ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
ᠠᠯᠠᠱ᠌ᠠ ᠠᠶ᠋ᠢᠮᠠᠭ᠎ᠤᠨ 2021 ᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2021-05-28

      ᠨᠢᠭᠡ᠂ ᠪᠢᠴᠢᠭ ᠮᠠᠲ᠋ᠧᠷᠢᠶᠠᠯ᠎ᠢ ᠨᠡᠶ᠋ᠢᠲᠡᠯᠡᠭᠰᠡᠨ ᠠᠬᠤᠢ ᠪᠠᠶ᠋ᠢᠳᠠᠯ
      ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ 2021 ᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠠᠯᠠᠱ᠌ᠠ ᠠᠶ᠋ᠢᠮᠠᠭ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠬᠤ ᠵᠢᠨ ᠲᠥᠯᠥᠭᠡ ᠶᠤᠮ᠃
      ᠬᠣᠶᠠᠷ᠂ ᠪᠢᠴᠢᠭ ᠮᠠᠲ᠋ᠧᠷᠢᠶᠠᠯ᠎ᠳᠤ ᠶᠠᠮᠠᠷ ᠶᠠᠮᠠᠷ ᠪᠤᠳᠠᠳᠠᠢ ᠵᠦᠢ᠍ᠯᠡᠰ᠎ᠢ ᠲᠤᠷᠠᠳᠤᠭᠰᠠᠨ ᠪᠤᠢ
      ᠠᠵᠢᠯ᠎ᠤᠨ ᠬᠠᠷᠠᠯᠲᠠ᠄ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ᠂ ᠨᠠᠷᠢᠨ ᠮᠥᠬᠥᠯᠢᠭᠲᠦ ᠪᠣᠳᠠᠰ (PM2.5)᠎ᠤᠨ ᠳᠤᠮᠳᠠᠴᠢ ᠥᠳᠬᠡᠴᠡ ᠵᠢᠨ ᠬᠡᠮᠵᠢᠶ᠎ᠡ᠂ ᠭᠣᠤᠯᠳᠠᠯᠭ᠎ᠠ᠎ᠲᠠᠢ ᠰᠠᠪᠠ ᠭᠠᠵᠠᠷ᠎ᠤᠨ ᠰᠢᠯᠭ᠋ᠠᠨ ᠬᠢᠨᠠᠬᠤ ᠣᠭᠲᠣᠯᠤᠭ᠋ᠠᠰᠤ᠂ ᠠᠢ᠌ᠮᠠᠭ ᠬᠤᠳᠠ ᠵᠢᠨ ᠲᠠᠰ᠎ᠠᠴᠠ ᠳᠡᠭᠡᠭᠰᠢᠬᠢ ᠬᠣᠲᠠ ᠪᠠᠯᠭ᠋ᠠᠰᠤ ᠵᠢᠨ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ   ᠭᠠᠵᠠᠷ᠂ ᠭᠣᠤᠯ ᠪᠣᠯᠬᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠡᠷᠭᠡ ᠭᠦᠢ᠍ᠴᠡᠳᠭᠡᠯ ᠲᠣᠭ᠎ᠠ ᠵᠢ ᠥᠪᠡᠷᠲᠡᠭᠡᠨ ᠵᠠᠰᠠᠬᠤ ᠣᠷᠣᠨ᠎ᠤ ᠪᠠᠭᠤᠯᠭ᠋ᠠᠭᠰᠠᠨ ᠣᠨ᠎ᠤ ᠬᠠᠷᠠᠯᠲᠠ ᠵᠢᠨ ᠡᠭᠦᠷᠭᠡ ᠵᠢᠨ ᠱᠠᠭ᠋ᠠᠷᠳᠠᠯᠭ᠎ᠠ᠎ᠳᠤ ᠬᠦᠷᠦᠭᠦᠯᠦᠨ᠎ᠡ᠃ ᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠵᠢᠨ ᠲᠤᠰᠠᠳᠠ᠂ ᠲᠤᠰ ᠵᠢᠯ᠎ᠳᠤ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠴᠢ ᠠᠮᠢ ᠠᠬᠤᠢ ᠵᠢᠨ ᠬᠠᠮᠠᠭ᠋ᠠᠯᠠᠯᠲᠠ ᠵᠢᠨ ᠨᠡᠢ᠍ᠢ᠍ᠳᠡ 121 ᠲᠦᠷᠦᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠲᠦᠷᠦᠯ ᠵᠦᠢ᠍ᠯ᠎ᠢ ᠲᠤᠬᠢᠷᠠᠭᠤᠯᠪᠠ᠃
    ᠭᠤᠷᠪᠠ᠂ ᠪᠢᠴᠢᠭ ᠮᠠᠲ᠋ᠧᠷᠢᠶᠠᠯ᠎ᠤᠨ ᠬᠤᠯᠪᠤᠭᠳᠠᠬᠤ ᠪᠠᠢ᠌ᠭᠤᠯᠭ᠎ᠠ ᠨᠢᠭᠡᠴᠢ᠎ᠨᠢ ᠠᠯᠢ ᠠᠯᠢ ᠪᠤᠢ
    ᠡᠯ᠎ᠡ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠨᠡᠭᠡᠭᠡᠯᠲᠡ ᠵᠢᠨ ᠲᠣᠭᠣᠷᠢᠭ᠂ ᠵᠢᠱ᠌ᠢᠶ᠎ᠡ ᠦᠵᠡᠭᠦᠯᠬᠦ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠤᠰᠤ᠂ ᠬᠡᠶ᠂ ᠬᠦᠷᠦᠰᠤ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠪᠦᠷᠢᠯᠳᠦᠬᠦᠨ ᠨᠢᠭᠡᠴᠢ᠎ᠳᠤ ᠬᠣᠯᠪᠣᠭᠳᠠᠨ᠎ᠠ᠃
      ᠲᠦᠷᠪᠡ᠂ ᠪᠢᠴᠢᠭ ᠮᠠᠲ᠋ᠧᠷᠢᠶᠠᠯ᠎ᠤᠨ ᠭᠣᠣᠯ ᠠᠭᠤᠯᠭ᠎ᠠ
      ᠨᠢᠭᠡ᠎ᠳᠤ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠨ᠎ᠡ᠃ 《ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ᠎ᠲᠠᠢ》 ᠠᠵᠤ ᠠᠬᠤᠶ᠋ᠢᠯᠠᠯ᠎ᠤᠨ ᠬᠥᠳᠡᠯᠦᠩᠭᠦᠶ ᠬᠠᠮᠢᠶᠠᠷᠤᠯᠲᠠ ᠵᠢ ᠴᠢᠩᠭ᠋ᠠᠳᠬᠠᠵᠤ᠂ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠎ᠡ᠃ ᠠᠵᠤ ᠦᠢ᠍ᠯᠡᠳᠪᠦᠷᠢ ᠵᠢᠨ ᠪᠣᠬᠢᠷᠲᠤᠯ᠎ᠤᠨ ᠡᠬᠢ ᠡᠭᠦᠰᠦᠯ᠎ᠢ ᠵᠠᠰᠠᠬᠤ ᠠᠵᠢᠯ᠎ᠢ ᠭᠦᠨᠵᠡᠭᠡᠶ᠋ᠢᠷᠡᠭᠦᠯᠵᠦ᠂ 1 ᠡᠷᠦᠭᠡ ᠠᠵᠤ ᠠᠬᠤᠶ᠋ᠢᠯᠠᠯ᠎ᠤᠨ ᠣᠨᠴᠠᠭ᠋ᠠᠶ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠪᠠ 2 ᠡᠷᠦᠭᠡ ᠠᠵᠤ ᠠᠬᠤᠶ᠋ᠢᠯᠠᠯ᠎ᠤᠨ ᠠᠵᠤ ᠦᠢ᠍ᠯᠡᠳᠪᠦᠷᠢ ᠵᠢᠨ ᠵᠤᠤᠬ᠎ᠠ ᠵᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠢ ᠬᠡᠷᠡᠭᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠣᠨᠴᠠᠭ᠋ᠠᠶ ᠭᠠᠳᠠᠭᠰᠢᠯᠠᠭᠤᠯᠤᠯᠲᠠ ᠵᠢᠨ ᠬᠢᠵᠠᠭ᠋ᠠᠷ ᠬᠡᠮᠵᠢᠭᠳᠡᠯ᠎ᠢ ᠬᠡᠷᠡᠭᠵᠢᠭᠦᠯᠬᠦ ᠠᠵᠢᠯ ᠲᠦᠷᠦᠯ᠎ᠤᠨ ᠬᠡᠪᠴᠢᠶ᠎ᠡ ᠵᠢ ᠥᠷᠭᠡᠳᠬᠡᠵᠦ᠂ ᠥᠭᠡᠷᠡᠴᠢᠯᠡᠯᠲᠡ ᠵᠢ ᠪᠡᠶᠡᠯᠡᠭᠦᠯᠦᠭᠡᠳᠦᠶ ᠠᠵᠤ ᠠᠬᠤᠶ᠋ᠢᠯᠠᠯ᠎ᠳᠤ ᠴᠢᠭᠯᠡᠭᠦᠯᠦᠨ ᠥᠭᠡᠷᠡᠴᠢᠯᠡᠬᠦ ᠲᠥᠯᠥᠪᠯᠡᠭᠡ ᠵᠢᠨ ᠲᠣᠳᠣᠷᠬᠠᠶ ᠴᠠᠭ ᠬᠤᠭᠤᠴᠠᠭ᠋ᠠᠨ᠎ᠤ ᠵᠢᠷᠤᠭ ᠱᠤᠭᠤᠮ᠎ᠢ   ᠲᠤᠭᠳᠠᠭ᠋ᠠᠵᠤ ᠦᠭᠭᠦᠨ᠎ᠡ᠃ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠵᠣᠬᠢᠶᠠᠨ ᠪᠠᠶ᠋ᠢᠭᠤᠯᠤᠯᠲᠠ ᠦᠭᠡᠢ᠎ᠪᠠᠷ ᠭᠠᠳᠠᠭᠰᠢᠯᠠᠭᠤᠯᠬᠤ ᠬᠠᠮᠢᠶᠠᠷᠤᠯᠲᠠ ᠵᠢ ᠴᠢᠩᠭ᠋ᠠᠳᠬᠠᠵᠤ᠂ ᠵᠣᠬᠢᠶᠠᠨ ᠪᠠᠶ᠋ᠢᠭᠤᠯᠤᠯᠲᠠ ᠦᠭᠡᠢ᠎ᠪᠠᠷ ᠭᠠᠳᠠᠭᠰᠢᠯᠠᠭᠤᠯᠤᠭᠰᠠᠨ 17 ᠡᠷᠦᠭᠡ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠢᠨᠵᠧᠨᠧᠷᠢᠩ᠎ᠢ ᠬᠡᠷᠡᠭᠵᠢᠭᠦᠯᠪᠡ᠃ ᠭᠣᠤᠯᠳᠠᠯᠭ᠎ᠠ᠎ᠲᠠᠢ ᠠᠵᠢᠯ ᠲᠥᠷᠥᠯ᠎ᠤᠨ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ᠎ᠢ ᠰᠦᠯᠵᠢᠶᠡᠨ ᠲᠡᠭᠡᠷᠡᠬᠢ ᠬᠢᠨᠠᠨ ᠡᠵᠡᠮᠳᠡᠬᠦ ᠰᠢᠰᠲ᠋ᠧᠮ᠎ᠤᠨ ᠪᠠᠶ᠋ᠢᠭᠤᠯᠤᠯᠲᠠ᠂ VOCs᠎ᠢ ᠭᠦᠨᠵᠡᠭᠡᠶ ᠵᠠᠰᠠᠬᠤ ᠪᠠ ᠭᠣᠭᠣᠵᠢᠭᠤᠯᠬᠤ ᠵᠢ ᠪᠠᠶ᠋ᠢᠴᠠᠭ᠋ᠠᠨ ᠬᠡᠮᠵᠢᠬᠦ ᠪᠠ ᠵᠠᠰᠠᠨ ᠰᠡᠷᠭᠦᠭᠡᠬᠦ ᠠᠵᠢᠯ᠎ᠢ ᠠᠬᠢᠭᠤᠯᠵᠤ᠂ ᠪᠠᠶᠠᠨᠬᠣᠲᠠ ᠪᠠᠯᠭ᠋ᠠᠰᠤ ᠵᠢᠨ ᠮᠠᠰᠢᠨ ᠲᠡᠷᠭᠡ ᠰᠡᠯᠪᠢᠨ ᠵᠠᠰᠠᠬᠤ ᠠᠵᠢᠯ ᠲᠥᠷᠥᠯ᠎ᠤᠨ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ᠎ᠢ ᠵᠠᠰᠠᠬᠤ ᠵᠢ ᠬᠡᠷᠡᠭᠵᠢᠭᠦᠯᠦᠨ᠎ᠡ᠃ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡ ᠵᠢ ᠬᠢᠵᠠᠭ᠋ᠠᠷᠯᠠᠵᠤ᠂ ᠠᠷᠢᠭᠤᠨ ᠴᠡᠪᠡᠷ ᠵᠶ᠋ᠠᠷ ᠳᠤᠯᠠᠭ᠋ᠠᠯᠠᠬᠤ ᠵᠢ ᠲᠦᠯᠬᠢᠨ ᠠᠬᠢᠭᠤᠯᠵᠤ᠂ ᠭᠦᠸᠧᠯᠦ ᠵᠢ ᠶᠡᠷᠦᠩᠬᠡᠶ᠋ᠢᠯᠡᠨ ᠵᠠᠰᠠᠬᠤ ᠠᠵᠢᠯ᠎ᠢ ᠥᠷᠨᠢᠭᠦᠯᠦᠨ᠎ᠡ᠃ ᠪᠠᠷᠢᠯᠭ᠎ᠠ ᠵᠢᠨ ᠠᠵᠢᠯ᠎ᠤᠨ ᠲᠣᠭᠣᠰᠣ ᠳᠡᠭᠳᠡᠬᠦ ᠵᠢ ᠬᠢᠵᠠᠭ᠋ᠠᠷᠯᠠᠬᠤ ᠵᠢ ᠴᠢᠩᠭ᠋ᠠᠳᠬᠠᠵᠤ᠂ ᠡᠯ᠎ᠡ ᠲᠦᠷᠦᠯ᠎ᠤᠨ ᠪᠠᠷᠢᠯᠭ᠎ᠠ ᠵᠢᠨ ᠭᠠᠵᠠᠷ᠎ᠲᠤ 《ᠵᠢᠷᠭᠤᠭ᠋ᠠᠨ ᠲᠠᠯ᠎ᠠ᠎ᠪᠠᠷ ᠵᠠᠭᠤᠨ᠎ᠤ ᠵᠠᠭᠤ ᠵᠢ ᠪᠠᠳᠤᠯᠠᠬᠤ》 ᠵᠢᠨ ᠱᠠᠭ᠋ᠠᠷᠳᠠᠯᠭ᠎ᠠ ᠵᠢ ᠴᠢᠩᠭ᠎ᠠ   ᠨᠠᠢ᠌ᠳᠠᠪᠤᠷᠢᠵᠢᠭᠤᠯᠤᠨ᠎ᠠ᠃ ᠵᠠᠮ᠎ᠤᠨ ᠬᠣᠭ ᠲᠣᠭᠣᠰᠣ ᠵᠢ ᠴᠡᠭᠴᠡᠯᠡᠨ ᠵᠠᠰᠠᠬᠤ ᠵᠢ ᠴᠢᠩᠭ᠋ᠠᠳᠬᠠᠵᠤ᠂ ᠵᠠᠮ᠎ᠤᠨ ᠮᠠᠰᠢᠨᠴᠢᠯᠠᠯᠲᠠ ᠵᠢᠨ ᠴᠡᠪᠡᠷᠯᠡᠯᠲᠡ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃ ᠠᠭᠤᠷᠬᠠᠶ ᠵᠢᠨ ᠣᠷᠴᠢᠨ ᠲᠣᠭᠣᠷᠢᠨ᠎ᠤ ᠵᠠᠰᠠᠯᠲᠠ ᠵᠢ ᠴᠢᠩᠭ᠋ᠠᠳᠬᠠᠵᠤ᠂ ᠡᠰᠢ ᠰᠦᠷᠡᠯ᠎ᠢ ᠰᠢᠲᠠᠭ᠋ᠠᠬᠤ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠂ ᠬᠤᠸᠠᠷ ᠫᠤᠤᠵᠢᠩ ᠲᠠᠯᠪᠢᠬᠤ ᠵᠢ ᠴᠠᠭ᠋ᠠᠵᠠᠯᠠᠬᠤ (ᠬᠢᠵᠠᠭ᠋ᠠᠷᠯᠠᠬᠤ) ᠵᠠᠬᠢᠷᠤᠨ ᠬᠠᠮᠢᠶᠠᠷᠬᠤ ᠵᠢ ᠬᠡᠷᠡᠭᠵᠢᠭᠦᠯᠦᠨ᠎ᠡ᠃ ᠬᠡᠷᠡᠭᠯᠡᠵᠦ ᠪᠠᠶ᠋ᠢᠭ᠎ᠠ ᠲᠡᠷᠭᠡ ᠪᠠ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠧᠬᠠᠨᠢᠭ᠎ᠤᠨ ᠣᠷᠴᠢᠨ ᠲᠤᠭᠤᠷᠢᠨ᠎ᠤ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠭ᠋ᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠪᠦᠬᠦ ᠵᠢᠯ᠎ᠳᠤ ᠲᠣᠭᠣᠰᠣ ᠰᠢᠷᠣᠶ ᠵᠢ ᠶᠡᠷᠦᠩᠬᠡᠶ᠋ᠢᠯᠡᠨ ᠵᠠᠰᠠᠬᠤ᠂ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ᠎ᠢ ᠵᠠᠰᠠᠬᠤ᠂ ᠲᠦᠯᠡᠰᠢᠨ ᠨᠡᠭᠦᠷᠡᠰᠦ ᠵᠢᠨ ᠪᠣᠬᠢᠷᠲᠤᠯ᠎ᠢ ᠬᠢᠵᠠᠭ᠋ᠠᠷᠯᠠᠬᠤ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ᠎ᠢ ᠵᠠᠰᠠᠬᠤ ᠵᠡᠷᠭᠡ 47 ᠲᠦᠷᠦᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠦᠨ᠎ᠡ᠃
      ᠬᠣᠶᠠᠷ᠎ᠲᠤ ᠬᠥᠬᠡᠮᠳᠦᠭ ᠤᠰᠤ ᠵᠢ ᠬᠠᠮᠠᠭ᠋ᠠᠯᠠᠬᠤ ᠪᠠᠶ᠋ᠢᠯᠳᠤᠭ᠋ᠠᠨ᠎ᠢ ᠭᠦᠨᠵᠡᠭᠡᠶ ᠲᠦᠯᠬᠢᠨ ᠠᠬᠢᠭᠤᠯᠤᠨ᠎ᠠ᠃ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠭᠦᠨᠵᠡᠭᠡᠶ ᠲᠦᠯᠬᠢᠨ ᠠᠬᠢᠭᠤᠯᠵᠤ᠂ ᠬᠤᠴᠤᠷᠤᠭᠳᠠᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠭᠡᠭᠡᠭᠳᠡᠭᠦᠯᠬᠦ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠪᠣᠬᠢᠷᠲᠤᠯ᠎ᠤᠨ ᠡᠬᠢ ᠡᠭᠦᠰᠦᠯ᠎ᠢ ᠪᠦᠬᠦ ᠲᠠᠯ᠎ᠠ᠎ᠪᠠᠷ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ ᠵᠢ ᠭᠦᠨᠵᠡᠭᠡᠶ ᠬᠡᠷᠡᠭᠵᠢᠭᠦᠯᠦᠨ᠎ᠡ᠃ ᠬᠤᠳᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷᠲᠤᠯ᠎ᠢ ᠵᠠᠰᠠᠬᠤ ᠠᠵᠢᠯ᠎ᠢ ᠴᠢᠩᠭ᠋ᠠᠳᠬᠠᠵᠤ᠂ ᠤᠰᠤᠨ᠎ᠤ ᠣᠷᠴᠢᠨ ᠲᠤᠭᠤᠷᠢᠨ᠎ᠤ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢ ᠭᠦᠨᠵᠡᠭᠡᠶ᠋ᠢᠷᠡᠭᠦᠯᠦᠨ᠎ᠡ᠃ ᠤᠤᠭᠤᠬᠤ ᠤᠰᠤᠨ᠎ᠤ ᠤᠰᠤᠨ᠎ᠤ ᠴᠢᠨᠠᠷ᠎ᠤᠨ ᠠᠮᠤᠷ ᠲᠦᠪᠰᠢᠨ ᠵᠢᠴᠢ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠵᠤ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠵᠢᠷᠤᠮᠵᠢᠭᠰᠠᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠳᠤᠯᠠᠨ᠎ᠠ᠃ ᠪᠥᠬᠥ ᠬᠤᠳᠠ ᠵᠢᠨ ᠦᠮᠡᠬᠡᠶ ᠤᠰᠤᠨ ᠴᠣᠭᠴᠠ ᠵᠢ ᠵᠠᠰᠠᠬᠤ ᠡᠷᠴᠢᠮ᠎ᠢ ᠴᠢᠩᠭ᠋ᠠᠷᠠᠭᠤᠯᠤᠨ᠎ᠠ᠃ ᠠᠵᠤ ᠠᠬᠤᠶ ᠵᠢᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠯᠬᠢᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠨ᠎ᠠ᠃ ᠡᠬᠦᠨ᠎ᠳᠤ ᠭᠣᠤᠯᠳᠠᠭᠤ ᠠᠵᠤ ᠦᠢ᠍ᠯᠡᠳᠪᠦᠷᠢ ᠵᠢᠨ ᠪᠣᠬᠢᠷ ᠤᠰᠤ ᠵᠢ   ᠴᠡᠭᠴᠡᠯᠡᠨ ᠵᠠᠰᠠᠬᠤ᠂ ᠬᠣᠲᠠ ᠪᠠᠯᠭ᠋ᠠᠰᠤ ᠵᠢᠨ ᠪᠣᠬᠢᠷ ᠤᠰᠤ ᠵᠢ ᠴᠡᠭᠴᠡᠯᠡᠨ ᠵᠠᠰᠠᠬᠤ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠢ ᠵᠢᠷᠤᠮᠵᠢᠭᠤᠯᠤᠨ ᠪᠥᠲᠥᠭᠡᠨ ᠪᠠᠶ᠋ᠢᠭᠤᠯᠬᠤ᠂ ᠡᠮᠴᠢᠯᠡᠭᠡᠨ᠎ᠤ ᠪᠣᠬᠢᠷ ᠤᠰᠤ ᠵᠢ ᠴᠡᠭᠴᠡᠯᠡᠨ ᠵᠠᠰᠠᠬᠤ᠂ ᠭᠣᠤᠯᠳᠠᠯᠭ᠎ᠠ᠎ᠲᠠᠢ ᠨᠠᠭᠤᠷ ᠴᠥᠭᠥᠷᠥᠮ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠭᠠᠵᠠᠷ ᠳᠣᠤᠷᠠᠬᠢ ᠤᠰᠤᠨ᠎ᠤ ᠤᠰᠤ ᠲᠠᠲᠠᠬᠤ ᠵᠢ ᠬᠢᠨᠠᠨ ᠬᠠᠮᠢᠶᠠᠷᠬᠤ ᠵᠡᠷᠭᠡ ᠲᠠᠯ᠎ᠠ᠎ᠪᠠᠷ ᠨᠡᠶ᠋ᠢᠲᠡ 35 ᠲᠥᠷᠥᠯ ᠵᠦᠢ᠍ᠯ᠎ᠳᠤ ᠬᠣᠯᠪᠣᠭᠳᠠᠨ᠎ᠠ᠃
      ᠭᠤᠷᠪᠠ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠲᠠᠢ᠌ᠯᠠᠯᠳᠤᠭ᠋ᠠᠨ᠎ᠢ ᠬᠦᠴᠦᠲᠡᠶ ᠠᠬᠢᠭᠤᠯᠤᠨ᠎ᠠ᠃ ᠬᠥᠷᠥᠰᠥ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠣᠨ᠎ᠤ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠴᠥᠮ᠎ᠡ ᠬᠢᠭᠡᠳ ᠰᠠᠴᠤᠷᠠᠭ᠎ᠤᠨ ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠦᠨᠳᠦ ᠲᠡᠮᠦᠷᠯᠢᠭ᠎ᠤᠨ ᠪᠣᠬᠢᠷᠲᠤᠯ᠎ᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠵᠤ᠂ ᠬᠦᠨᠳᠦ ᠲᠡᠮᠦᠷᠯᠢᠭ᠎ᠤᠨ ᠪᠣᠬᠢᠷᠲᠤᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠡᠭᠦᠷᠭᠡ ᠵᠢ ᠨᠠᠶ᠋ᠢᠳᠠᠪᠤᠷᠢᠵᠢᠭᠤᠯᠤᠨ᠎ᠠ; ᠬᠥᠷᠥᠰᠥ ᠰᠢᠷᠣᠶ ᠵᠢᠨ ᠭᠣᠣᠯᠳᠠᠯᠭ᠎ᠠ᠎ᠲᠠᠢ ᠪᠣᠬᠢᠷᠲᠤᠯ᠎ᠤᠨ ᠡᠬᠢ ᠡᠭᠦᠰᠦᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠨ ᠡᠮ᠎ᠢ ᠦᠯᠦ ᠨᠡᠮᠡᠭᠳᠡᠭᠦᠯᠬᠦ᠂ ᠬᠢᠮᠢ ᠵᠢᠨ ᠪᠤᠷᠳᠤᠭᠤᠷ ᠬᠡᠷᠡᠭᠯᠡᠬᠦ ᠬᠡᠮᠵᠢᠶ᠎ᠡ ᠵᠢ ᠰᠥᠭᠡᠷᠭᠦ ᠬᠠᠨᠳᠤᠰᠢ᠎ᠲᠠᠢ ᠪᠤᠯᠭ᠋ᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠠᠮᠤᠷ ᠲᠦᠪᠰᠢᠨ ᠵᠶ᠋ᠠᠷ ᠠᠰᠢᠭᠯᠠᠬᠤ ᠵᠢ ᠴᠢᠩᠭ᠋ᠠᠳᠬᠠᠵᠤ᠂ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠠᠮᠤᠷ ᠲᠦᠪᠰᠢᠨ ᠵᠶ᠋ᠠᠷ ᠠᠰᠢᠭᠯᠠᠬᠤ ᠵᠢ ᠪᠠᠲᠤᠯᠠᠵᠤ᠂ ᠬᠠᠭ᠋ᠠᠵᠤ ᠨᠡᠭᠦᠯᠭᠡᠬᠦ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠪᠣᠬᠢᠷᠲᠤᠭᠰᠠᠨ ᠭᠠᠵᠠᠷ᠎ᠤᠨ ᠬᠡᠰᠡᠭ᠎ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠵᠢ ᠲᠦᠯᠬᠢᠨ ᠠᠬᠢᠭᠤᠯᠤᠨ᠎ᠠ᠃ ᠠᠶᠤᠯ᠎ᠲᠠᠢ ᠲᠦᠷᠦᠯ ᠵᠦᠢ᠍ᠯ᠎ᠤᠨ ᠵᠦᠪᠰᠢᠶᠡᠷᠡᠨ ᠤᠷᠤᠭᠤᠯᠬᠤ ᠵᠢ ᠴᠢᠩᠭ᠎ᠠ ᠬᠢᠵᠠᠭ᠋ᠠᠷᠯᠠᠵᠤ᠂ ᠠᠶᠤᠯ᠎ᠲᠠᠢ ᠬᠠᠶᠠᠭᠳᠠᠮᠠᠯ ᠪᠣᠳᠠᠰ᠎ᠤᠨ 《ᠬᠠᠳᠠᠭ᠋ᠠᠯᠠᠯᠲᠠ ᠵᠢᠨ ᠬᠡᠮᠵᠢᠶ᠎ᠡ ᠵᠢ ᠪᠠᠭ᠋ᠠᠰᠬᠠᠬᠤ᠂ ᠲᠦᠭᠰᠢᠭᠦᠷᠢ ᠵᠢ ᠬᠢᠵᠠᠭ᠋ᠠᠷᠯᠠᠬᠤ》 ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂   ᠠᠶᠤᠯ᠎ᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠲᠤᠰᠬᠠᠢ᠌ᠯᠠᠨ ᠵᠠᠰᠠᠬᠤ ᠵᠢ ᠥᠷᠨᠢᠭᠦᠯᠵᠦ᠂ ᠡᠬᠢ ᠡᠭᠦᠰᠦᠯ᠎ᠤᠨ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠵᠤ᠂ ᠬᠠᠳᠠᠭ᠋ᠠᠯᠠᠬᠤ ᠬᠠᠮᠢᠶᠠᠷᠤᠯᠲᠠ ᠵᠢ ᠴᠢᠩᠳᠠᠯᠠᠵᠤ᠂ ᠠᠰᠢᠭᠯᠠᠨ ᠰᠢᠢ᠍ᠳᠪᠦᠷᠢᠯᠡᠬᠦ ᠵᠢ ᠵᠢᠷᠤᠮᠵᠢᠭᠤᠯᠵᠤ᠂ ᠤᠤᠯ᠎ᠠᠴᠠ᠎ᠪᠠᠨ᠎ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠤᠭᠤᠷᠢᠨ᠎ᠤ ᠲᠠᠯᠳᠠ ᠭᠡᠮ᠎ᠢ ᠲᠤᠶ᠋ᠢᠯᠪᠤᠷᠢᠲᠠᠢ ᠠᠷᠢᠯᠭ᠋ᠠᠨ᠎ᠠ᠃ ᠪᠦᠬᠦ ᠵᠢᠯ᠎ᠳᠤ ᠬᠥᠳᠡᠭᠡ ᠲᠣᠰᠬᠣᠨ᠎ᠤ ᠣᠷᠴᠢᠨ ᠲᠤᠭᠤᠷᠢᠨ᠎ᠢ ᠶᠡᠷᠦᠩᠬᠡᠶ᠋ᠢᠯᠡᠨ ᠵᠠᠰᠠᠬᠤ᠂ ᠬᠣᠭ ᠨᠣᠪᠰᠢ ᠵᠢ ᠰᠢᠢ᠍ᠳᠪᠦᠷᠢᠯᠡᠬᠦ᠂ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ᠂ ᠠᠶᠤᠯ᠎ᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠡᠷᠭᠡ 12 ᠲᠦᠷᠦᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠦᠨ᠎ᠡ᠃
      ᠲᠦᠷᠪᠡ᠎ᠳᠤ ᠠᠮᠢ ᠠᠬᠤᠶ ᠵᠢᠨ ᠬᠠᠮᠠᠭ᠋ᠠᠯᠠᠯᠲᠠ ᠵᠢᠨ ᠠᠵᠢᠯ᠎ᠢ ᠲᠠᠰᠤᠷᠠᠯᠳᠠ ᠦᠭᠡᠢ ᠲᠦᠯᠬᠢᠨ ᠠᠬᠢᠭᠤᠯᠤᠨ᠎ᠠ᠃ ᠠᠮᠢ ᠠᠬᠤᠶ ᠵᠢᠨ ᠤᠯᠠᠭ᠋ᠠᠨ ᠱᠤᠭᠤᠮ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠲᠠᠶ᠋ᠢᠰᠢ ᠵᠢᠨ ᠨᠡᠭᠦᠷᠡᠰᠦᠨ᠎ᠤ ᠪᠦᠯᠦᠭᠯᠡᠯ᠎ᠤᠨ ᠨᠡᠭᠦᠷᠡᠰᠦᠨ ᠠᠭᠤᠷᠬᠠᠶ ᠵᠢᠨ ᠭᠠᠯ ᠨᠣᠴᠣᠭᠰᠠᠨ ᠣᠷᠣᠨ᠎ᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠦᠨ᠎ᠡ᠃ ᠨᠡᠭᠦᠷᠡᠰᠦᠨ ᠠᠭᠤᠷᠬᠠᠶ ᠵᠢᠨ ᠮᠠᠯᠲᠠᠵᠤ ᠬᠥᠨᠳᠡᠶ᠋ᠢᠷᠡᠭᠦᠯᠦᠭᠰᠡᠨ ᠣᠷᠣᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠲᠦᠯᠬᠢᠨ ᠠᠬᠢᠭᠤᠯᠤᠨ᠎ᠠ᠃ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠬᠤ ᠠᠵᠢᠯ᠎ᠢ ᠥᠷᠨᠢᠭᠦᠯᠦᠨ᠎ᠡ᠃ ᠠᠵᠤ ᠠᠬᠤᠶ᠋ᠢᠯᠠᠯ᠎ᠤᠨ ᠤᠤᠯ᠎ᠤᠨ ᠪᠠᠶ᠋ᠢᠭᠰᠠᠨ ᠬᠠᠳᠠᠭ᠋ᠠᠯᠠᠭᠳᠠᠴᠠ ᠵᠢ ᠬᠢᠨᠠᠨ ᠬᠠᠷᠭᠤᠭᠤᠯᠤᠭᠰᠠᠨ ᠦᠷ᠎ᠡ ᠪᠦᠲᠦᠭᠡᠯ᠎ᠤᠨ ᠶᠣᠰᠣᠭ᠋ᠠᠷ᠂ ᠪᠠᠶᠠᠨᠨᠠᠭᠤᠷ ᠪᠣᠷᠵᠢᠨ ᠴᠢᠯᠠᠭᠤᠯᠢᠭ᠎ᠤᠨ ᠠᠭᠤᠷᠬᠠᠶ ᠵᠢᠨ ᠣᠷᠣᠨ᠎ᠳᠤ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢ ᠬᠢᠨᠠᠨ ᠬᠠᠷᠭᠤᠭᠤᠯᠬᠤ ᠠᠵᠢᠯ ᠵᠢᠴᠢ ᠨᠡᠭᠡᠭᠡᠨ ᠠᠰᠢᠭᠯᠠᠬᠤ ᠲᠥᠰᠦᠯ᠎ᠳᠤ ᠵᠠᠰᠠᠪᠤᠷᠢ ᠣᠷᠣᠭᠤᠯᠤᠨ ᠨᠠᠶ᠋ᠢᠷᠠᠭᠤᠯᠬᠤ ᠠᠵᠢᠯ᠎ᠢ ᠥᠷᠨᠢᠭᠦᠯᠦᠨ᠎ᠡ᠃ ᠪᠦᠬᠦ ᠵᠢᠯ᠎ᠳᠤ ᠠᠮᠢ ᠠᠬᠤᠶ ᠵᠢ ᠰᠡᠷᠭᠦᠭᠡᠬᠦ ᠪᠠ ᠴᠡᠭᠴᠡᠯᠡᠨ ᠵᠠᠰᠠᠬᠤ 29 ᠲᠦᠷᠦᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠦᠨ᠎ᠡ᠃
    ᠲᠠᠪᠤ᠂ ᠬᠣᠯᠪᠣᠭᠳᠠᠯ ᠪᠦᠬᠦᠢ ᠱᠠᠭ᠋ᠠᠷᠳᠠᠯᠭ᠎ᠠ
    ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠬᠠᠨᠳᠤᠯᠭ᠋ᠠᠳᠤ ᠴᠢᠨᠠᠷᠲᠠᠢ᠎ᠪᠠᠷ ᠠᠬᠢᠭᠤᠯᠵᠤ᠂ ᠭᠣᠣᠯᠳᠠᠯᠭ᠎ᠠ᠎ᠲᠠᠢ ᠠᠵᠢᠯ ᠪᠠ ᠭᠦᠢ᠍ᠴᠡᠳᠬᠡᠬᠦ ᠲᠣᠭ᠎ᠠ ᠵᠢ ᠬᠤᠪᠢᠶᠠᠷᠢᠯᠠᠬᠤ ᠠᠵᠢᠯ᠎ᠢ ᠰᠠᠶ᠋ᠢᠲᠤᠷ ᠬᠢᠵᠦ᠂ ᠴᠠᠭ᠎ᠤᠨ ᠠᠬᠢᠴᠠ᠎ᠲᠠᠢ ᠤᠶᠠᠯᠳᠤᠭᠤᠯᠤᠨ ᠲᠤᠬᠢᠷᠠᠭᠤᠯᠤᠯᠳᠠ ᠵᠢ ᠴᠢᠩᠭ᠋ᠠᠳᠬᠠᠬᠤ ᠬᠡᠷᠡᠭᠲᠡᠢ᠃ ᠣᠷᠴᠢᠨ ᠲᠤᠭᠤᠷᠢᠨ᠎ᠤ ᠬᠢᠨᠠᠯᠲᠠ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ 《ᠪᠥᠬᠥ ᠲᠠᠯ᠎ᠠ᠎ᠪᠠᠷ᠂ ᠪᠦᠬᠦᠨ᠎ᠢ ᠬᠠᠮᠤᠷᠬᠤ᠂ ᠪᠠᠯᠠᠶ ᠣᠷᠣᠨ ᠥᠬᠡᠶ》 ᠪᠠᠶ᠋ᠢᠬᠤ ᠵᠢ ᠪᠡᠶᠡᠯᠡᠭᠦᠯᠦᠨ᠎ᠡ᠃ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠣᠷᠣᠨ ᠪᠦᠰᠡ᠎ᠪᠠᠷ ᠬᠠᠤᠯᠢ ᠬᠡᠷᠡᠭᠵᠢᠭᠦᠯᠬᠦ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠵᠢ ᠥᠷᠨᠢᠭᠦᠯᠵᠦ᠂ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠤᠨ᠎ᠠ᠃ ᠰᠢᠮᠳᠠᠭᠤᠯᠤᠨ ᠪᠠᠶ᠋ᠢᠴᠠᠭ᠋ᠠᠵᠤ ᠰᠢᠮᠳᠠᠭᠤᠯᠤᠨ ᠭᠦᠢ᠍ᠴᠡᠳᠭᠡᠬᠦ ᠵᠢ ᠴᠢᠩᠭ᠋ᠠᠷᠠᠭᠤᠯᠤᠨ᠎ᠠ᠃ ᠲᠣᠭᠣᠷᠢᠨ ᠪᠠᠶ᠋ᠢᠴᠠᠭ᠋ᠠᠬᠤ᠂ ᠰᠢᠮᠳᠠᠭᠤᠯᠤᠨ ᠭᠦᠢ᠍ᠴᠡᠳᠬᠡᠬᠦ᠂ ᠨᠡᠪᠳᠡᠷᠡᠭᠦᠯᠦᠨ ᠮᠡᠳᠡᠭᠡᠯᠡᠬᠦ᠂ ᠢᠯᠡᠴᠢᠯᠡᠬᠦ ᠲᠣᠭᠲᠠᠴᠠ ᠵᠢ ᠪᠠᠶ᠋ᠢᠭᠤᠯᠵᠤ᠂ ᠭᠣᠣᠯᠳᠠᠯᠭ᠎ᠠ᠎ᠲᠠᠢ ᠰᠢᠮᠳᠠᠭᠤᠯᠤᠨ ᠪᠠᠶ᠋ᠢᠴᠠᠭ᠋ᠠᠵᠤ ᠰᠢᠮᠳᠠᠭᠤᠯᠤᠨ ᠭᠦᠢ᠍ᠴᠡᠳᠬᠡᠨ᠎ᠡ᠃ ᠤᠯᠠᠨ ᠨᠡᠶ᠋ᠢᠲᠡ᠎ᠪᠠᠷ ᠵᠶ᠋ᠠᠨ ᠣᠷᠣᠯᠴᠠᠬᠤ ᠵᠢ ᠴᠢᠩᠭ᠋ᠠᠳᠬᠠᠵᠤ᠂ ᠣᠷᠴᠢᠨ ᠲᠤᠭᠤᠷᠢᠨ᠎ᠤ ᠶᠠᠰᠤ ᠴᠢᠨᠠᠷ᠎ᠤᠨ ᠪᠠᠶ᠋ᠢᠳᠠᠯ᠂ ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠭᠠᠳᠠᠭᠰᠢᠯᠠᠭᠤᠯᠤᠯᠲᠠ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠬᠤ ᠡᠷᠴᠢᠮ᠎ᠢ ᠴᠢᠩᠭ᠋ᠠᠷᠠᠭᠤᠯᠵᠤ᠂ ᠪᠦᠬᠦ ᠨᠡᠶ᠋ᠢᠭᠡᠮ᠎ᠢ ᠲᠠᠢ᠍ᠢ᠍ᠴᠢᠯᠠᠨ ᠠᠮᠢ ᠠᠬᠤᠶ ᠣᠷᠴᠢᠨ ᠠᠬᠤᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠠᠵᠢᠯ᠎ᠢ ᠲᠦᠷᠭᠡᠳᠬᠡᠨ ᠠᠬᠢᠭᠤᠯᠬᠤ ᠲᠥᠰᠦᠯ
2020 ᠣᠨ᠎ᠳᠤ ᠪᠥᠬᠦ ᠣᠷᠣᠨ᠎ᠤ ᠬᠤᠲᠠ ᠪᠠᠯᠭ᠋ᠠᠰᠤᠨ᠎ᠤ ᠪᠠᠶ᠋ᠢᠭᠤᠯᠭ᠎ᠠ ᠨᠢᠭᠡᠴᠢ᠎ᠳᠤ ᠠᠵᠢᠯ ᠣᠯᠤᠭᠰᠠᠳ᠎ᠤᠨ ᠳᠤᠮᠳᠠᠴᠢ ᠴᠠᠯᠢᠩ᠎ᠤᠨ ᠲᠣᠭᠲᠠᠭᠤᠨ ᠨᠡᠮᠡᠭᠳᠡᠯ᠎ᠢ ᠪᠠᠲᠤᠯᠠᠪᠠ
ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠡᠷᠬᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠬᠤᠯᠪᠣᠭᠳᠠᠯ ᠪᠦᠬᠦᠢ ᠤᠴᠢᠷ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠦᠨᠡᠮᠯᠡᠯ ᠪᠠ ᠭᠡᠷᠡᠴᠢ ᠵᠢ ᠰᠠᠯᠭ᠋ᠠᠬᠤ〉 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠲᠣᠪᠴᠢ ᠠᠰᠠᠭᠤᠯᠲᠠ ᠬᠠᠷᠢᠭᠤᠯᠲᠠ
《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
 
             蒙ICP备05000248号