᠰᠬᠠᠬᠤ᠎ᠳᠤ ᠨᠡᠩ ᠥᠨᠳᠥᠷ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃
      ᠬᠤᠶᠠᠷ᠎ᠲᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠠᠮᠢᠶᠠᠷᠤᠯᠲᠠ ᠵᠢ ᠲᠦᠯᠬᠢᠨ ᠠᠬᠢᠭᠤᠯᠬᠤ ᠱᠠᠭ᠋ᠠᠷᠳᠠᠯᠭ᠎ᠠ ᠪᠣᠯᠤᠨ᠎ᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠤᠷᠣᠭᠳᠠᠭᠤᠯᠭ᠎ᠠ ᠵᠢᠨ 《ᠬᠤᠶᠠᠷ᠎ᠢ ᠬᠢᠵᠠᠭ᠋ᠠᠷᠯᠠᠬᠤ》 ᠡᠭᠦᠷᠭᠡ ᠲᠦᠢ᠍ᠯ᠎ᠤᠨ ᠬᠠᠲᠠᠭᠤ ᠪᠡᠷᠬᠡ ᠪᠠᠶ᠋ᠢᠨ᠎ᠠ᠂ ᠳᠠᠷᠠᠭ᠎ᠠ ᠠᠯᠬᠤᠮ᠎ᠳᠤ ᠪᠦᠬᠦ ᠨᠡᠶ᠋ᠢᠭᠡᠮ᠎ᠤᠨ ᠡᠨᠧᠷᠭᠢ ᠵᠢᠨ ᠬᠤᠷᠣᠭᠳᠠᠭᠤᠯᠭ᠎ᠠ ᠵᠢᠨ ᠶᠡᠷᠦᠩᠬᠡᠶ ᠬᠡᠮᠵᠢᠶ᠎ᠡ ᠪᠣᠯᠤᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠯᠠᠵᠤ᠂ ᠠᠵᠤ ᠦᠢ᠍ᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ᠎ᠤ ᠡᠨᠧᠷᠭᠢ ᠠᠷᠪᠢᠯᠠᠬᠤ ᠵᠢ ᠬᠦᠴᠦᠲᠡᠶ ᠠᠳᠬᠤᠨ᠎ᠠ᠃ ᠮᠠᠨ᠎ᠤ ᠣᠷᠣᠨ᠎ᠤ ᠠᠭᠤᠷ ᠠᠮᠢᠰᠬᠤᠯ ᠬᠠᠬᠢᠷ ᠬᠦᠢ᠍ᠲᠡᠨ᠂ ᠳᠤᠯᠠᠭ᠋ᠠᠯᠠᠭ᠎ᠠ ᠵᠢᠨ ᠬᠤᠭᠤᠴᠠᠭ᠎ᠠ ᠤᠷᠲᠤ᠂ ᠨᠢᠭᠡᠨᠲᠡ ᠪᠠᠶ᠋ᠢᠭ᠎ᠠ ᠪᠠᠷᠢᠯᠭ᠎ᠠ ᠵᠢᠨ ᠡᠨᠧᠷᠭᠢ ᠵᠢᠨ ᠬᠤᠷᠣᠭᠳᠠᠯ ᠨᠡᠯᠢᠶᠡᠳ ᠥᠨᠳᠥᠷ᠂ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢᠨ ᠶᠠᠰᠤ ᠴᠢᠨᠠᠷ ᠳᠣᠣᠷ᠎ᠠ᠂ ᠳᠠᠬᠢᠨ ᠡᠭᠦᠰᠴᠦ ᠪᠣᠯᠬᠤ ᠡᠨᠧᠷᠭᠢ ᠵᠢᠨ ᠪᠠᠷᠢᠯᠭ᠎ᠠ ᠵᠢᠨ ᠬᠡᠷᠡᠭᠯᠡᠯᠲᠡ ᠵᠢᠨ ᠨᠣᠷᠮ᠎ᠠ ᠨᠡᠯᠢᠶᠡᠳ ᠳᠣᠣᠷ᠎ᠠ᠂ ᠪᠠᠷᠢᠯᠭ᠎ᠠ ᠵᠢᠨ ᠡᠨᠧᠷᠭᠢ ᠠᠷᠪᠢᠯᠠᠬᠤ ᠮᠡᠷᠭᠡᠵᠢᠯ ᠬᠠᠷᠢᠴᠠᠩᠭᠤᠶ ᠬᠤᠴᠣᠷᠤᠩᠭᠤᠶ᠂ ᠪᠠᠷᠢᠯᠭ᠎ᠠ ᠵᠢᠨ ᠠᠵᠤ ᠦᠢ᠍ᠯᠡᠳᠪᠦᠷᠢᠵᠢᠯᠲᠡ ᠵᠢᠨ ᠰᠠᠭᠤᠷᠢ ᠨᠢᠮᠭᠡᠨ ᠬᠡᠪ ᠴᠢᠨᠠᠷ ᠵᠶ᠋ᠠᠷ ᠠᠨᠠᠶ ᠪᠠᠶ᠋ᠢᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠂ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ ᠬᠦᠰᠡᠯ ᠡᠷᠡᠮᠡᠯᠵᠡᠯ᠎ᠯᠦᠭᠡ ᠪᠠᠰᠠ ᠨᠡᠯᠢᠶᠡᠳ ᠶᠡᠭᠡ ᠵᠥᠷᠢᠶ᠎ᠡ᠎ᠲᠠᠢ ᠪᠠᠶ᠋ᠢᠵᠤ᠂ ᠮᠥᠨ ᠬᠦ᠌ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠳᠤᠲᠠᠭᠤᠳᠠᠯ ᠪᠣᠯᠤᠨ᠎ᠠ᠃ 2019 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢ ᠬᠥᠭᠵᠢᠭᠦᠯᠬᠦ ᠲᠦᠷᠢᠮ》᠎ᠢ ᠨᠡᠶ᠋ᠢᠲᠡᠯᠡᠵᠦ᠂ ᠮᠡᠳᠡᠭᠳᠡᠯ ᠨᠡᠶ᠋ᠢᠲᠡᠯᠡᠵᠦ ᠬᠡᠷᠡᠭᠵᠢᠭᠦᠯᠬᠦ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠭᠠᠵᠠᠷ ᠣᠷᠣᠨ᠎ᠢ ᠵᠣᠬᠢᠶᠠᠨ ᠪᠠᠶ᠋ᠢᠭᠤᠯᠵᠤ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠯᠤᠭ᠎ᠠ ᠬᠠᠷᠢᠯᠴᠠᠨ ᠲᠥᠬᠦᠷᠵᠢᠭᠦᠯᠦᠭᠰᠡᠨ ᠲᠥᠷᠥ ᠵᠢᠨ ᠪᠣᠳᠣᠯᠭ᠎ᠠ ᠵᠢᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠵᠤ᠂ ᠪᠥᠬᠦ ᠴᠤᠪᠤᠷᠠᠯ ᠡᠯ᠎ᠡ ᠰᠠᠯᠠᠭ᠎ᠠ ᠮᠥᠴᠢᠷ ᠡᠯ᠎ᠡ ᠭᠤᠭᠴᠤᠭ᠎ᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠨ᠂ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ᠂ ᠬᠠᠮᠢᠶᠠᠷᠤᠯᠲᠠ ᠵᠢᠨ ᠲᠣᠭᠲᠠᠯᠴᠠᠭ᠎ᠠ᠂ ᠮᠡᠷᠭᠡᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠠᠷᠠᠯᠲᠠᠲᠤ ᠡᠭᠦᠷᠭᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠪᠣᠯ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ 《ᠬᠤᠶᠠᠷ ᠭᠠᠷ》᠎ᠤᠨ ᠦᠢ᠍ᠯᠡᠳᠦᠯ᠎ᠢ ᠪᠠᠳᠠᠷᠠᠭᠤᠯᠤᠨ᠂ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠰᠢᠨ᠎ᠡ ᠬᠥᠭᠵᠢᠯᠲᠡ ᠵᠢ ᠬᠦᠴᠦ᠎ᠪᠠᠨ ᠬᠠᠮᠲᠤᠳᠬᠠᠨ ᠠᠬᠢᠭᠤᠯᠬᠤ ᠵᠢᠨ ᠴᠢᠬᠤᠯᠠ ᠪᠥᠬᠦᠶ ᠰᠣᠩᠭᠤᠯᠲᠠ ᠪᠣᠯᠤᠨ᠎ᠠ᠃
      ᠬᠤᠶᠠᠷ᠂ ᠲᠤᠭᠤᠷᠪᠢᠨ ᠪᠢᠴᠢᠬᠦ ᠦᠨᠳᠦᠰᠦᠯᠡᠯ
     《ᠶᠠᠰᠤ ᠴᠢᠨᠠᠷ᠎ᠢ ᠪᠠᠲᠤᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠶ ᠣᠷᠣᠨ ᠰᠠᠭᠤᠴᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠵᠢᠯᠣᠭᠤᠳᠬᠤ ᠰᠠᠨᠠᠯ᠎ᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠤᠯᠠᠮᠵᠢᠯᠠᠨ ᠶᠠᠪᠤᠭᠤᠯᠬᠤ ᠮᠡᠳᠡᠭᠳᠡᠯ》 (ᠲᠥᠷᠥ ᠠᠯᠪᠠᠨ ᠵᠠᠬᠢᠳᠠᠯ [2019] 92 ᠳ᠋ᠤᠭ᠋ᠠᠷ ᠲᠣᠭ᠋ᠠᠲᠤ)᠂ 《ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠰᠤᠷᠭ᠋ᠠᠨ ᠬᠥᠮᠦᠵᠢᠯ᠎ᠤᠨ ᠶᠠᠮᠤᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠠᠷᠠᠳ᠎ᠤᠨ ᠪᠠᠩᠬᠢ ᠤᠯᠤᠰ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ 〈ᠪᠣᠬᠢᠷᠲᠤᠯ ᠥᠬᠡᠶ ᠪᠠᠷᠢᠯᠭ᠎ᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ〉》 (ᠪᠥᠲᠥᠭᠡᠨ ᠪᠠᠶ᠋ᠢᠭᠤᠯᠬᠤ ᠪᠠᠷᠢᠮᠵᠢᠶ᠎ᠠ [2020] 65 ᠳ᠋ᠤᠭ᠋ᠠᠷ ᠲᠣᠭ᠋ᠠᠲᠤ)᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢ ᠬᠥᠭᠵᠢᠭᠦᠯᠬᠦ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢᠨ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢᠨ ᠲᠦᠷᠢᠮ〉᠎ᠢ ᠬᠡᠷᠡᠭᠵᠢᠭᠦᠯᠬᠦ ᠲᠤᠬᠠᠶ ᠮᠡᠳᠡᠭᠳᠡᠯ》 (ᠥᠪᠥᠷ ᠪᠠᠶ᠋ᠢᠩᠭᠤ ᠵᠢᠨ ᠬᠥᠮᠦᠨ ᠲᠠᠷᠬᠠᠭ᠋ᠠᠭᠰᠠᠨ [2019] 27 ᠳ᠋ᠤᠭ᠋ᠠᠷ ᠲᠣᠭ᠋ᠠᠲᠤ) ᠵᠢᠴᠢ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠤᠨ ᠲᠥᠬᠦᠷ ᠪᠢᠴᠢᠭ ᠮᠠᠲ᠋ᠧᠷᠢᠶᠠᠯ ᠪᠣᠯᠭ᠋ᠠᠪᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 2021 ᠣᠨ᠎ᠤ 4 ᠳ᠋ᠤᠭᠡᠷ ᠰᠠᠷ᠎ᠠ ᠵᠢᠨ 15᠎ᠤ ᠡᠳᠦᠷ ᠳᠠᠷᠤᠮᠠᠯᠯᠠᠨ ᠲᠠᠷᠬᠠᠭ᠋ᠠᠪᠠ᠃
    ᠭᠤᠷᠪᠠ᠂ ᠭᠤᠣᠯ ᠠᠭᠤᠯᠭ᠎ᠠ
     《ᠬᠡᠷᠡᠭᠵᠢᠭᠦᠯᠬᠦ ᠰᠠᠨᠠᠯ》᠎ᠢ ᠭᠤᠷᠪᠠᠨ ᠬᠡᠰᠡᠭ ᠬᠤᠪᠢᠶᠠᠪᠠ᠃
      ᠨᠢᠭᠡᠳᠦᠭᠡᠷ ᠬᠡᠰᠡᠭ ᠵᠶ᠋ᠠᠷ ᠶᠡᠷᠦᠩᠬᠡᠶ ᠱᠠᠭ᠋ᠠᠷᠳᠠᠯᠭ᠎ᠠ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠪᠣᠬᠢᠷᠲᠤᠯ ᠥᠬᠡᠶ᠂ ᠳᠤᠤᠷ᠎ᠠ ᠨᠡᠭᠦᠷᠡᠰᠦᠲᠥ᠋ᠷᠥᠭᠴᠢᠲᠦ ᠬᠢᠭᠡᠳ ᠦᠷᠭᠦᠯᠵᠢᠯᠡᠬᠦ ᠬᠥᠭᠵᠢᠯᠲᠡ᠎ᠪᠠᠷ ᠭᠤᠤᠯ ᠰᠢᠵᠢᠮ ᠪᠣᠯᠭ᠋ᠠᠭᠰᠠᠨ ᠵᠢᠯᠣᠭᠤᠳᠬᠤ ᠦᠵᠡᠯ ᠰᠠᠨᠠᠭ᠎ᠠ ᠪᠣᠯᠤᠨ ᠦᠨᠳᠦᠰᠦᠨ ᠵᠠᠷᠴᠢᠮ᠎ᠢ ᠪᠠᠷᠢᠮᠲᠠᠯᠠᠬᠤ ᠬᠡᠷᠡᠭᠲᠡᠶ᠃ 2022 ᠣᠨ᠂ 2025 ᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠵᠢᠨ ᠭᠤᠣᠯᠳᠠᠯᠭ᠎ᠠ᠎ᠲᠠᠢ ᠬᠥᠭᠵᠢᠯᠲᠡ ᠵᠢᠨ ᠬᠦᠷᠢᠶᠡᠨ᠎ᠤ ᠭᠤᠣᠯ ᠬᠠᠷᠠᠯᠲᠠ ᠵᠢ ᠲᠣᠭᠲᠠᠭ᠋ᠠᠪᠠ᠃
      ᠬᠤᠶᠠᠳᠤᠭ᠋ᠠᠷ ᠬᠡᠰᠡᠭ᠎ᠨᠢ 《ᠭᠤᠣᠯᠳᠠᠯᠭ᠎ᠠ᠎ᠲᠠᠢ ᠡᠭᠦᠷᠭᠡ》 ᠪᠣᠯᠤᠨ᠎ᠠ᠂ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠂ ᠪᠣᠬᠢᠷᠲᠤᠯ ᠦᠭᠡᠢ ᠪᠠᠷᠢᠯᠭ᠎ᠠ ᠵᠢ ᠬᠡᠪᠴᠢᠶᠡᠵᠢᠭᠦᠯᠦᠨ ᠬᠥᠭᠵᠢᠭᠦᠯᠬᠦ᠂ ᠪᠠᠷᠢᠯᠭ᠎ᠠ ᠵᠢᠨ ᠠᠵᠤ ᠦᠢ᠍ᠯᠡᠳᠪᠦᠷᠢᠵᠢᠯᠲᠡ ᠵᠢᠨ ᠬᠥᠭᠵᠢᠯᠲᠡ ᠵᠢ ᠠᠬᠢᠭᠤᠯᠬᠤ᠂ ᠨᠢᠭᠡᠨᠲᠡ ᠪᠠᠶ᠋ᠢᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠂ ᠳᠠᠬᠢᠯᠲᠠ ᠡᠨᠧᠷᠭᠢ ᠵᠢᠨ ᠰᠤᠷᠪᠤᠯᠵᠢ ᠵᠢᠨ ᠪᠠᠷᠢᠯᠭ᠎ᠠ ᠵᠢᠨ ᠬᠡᠷᠡᠭᠯᠡᠯᠲᠡ᠂ ᠪᠣᠬᠢᠷᠲᠤᠯ ᠦᠭᠡᠢ ᠪᠠᠷᠢᠯᠭ᠎ᠠ ᠵᠢᠨ ᠠᠵᠢᠯ᠎ᠢ ᠥᠷᠨᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠩᠭ᠋ᠠᠳᠬᠠᠬᠤ ᠵᠡᠷᠭᠡ 8 ᠵᠦᠢ᠍ᠯ᠎ᠤᠨ ᠭᠤᠣᠯᠳᠠᠯᠭ᠎ᠠ᠎ᠲᠠᠢ ᠬᠥᠭᠵᠢᠯᠲᠡ ᠵᠢᠨ ᠬᠦᠷᠢᠶᠡᠨ᠎ᠤ 17 ᠭᠤᠣᠯᠳᠠᠯᠭ᠎ᠠ᠎ᠲᠠᠢ ᠡᠭᠦᠷᠭᠡ ᠵᠢ ᠲᠣᠭᠲᠠᠭ᠋ᠠᠪᠠ᠃ ᠡᠯ᠎ᠡ ᠲᠠᠯ᠎ᠠ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠦᠨᠳᠦᠰᠦᠨ ᠳᠡᠰ ᠳᠠᠷᠠᠭ᠋ᠠᠯᠠᠯ ᠪᠣᠯᠤᠨ ᠬᠠᠷᠢᠭᠤᠴᠠᠯᠭ᠎ᠠ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ᠎ᠳᠠᠬᠢ ᠭᠤᠤᠯ ᠬᠠᠷᠢᠭᠤᠴᠠᠯᠭ᠎ᠠ ᠡᠭᠦᠷᠭᠡ ᠵᠢ ᠲᠣᠳᠣᠷᠬᠠᠶ᠋ᠢᠯᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠡᠮᠬᠢ ᠵᠢᠷᠤᠮ᠎ᠲᠠᠢ ᠵᠣᠯᠭ᠋ᠠᠭᠤᠯᠤᠭᠰᠠᠨ ᠪᠢᠲᠡᠭᠦᠦ ᠮᠠᠶᠢᠭ᠎ᠤᠨ ᠬᠠᠮᠢᠶᠠᠷᠤᠯᠲᠠ ᠵᠢ ᠪᠣᠶ ᠪᠣᠯᠭ᠋ᠠᠬᠤ ᠬᠡᠷᠡᠭᠲᠡᠶ᠃
      ᠭᠤᠷᠪᠠᠳᠤᠭ᠋ᠠᠷ ᠬᠡᠰᠡᠭ᠎ᠨᠢ 《ᠪᠠᠲᠤᠯᠠᠭ᠎ᠠ ᠵᠢᠨ ᠠᠷᠭ᠎ᠠ ᠬᠡᠮᠵᠢᠶ᠎ᠡ》 ᠪᠣᠯᠤᠨ᠎ᠠ᠂ ᠨᠢᠭᠡ᠎ᠳᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠲᠢᠩᠬᠢᠮ᠎ᠤᠨ ᠬᠤᠭᠤᠷᠣᠨᠳᠣ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠶ᠋ᠢᠭᠤᠯᠵᠤ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢᠨ ᠠᠵᠢᠯ᠎ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠨ᠎ᠠ; ᠬᠤᠶᠠᠷ᠎ᠲᠤ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠥᠬᠦ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠲᠥᠷᠥᠯ ᠵᠦᠢ᠍ᠯ ᠪᠠᠶ᠋ᠢᠭᠤᠯᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ ᠬᠢᠨᠠᠬᠤ᠂ ᠪᠠᠷᠢᠯᠭ᠎ᠠ ᠪᠠᠷᠢᠬᠤ᠂ ᠪᠠᠶ᠋ᠢᠴᠠᠭ᠋ᠠᠨ ᠬᠡᠮᠵᠢᠬᠦ᠂ ᠰᠢᠯᠭ᠋ᠠᠨ ᠠᠪᠬᠤ᠂ ᠦᠨᠡᠯᠡᠬᠦ ᠵᠡᠷᠭᠡ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ᠂ ᠬᠠᠶ᠋ᠢᠨ ᠪᠠᠶ᠋ᠢᠴᠠᠭ᠋ᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠵᠢᠨ ᠵᠢᠷᠤᠭ᠎ᠢ ᠬᠢᠨᠠᠨ ᠪᠠᠶ᠋ᠢᠴᠠᠭ᠋ᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠡᠯ᠎ᠡ ᠲᠠᠯ᠎ᠠ ᠵᠢᠨ ᠭᠤᠣᠯ ᠴᠣᠭᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠠᠮᠢᠶ᠎ᠠ ᠪᠦᠬᠦᠢ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠂ ᠪᠠᠷᠢᠮᠵᠢᠶ᠎ᠠ᠎ᠨᠢ ᠵᠢᠷᠤᠮᠵᠢᠯ᠎ᠲᠠᠢ ᠪᠠᠶ᠋ᠢᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠭᠤᠷᠪᠠ᠎ᠳᠤ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠭᠠᠶ᠋ᠢᠯᠢ ᠰᠦᠢ᠍ᠳᠭᠡᠯ᠎ᠢ ᠬᠠᠰᠤᠵᠤ ᠬᠡᠯᠲᠦᠷᠢᠭᠦᠯᠬᠦ ᠪᠠ ᠰᠢᠯᠢᠳᠡᠭ᠎ᠢ ᠰᠢᠯᠭ᠋ᠠᠷᠠᠭᠤᠯᠵᠤ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠵᠦᠶ ᠶᠣᠰᠣᠨ᠎ᠤ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢ ᠰᠠᠶ᠋ᠢᠲᠤᠷ ᠬᠢᠨ᠎ᠠ᠃ ᠳᠥᠷᠪᠡ᠎ᠳᠤ ᠬᠠᠷᠢᠭᠤᠴᠠᠯᠭ᠎ᠠ ᠵᠢᠨ ᠬᠢᠨᠠᠨ ᠰᠢᠯᠭ᠋ᠠᠯᠲᠠ ᠵᠢ ᠴᠢᠩᠭ᠋ᠠᠳᠬᠠᠨ᠎ᠠ᠃ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠡᠨᠧᠷᠭᠢ ᠵᠢᠨ ᠬᠤᠷᠣᠭᠳᠠᠯ᠎ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠵᠢᠨ 《ᠬᠤᠶᠠᠷ᠎ᠢ ᠬᠢᠵᠠᠭ᠋ᠠᠷᠯᠠᠬᠤ》᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠬᠠᠷᠠᠯᠲᠠ ᠵᠢ ᠰᠢᠯᠭ᠋ᠠᠨ ᠬᠢᠨᠠᠬᠤ ᠵᠢ ᠨᠠᠶ᠋ᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠂ ᠬᠠᠷᠠᠯᠲᠠ ᠵᠢᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠨ᠎ᠠ᠃

 

                                              ᠪᠡᠶ᠎ᠡ ᠵᠢᠨ ᠲᠠᠮᠢᠷ᠎ᠤᠨ ᠲᠣᠪᠴᠢᠶ᠎ᠠ ᠣᠷᠴᠢᠭᠤᠯᠪᠠ

   
   


ᠢᠷᠡᠯᠲᠡ᠄ ᠥᠪᠦᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠤᠭᠲᠠᠭ᠋ᠠᠬᠤ ᠵᠢᠷᠤᠮᠵᠢᠯᠠᠯ᠎ᠤᠨ ᠲᠤᠭᠲᠠᠭ᠋ᠠᠯ》᠎ᠤᠨ ᠲᠦᠷᠦ ᠵᠢᠨ ᠪᠤᠳᠤᠯᠭ᠎ᠠ ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠮᠦᠩᠭᠡ ᠰᠣᠪᠠᠭ · ᠨᠢᠭᠡ ᠯᠠ ᠤᠳᠠᠭ᠎ᠠ᠎ᠳᠤ ᠭᠦᠢ᠍ᠴᠡᠳᠬᠡᠬᠦ〉 ᠠᠵᠢᠯ᠎ᠢ ᠪᠥᠬᠦ ᠲᠠᠯ᠎ᠠ᠎ᠪᠠᠷ ᠶᠠᠪᠤᠭᠳᠠᠭᠤᠯᠬᠤ ᠬᠡᠷᠡᠭᠵᠢᠭᠦᠯᠬᠦ ᠲᠥᠰᠦᠯ》᠎ᠤᠨ ᠲᠦᠷᠦ ᠵᠢᠨ ᠪᠤᠳᠤᠯᠭ᠎ᠠ ᠵᠢᠨ ᠲᠣᠪᠴᠢ ᠠᠰᠠᠭᠤᠯᠲᠠ ᠬᠠᠷᠢᠭᠤᠯᠲᠠ
ᠠᠯᠠᠱ᠌ᠠ ᠠᠶ᠋ᠢᠮᠠᠭ᠎ᠤᠨ 2021 ᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠠᠵᠢᠯ᠎ᠢ ᠲᠦᠷᠭᠡᠳᠬᠡᠨ ᠠᠬᠢᠭᠤᠯᠬᠤ ᠲᠥᠰᠦᠯ
2020 ᠣᠨ᠎ᠳᠤ ᠪᠥᠬᠦ ᠣᠷᠣᠨ᠎ᠤ ᠬᠤᠲᠠ ᠪᠠᠯᠭ᠋ᠠᠰᠤᠨ᠎ᠤ ᠪᠠᠶ᠋ᠢᠭᠤᠯᠭ᠎ᠠ ᠨᠢᠭᠡᠴᠢ᠎ᠳᠤ ᠠᠵᠢᠯ ᠣᠯᠤᠭᠰᠠᠳ᠎ᠤᠨ ᠳᠤᠮᠳᠠᠴᠢ ᠴᠠᠯᠢᠩ᠎ᠤᠨ ᠲᠣᠭᠲᠠᠭᠤᠨ ᠨᠡᠮᠡᠭᠳᠡᠯ᠎ᠢ ᠪᠠᠲᠤᠯᠠᠪᠠ
 
             蒙ICP备05000248号