ᠨᠢᠭᠡ᠂ ᠶᠠᠭᠤᠨ᠎ᠳᠤ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮᠵᠢᠯᠠᠯ᠎ᠤᠨ ᠲᠤᠭᠲᠠᠭ᠋ᠠᠯ》 ᠳᠤ ᠵᠠᠰᠠᠪᠤᠷᠢ ᠣᠷᠣᠭᠤᠯᠬᠤ ᠪᠣᠶ?
ᠬᠠᠷᠢᠭᠤᠯᠲᠠ᠄ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮᠵᠢᠯᠠᠯᠢ ᠳᠦᠷᠢᠮᠵᠢᠭᠦᠯᠬᠦ ᠪᠣᠯ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠢ ᠪᠠᠶ᠋ᠢᠭᠤᠯᠬᠤ ᠵᠢᠨ ᠵᠠᠶ᠋ᠢᠯᠠᠰᠢ ᠦᠭᠡᠶ ᠱᠠᠭ᠋ᠠᠷᠳᠠᠯᠭ᠎ᠠ ᠮᠥᠨ᠂ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠠᠴᠠ᠂ ᠬᠠᠤᠯᠢ ᠶᠣᠰᠣᠭ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠲᠣᠭᠲᠠᠴᠠ ᠵᠢ ᠪᠦᠷᠢᠨᠰᠢᠬᠦᠯᠵᠤ᠂ ᠤᠯᠠᠨ ᠨᠡᠶ᠋ᠢᠲᠡ ᠵᠢ ᠣᠷᠣᠯᠴᠠᠭᠤᠯᠬᠤ᠂ ᠲᠤᠰᠬᠠᠢ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠵᠢ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢ ᠬᠠᠤᠯᠢ᠎ᠪᠠᠷ ᠲᠣᠭᠲᠠᠭ᠋ᠠᠭᠰᠠᠨ ᠵᠢᠷᠤᠮᠵᠢᠯᠠᠯ ᠪᠤᠯᠭ᠋ᠠᠨ᠎ᠠ ᠭᠡᠵᠦ ᠳᠤᠷᠠᠳᠴᠠᠢ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮᠵᠢᠯᠠᠯ᠎ᠤᠨ ᠲᠤᠭᠲᠠᠭ᠋ᠠᠯ》 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 209 ᠳ᠋ᠤᠭᠡᠷ ᠲᠣᠭ᠋ᠠᠲᠤ᠂ ᠳᠣᠷᠣᠭᠰᠢ 《ᠵᠢᠷᠤᠮᠵᠢᠯᠠᠯ᠎ᠤᠨ ᠲᠣᠭᠲᠠᠭ᠋ᠠᠯ》 ᠭᠡᠵᠦ ᠲᠣᠪᠴᠢᠯᠠᠨ᠎ᠠ)᠎ᠢ 2015 ᠣᠨ᠎ᠳᠤ ᠨᠡᠶ᠋ᠢᠲᠡᠯᠡᠵᠦ ᠬᠡᠷᠡᠭᠵᠢᠭᠦᠯᠦᠭᠰᠡᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠶᠠᠪᠤᠴᠠ ᠵᠢ ᠳᠦᠷᠢᠮᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠠᠷᠠᠳᠴᠢᠯᠠᠯ ᠵᠶ᠋ᠠᠷ ᠬᠠᠤᠯᠢ ᠶᠣᠰᠣᠭ᠋ᠠᠷ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠵᠢ ᠪᠠᠲᠤᠯᠠᠬᠤ ᠲᠠᠯ᠎ᠠ᠎ᠪᠠᠷ ᠴᠢᠬᠤᠯᠠ ᠦᠢ᠍ᠯᠡᠳᠦᠯ ᠪᠠᠳᠠᠷᠠᠭᠤᠯᠪᠠ᠃ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠪᠠ ᠬᠠᠤᠯᠢ᠎ᠪᠠᠷ ᠤᠯᠤᠰ ᠵᠶ᠋ᠠᠨ ᠵᠠᠰᠠᠬᠤ ᠪᠥᠬᠦ ᠲᠠᠯ᠎ᠠ᠎ᠪᠠᠷ ᠠᠬᠢᠴᠠ ᠵᠢ ᠲᠠᠰᠤᠷᠠᠯᠲᠠ ᠥᠬᠡᠶ ᠠᠭᠢᠬᠤ ᠵᠢ ᠳᠠᠭ᠋ᠠᠯᠳᠤᠨ᠂ ᠢᠯᠠᠩᠭᠤᠶ᠎ᠠ 2019 ᠣᠨ᠎ᠳᠤ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ 《ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮᠵᠢᠯᠠᠯ᠎ᠤᠨ ᠲᠦᠷ ᠬᠡᠷᠡᠭᠵᠢᠭᠦᠯᠬᠦ ᠲᠦᠷᠢᠮ》᠎ᠢ ᠨᠡᠶ᠋ᠢᠲᠡᠯᠡᠵᠦ᠂ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠪᠥᠬᠦ ᠶᠠᠪᠤᠴᠠ᠎ᠳᠤ ᠪᠣᠳᠠᠲᠠᠶ ᠲᠣᠭᠲᠠᠭ᠋ᠠᠯ ᠭᠠᠷᠭ᠋ᠠᠵᠤ᠂ ᠵᠢᠷᠤᠮᠵᠢᠯᠠᠯ᠂ ᠪᠠᠷᠢᠮᠵᠢᠶ᠎ᠠ ᠵᠡᠷᠭᠡ ᠲᠠᠯ᠎ᠠ᠎ᠪᠠᠷ ᠴᠥᠮ ᠨᠠᠩ ᠥᠨᠳᠥᠷ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ 《ᠵᠢᠷᠤᠮᠵᠢᠯᠠᠯ᠎ᠤᠨ ᠲᠣᠭᠲᠠᠭ᠋ᠠᠯ》᠎ᠳᠤ ᠵᠠᠰᠠᠪᠤᠷᠢ ᠣᠷᠣᠭᠤᠯᠬᠤ᠎ᠨᠢ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠤᠳᠤᠯᠭ᠎ᠠ ᠵᠢᠨ ᠰᠢᠨᠵᠢᠯᠡᠬᠦ ᠤᠬᠠᠭ᠋ᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠰᠠᠭ ᠵᠠᠬᠢᠷᠭ᠋ᠠᠨ᠎ᠤ ᠡᠷᠬᠡ ᠵᠢᠨ ᠬᠢᠵᠠᠭ᠋ᠠᠷᠯᠠᠯ ᠪᠠ ᠬᠢᠨᠠᠯᠲᠠ ᠵᠢ ᠴᠢᠩᠭ᠋ᠠᠳᠬᠠᠨ᠂ ᠵᠠᠰᠠᠭ᠎ᠤᠨ ᠣᠷᠳᠣᠨ᠎ᠤ ᠤᠯᠠᠨ ᠨᠡᠶ᠋ᠢᠲᠡ ᠵᠢ ᠢᠲᠡᠭᠡᠭᠦᠯᠬᠦ ᠬᠦᠴᠦᠨ ᠪᠠ ᠭᠦᠢ᠍ᠴᠡᠳᠬᠡᠬᠦ ᠬᠦᠴᠦᠨ᠎ᠢ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠬᠢᠴᠠ ᠵᠢ ᠲᠦᠷᠭᠡᠪᠴᠢᠯᠡᠨ ᠠᠬᠢᠭᠤᠯᠬᠤ᠎ᠳᠤ ᠲᠦᠢ᠍ᠯ᠎ᠤᠨ ᠴᠢᠬᠤᠯᠠ ᠪᠣᠳᠠᠲᠤ ᠠᠴᠢ ᠬᠤᠯᠪᠣᠭᠳᠠᠯ᠎ᠲᠠᠢ ᠶᠤᠮ᠃
ᠬᠤᠶᠠᠷ᠂ ᠶᠠᠮᠠᠷ ᠶᠠᠮᠠᠷ ᠨᠢᠭᠡᠴᠢ᠎ᠨᠢ 《 ᠵᠢᠷᠤᠮᠵᠢᠯᠠᠯ᠎ᠤᠨ ᠲᠣᠭᠲᠠᠭ᠋ᠠᠯ》 ᠢ ᠬᠡᠷᠡᠭᠯᠡᠬᠦ ᠪᠤᠢ?
ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠤᠷᠤᠨ᠎ᠤ ᠳᠣᠲᠣᠷᠠᠬᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠵᠢ ᠲᠣᠭᠲᠠᠭ᠋ᠠᠬᠤ ᠪᠠ ᠳᠣᠭᠢᠷᠠᠭᠤᠯᠬᠤ ᠶᠠᠪᠤᠴᠠ᠎ᠳᠤ ᠲᠣᠰ ᠲᠣᠭᠲᠠᠭ᠋ᠠᠯ᠎ᠢ ᠬᠡᠷᠡᠭᠯᠡᠨ᠎ᠡ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠪᠠ ᠲᠣᠬᠢᠷᠠᠭᠤᠯᠤᠯᠲᠠ ᠬᠢᠬᠦ ᠶᠠᠪᠤᠴᠠ ᠵᠢ ᠲᠣᠰ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠭᠤᠷᠪᠠ᠂ ᠶᠠᠮᠠᠷ ᠶᠠᠮᠠᠷ ᠤᠴᠢᠷ ᠶᠠᠪᠤᠳᠠᠯ᠎ᠳᠤ 《 ᠵᠢᠷᠤᠮᠵᠢᠯᠠᠯ᠎ᠤᠨ ᠲᠣᠭᠲᠠᠭ᠋ᠠᠯ》 ᠶᠣᠰᠣᠭ᠋ᠠᠷ ᠰᠶ᠋ᠢᠳᠪᠦᠷᠢᠲᠦ ᠪᠤᠳᠤᠯᠭ᠎ᠠ ᠲᠣᠭᠲᠠᠭ᠋ᠠᠬᠤ ᠴᠢᠬᠤᠯᠠᠲᠠᠶ ᠪᠤᠢ?
ᠬᠠᠷᠢᠭᠤᠯᠲᠠ᠄ 《ᠵᠢᠷᠤᠮᠵᠢᠯᠠᠯ᠎ᠤᠨ ᠲᠣᠭᠲᠠᠭ᠋ᠠᠯ》᠎ᠳᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠬᠦᠷᠢᠶ᠎ᠡ ᠬᠡᠪᠴᠢᠶ᠎ᠡ ᠵᠢ 《ᠵᠢᠭᠰᠠᠭ᠋ᠠᠨ ᠲᠣᠭ᠋ᠠᠴᠢᠬᠤ + ᠦᠭᠡᠶ᠋ᠢᠰᠭᠡᠬᠦ》᠎ᠪᠠᠷ ᠳᠠᠮᠵᠢᠭᠤᠯᠤᠨ᠂ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠪᠠᠶ᠋ᠢᠭᠤᠯᠭ᠎ᠠ ᠵᠢᠨ ᠲᠤᠰᠢᠶᠠᠯ ᠬᠠᠷᠢᠭᠤᠴᠠᠯᠭ᠎ᠠ ᠵᠢᠨ ᠡᠷᠬᠡ ᠵᠢᠨ ᠬᠢᠵᠠᠭ᠋ᠠᠷ ᠪᠠ ᠲᠣᠰ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠭᠠᠷᠴᠠᠭ᠂ ᠪᠠᠷᠢᠮᠵᠢᠶ᠎ᠠ ᠵᠢ ᠲᠣᠭᠲᠠᠭ᠋ᠠᠵᠤ᠂ ᠠᠳᠠᠯᠢ ᠱᠠᠲᠤᠨ᠎ᠤ ᠨᠠᠮ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠭᠡᠮ᠎ᠳᠤ ᠨᠡᠶ᠋ᠢᠲᠡᠯᠡᠬᠦ ᠵᠢᠨ ᠬᠠᠮᠲᠤ ᠪᠣᠳᠠᠲᠠᠶ ᠬᠤᠪᠢᠷᠠᠯᠲᠠ ᠵᠢ ᠦᠨᠳᠦᠰᠦᠯᠡᠨ ᠲᠣᠬᠢᠷᠠᠭᠤᠯᠤᠯᠲᠠ ᠬᠢᠬᠦ ᠵᠢ ᠵᠥᠪᠰᠢᠶᠡᠷᠡᠨ᠎ᠡ᠃ ᠵᠢᠭᠰᠠᠭ᠋ᠠᠭᠰᠠᠨ ᠵᠦᠢ᠍ᠯ᠎ᠤᠳ᠎ᠲᠤ᠄ ᠨᠢᠭᠡ᠎ᠳᠤ ᠤᠯᠠᠨ ᠨᠡᠶ᠋ᠢᠲᠡ ᠵᠢᠨ ᠦᠢ᠍ᠯᠡᠴᠢᠯᠡᠭᠡ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠨᠡᠶ᠋ᠢᠭᠡᠮ᠎ᠤᠨ ᠬᠠᠮᠢᠶᠠᠷᠤᠯᠲᠠ᠂ ᠣᠷᠴᠢᠨ ᠠᠬᠤᠶ ᠵᠢᠨ ᠬᠠᠮᠠᠭ᠋ᠠᠯᠠᠯᠲᠠ ᠵᠡᠷᠭᠡ ᠲᠠᠯ᠎ᠠ᠎ᠳᠤ ᠬᠤᠯᠪᠣᠭᠳᠠᠬᠤ ᠴᠢᠬᠤᠯᠠ ᠶᠡᠭᠡ ᠤᠯᠠᠨ ᠨᠡᠶ᠋ᠢᠲᠡ ᠵᠢᠨ ᠲᠦᠷᠦ ᠵᠢᠨ ᠪᠤᠳᠤᠯᠭ᠎ᠠ ᠪᠠ ᠠᠷᠭ᠎ᠠ ᠬᠡᠮᠵᠢᠶ᠎ᠡ ᠵᠢ ᠲᠣᠭᠲᠠᠭ᠋ᠠᠨ᠎ᠠ; ᠬᠤᠶᠠᠷ᠎ᠲᠤ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠡᠷᠭᠡ ᠲᠠᠯ᠎ᠠ ᠵᠢᠨ ᠴᠢᠬᠤᠯᠠ ᠲᠥᠯᠥᠪᠵᠢᠭᠦᠯᠭᠡ ᠵᠢ ᠲᠣᠭᠲᠠᠭ᠋ᠠᠨ᠎ᠠ; ᠭᠤᠷᠪᠠ᠎ᠳᠤ ᠴᠢᠬᠤᠯᠠ ᠪᠠᠶ᠋ᠢᠭ᠋ᠠᠯᠢ ᠵᠢᠨ ᠡᠬᠢ ᠪᠠᠶᠠᠯᠢᠭ ᠪᠠ ᠰᠣᠶᠣᠯ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠵᠦ ᠬᠠᠮᠠᠭ᠋ᠠᠯᠠᠬᠤ ᠴᠢᠬᠤᠯᠠ ᠶᠡᠭᠡ ᠤᠯᠠᠨ ᠨᠡᠶ᠋ᠢᠲᠡ ᠵᠢᠨ ᠲᠦᠷᠦ ᠵᠢᠨ ᠪᠤᠳᠤᠯᠭ᠎ᠠ ᠪᠠ ᠠᠷᠭ᠎ᠠ ᠬᠡᠮᠵᠢᠶ᠎ᠡ ᠵᠢ ᠲᠣᠭᠲᠠᠭ᠋ᠠᠨ᠎ᠠ; ᠲᠦᠷᠪᠡ᠎ᠳᠤ ᠲᠤᠰ ᠵᠠᠰᠠᠭ ᠵᠠᠬᠢᠷᠭ᠋ᠠᠨ᠎ᠤ ᠤᠷᠤᠨ᠎ᠳᠤ ᠬᠡᠷᠡᠭᠵᠢᠭᠦᠯᠬᠦ ᠴᠢᠬᠤᠯᠠ ᠶᠡᠭᠡ ᠤᠯᠠᠨ ᠨᠡᠶ᠋ᠢᠲᠡ ᠵᠢᠨ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠲᠣᠭᠲᠠᠭ᠋ᠠᠨ᠎ᠠ; ᠲᠠᠪᠤ᠎ᠳᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠶᠡᠭᠡ ᠨᠥᠯᠥᠭᠡ ᠦᠵᠡᠭᠦᠯᠬᠦ᠂ ᠴᠢᠬᠤᠯᠠ ᠶᠡᠭᠡ ᠤᠯᠠᠨ ᠨᠡᠶ᠋ᠢᠲᠡ ᠵᠢᠨ ᠠᠰᠢᠭ ᠲᠤᠰᠠ ᠪᠤᠶᠤ ᠨᠡᠶ᠋ᠢᠭᠡᠮ ᠨᠡᠶ᠋ᠢᠲᠡ ᠵᠢᠨ ᠲᠤᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢ᠍ᠯᠡᠰ᠎ᠢ ᠲᠣᠭᠲᠠᠭ᠋ᠠᠨ᠎ᠠ᠃ ᠡᠭᠦᠨ᠎ᠤ ᠵᠡᠷᠭᠡ᠎ᠳᠤ᠂ 2 ᠲᠦᠷᠦᠯ᠎ᠤᠨ ᠤᠴᠢᠷ ᠶᠠᠪᠤᠳᠠᠯ᠎ᠢ ᠲᠤᠳᠤᠷᠬᠠᠢ ᠦᠭᠡᠶ᠋ᠢᠰᠭᠡᠵᠦ᠂ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠰᠶ᠋ᠢᠳᠪᠦᠷᠢᠲᠦ ᠪᠣᠳᠣᠯᠭ᠎ᠠ ᠵᠢᠴᠢ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠶ᠋ᠢᠳᠪᠦᠷᠢᠯᠡᠬᠦ ᠰᠶ᠋ᠢᠳᠪᠦᠷᠢᠲᠦ ᠪᠣᠳᠣᠯᠭ᠎ᠠ᠎ᠳᠤ ᠲᠣᠰ ᠲᠣᠭᠲᠠᠭ᠋ᠠᠯ᠎ᠢ ᠬᠡᠷᠡᠭᠯᠡᠬᠦ ᠦᠭᠡᠢ ᠭᠡᠵᠦ ᠲᠤᠲᠠᠭ᠋ᠠᠵᠠᠢ᠃
ᠲᠦᠷᠪᠡ᠂ ᠪᠤᠢ ᠪᠦᠬᠦᠢ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠤᠳᠤᠯᠭ᠎ᠠ᠎ᠨᠢ ᠴᠥᠮ ᠡᠷᠬᠡᠪᠰᠢ ᠤᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠵᠡᠷᠭᠡ ᠵᠢᠷᠤᠮᠵᠢᠯᠠᠯᠢ ᠪᠦᠷᠢᠮᠦᠰᠦᠨ ᠭᠦᠢ᠍ᠴᠡᠳᠬᠡᠬᠦ ᠬᠡᠷᠡᠭᠲᠡᠶ ᠤᠤ ᠦᠭᠡᠢ ᠤᠤ ?
ᠬᠠᠷᠢᠭᠤᠯᠲᠠ᠄ ᠣᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠪᠣᠯ 《ᠵᠢᠷᠤᠮᠵᠢᠯᠠᠯ᠎ᠤᠨ ᠲᠣᠭᠲᠠᠭ᠋ᠠᠯ》᠎ᠤᠨ ᠨᠢᠭᠡᠨ ᠭᠤᠤᠯ ᠠᠭᠤᠯᠭ᠎ᠠ ᠪᠣᠯᠤᠨ᠎ᠠ᠃ ᠡᠭᠦᠨ᠎ᠳᠤ ᠣᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠪᠣᠯ ᠵᠠᠪᠠᠯ ᠥᠩᠭᠡᠷᠡᠭᠡᠬᠦ ᠶᠠᠪᠤᠴᠠ ᠮᠥᠨ᠂ ᠪᠣᠶ ᠪᠥᠬᠦᠶ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠲᠤᠭᠲᠠᠭ᠋ᠠᠬᠤ᠎ᠳᠤ ᠴᠥᠮ ᠡᠷᠬᠡᠪᠰᠢ ᠭᠦᠢ᠍ᠴᠡᠳᠭᠡᠬᠦ ᠬᠡᠷᠡᠭᠲᠡᠶ᠃ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠎ᠨᠢ ᠵᠠᠪᠠᠯ ᠥᠩᠭᠡᠷᠡᠭᠡᠬᠦ ᠶᠠᠪᠤᠴᠠ ᠪᠢᠰᠢ᠂ ᠲᠦᠷᠢᠮ᠎ᠳᠤ᠄ ᠲᠤᠰᠬᠠᠶ ᠮᠡᠷᠭᠡᠵᠢᠯ᠎ᠤᠨ ᠴᠢᠨᠠᠷ᠂ ᠮᠡᠷᠭᠡᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠰᠶ᠋ᠢᠳᠪᠦᠷᠢᠲᠦ ᠪᠤᠳᠤᠯᠭ᠎ᠠ ᠲᠣᠭᠲᠠᠭ᠋ᠠᠬᠤ ᠵᠦᠢ᠍ᠯᠡᠰ᠎ᠲᠤ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠬᠢᠬᠦ ᠶᠠᠪᠤᠴᠠ ᠵᠢ ᠭᠦᠢ᠍ᠴᠡᠳᠬᠡᠬᠦ ᠬᠡᠷᠡᠭᠲᠡᠶ; ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠵᠢᠨ ᠬᠡᠷᠡᠭᠵᠢᠭᠦᠯᠦᠯᠲᠡ᠎ᠨᠢ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠂ ᠠᠮᠢ ᠠᠬᠤᠶ ᠣᠷᠴᠢᠨ ᠲᠣᠭᠤᠷᠢᠨ᠂ ᠣᠯᠠᠨ ᠨᠡᠶ᠋ᠢᠲᠡ ᠵᠢᠨ ᠠᠮᠤᠷ ᠲᠦᠪᠰᠢᠨ ᠵᠡᠷᠭᠡ ᠲᠠᠯ᠎ᠠ᠎ᠳᠤ ᠠᠰᠢᠭ ᠥᠬᠡᠶ ᠨᠥᠯᠥᠭᠡ ᠤᠴᠠᠷᠠᠭᠤᠯᠵᠤ ᠮᠡᠳᠡᠬᠦ᠎ᠳᠤ ᠭᠦᠷᠪᠡᠯ᠂ ᠲᠦᠭᠰᠢᠭᠦᠷᠢ ᠵᠢ ᠦᠨᠡᠯᠡᠨ ᠵᠢᠱ᠌ᠢᠬᠦ ᠶᠠᠪᠤᠴᠠ ᠵᠢ ᠭᠦᠢ᠍ᠴᠡᠳᠭᠡᠬᠦ ᠬᠡᠷᠡᠭᠲᠡᠶ ᠭᠡᠵᠠᠢ᠃
ᠲᠠᠪᠤ᠂ ᠬᠤᠯᠪᠣᠭᠳᠠᠯ ᠪᠦᠬᠦᠢ ᠵᠢᠷᠤᠮᠵᠢᠯᠠᠯᠢ ᠭᠦᠢ᠍ᠴᠡᠳᠬᠡᠬᠦ᠎ᠳᠤ ᠲᠣᠭᠲᠠᠮᠠᠯ ᠳᠡᠰ ᠳᠠᠷᠠᠭ᠋ᠠᠯᠠᠯ᠎ᠲᠠᠢ ᠤᠤ ᠦᠭᠡᠢ ᠤᠤ?
ᠬᠠᠷᠢᠭᠤᠯᠲᠠ᠄ ᠣᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠡᠨᠡ ᠲᠠᠪᠤᠨ ᠶᠡᠭᠡ ᠵᠢᠷᠤᠮᠵᠢᠯᠠᠯ ᠪᠣᠯ ᠪᠦᠷᠢᠮᠦᠰᠦᠨ ᠬᠦᠰᠢᠭᠦᠷᠡᠭᠰᠠᠨ ᠶᠠᠪᠤᠴᠠ ᠪᠢᠰᠢ᠂ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠵᠢ ᠡᠬᠢᠯᠡᠭᠦᠯᠦᠭᠰᠡᠨ᠎ᠠᠴᠠ ᠠᠪᠤᠭ᠋ᠠᠳ ᠲᠣᠭᠲᠠᠭ᠋ᠠᠬᠤ ᠬᠦᠷᠲᠡᠯ᠎ᠡ᠂ ᠶᠡᠭᠡ ᠲᠥᠯᠥᠪ ᠰᠶ᠋ᠢᠳᠪᠦᠷᠢᠲᠦ ᠪᠣᠳᠣᠯᠭ᠎ᠠ ᠵᠢᠨ ᠲᠥᠰᠦᠯ᠎ᠤᠨ ᠪᠦᠷᠢᠯᠳᠦᠬᠦ ᠱᠠᠲᠤ᠂ ᠲᠥᠰᠦᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠪᠠ ᠬᠠᠮᠲᠤ᠎ᠪᠠᠷ ᠶᠠᠷᠢᠯᠴᠠᠬᠤ ᠱᠠᠲᠤ ᠭᠡᠵᠦ ᠬᠤᠪᠢᠶᠠᠵᠤ ᠪᠣᠯᠤᠨ᠎ᠠ᠃ ᠣᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠪᠣᠯ ᠰᠶ᠋ᠢᠳᠪᠦᠷᠢᠲᠦ ᠪᠣᠳᠣᠯᠭ᠎ᠠ ᠵᠢᠨ ᠲᠥᠰᠦᠯ᠎ᠤᠨ ᠪᠦᠷᠢᠯᠳᠦᠬᠦ ᠱᠠᠲᠤᠨ᠎ᠤ ᠵᠢᠷᠤᠮᠵᠢᠯᠠᠯ ᠮᠥᠨ᠂ ᠡᠨᠡ ᠭᠤᠷᠪᠠ ᠵᠢᠨ ᠬᠤᠭᠤᠷᠣᠨᠳᠣ ᠲᠣᠭᠲᠠᠭᠰᠠᠨ ᠡᠮᠦᠨ᠎ᠡ ᠬᠤᠶ᠋ᠢᠨᠠᠬᠢ ᠳᠡᠰ ᠳᠠᠷᠠᠭ᠋ᠠᠯᠠᠯ ᠭᠡᠵᠦ ᠪᠠᠶ᠋ᠢᠳᠠᠭ ᠥᠬᠡᠶ᠂ ᠰᠶ᠋ᠢᠳᠪᠦᠷᠢᠲᠦ ᠪᠣᠳᠣᠯᠭ᠎ᠠ ᠵᠢ ᠳᠠᠭ᠋ᠠᠭ᠋ᠠᠨ ᠭᠦᠢ᠍ᠴᠡᠳᠭᠡᠬᠦ ᠨᠢᠭᠡᠴᠡ᠎ᠨᠢ ᠰᠶ᠋ᠢᠳᠪᠦᠷᠢᠲᠦ ᠪᠣᠳᠣᠯᠭ᠎ᠠ ᠵᠢᠨ ᠵᠦᠢ᠍ᠯᠡᠰ᠎ᠤᠨ ᠣᠨᠴᠠᠯᠢᠭ ᠪᠠ ᠪᠣᠳᠠᠲᠠᠶ ᠬᠡᠷᠡᠭᠴᠡᠭᠡ ᠵᠢ ᠦᠨᠳᠦᠰᠦᠯᠡᠨ ᠡᠵᠡᠮᠰᠢᠵᠦ᠂ ᠵᠠᠷᠢᠮ ᠵᠢᠷᠤᠮᠵᠢᠯᠠᠯᠢ ᠳᠠᠬᠢᠨ ᠳᠠᠪᠲᠠᠨ ᠣᠯᠠᠨ ᠤᠳᠠᠭ᠎ᠠ ᠭᠦᠢ᠍ᠴᠡᠳᠭᠡᠵᠦ᠂ ᠵᠢᠱ᠌ᠢᠶᠡᠯᠡᠪᠡᠯ ᠣᠯᠠᠨ ᠤᠳᠠᠭ᠎ᠠ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ ᠪᠣᠯᠤᠯᠴᠠᠭ᠎ᠠ᠎ᠲᠠᠢ᠃ ᠡᠭᠦᠨ᠎ᠠᠴᠠ ᠭᠠᠳᠠᠨ᠎ᠠ᠂ ᠲᠦᠭᠰᠢᠭᠦᠷᠢ ᠵᠢ ᠦᠨᠡᠯᠡᠨ ᠵᠢᠱ᠌ᠢᠬᠦ᠎ᠳᠤ ᠣᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ ᠵᠡᠷᠭᠡ ᠠᠵᠢᠯ᠎ᠲᠠᠢ ᠤᠶᠠᠯᠳᠤᠭᠤᠯᠤᠨ ᠵᠡᠷᠭᠡ᠎ᠪᠠᠷ ᠵᠣᠬᠢᠶᠠᠨ ᠪᠠᠶ᠋ᠢᠭᠤᠯᠵᠤ ᠪᠣᠯᠤᠨ᠎ᠠ᠃ ᠰᠶ᠋ᠢᠳᠪᠦᠷᠢᠲᠦ ᠪᠤᠳᠤᠯᠭ᠎ᠠ ᠵᠢᠨ ᠲᠥᠰᠦᠯ ᠪᠤᠢ ᠪᠣᠯᠤᠭᠰᠠᠨ᠎ᠤ ᠲᠠᠷᠠᠭ᠎ᠠ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠪᠠ ᠬᠠᠮᠲᠤ᠎ᠪᠠᠷ ᠶᠠᠷᠢᠯᠴᠠᠨ ᠲᠣᠭᠲᠠᠭ᠋ᠠᠬᠤ ᠶᠠᠪᠤᠳᠠᠯ᠎ᠢ ᠲᠡᠰ ᠳᠠᠷᠠᠭ᠋ᠠᠯᠠᠨ ᠭᠦᠢ᠍ᠴᠡᠳᠬᠡᠬᠦ ᠴᠢᠬᠤᠯᠠᠲᠠᠶ᠂ ᠡᠨᠡ ᠬᠤᠶᠠᠷ ᠵᠢᠷᠤᠮᠵᠢᠯᠠᠯ ᠪᠣᠯ ᠵᠠᠪᠠᠯ ᠥᠩᠭᠡᠷᠡᠭᠡᠬᠦ ᠵᠢᠷᠤᠮ ᠪᠤᠯᠤᠨ᠎ᠠ᠃ ᠠᠩᠬᠠᠷᠤᠭᠤᠰᠢᠲᠠᠶ᠎ᠨᠢ᠂ ᠬᠡᠷᠪᠡ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠵᠢᠨ ᠳᠤᠮᠳᠠ ᠣᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ ᠪᠠ ᠲᠦᠭᠰᠢᠭᠦᠷᠢ ᠵᠢ ᠦᠨᠡᠯᠡᠨ ᠵᠢᠱ᠌ᠢᠬᠦ ᠵᠢᠷᠤᠮᠵᠢᠯᠡᠯᠢ ᠭᠦᠢ᠍ᠴᠡᠳᠭᠡᠬᠦ ᠶᠣᠰᠣᠲᠠᠶ ᠪᠠᠶ᠋ᠢᠲᠠᠯ᠎ᠠ ᠭᠦᠢ᠍ᠴᠡᠳᠭᠡᠭᠰᠡᠨ ᠥᠬᠡᠶ ᠪᠠᠶ᠋ᠢᠬᠤ ᠵᠢ ᠣᠯᠵᠤ ᠮᠡᠳᠡᠪᠡᠯ᠂ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠵᠢ ᠬᠠᠷᠢᠭᠤᠴᠠᠬᠤ ᠰᠠᠯᠠᠭ᠎ᠠ ᠮᠥᠴᠢᠷ᠎ᠠᠴᠠ ᠰᠶ᠋ᠢᠳᠪᠦᠷᠢᠲᠦ ᠪᠣᠳᠣᠯᠭ᠎ᠠ ᠵᠢ ᠳᠠᠭ᠋ᠠᠭ᠋ᠠᠨ ᠭᠦᠢ᠍ᠴᠡᠳᠭᠡᠬᠦ ᠨᠢᠭᠡᠴᠡ᠎ᠪᠠᠷ ᠬᠤᠯᠪᠣᠭᠳᠠᠯ ᠪᠥᠬᠦᠶ ᠵᠢᠷᠤᠮᠵᠢᠯᠠᠯᠢ ᠨᠥᠬᠦᠪᠥᠷᠢᠯᠡᠨ ᠭᠦᠢ᠍ᠴᠡᠳᠭᠡᠭᠦᠯᠬᠦᠪᠠᠷ ᠱᠠᠭ᠋ᠠᠷᠳᠠᠵᠤ ᠪᠣᠯᠤᠨ᠎ᠠ᠃ ᠬᠠᠮᠲᠤ᠎ᠪᠠᠷ ᠶᠠᠷᠢᠯᠴᠠᠨ ᠲᠣᠭᠲᠠᠭ᠋ᠠᠬᠤ ᠪᠣᠯ ᠲᠠᠪᠤᠨ ᠶᠡᠭᠡ ᠵᠢᠷᠤᠮᠵᠢᠯᠠᠯ᠎ᠤᠨ ᠳᠣᠲᠣᠷᠠᠬᠢ ᠬᠠᠮᠤᠭ ᠰᠡᠭᠦᠯᠴᠢ ᠵᠢᠨ ᠨᠢᠭᠡ ᠵᠢᠷᠤᠮᠵᠢᠯᠠᠯ ᠪᠣᠯᠤᠨ᠎ᠠ᠂ ᠬᠡᠯᠡᠯᠭᠡᠨ ᠦᠭᠡᠢ ᠬᠠᠮᠲᠤ᠎ᠪᠠᠷ ᠶᠠᠷᠢᠯᠴᠠᠬᠤ ᠦᠶ᠎ᠡ᠎ᠳᠤ ᠬᠤᠯᠪᠣᠭᠳᠠᠯ ᠪᠦᠬᠦᠢ ᠵᠢᠷᠤᠮᠵᠢᠯᠠᠯᠢ ᠳᠠᠬᠢᠵᠤ ᠭᠦᠢ᠍ᠴᠡᠳᠬᠡᠬᠦ ᠪᠤᠶᠤ ᠨᠥᠬᠦᠪᠥᠷᠢᠯᠡᠨ ᠭᠦᠢ᠍ᠴᠡᠳᠭᠡᠭᠦᠯᠬᠦᠪᠠᠷ ᠱᠠᠭ᠋ᠠᠷᠳᠠᠵᠦ ᠪᠤᠯᠤᠨ᠎ᠠ᠃
ᠵᠢᠷᠭᠤᠭ᠎ᠠ᠂ 《 ᠵᠢᠷᠤᠮᠵᠢᠯᠠᠯ᠎ᠤᠨ ᠲᠣᠭᠲᠠᠭ᠋ᠠᠯ》 ᠳᠤ ᠤᠯᠠᠨ ᠨᠡᠶ᠋ᠢᠲᠡ ᠵᠢᠨ ᠣᠷᠣᠯᠴᠠᠯᠭ᠎ᠠ ᠵᠢᠨ ᠪᠤᠳᠠᠲᠠᠢ ᠦᠷ᠎ᠡ ᠪᠦᠲᠦᠮᠵᠢᠲᠦ ᠴᠢᠨᠠᠷ᠎ᠢ ᠪᠠᠲᠤᠯᠠᠬᠤ ᠲᠤᠬᠠᠶ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠤᠢ?
ᠬᠠᠷᠢᠭᠤᠯᠲᠠ᠄ ᠡᠩ ᠲᠡᠷᠢᠭᠦᠨ᠎ᠳᠤ᠂ ᠣᠯᠠᠨ ᠨᠡᠶ᠋ᠢᠲᠡ ᠵᠢᠨ ᠰᠠᠨᠠᠯ᠎ᠢ ᠰᠣᠨᠣᠰᠬᠤ ᠠᠷᠭ᠎ᠠ ᠬᠡᠯᠪᠡᠷᠢ ᠪᠠ ᠠᠷᠭ᠎ᠠ ᠵᠢᠨ ᠲᠠᠯ᠎ᠠ᠎ᠪᠠᠷ᠂ ᠶᠠᠷᠢᠯᠴᠠᠬᠤ ᠬᠤᠷᠠᠯ᠂ ᠭᠡᠷᠡᠴᠢᠯᠡᠯᠲᠡ ᠰᠣᠨᠣᠰᠬᠤ ᠬᠤᠷᠠᠯ᠂ ᠲᠤᠬᠠᠶ ᠵᠢᠨ ᠭᠠᠵᠠᠷ᠎ᠲᠤᠨᠢ ᠰᠤᠷᠪᠤᠯᠵᠢᠯᠠᠬᠤ᠂ ᠪᠢᠴᠢᠭ ᠵᠶ᠋ᠠᠷ ᠰᠠᠨᠠᠯ ᠬᠤᠷᠢᠶᠠᠬᠤ᠂ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠬᠤ᠂ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠬᠤ᠂ ᠠᠷᠠᠳ᠎ᠤᠨ ᠰᠠᠨᠠᠭ᠎ᠠ ᠵᠢ ᠪᠠᠶ᠋ᠢᠴᠠᠭ᠋ᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠪᠠᠭᠲᠠᠭ᠋ᠠᠵᠤ᠂ ᠣᠯᠠᠨ ᠨᠡᠶ᠋ᠢᠲᠡ ᠵᠢᠨ ᠣᠷᠣᠯᠴᠠᠬᠤ᠎ᠳᠤ ᠲᠥᠬᠦᠮ ᠦᠵᠡᠭᠦᠯᠬᠦ ᠠᠷᠭ᠎ᠠ ᠮᠠᠶᠢᠭ᠎ᠢ ᠠᠪᠬᠤ ᠬᠡᠷᠡᠭᠲᠡᠶ ᠭᠡᠵᠦ ᠱᠠᠭ᠋ᠠᠷᠳᠠᠵᠠᠶ᠃ ᠰᠶ᠋ᠢᠳᠪᠦᠷᠢᠲᠦ ᠪᠤᠳᠤᠯᠭ᠎ᠠ ᠵᠢᠨ ᠠᠭᠤᠯᠭ᠎ᠠ ᠪᠠ ᠬᠡᠷᠡᠭᠴᠡᠭᠡ ᠵᠢ ᠦᠨᠳᠦᠰᠦᠯᠡᠨ᠂ ᠪᠠᠰᠠ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠵᠢᠴᠢ ᠬᠤᠯᠪᠣᠭᠳᠠᠯ ᠪᠦᠬᠦᠢ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠰᠠᠨᠠᠯ᠎ᠢ ᠰᠣᠨᠣᠰᠬᠤ ᠬᠡᠷᠡᠭᠲᠡᠶ᠃ ᠢᠯᠠᠩᠭᠤᠶ᠎ᠠ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠶ᠋ᠢᠳᠪᠦᠷᠢᠲᠦ ᠪᠤᠳᠤᠯᠭ᠎ᠠ᠎ᠨᠢ ᠬᠡᠷᠪᠡ ᠣᠨᠴᠠ ᠲᠣᠭᠲᠠᠭᠰᠠᠨ ᠤᠯᠠᠨ ᠨᠡᠶ᠋ᠢᠲᠡ ᠵᠢᠨ ᠠᠰᠢᠭ ᠲᠤᠰᠠ᠎ᠳᠤ ᠬᠤᠯᠪᠣᠭᠳᠠᠪᠠᠯ᠂ ᠠᠷᠠᠳ᠎ᠤᠨ ᠪᠦᠯᠬᠦᠮ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠤᠯᠠᠨ ᠲᠦᠮᠡᠨ᠎ᠤ ᠲᠦᠯᠦᠭᠡᠯᠡᠭᠴᠢ ᠵᠢ ᠪᠠᠭᠲᠠᠭ᠋ᠠᠭᠰᠠᠨ ᠬᠤᠯᠪᠣᠭᠳᠠᠯ ᠪᠦᠬᠦᠢ ᠣᠨᠴᠠ ᠲᠣᠭᠲᠠᠭᠰᠠᠨ ᠤᠯᠠᠨ ᠨᠡᠶ᠋ᠢᠲᠡ ᠵᠢᠨ ᠰᠠᠨᠠᠯ᠎ᠢ ᠰᠣᠨᠣᠰᠬᠤ ᠵᠢ ᠱᠠᠭ᠋ᠠᠷᠳᠠᠳᠠᠭ᠃ ᠲᠠᠷᠠᠭ᠎ᠠ᠎ᠳᠤᠨᠢ᠂ ᠪᠣᠳᠠᠲᠠᠶ ᠵᠢᠷᠤᠮᠵᠢᠯᠠᠯ᠎ᠤᠨ ᠱᠠᠭ᠋ᠠᠷᠳᠠᠯᠭ᠎ᠠ ᠵᠢᠨ ᠲᠠᠯ᠎ᠠ᠎ᠪᠠᠷ᠂ ᠵᠢᠱ᠌ᠢᠶᠡᠯᠡᠪᠡᠯ ᠢᠯᠡ᠎ᠪᠠᠷ ᠰᠠᠨᠠᠯ ᠬᠤᠷᠢᠶᠠᠬᠤ ᠱᠠᠭ᠋ᠠᠷᠳᠠᠯᠭ᠎ᠠ᠎ᠨᠢ ᠲᠥᠰᠦᠯ᠎ᠤᠨ ᠲᠤᠬᠠᠶ ᠲᠣᠪᠬᠢᠮᠠᠯ ᠵᠶ᠋ᠠᠷ ᠪᠠᠷᠠᠬᠤ ᠦᠭᠡᠢ᠂ ᠪᠠᠰᠠ ᠲᠣᠳᠣᠷᠬᠠᠶ᠋ᠢᠯᠠᠯᠲᠠ ᠵᠢᠨ ᠲᠠᠯ᠎ᠠ᠎ᠪᠠᠷ ᠴᠥᠮ ᠰᠠᠨᠠᠯ ᠬᠤᠷᠢᠶᠠᠬᠤ ᠬᠡᠷᠡᠭᠲᠡᠶ᠃ ᠰᠠᠨᠠᠯ ᠬᠤᠷᠢᠶᠠᠬᠤ᠎ᠳᠠᠭᠠᠨ ᠵᠠᠷᠴᠢᠮ ᠳᠡᠭᠡᠷ᠎ᠡ᠎ᠪᠠᠨ 30 ᠡᠳᠦᠷ᠎ᠠᠴᠠ ᠳᠤᠲᠠᠭᠤ ᠪᠠᠶ᠋ᠢᠵᠤ ᠪᠣᠯᠬᠤ ᠥᠬᠡᠶ᠂ ᠣᠯᠠᠨ ᠨᠡᠶ᠋ᠢᠲᠡ᠎ᠳᠤ ᠮᠡᠳᠡᠭᠳᠡᠬᠦ᠎ᠳᠤ ᠲᠥᠬᠦᠮ ᠵᠠᠭᠤᠴᠢᠯᠠᠭᠤᠷ ᠪᠠ ᠠᠷᠭ᠎ᠠ ᠵᠠᠮ ᠵᠶ᠋ᠠᠷ ᠳᠠᠮᠵᠢᠭᠤᠯᠤᠨ᠂ ᠣᠯᠠᠨ᠎ᠳᠤ ᠣᠶ᠋ᠢᠯᠠᠭ᠋ᠠᠭᠤᠯᠤᠨ ᠡᠵᠡᠮᠰᠢᠭᠦᠯᠬᠦ ᠬᠡᠷᠡᠭᠲᠡᠶ᠃ ᠨᠡᠶ᠋ᠢᠭᠡᠮ ᠨᠡᠶ᠋ᠢᠲᠡ ᠵᠢᠨ ᠨᠡᠶ᠋ᠢᠳᠡᠮ ᠠᠩᠬᠠᠷᠴᠤ ᠪᠠᠶ᠋ᠢᠭ᠎ᠠ ᠪᠤᠶᠤ ᠲᠤᠰᠬᠠᠶ ᠮᠡᠷᠭᠡᠵᠢᠯ᠎ᠤᠨ ᠴᠢᠨᠠᠷ᠂ ᠮᠡᠷᠭᠡᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠴᠢᠬᠤᠯᠠ ᠶᠡᠭᠡ ᠰᠶ᠋ᠢᠳᠪᠦᠷᠢᠲᠦ ᠪᠤᠳᠤᠯᠭ᠎ᠠ ᠵᠢᠨ ᠵᠦᠢ᠍ᠯᠡᠰ᠎ᠢ ᠪᠠᠰᠠ ᠰᠣᠨᠢᠨ ᠮᠡᠳᠡᠭᠡ ᠨᠡᠶ᠋ᠢᠲᠡᠯᠡᠬᠦ ᠬᠤᠷᠠᠯ᠂ ᠲᠤᠰᠬᠠᠶ ᠮᠡᠷᠭᠡᠵᠢᠯᠲᠡᠨ᠎ᠤ ᠰᠤᠷᠪᠤᠯᠵᠢᠯᠠᠭ᠎ᠠ ᠵᠡᠷᠭᠡ ᠠᠷᠭ᠎ᠠ ᠮᠠᠶᠢᠭ ᠵᠶ᠋ᠠᠷ ᠲᠠᠶ᠋ᠢᠯᠪᠤᠷᠢᠯᠠᠨ ᠲᠣᠳᠣᠷᠬᠠᠶ᠋ᠢᠯᠠᠬᠤ ᠬᠡᠷᠡᠭᠲᠡᠶ; ᠭᠡᠷᠡᠴᠢᠯᠡᠯᠲᠡ ᠰᠣᠨᠣᠰᠬᠤ ᠬᠤᠷᠠᠯ᠎ᠳᠤ ᠴᠢᠭᠯᠡᠭᠦᠯᠦᠨ᠂ 《ᠵᠢᠷᠤᠮᠵᠢᠯᠠᠯ᠎ᠤᠨ ᠲᠣᠭᠲᠠᠭ᠋ᠠᠯ》᠎ᠳᠤ ᠭᠡᠷᠡᠴᠢᠯᠡᠯᠲᠡ ᠰᠣᠨᠣᠰᠬᠤ ᠬᠤᠷᠠᠯ᠎ᠤᠨ ᠲᠦᠯᠦᠭᠡᠯᠡᠭᠴᠢᠳᠢ ᠥᠷᠭᠡᠨ ᠳᠡᠯᠭᠡᠷᠡᠩᠭᠦᠶ ᠴᠢᠨᠠᠷᠲᠠᠢ ᠪᠠᠶ᠋ᠢᠬᠤ ᠵᠢ ᠱᠠᠭ᠋ᠠᠷᠳᠠᠭᠰᠠᠨ ᠪᠥᠭᠡᠳ ᠭᠡᠷᠡᠴᠢᠯᠡᠯᠲᠡ ᠰᠣᠨᠣᠰᠬᠤ ᠠᠯᠪᠠᠨ ᠵᠠᠷ᠎ᠤᠨ ᠠᠭᠤᠯᠭ᠎ᠠ ᠪᠠ ᠰᠠᠨᠠᠯ ᠰᠣᠨᠣᠰᠬᠤ ᠬᠤᠷᠠᠯ᠎ᠤᠨ ᠵᠢᠷᠤᠮ᠎ᠢ ᠲᠣᠭᠲᠠᠭ᠋ᠠᠵᠠᠶ᠃ ᠲᠤᠯᠤᠭ᠎ᠠ᠂ ᠰᠶ᠋ᠢᠳᠪᠦᠷᠢᠲᠦ ᠪᠤᠳᠤᠯᠭ᠎ᠠ ᠲᠣᠭᠲᠠᠭ᠋ᠠᠬᠤ ᠪᠠᠶ᠋ᠢᠭᠤᠯᠭ᠎ᠠ᠎ᠨᠢ ᠲᠤᠰᠬᠠᠶ ᠮᠡᠷᠭᠡᠵᠢᠯᠲᠡᠨ᠎ᠤ ᠬᠥᠮᠥᠷᠭᠡ ᠪᠠᠶ᠋ᠢᠭᠤᠯᠵᠤ᠂ ᠲᠡᠭᠦᠨ᠎ᠤ ᠳᠣᠲᠣᠷ᠎ᠠ᠎ᠠᠴᠠ ᠲᠤᠰᠬᠠᠶ ᠮᠡᠷᠭᠡᠵᠢᠯᠲᠡᠨ᠎ᠢ ᠰᠣᠩᠭᠤᠨ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠵᠤ ᠪᠣᠯᠤᠨ᠎ᠠ ᠤᠤ ᠦᠭᠡᠢ ᠤᠤ?
ᠬᠠᠷᠢᠭᠤᠯᠲᠠ᠄ 《ᠵᠢᠷᠤᠮᠵᠢᠯᠠᠯ᠎ᠤᠨ ᠲᠣᠭᠲᠠᠭ᠋ᠠᠯ》᠎ᠤᠨ ᠬᠤᠷᠢᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠰᠶ᠋ᠢᠳᠪᠦᠷᠢᠲᠦ ᠪᠣᠳᠣᠯᠭ᠎ᠠ ᠵᠢᠨ ᠵᠦᠪᠯᠡᠯᠭᠡ ᠥᠭᠴᠦ ᠨᠤᠲᠠᠯᠠᠯᠲᠠ ᠬᠢᠬᠦ ᠲᠤᠰᠬᠠᠶ ᠮᠡᠷᠭᠡᠵᠢᠯᠲᠡᠨ᠎ᠤ ᠬᠥᠮᠥᠷᠭᠡ ᠪᠠᠶ᠋ᠢᠭᠤᠯᠬᠤ ᠬᠡᠷᠡᠭᠲᠡᠶ; ᠲᠣᠭᠤᠷᠢᠭ᠎ᠲᠠᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠠᠶ᠋ᠢᠮᠠᠭ᠎ᠤᠨ ᠵᠠᠬᠢᠷᠭ᠎ᠠ ᠪᠠ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠡᠷᠡᠭᠴᠡᠭᠡ᠎ᠪᠠᠨ ᠦᠨᠳᠦᠰᠦᠯᠡᠨ ᠰᠶ᠋ᠢᠳᠪᠦᠷᠢᠲᠦ ᠪᠣᠳᠣᠯᠭ᠎ᠠ ᠵᠢᠨ ᠵᠦᠪᠯᠡᠯᠭᠡ ᠥᠭᠴᠦ ᠨᠤᠲᠠᠯᠠᠯᠲᠠ ᠬᠢᠬᠦ ᠲᠤᠰᠬᠠᠶ ᠮᠡᠷᠭᠡᠵᠢᠯᠲᠡᠨ᠎ᠤ ᠬᠥᠮᠥᠷᠭᠡ ᠪᠠᠶ᠋ᠢᠭᠤᠯᠵᠤ ᠪᠣᠯᠤᠨ᠎ᠠ; ᠰᠶ᠋ᠢᠳᠪᠦᠷᠢᠲᠦ ᠪᠤᠳᠤᠯᠭ᠎ᠠ ᠲᠣᠭᠲᠠᠭ᠋ᠠᠬᠤ ᠪᠠᠶ᠋ᠢᠭᠤᠯᠭ᠎ᠠ᠎ᠨᠢ ᠰᠶ᠋ᠢᠳᠪᠦᠷᠢᠲᠦ ᠪᠤᠳᠤᠯᠭ᠎ᠠ ᠵᠢᠨ ᠵᠥᠪᠯᠡᠯᠭᠡ ᠥᠭᠴᠦ ᠨᠤᠲᠠᠯᠠᠯᠲᠠ ᠬᠢᠬᠦ ᠲᠤᠰᠬᠠᠶ ᠮᠡᠷᠭᠡᠵᠢᠯᠲᠡᠨ᠎ᠤ ᠬᠥᠮᠥᠷᠭᠡ ᠪᠠᠶ᠋ᠢᠭᠤᠯᠤᠭᠰᠠᠨ ᠦᠭᠡᠢ ᠪᠠᠶ᠋ᠢᠪᠠᠯ᠂ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠬᠡᠷᠡᠭᠯᠡᠵᠦ ᠪᠣᠯᠤᠨ᠎ᠠ᠃
ᠨᠠᠢ᠍ᠮᠠ᠂ ᠰᠶ᠋ᠢᠳᠪᠦᠷᠢᠲᠦ ᠪᠤᠳᠤᠯᠭ᠎ᠠ ᠲᠣᠭᠲᠠᠭ᠋ᠠᠬᠤ ᠪᠠᠶ᠋ᠢᠭᠤᠯᠭ᠎ᠠ᠎ᠠᠴᠠ ᠰᠶ᠋ᠢᠳᠪᠦᠷᠢᠲᠦ ᠪᠤᠳᠤᠯᠭ᠎ᠠ ᠲᠣᠭᠲᠠᠭ᠋ᠠᠭᠰᠠᠨ᠎ᠤ ᠲᠠᠷᠠᠭ᠎ᠠ ᠦᠨᠡᠯᠡᠨ ᠵᠢᠱ᠌ᠢᠬᠦ ᠵᠢ ᠵᠣᠬᠢᠶᠠᠨ ᠪᠠᠶ᠋ᠢᠭᠤᠯᠵᠤ ᠪᠣᠯᠬᠤ ᠪᠠᠶ᠋ᠢᠳᠠᠯ᠎ᠳᠤ ᠶᠠᠮᠠᠷ ᠶᠠᠮᠠᠷ ᠪᠠᠶ᠋ᠢᠳᠠᠯ ᠪᠠᠶ᠋ᠢᠬᠤ ᠪᠤᠢ ?
ᠬᠠᠷᠢᠭᠤᠯᠲᠠ᠄ ᠨᠢᠭᠡ᠎ᠳᠤ ᠰᠶ᠋ᠢᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠦᠨᠳᠦᠰᠦ ᠪᠠᠷᠢᠮᠲᠠ ᠪᠣᠯᠭ᠋ᠠᠭᠰᠠᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠴᠢ ᠪᠤᠰᠤᠳᠴᠢ ᠪᠠᠶ᠋ᠢᠳᠠᠯ᠎ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ; ᠬᠤᠶᠠᠷ᠎ᠲᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠶ᠋ᠢᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠎ᠠ ᠵᠢᠱ᠌ᠢᠭᠰᠡᠨ ᠦᠷ᠎ᠡ ᠪᠦᠲᠦᠮᠵᠢ᠎ᠳᠤ ᠢᠯᠡᠳᠲᠡ ᠬᠦᠷᠴᠦ ᠴᠢᠳᠠᠭᠰᠠᠨ ᠥᠬᠡᠶ; ᠭᠤᠷᠪᠠ᠎ᠳᠤ ᠠᠷᠠᠳ ᠢᠷᠭᠡᠨ᠂ ᠬᠠᠤᠯᠢ ᠵᠢᠨ ᠬᠥᠮᠦᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠨᠡᠯᠢᠶᠡᠳ ᠤᠯᠠᠨ ᠰᠠᠨᠠᠯ ᠳᠤᠷᠠᠳᠤᠭᠰᠠᠨ; ᠲᠦᠷᠪᠡ᠎ᠳᠤ ᠰᠶ᠋ᠢᠳᠪᠦᠷᠢᠲᠦ ᠪᠤᠳᠤᠯᠭ᠎ᠠ ᠲᠣᠭᠲᠠᠭ᠋ᠠᠬᠤ ᠪᠠᠶ᠋ᠢᠭᠤᠯᠭ᠎ᠠ᠎ᠠᠴᠠ ᠴᠢᠬᠤᠯᠠᠲᠠᠶ ᠭᠡᠵᠦ ᠦᠵᠡᠭᠰᠡᠨ ᠪᠤᠰᠤᠳ ᠪᠠᠶ᠋ᠢᠳᠠᠯ᠎ᠤᠳ ᠪᠤᠯᠤᠨ᠎ᠠ᠃
ᠰᠢᠯᠢ ᠵᠢᠨ ᠭᠤᠣᠯ ᠠᠶ᠋ᠢᠮᠠᠭ᠎ᠤᠨ ᠵᠠᠬᠢᠷᠭ᠎ᠠ ᠵᠢᠨ ᠮᠣᠩᠭᠤᠯ ᠰᠦᠯᠵᠢᠶ᠎ᠡ ᠣᠷᠴᠢᠭᠤᠯᠪᠠ