ᠨᠢᠭᠡ᠂ ᠶᠠᠭᠤᠨ᠎ᠳᠤ 《 ᠮᠦᠩᠭᠡ ᠰᠣᠪᠠᠭ · ᠨᠢᠭᠡ ᠯᠠ ᠤᠳᠠᠭ᠎ᠠ᠎ᠳᠤ ᠭᠦᠢ᠍ᠴᠡᠳᠬᠡᠬᠦ 》 ᠲᠥᠰᠦᠯ᠎ᠢ ᠲᠣᠭᠲᠠᠭ᠋ᠠᠭᠰᠠᠨ ᠪᠣᠶ ?
2020 ᠣᠨ᠎ᠤ 9 ᠰᠠᠷ᠎ᠠ ᠵᠢᠨ 11᠎ᠤ ᠡᠳᠦᠷ᠂ ᠶᠡᠷᠦᠩᠬᠡᠢ ᠰᠠᠶ᠋ᠢᠳ ᠯᠢ ᠺᠧ ᠴᠢᠶᠠᠩ ᠪᠦᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ᠂ ᠠᠯᠢ ᠤᠯᠠᠨ ᠬᠤᠯᠪᠣᠭᠳᠠᠯ ᠪᠦᠬᠦᠢ ᠵᠦᠢ᠍ᠯᠡᠰ᠎ᠲᠤ᠂ 《ᠨᠢᠭᠡ ᠶᠠᠪᠤᠳᠠᠯ᠎ᠢ ᠨᠢᠭᠡ ᠯᠠ ᠤᠳᠠᠭ᠎ᠠ᠎ᠳᠤ ᠭᠦᠢ᠍ᠴᠡᠳᠬᠡᠬᠦ》 ᠵᠢ ᠰᠦᠪᠡᠭᠴᠢᠯᠡᠨ ᠪᠡᠶᠡᠯᠡᠭᠦᠯᠵᠦ᠂ ᠠᠵᠢᠯ ᠶᠠᠪᠤᠳᠠᠯ ᠭᠦᠢ᠍ᠴᠡᠳᠬᠡᠬᠦ ᠭᠤᠭᠴᠤᠭ᠎ᠠ ᠪᠣᠯᠤᠨ ᠭᠡᠷᠡᠴᠢᠯᠡᠬᠦ ᠮᠡᠲ᠋ᠧᠷᠢᠶᠠᠯ᠎ᠢ ᠪᠠᠭ᠋ᠠᠰᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠪᠥᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠵᠦ᠂ ᠵᠠᠰᠠᠭ᠎ᠤᠨ ᠶᠠᠪᠤᠳᠠᠯ᠎ᠤᠨ ᠣᠷᠴᠢᠨ ᠨᠥᠭᠦᠴᠡᠯ᠎ᠢ ᠠᠯᠬᠤᠮ ᠴᠢᠨᠠᠭᠰᠢᠳᠠ ᠰᠢᠯᠢᠳᠡᠭᠵᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠮᠦᠩᠭᠡ ᠰᠣᠪᠠᠭ · ᠨᠢᠭᠡ ᠯᠠ ᠤᠳᠠᠭ᠎ᠠ᠎ᠳᠤ ᠭᠦᠢ᠍ᠴᠡᠳᠬᠡᠬᠦ〉 ᠠᠵᠢᠯ᠎ᠢ ᠪᠥᠬᠦ ᠲᠠᠯ᠎ᠠ᠎ᠪᠠᠷ ᠶᠠᠪᠤᠭᠳᠠᠭᠤᠯᠬᠤ ᠬᠡᠷᠡᠭᠵᠢᠭᠦᠯᠬᠦ ᠲᠥᠰᠦᠯ》᠎ᠢ ᠲᠣᠭᠲᠠᠭ᠋ᠠᠪᠠ᠃
ᠬᠤᠶᠠᠷ᠂ 《 ᠮᠦᠩᠭᠡ ᠰᠣᠪᠠᠭ · ᠨᠢᠭᠡ ᠯᠠ ᠤᠳᠠᠭ᠎ᠠ᠎ᠳᠤ ᠭᠦᠢ᠍ᠴᠡᠳᠬᠡᠬᠦ 》᠎ᠨᠢ ᠠᠵᠤ ᠠᠬᠤᠶ᠋ᠢᠯᠠᠯ᠎ᠤᠨ ᠣᠯᠠᠨ ᠲᠦᠮᠡᠨ᠎ᠳᠤ ᠬᠡᠷᠬᠢᠨ ᠲᠥᠬᠦᠮ ᠦᠵᠡᠭᠦᠯᠬᠦ ᠪᠣᠶ?
ᠵᠦᠢ᠍ᠯᠡᠰ᠎ᠤᠨ ᠨᠠᠷᠢᠨ ᠳᠠᠩᠰᠠ ᠵᠢ ᠨᠢᠭᠡᠳᠦᠯᠲᠡᠶ ᠡᠮᠬᠢᠳᠬᠡᠬᠦ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ ᠪᠣᠯᠤᠨ ᠴᠤᠪᠤᠷᠠᠯ ᠵᠢᠷᠤᠭ᠎ᠢ ᠨᠢᠭᠡᠳᠦᠯᠲᠡᠶ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠬᠦ᠂ ᠦᠢ᠍ᠯᠡᠴᠢᠯᠡᠭᠡᠨ᠎ᠤ ᠪᠠᠷᠢᠮᠵᠢᠶ᠎ᠠ ᠵᠢ ᠨᠢᠭᠡᠳᠦᠯᠲᠡᠶ ᠲᠣᠭᠲᠠᠭ᠋ᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠥᠨᠳᠥᠷ ᠲᠠᠪᠳᠠᠮᠵᠢᠳᠤ ᠦᠢ᠍ᠯᠡᠴᠢᠯᠡᠭᠡᠨ᠎ᠤ ᠵᠦᠢ᠍ᠯᠡᠰ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠵᠦ ᠳᠠᠭᠤᠰᠬᠠᠬᠤ ᠵᠢ ᠠᠬᠢᠭᠤᠯᠵᠤ᠂ ᠤᠯᠠᠨ ᠰᠠᠯᠠᠭ᠎ᠠ ᠮᠥᠴᠢᠷ᠎ᠤᠨ ᠭᠦᠢ᠍ᠴᠡᠳᠬᠡᠬᠦ 《ᠲᠠᠩ ᠭᠠᠭᠴᠠ ᠵᠦᠢ᠍ᠯᠡᠰ》᠎ᠢ ᠠᠵᠤ ᠠᠬᠤᠶ᠋ᠢᠯᠠᠯ᠎ᠤᠨ ᠤᠯᠠᠨ ᠲᠦᠮᠡᠨ᠎ᠤ ᠬᠠᠷᠠᠭ᠋ᠠᠨ᠎ᠳᠠᠬᠢ 《ᠨᠢᠭᠡ ᠯᠠ ᠶᠠᠪᠤᠳᠠᠯ》 ᠪᠤᠯᠭ᠋ᠠᠨ ᠨᠢᠭᠡᠳᠬᠡᠵᠦ᠂ 《ᠨᠢᠭᠡ ᠤᠳᠠᠭ᠎ᠠ᠎ᠳᠤ ᠮᠡᠳᠡᠭᠳᠡᠬᠦ᠂ ᠨᠢᠭᠡ ᠢᠵᠢ ᠬᠦᠰᠦᠨᠦᠭᠲᠦ᠂ ᠨᠢᠭᠡ ᠤᠳᠠᠭ᠎ᠠ᠎ᠳᠤ ᠬᠦᠯᠢᠶᠡᠨ ᠠᠪᠴᠤ ᠰᠢᠢ᠍ᠳᠪᠦᠷᠢᠯᠡᠬᠦ᠂ ᠨᠢᠭᠡ ᠤᠳᠠᠭ᠎ᠠ᠎ᠳᠤ ᠬᠤᠯᠪᠣᠭ᠋ᠠᠯᠠᠨ ᠭᠦᠢ᠍ᠴᠡᠳᠬᠡᠬᠦ᠂ ᠨᠢᠭᠡ ᠤᠳᠠᠭ᠎ᠠ᠎ᠳᠤ ᠭᠦᠢ᠍ᠴᠡᠳᠬᠡᠵᠦ ᠳᠠᠭᠤᠰᠬᠠᠬᠤ᠂ ᠨᠢᠭᠡ ᠴᠤᠩᠬᠤᠪᠴᠢ᠎ᠪᠠᠷ ᠦᠨᠡᠮᠯᠡᠯ ᠣᠯᠭᠤᠬᠤ》 ᠪᠢᠲᠡᠭᠦᠦ ᠭᠤᠭᠴᠤᠭ᠎ᠠ᠎ᠪᠠᠷ ᠭᠦᠢ᠍ᠴᠡᠳᠬᠡᠬᠦ ᠵᠢ ᠬᠡᠷᠡᠭᠵᠢᠭᠦᠯᠬᠦ᠎ᠪᠠᠷ ᠳᠠᠮᠵᠢᠭᠤᠯᠵᠤ᠂ 《ᠤᠯᠠᠨ ᠲᠠᠯ᠎ᠠ᠎ᠠᠴᠠ ᠬᠠᠮᠢᠶᠠᠷᠬᠤ》 ᠵᠢ 《ᠲᠥᠪᠯᠡᠷᠡᠭᠦᠯᠦᠨ ᠭᠦᠢ᠍ᠴᠡᠳᠬᠡᠬᠦ》 ᠪᠣᠯᠭ᠋ᠠᠨ ᠬᠤᠪᠢᠷᠠᠭᠤᠯᠵᠤ᠂ 《ᠤᠯᠠᠨ ᠤᠳᠠᠭ᠎ᠠ ᠬᠦᠶᠦᠬᠦ》 ᠵᠢ 《ᠨᠢᠭᠡ ᠯᠠ ᠤᠳᠠᠭ᠎ᠠ᠎ᠳᠤ ᠭᠦᠢ᠍ᠴᠡᠳᠬᠡᠬᠦ》 ᠪᠣᠯᠭ᠋ᠠᠨ ᠬᠤᠪᠢᠷᠠᠭᠤᠯᠤᠨ᠎ᠠ᠃
ᠨᠢᠭᠡ᠎ᠳᠤ 《ᠨᠢᠭᠡ ᠶᠠᠪᠤᠳᠠᠯ》᠎ᠤᠨ ᠵᠦᠢ᠍ᠯᠡᠰ᠎ᠤᠨ ᠨᠠᠷᠢᠨ ᠲᠠᠩᠰᠠ ᠵᠢ ᠨᠢᠭᠡᠳᠦᠯᠲᠡᠶ ᠡᠮᠬᠢᠳᠬᠡᠨ᠎ᠡ᠃ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠥᠨᠳᠥᠷ ᠳᠠᠪᠲᠠᠮᠵᠢᠲᠤ ᠵᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ 《ᠪᠢ ᠵᠢᠵᠢᠭ ᠬᠤᠭᠤᠯᠠᠨ ᠬᠡᠷ ᠡᠷᠬᠢᠯᠡᠨ᠎ᠡ》 ᠵᠡᠷᠭᠡ 103 ᠵᠦᠢ᠍ᠯ᠎ᠤᠨ ᠥᠨᠳᠥᠷ ᠳᠡᠪᠲᠠᠮᠵᠢᠲᠤ 《ᠨᠢᠭᠡ ᠶᠠᠪᠤᠳᠠᠯ》᠎ᠢ ᠨᠢᠭᠡᠳᠦᠯᠲᠡᠶ ᠬᠡᠷᠡᠭᠵᠢᠭᠦᠯᠵᠦ᠂ ᠡᠯ᠎ᠡ ᠭᠠᠵᠠᠷ᠎ᠤᠨ 《ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠨᠠᠩ ᠲᠦᠷᠭᠡᠨ ᠪᠥᠭᠡᠳ ᠦᠨᠳᠦᠷ ᠪᠦᠲᠦᠮᠵᠢᠲᠡᠢ ᠪᠡᠶᠡᠯᠡᠭᠦᠯᠬᠦ ᠵᠢ ᠠᠬᠢᠭᠤᠯᠤᠨ᠎ᠠ᠃
ᠬᠤᠶᠠᠷ᠎ᠲᠤ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ ᠪᠣᠯᠣᠨ ᠴᠤᠪᠤᠷᠠᠯ ᠵᠢᠷᠤᠭ᠎ᠢ ᠨᠢᠭᠡᠳᠦᠯᠲᠡᠶ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ ᠬᠤᠯᠪᠣᠭᠳᠠᠯ ᠪᠥᠬᠦᠶ ᠪᠠᠷᠢᠮᠵᠢᠶ᠎ᠠ᠎ᠳᠤ ᠰᠠᠭᠤᠷᠢᠯᠠᠨ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ᠎ᠢ ᠪᠦᠷᠢᠯᠳᠦᠭᠦᠯᠵᠦ᠂ ᠡᠯ᠎ᠡ ᠭᠠᠵᠠᠷ᠎ᠤᠨ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠤᠨ ᠬᠦᠴᠦᠨ ᠵᠦᠢ᠍ᠯ ᠨᠢᠭᠡᠳᠦᠯ ᠥᠬᠡᠶ᠂ ᠭᠦᠢ᠍ᠴᠡᠳ ᠮᠡᠳᠡᠭᠳᠡᠭᠰᠡᠨ ᠦᠬᠡᠢ᠂ ᠮᠠᠲ᠋ᠧᠷᠢᠶᠠᠯ᠎ᠢ ᠳᠠᠪᠲᠠᠨ ᠲᠤᠰᠢᠶᠠᠭᠰᠠᠨ᠂ ᠠᠵᠢᠯ ᠶᠠᠪᠤᠳᠠᠯ ᠭᠦᠢ᠍ᠴᠡᠳᠬᠡᠬᠦ ᠭᠤᠭᠴᠤᠭ᠎ᠠ ᠣᠯᠠᠨ ᠪᠠᠶ᠋ᠢᠬᠤ ᠵᠡᠷᠭᠡ ᠠᠰᠠᠭᠤᠳᠠᠯ᠎ᠢ ᠰᠢᠢ᠍ᠳᠪᠦᠷᠢᠯᠡᠨ᠎ᠡ᠃
ᠭᠤᠷᠪᠠ᠎ᠳᠤ 《ᠮᠦᠩᠭᠡ ᠰᠣᠪᠠᠭ · ᠨᠢᠭᠡ ᠯᠠ ᠤᠳᠠᠭ᠎ᠠ᠎ᠳᠤ ᠭᠦᠢ᠍ᠴᠡᠳᠬᠡᠬᠦ》 ᠦᠢ᠍ᠯᠡᠴᠢᠯᠡᠭᠡᠨ᠎ᠤ ᠪᠠᠷᠢᠮᠵᠢᠶ᠎ᠠ ᠵᠢ ᠨᠢᠭᠡᠳᠦᠯᠲᠡᠶ ᠲᠣᠭᠲᠠᠭ᠋ᠠᠨ᠎ᠠ᠃ ᠡᠯ᠎ᠡ ᠭᠠᠵᠠᠷ᠎ᠤᠨ 《ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠠᠵᠢᠯ᠎ᠢ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ 《ᠪᠥᠬᠦ ᠣᠷᠣᠨ᠎ᠤ ᠨᠢᠭᠡᠳᠦᠯᠲᠡᠢ ᠭᠦᠢ᠍ᠴᠡᠳᠬᠡᠬᠦ》 ᠵᠢ ᠪᠡᠶᠡᠯᠡᠭᠦᠯᠬᠦ᠎ᠳᠤ ᠠᠰᠢᠭᠲᠠᠢ ᠰᠠᠭᠤᠷᠢ ᠲᠠᠯᠪᠢᠨ᠎ᠠ᠃
ᠭᠤᠷᠪᠠ᠂ 《 ᠮᠦᠩᠭᠡ ᠰᠣᠪᠠᠭ · ᠨᠢᠭᠡ ᠯᠠ ᠤᠳᠠᠭ᠎ᠠ᠎ᠳᠤ ᠭᠦᠢ᠍ᠴᠡᠳᠬᠡᠬᠦ》 ᠠᠵᠢᠯ᠎ᠤᠨ ᠬᠡᠷᠡᠭᠵᠢᠭᠦᠯᠦᠯᠲᠡ ᠵᠢ ᠬᠡᠷᠬᠢᠨ ᠠᠬᠢᠭᠤᠯᠬᠤ ᠪᠣᠶ?
ᠨᠢᠭᠡ᠎ᠳᠤ ᠲᠤᠯᠤᠭ᠋ᠠᠨ ᠵᠦᠢ᠍ᠯ᠎ᠤᠨ ᠭᠤᠣᠯ ᠡᠭᠦᠷᠭᠡ ᠵᠢ ᠲᠣᠳᠣᠷᠬᠠᠶ᠋ᠢᠯᠠᠪᠠ᠃ ᠵᠦᠢ᠍ᠯᠡᠰ᠎ᠤᠨ ᠨᠠᠷᠢᠨ ᠲᠠᠩᠰᠠ ᠵᠢ ᠨᠢᠭᠡᠳᠦᠯᠲᠡᠢ ᠡᠮᠬᠢᠳᠬᠡᠵᠦ᠂ ᠥᠪᠡᠷᠲᠡᠭᠡᠨ ᠵᠠᠰᠠᠬᠤ ᠣᠷᠣᠨ᠎ᠠᠴᠠ 103 ᠵᠦᠢ᠍ᠯ᠎ᠤᠨ 《ᠨᠢᠭᠡ ᠶᠠᠪᠤᠳᠠᠯ》᠎ᠢ ᠨᠢᠭᠡᠳᠦᠯᠲᠡᠢ ᠡᠮᠬᠢᠳᠬᠡᠵᠦ ᠨᠡᠶ᠋ᠢᠲᠡᠯᠡᠨ᠎ᠡ; ᠠᠵᠢᠯ ᠶᠠᠪᠤᠳᠠᠯ ᠬᠦᠢ᠍ᠴᠡᠳᠬᠡᠬᠦ ᠴᠤᠪᠤᠷᠠᠯ᠎ᠢ ᠨᠢᠭᠡᠳᠦᠯᠲᠡᠶ ᠰᠢᠯᠢᠳᠡᠭᠵᠢᠭᠦᠯᠦᠨ ᠳᠠᠬᠢᠨ ᠵᠣᠬᠢᠶᠠᠵᠤ᠂ ᠭᠦᠢ᠍ᠴᠡᠳᠬᠡᠬᠦ ᠭᠤᠭᠴᠤᠭ᠎ᠠ ᠵᠢ ᠡᠮᠬᠢᠳᠬᠡᠵᠦ᠂ ᠮᠠᠲ᠋ᠧᠷᠢᠶᠠᠯ᠎ᠢ ᠴᠣᠮᠬᠠᠳᠬᠠᠨ᠂ ᠴᠤᠪᠤᠷᠠᠯ᠎ᠢ ᠨᠡᠶ᠋ᠢᠯᠡᠭᠦᠯᠵᠦ᠂ ᠴᠠᠭ᠎ᠤᠨ ᠬᠢᠵᠠᠭ᠋ᠠᠷ᠎ᠢ ᠪᠣᠭᠤᠨᠢᠰᠬᠠᠨ᠂ ᠴᠤᠪᠤᠷᠠᠯ ᠵᠢᠷᠤᠭ᠎ᠢ ᠨᠢᠭᠡᠳᠦᠯᠲᠡᠶ ᠪᠦᠷᠢᠯᠳᠦᠭᠦᠯᠦᠨ᠎ᠡ; ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠢ ᠨᠢᠭᠡᠳᠦᠯᠲᠡᠶ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠨ᠂ ᠠᠵᠤ ᠠᠬᠤᠶ᠋ᠢᠯᠠᠯ᠎ᠤᠨ ᠣᠯᠠᠨ ᠲᠦᠮᠡᠨ᠎ᠤ ᠪᠠᠶ᠋ᠢᠴᠠᠭ᠋ᠠᠨ ᠯᠠᠪᠯᠠᠵᠤ ᠭᠦᠢ᠍ᠴᠡᠳᠬᠡᠬᠦ᠎ᠳᠤ ᠬᠠᠮᠤᠭ᠎ᠤᠨ ᠶᠡᠭᠡ᠎ᠪᠠᠷ ᠲᠥᠬᠦᠮ ᠦᠵᠡᠭᠦᠯᠦᠨ᠎ᠡ; ᠰᠦᠯᠵᠢᠶᠡᠨ ᠭᠠᠳᠠᠨᠠᠬᠢ ᠶᠡᠷᠦᠩᠬᠡᠢ ᠴᠣᠩᠬᠤᠪᠴᠢ ᠵᠢ ᠨᠢᠭᠡᠳᠦᠯᠲᠡᠶ ᠪᠠᠶ᠋ᠢᠷᠢᠯᠠᠭᠤᠯᠵᠤ᠂ 《ᠣᠯᠠᠨ ᠭᠠᠵᠠᠷ ᠬᠦᠶᠦᠬᠦ》 ᠪᠠᠶ᠋ᠢᠭᠰᠠᠨ᠎ᠢ 《ᠨᠢᠭᠡ ᠴᠤᠩᠬᠤᠪᠴᠢ ᠵᠢ ᠡᠷᠢᠬᠦ》 ᠪᠣᠯᠭ᠋ᠠᠨ ᠬᠤᠪᠢᠷᠠᠭᠤᠯᠤᠨ᠎ᠠ; ᠰᠦᠯᠵᠢᠶᠡᠨ᠎ᠳᠠᠬᠢ ᠲᠤᠰᠬᠠᠶ ᠪᠤᠯᠤᠩ᠎ᠢ ᠨᠢᠭᠡᠳᠦᠯᠲᠡᠶ ᠲᠣᠬᠢᠷᠠᠭᠤᠯᠵᠤ᠂ ᠰᠦᠯᠵᠢᠶᠡᠨ᠎ᠳᠤ ᠠᠵᠢᠯ ᠶᠠᠪᠤᠳᠠᠯ ᠭᠦᠢ᠍ᠴᠡᠳᠬᠡᠬᠦ ᠪᠠᠶ᠋ᠢᠴᠠᠭ᠋ᠠᠨ ᠯᠠᠪᠯᠠᠬᠤ ᠵᠡᠷᠭᠡ ᠦᠢ᠍ᠯᠡᠴᠢᠯᠡᠭᠡ ᠵᠢ ᠬᠠᠩᠭ᠋ᠠᠨ᠎ᠠ; ᠲᠤᠰᠬᠠᠢ ᠮᠡᠷᠭᠡᠵᠢᠯ᠎ᠤᠨ ᠡᠩᠨᠡᠭᠡ ᠵᠢ ᠨᠢᠭᠡᠳᠦᠯᠲᠡᠢ ᠵᠣᠬᠢᠶᠠᠨ ᠪᠠᠶ᠋ᠢᠭᠤᠯᠵᠤ᠂ ᠲᠤᠰᠬᠠᠢ ᠬᠥᠮᠦᠨ ᠪᠦᠬᠦ ᠶᠠᠪᠤᠴᠠ᠎ᠳᠤ ᠮᠥᠷᠳᠡᠨ ᠦᠢ᠍ᠯᠡᠴᠢᠯᠡᠬᠦ ᠵᠢ ᠬᠡᠷᠡᠭᠵᠢᠭᠦᠯᠦᠨ᠎ᠡ; ᠣᠷᠣᠨ ᠨᠤᠲᠤᠭ᠎ᠤᠨ ᠪᠠᠷᠢᠮᠵᠢᠶ᠎ᠠ ᠵᠢ ᠨᠢᠭᠡᠳᠦᠯᠲᠡᠶ ᠲᠣᠭᠲᠠᠭ᠋ᠠᠵᠤ᠂ ᠪᠠᠷᠢᠮᠵᠢᠶ᠎ᠠ ᠵᠢ ᠵᠢᠷᠤᠮᠵᠢᠭᠤᠯᠤᠨ ᠬᠡᠷᠡᠭᠯᠡᠬᠦ ᠵᠢ ᠲᠦᠷᠭᠡᠳᠭᠡᠨ ᠠᠬᠢᠭᠤᠯᠤᠨ᠎ᠠ᠃
ᠬᠤᠶᠠᠷ᠎ᠲᠤ ᠭᠤᠷᠪᠠᠨ ᠱᠠᠲᠣᠨ᠎ᠤ ᠴᠠᠭ᠎ᠤᠨ ᠬᠦᠰᠦᠨᠦᠭᠲᠦ ᠵᠢ ᠲᠣᠳᠣᠷᠬᠠᠶ᠋ᠢᠯᠠᠨ᠎ᠠ᠃ 2021 ᠣᠨ᠎ᠤ 3 ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠡᠯ᠎ᠡ ᠭᠠᠵᠠᠷ ᠣᠷᠣᠨ ᠪᠣᠳᠠᠲᠠᠶ ᠬᠡᠷᠡᠭᠵᠢᠭᠦᠯᠬᠦ ᠲᠥᠰᠦᠯ ᠨᠡᠶ᠋ᠢᠲᠡᠯᠡᠨ᠎ᠡ; 4 ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠡᠩᠨᠡᠭᠡ ᠵᠣᠬᠢᠶᠠᠨ ᠪᠠᠶ᠋ᠢᠭᠤᠯᠬᠤ᠂ ᠴᠣᠩᠬᠤᠪᠴᠢ ᠳᠣᠭᠢᠷᠠᠭᠤᠯᠬᠤ ᠵᠡᠷᠭᠡ ᠠᠵᠢᠯ᠎ᠢ ᠪᠡᠶᠡᠯᠡᠭᠦᠯᠦᠨ᠎ᠡ; 6 ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠪᠥᠬᠦ ᠣᠷᠣᠨ᠎ᠤ ᠬᠡᠪᠴᠢᠶᠡᠨ᠎ᠳᠤ 103 ᠵᠦᠢ᠍ᠯ᠎ᠤᠨ 《ᠨᠢᠭᠡ ᠶᠠᠪᠤᠳᠠᠯ》᠎ᠢ 《ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠪᠡᠶᠡᠯᠡᠭᠦᠯᠦᠨ᠎ᠡ᠃