ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠠᠵᠢᠯ᠎ᠢ ᠲᠦᠷᠭᠡᠳᠬᠡᠨ ᠠᠬᠢᠭᠤᠯᠬᠤ ᠲᠥᠰᠦᠯ
ᠨᠡᠶ᠋ᠢᠲᠡᠯᠡᠭᠰᠡᠨ ᠴᠠᠭ᠄ 2021-06-22

     2021 ᠣᠨ᠎ᠤ 5 ᠳ᠋ᠤᠭ᠋ᠠᠷ ᠰᠠᠷ᠎ᠠ ᠵᠢᠨ 26᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠠᠵᠢᠯ᠎ᠢ ᠲᠦᠷᠭᠡᠳᠬᠡᠨ ᠠᠬᠢᠭᠤᠯᠬᠤ ᠲᠥᠰᠦᠯ》 (ᠳᠣᠷᠣᠭᠰᠢ 《ᠠᠵᠢᠯ᠎ᠤᠨ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠬᠦ ᠠᠵᠢᠯ᠎ᠢ ᠪᠠᠶ᠋ᠢᠷᠢᠯᠠᠭᠤᠯᠪᠠ᠃
      ᠨᠢᠭᠡ᠂ ᠶᠠᠭᠤᠨ᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠬᠦ ᠬᠡᠷᠡᠭᠲᠡᠶ ᠪᠣᠶ
     2020 ᠣᠨ᠎ᠤ 12 ᠳ᠋ᠤᠭ᠋ᠠᠷ ᠰᠠᠷ᠎ᠠ ᠵᠢᠨ 14᠎ᠤ ᠡᠳᠦᠷ᠂ ᠶᠡᠷᠦᠩᠬᠡᠶ ᠰᠠᠶ᠋ᠢᠳ ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠣᠷᠣᠨ ᠨᠤᠲᠤᠭ᠎ᠤᠨ ᠲᠣᠬᠢᠷᠠᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢᠴᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠭᠠᠷᠭ᠋ᠠᠭᠰᠠᠨ ᠪᠥᠭᠡᠳ ᠣᠷᠣᠨ ᠨᠤᠲᠤᠭ᠎ᠲᠤ ᠭᠥᠯᠢᠶᠡᠨ ᠠᠪᠴᠤ ᠰᠣᠨᠣᠰᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠨᠡᠶ᠋ᠢᠯᠡᠭᠦᠯᠵᠦ ᠪᠣᠯᠬᠤ ᠵᠢ᠎ᠨᠢ ᠠᠯᠢ ᠴᠢᠳᠠᠬᠤ᠎ᠪᠠᠷ ᠨᠡᠶ᠋ᠢᠯᠡᠭᠦᠯᠦᠨ᠂ ᠠᠯᠢ ᠴᠢᠳᠠᠬᠤ᠎ᠪᠠᠷ ᠨᠢᠭᠡ ᠨᠣᠮᠧᠷ᠎ᠢ ᠬᠡᠷᠡᠭᠯᠡᠵᠦ᠂ ᠣᠯᠠᠨ ᠲᠦᠮᠡᠨ᠎ᠤ ᠴᠡᠭᠡᠵᠢᠯᠡᠬᠦ ᠪᠠ ᠬᠡᠷᠡᠭᠯᠡᠬᠦ᠎ᠳᠤ ᠲᠥᠬᠦᠮ ᠦᠵᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠡᠶ᠋ᠢᠮᠦ᠎ᠠᠴᠠ᠂ ᠥᠪᠡᠷᠲᠡᠭᠡᠨ ᠵᠠᠰᠠᠬᠤ ᠣᠷᠣᠨ 《ᠣᠷᠣᠨ ᠨᠤᠲᠤᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2020] 53 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ 《ᠠᠵᠢᠯ᠎ᠤᠨ ᠲᠥᠰᠦᠯ》᠎ᠢ ᠰᠤᠳᠤᠯᠤᠨ ᠲᠣᠭᠲᠠᠭ᠋ᠠᠵᠤ᠂ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢᠨ 《ᠨᠣᠮᠧᠷ᠎ᠢ ᠲᠡᠮᠳᠡᠭᠯᠡᠬᠦ᠎ᠳᠤ ᠬᠦᠴᠢᠷ᠂ ᠤᠴᠢᠷ ᠶᠠᠪᠤᠳᠠᠯ᠎ᠢ ᠰᠢᠢ᠍ᠳᠪᠦᠷᠢᠯᠡᠬᠦ᠎ᠳᠤ ᠬᠦᠴᠢᠷ᠂ ᠦᠢ᠍ᠯᠡᠴᠢᠯᠡᠭᠡ᠎ᠪᠠᠷ ᠠᠨᠠᠶ᠂ ᠦᠷ᠎ᠡ ᠳ᠋ᠦᠩ ᠥᠬᠡᠶ》 ᠵᠡᠷᠭᠡ ᠠᠰᠠᠭᠤᠳᠠᠯ᠎ᠢ ᠡᠷᠴᠢᠮᠯᠡᠨ ᠰᠢᠢ᠍ᠳᠪᠦᠷᠢᠯᠡᠵᠦ᠂ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠬᠦ᠎ᠪᠠᠷ ᠳᠠᠮᠵᠢᠭᠤᠯᠤᠨ ᠠᠵᠤ ᠠᠬᠤᠶ᠋ᠢᠯᠠᠯ ᠪᠠ ᠣᠯᠠᠨ ᠲᠦᠮᠡᠨ᠎ᠤ ᠭᠤᠮᠣᠳᠠᠯ ᠱᠠᠭ᠋ᠠᠷᠳᠠᠯᠭ᠎ᠠ᠎ᠪᠠᠨ ᠲᠤᠰᠬᠠᠬᠤ ᠠᠷᠭ᠎ᠠ ᠵᠠᠮ᠎ᠢ ᠰᠢᠯᠤᠭᠤᠳᠬᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠲᠥᠪᠰᠢᠨ᠎ᠤ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ᠎ᠪᠠᠷ ᠪᠣᠯᠪᠠ᠃
      ᠬᠤᠶᠠᠷ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠡᠮᠬᠢᠯᠡᠨ ᠨᠡᠶ᠋ᠢᠯᠡᠭᠦᠯᠬᠦ᠎ᠨᠢ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠶᠠᠮᠠᠷ ᠶᠠᠮᠠᠷ ᠲᠥᠬᠦᠮ ᠨᠥᠬᠦᠴᠡᠯ ᠠᠪᠴᠢᠷᠠᠬᠤ ᠪᠣᠶ
     2021 ᠣᠨ᠎ᠤ ᠵᠢᠯ᠎ᠤᠨ ᠡᠴᠦᠰ᠎ᠠᠴᠠ ᠡᠮᠦᠨ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠥᠪᠡᠷᠲᠡᠭᠡᠨ ᠵᠠᠰᠠᠬᠤ ᠣᠷᠣᠨ᠎ᠳᠤ ᠲᠣᠬᠢᠷᠠᠭᠤᠯᠤᠭᠰᠠᠨ ᠪᠥᠭᠡᠳ ᠭᠥᠯᠢᠶᠡᠨ ᠠᠪᠴᠤ ᠰᠣᠨᠣᠰᠴᠤ ᠪᠠᠶ᠋ᠢᠭ᠎ᠠ ᠪᠠᠴᠢᠮ ᠪᠤᠰᠤ ᠲᠥᠷᠥᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠷᠥᠯ᠎ᠤᠨ ᠬᠠᠯᠠᠮᠰᠢᠯ ᠤᠲᠠᠰᠤ ᠵᠢ ᠨᠢᠭᠡᠳᠦᠯᠲᠡᠶ᠎ᠪᠠᠷ 12345 ᠬᠠᠯᠠᠮᠰᠢᠯ ᠤᠲᠠᠰᠤ᠎ᠳᠤ ᠨᠡᠶ᠋ᠢᠯᠡᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ 《7 × 24 ᠴᠠᠭ》᠎ᠤᠨ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠯ᠎ᠲᠠᠢ᠂ ᠣᠶᠣᠨᠯᠢᠭ ᠪᠦᠬᠦᠯᠢ ᠡᠳᠦᠷ᠎ᠤᠨ ᠬᠥᠮᠦᠨ᠎ᠤ ᠬᠦᠴᠦᠨ᠎ᠤ ᠦᠢ᠍ᠯᠡᠴᠢᠯᠡᠭᠡ ᠵᠢ ᠬᠠᠩᠭ᠋ᠠᠨ᠎ᠠ᠃ 12345 ᠬᠠᠯᠠᠮᠰᠢᠯ ᠤᠲᠠᠰᠤ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠶᠡᠷᠦᠩᠬᠡᠶ ᠦᠢ᠍ᠯᠡᠴᠢᠯᠡᠭᠡ》 ᠪᠣᠯᠤᠭᠰᠠᠨ᠎ᠤ ᠬᠤᠪᠢ᠎ᠳᠤ᠂ ᠭᠤᠤᠯᠳᠠᠭᠤ ᠠᠵᠤ ᠠᠬᠤᠶ ᠵᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠨᠡᠶ᠋ᠢᠭᠡᠮ᠎ᠤᠨ ᠬᠠᠮᠢᠶᠠᠷᠤᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡ᠂ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠬᠦᠷᠢᠶᠡᠨ᠎ᠳᠠᠬᠢ ᠠᠰᠠᠭᠤᠨ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠵᠡᠷᠭᠡ ᠵᠢ ᠭᠥᠯᠢᠶᠡᠨ ᠠᠪᠴᠤ ᠰᠢᠢ᠍ᠳᠪᠦᠷᠢᠯᠡᠨ᠎ᠡ᠃
    ᠭᠤᠷᠪᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠶᠠᠮᠠᠷ ᠠᠷᠭ᠎ᠠ ᠮᠠᠶᠢᠭ ᠵᠶ᠋ᠠᠷ ᠡᠮᠬᠢᠯᠡᠨ ᠨᠡᠶ᠋ᠢᠯᠡᠭᠦᠯᠬᠦ ᠪᠣᠶ
      ᠥᠪᠡᠷᠲᠡᠭᠡᠨ ᠵᠠᠰᠠᠬᠤ ᠣᠷᠣᠨ 《ᠪᠦᠬᠦᠯᠢ ᠴᠣᠭᠴᠠ᠎ᠪᠠᠷ᠎ᠨᠢ ᠨᠡᠶ᠋ᠢᠯᠡᠭᠦᠯᠬᠦ》᠂ 《ᠬᠤᠤᠰ ᠨᠣᠮᠧᠷ᠎ᠢ ᠵᠡᠷᠭᠡ᠎ᠪᠠᠷ ᠨᠡᠪᠲᠡᠷᠡᠭᠦᠯᠬᠦ》᠂ 《ᠬᠤᠪᠢᠶᠠᠷᠢ ᠲᠥᠪ ᠪᠠᠶ᠋ᠢᠭᠤᠯᠬᠤ》 ᠵᠡᠷᠭᠡ ᠭᠤᠷᠪᠠᠨ ᠵᠦᠢ᠍ᠯ᠎ᠤᠨ ᠠᠷᠭ᠎ᠠ ᠮᠠᠶᠢᠭ ᠵᠶ᠋ᠠᠷ ᠬᠠᠮᠢᠶ᠎ᠠ ᠪᠥᠬᠦᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠡᠮᠬᠢᠯᠡᠨ ᠨᠡᠶ᠋ᠢᠯᠡᠭᠦᠯᠦᠭᠡᠳ ᠬᠠᠯᠠᠮᠰᠢᠯ ᠤᠲᠠᠰᠤ ᠵᠢ ᠨᠡᠶ᠋ᠢᠯᠡᠭᠦᠯᠦᠭᠰᠡᠨ᠎ᠤ ᠳᠠᠷᠠᠭ᠎ᠠ ᠵᠠᠷᠴᠢᠮ ᠳᠡᠭᠡᠷ᠎ᠡ᠎ᠪᠠᠨ ᠬᠠᠯᠠᠮᠰᠢᠯ ᠤᠲᠠᠰᠤᠨ᠎ᠤ ᠨᠣᠮᠧᠷ᠎ᠢ ᠳᠠᠭᠢᠵᠤ ᠰᠢᠨ᠎ᠡ᠎ᠪᠠᠷ ᠲᠣᠬᠢᠷᠠᠭᠤᠯᠬᠤ ᠥᠬᠡᠶ᠂ ᠨᠣᠮᠧᠷ᠎ᠢ᠎ᠨᠢ ᠨᠢᠭᠡᠨᠲᠡ ᠬᠠᠰᠤᠭᠰᠠᠨ ᠪᠠᠶ᠋ᠢᠪᠠᠯ᠂ ᠵᠠᠷᠴᠢᠮ ᠳᠡᠭᠡᠷ᠎ᠡ᠎ᠪᠠᠨ ᠳᠠᠭᠢᠵᠤ ᠰᠡᠷᠭᠦᠭᠡᠬᠦ ᠥᠬᠡᠶ ᠭᠡᠵᠦ ᠲᠣᠳᠣᠷᠬᠠᠶ ᠲᠣᠭᠲᠠᠭ᠋ᠠᠪᠠ᠃
     《ᠪᠦᠬᠦᠯᠢ ᠴᠣᠭᠴᠠ᠎ᠪᠠᠷ᠎ᠨᠢ ᠨᠡᠶ᠋ᠢᠯᠡᠭᠦᠯᠬᠦ》 ᠭᠡᠳᠡᠭ᠎ᠨᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠥᠪᠡᠷ ᠵᠶ᠋ᠠᠨ ᠲᠣᠬᠢᠷᠠᠭᠤᠯᠤᠭᠰᠠᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠮᠠᠨ᠎ᠤ ᠣᠷᠣᠨ᠎ᠳᠤ ᠲᠣᠬᠢᠷᠠᠭᠤᠯᠤᠭᠰᠠᠨ ᠨᠡᠯᠢᠶᠡᠳ ᠳᠣᠤᠷ᠎ᠠ ᠳᠠᠪᠲᠠᠮᠵᠢᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠨᠢᠭᠡᠳᠦᠯᠲᠡᠶ᠎ᠪᠠᠷ 12345 ᠬᠠᠯᠠᠮᠰᠢᠯ ᠤᠲᠠᠰᠤᠨ᠎ᠳᠤ ᠨᠡᠶ᠋ᠢᠯᠡᠭᠦᠯᠬᠦ ᠵᠢ ᠵᠢᠭ᠋ᠠᠵᠤ ᠪᠣᠶ᠃
     《ᠬᠤᠤᠰ ᠨᠣᠮᠧᠷ᠎ᠢ ᠵᠡᠷᠭᠡ᠎ᠪᠠᠷ ᠨᠡᠪᠲᠡᠷᠡᠭᠦᠯᠬᠦ》 ᠭᠡᠳᠡᠭ᠎ᠨᠢ ᠤᠲᠠᠰᠤᠨ᠎ᠤ ᠠᠵᠢᠯ᠎ᠤᠨ ᠬᠡᠮᠵᠢᠶ᠎ᠡ ᠶᠡᠭᠡ᠂ ᠨᠡᠶ᠋ᠢᠭᠡᠮ᠎ᠤᠨ ᠮᠡᠳᠡᠷᠡᠮᠵᠢ ᠥᠨᠳᠥᠷ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠥᠬᠦᠶ ᠰᠠᠯᠠᠭ᠎ᠠ ᠮᠥᠴᠢᠷ᠎ᠠᠴᠠ ᠲᠣᠬᠢᠷᠠᠭᠤᠯᠤᠭᠰᠠᠨ ᠪᠥᠭᠡᠳ ᠮᠠᠨ᠎ᠤ ᠣᠷᠣᠨ᠎ᠳᠤ ᠭᠥᠯᠢᠶᠡᠨ ᠠᠪᠴᠤ ᠰᠣᠨᠣᠰᠴᠤ ᠪᠠᠶ᠋ᠢᠭ᠎ᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ᠎ᠤ ᠨᠣᠮᠧᠷ᠎ᠢ᠎ᠨᠢ ᠦᠯᠡᠳᠡᠭᠡᠵᠦ᠂ ᠤᠲᠠᠰᠤᠨ᠎ᠤ ᠵᠠᠯᠭ᠋ᠠᠯᠲᠠ ᠵᠢᠨ ᠰᠠᠭᠤᠳᠠᠯ᠎ᠢ 12345 ᠬᠠᠯᠠᠮᠰᠢᠯ ᠤᠲᠠᠰᠤ᠎ᠳᠤ ᠨᠡᠶ᠋ᠢᠯᠡᠭᠦᠯᠦᠨ ᠨᠢᠭᠡᠳᠦᠯᠲᠡᠶ ᠬᠠᠮᠢᠶᠠᠷᠬᠤ ᠵᠢ ᠵᠢᠭ᠋ᠠᠵᠤ ᠪᠣᠢ᠃ ᠨᠡᠶ᠋ᠢᠯᠡᠭᠦᠯᠬᠦ ᠨᠥᠬᠦᠴᠡᠯ᠎ᠢ ᠪᠦᠷᠢᠯᠳᠦᠭᠦᠯᠦᠭᠡᠳᠦᠶ ᠬᠠᠯᠠᠮᠰᠢᠯ ᠤᠲᠠᠰᠤᠨ᠎ᠤ ᠵᠠᠯᠭ᠋ᠠᠯᠲᠠ ᠵᠢᠨ ᠰᠠᠭᠤᠳᠠᠯ᠎ᠢ᠎ᠨᠢ ᠦᠯᠡᠳᠡᠭᠡᠵᠦ᠂ 12345 ᠬᠠᠯᠠᠮᠰᠢᠯ ᠤᠲᠠᠰᠤ᠎ᠯᠤᠭ᠎ᠠ ᠤᠲᠠᠰᠤ ᠳᠠᠮᠵᠢᠭᠤᠯᠤᠨ ᠵᠠᠯᠭ᠋ᠠᠬᠤ ᠲᠣᠭᠲᠠᠴᠠ ᠵᠢ ᠪᠠᠶ᠋ᠢᠭᠤᠯᠵᠤ ᠪᠣᠯᠤᠨ᠎ᠠ᠃
     《ᠬᠤᠪᠢᠶᠠᠷᠢ ᠲᠥᠪ ᠪᠠᠶ᠋ᠢᠭᠤᠯᠬᠤ》 ᠭᠡᠳᠡᠭ᠎ᠨᠢ ᠡᠭᠴᠡ ᠬᠠᠮᠢᠶᠠᠷᠤᠯᠲᠠ ᠵᠢ ᠬᠡᠷᠡᠭᠵᠢᠭᠦᠯᠵᠦ ᠪᠠᠶ᠋ᠢᠭ᠎ᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠯᠠᠭ᠎ᠠ ᠮᠥᠴᠢᠷ᠎ᠤᠨ ᠲᠣᠬᠢᠷᠠᠭᠤᠯᠤᠭᠰᠠᠨ ᠬᠠᠯᠠᠮᠰᠢᠯ ᠤᠲᠠᠰᠤ ᠵᠢ ᠬᠤᠪᠢᠶᠠᠷᠢ ᠲᠥᠪ᠎ᠤᠨ ᠬᠡᠯᠪᠡᠷᠢ᠎ᠪᠠᠷ ᠰᠠᠭᠤᠭ᠎ᠠ ᠭᠠᠵᠠᠷ᠎ᠤᠨ ᠵᠶ᠋ᠠᠨ 12345 ᠬᠠᠯᠠᠮᠰᠢᠯ ᠤᠲᠠᠰᠤᠨ᠎ᠳᠤ ᠨᠡᠶ᠋ᠢᠯᠡᠭᠦᠯᠦᠨ᠂ ᠨᠣᠮᠧᠷ ᠪᠠ ᠵᠠᠯᠭ᠋ᠠᠯᠲᠠ ᠵᠢᠨ ᠰᠠᠭᠤᠳᠠᠯ᠎ᠢ ᠦᠯᠡᠳᠡᠭᠡᠵᠦ᠂ 12345 ᠬᠠᠯᠠᠮᠰᠢᠯ ᠤᠲᠠᠰᠤ᠎ᠯᠤᠭ᠎ᠠ ᠳᠠᠮᠵᠢᠭᠤᠯᠤᠨ ᠵᠠᠯᠭ᠋ᠠᠬᠤ ᠲᠣᠭᠲᠠᠴᠠ ᠵᠢ ᠪᠠᠶ᠋ᠢᠭᠤᠯᠵᠤ᠂ ᠲᠤᠰᠬᠠᠶ ᠮᠡᠷᠭᠡᠵᠢᠯ᠎ᠤᠨ ᠠᠰᠠᠭᠤᠳᠠᠯ ᠵᠢᠴᠢ ᠰᠠᠯᠠᠭ᠎ᠠ ᠮᠥᠴᠢᠷ᠎ᠤᠨ ᠭᠦᠢ᠍ᠴᠡᠳᠬᠡᠬᠦ ᠴᠢᠬᠤᠯᠠᠲᠠᠶ ᠵᠦᠢ᠍ᠯᠡᠰ᠎ᠢ ᠳᠠᠮᠵᠢᠭᠤᠯᠤᠨ ᠵᠠᠯᠭ᠋ᠠᠬᠤ᠂ ᠠᠵᠢᠯ᠎ᠤᠨ ᠬᠠᠭᠤᠳᠠᠰᠤ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠤᠪᠢᠶᠠᠷᠢ ᠲᠥᠪ᠎ᠲᠤ ᠰᠢᠯᠵᠢᠭᠦᠯᠦᠨ ᠭᠦᠢ᠍ᠴᠡᠳᠬᠡᠬᠦ ᠵᠢ ᠵᠢᠭ᠋ᠠᠵᠤ   ᠪᠠᠶ᠋ᠢᠨ᠎ᠠ᠃
      ᠳᠥᠷᠪᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠡᠮᠬᠢᠯᠡᠨ ᠨᠡᠶ᠋ᠢᠯᠡᠭᠦᠯᠬᠦ ᠠᠵᠢᠯ᠎ᠢ ᠬᠡᠷᠬᠢᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠪᠣᠶ
      ᠨᠢᠭᠡ᠎ᠳᠤ᠂ ᠠᠵᠢᠯ᠎ᠤᠨ ᠠᠭᠤᠯᠭ᠎ᠠ ᠵᠢ ᠲᠣᠳᠣᠷᠬᠠᠶ᠋ᠢᠯᠠᠨ᠎ᠠ᠃ ᠨᠢᠭᠡᠳᠦᠯᠲᠡᠶ ᠲᠤᠭ᠎ᠠ ᠪᠠᠷᠢᠮᠲᠠ ᠵᠢᠨ ᠵᠠᠯᠭ᠋ᠠᠯᠲᠠ ᠵᠢᠨ ᠪᠠᠷᠢᠮᠵᠢᠶ᠎ᠠ ᠵᠢ ᠲᠣᠭᠲᠠᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠥᠪᠡᠷᠲᠡᠭᠡᠨ ᠵᠠᠰᠠᠬᠤ ᠣᠷᠣᠨ᠎ᠯᠤᠭ᠎ᠠ ᠲᠤᠭ᠎ᠠ ᠪᠠᠷᠢᠮᠲᠠ᠎ᠪᠠᠨ ᠵᠣᠯᠭ᠋ᠠᠭᠤᠯᠣᠨ᠎ᠠ; ᠤᠯᠤᠰ ᠲᠥᠷᠥ ᠵᠢᠨ ᠬᠡᠪ ᠴᠢᠨᠠᠷ ᠵᠶ᠋ᠠᠷ ᠰᠠᠶ᠋ᠢᠨ᠂ ᠦᠢ᠍ᠯᠡᠴᠢᠯᠡᠭᠡᠨ᠎ᠤ ᠤᠬᠠᠮᠰᠠᠷ ᠵᠶ᠋ᠠᠷ ᠥᠨᠳᠥᠷ᠂ ᠲᠤᠬᠠᠶ᠋ᠢᠯᠠᠭᠰᠠᠨ ᠠᠵᠢᠯ᠎ᠤᠨ ᠬᠢᠷᠢ ᠲᠥᠪᠰᠢᠨ ᠵᠶ᠋ᠠᠷ ᠥᠨᠳᠥᠷ᠂ ᠠᠵᠢᠯ᠎ᠤᠨ ᠰᠤᠷᠲᠠᠯ ᠵᠶ᠋ᠠᠷ ᠲᠥᠪ ᠠᠵᠢᠯᠲᠠᠨ᠎ᠢ ᠰᠣᠩᠭᠤᠨ ᠬᠠᠯᠠᠭᠤᠨ ᠤᠲᠠᠰᠤᠨ᠎ᠤ ᠡᠩᠨᠡᠭᠡ᠎ᠳᠤ ᠣᠷᠤᠭᠤᠯᠤᠨ᠎ᠠ; ᠢᠨᠲ᠋ᠧᠷ ᠰᠦᠯᠵᠢᠶᠡᠨ᠎ᠤ ᠠᠷᠭ᠎ᠠ ᠵᠠᠮ᠎ᠢ ᠥᠷᠭᠡᠳᠬᠡᠵᠦ᠂ ᠬᠦᠯᠢᠶᠠᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ᠎ᠢ ᠪᠠᠶᠠᠯᠢᠭᠵᠢᠭᠤᠯᠤᠨ᠂ ᠠᠵᠤ ᠠᠬᠤᠶ᠋ᠢᠯᠠᠯ ᠪᠠ ᠤᠯᠠᠨ ᠲᠦᠮᠡᠨ᠎ᠤ ᠥᠪᠡᠷᠮᠢᠴᠡᠴᠢᠯᠡᠭᠰᠡᠨ᠂ ᠤᠯᠠᠨ ᠶᠠᠩᠵᠤᠴᠢᠯᠠᠭᠰᠠᠨ ᠬᠡᠷᠡᠭᠴᠡᠭᠡ ᠵᠢ ᠬᠠᠩᠭ᠋ᠠᠨ᠎ᠠ; ᠭᠥᠯᠢᠶᠡᠨ ᠠᠪᠬᠤ᠂ ᠬᠠᠭᠤᠳᠠᠰᠤ ᠲᠣᠮᠢᠯᠠᠬᠤ᠂ ᠭᠦᠢ᠍ᠴᠡᠳᠬᠡᠬᠦ᠂ ᠬᠠᠷᠢᠭᠤᠯᠲᠠ ᠥᠭᠬᠦ᠂ ᠰᠢᠮᠳᠠᠭᠤᠯᠤᠨ ᠭᠦᠢ᠍ᠴᠡᠳᠬᠡᠬᠦ᠂ ᠰᠢᠢ᠍ᠳᠪᠦᠷᠢᠯᠡᠵᠦ ᠳᠠᠭᠤᠰᠬᠠᠬᠤ᠂ ᠬᠠᠷᠢᠭᠤ ᠰᠤᠷᠪᠤᠯᠵᠢᠯᠠᠬᠤ᠂ ᠵᠠᠳᠠᠯᠤᠯᠲᠠ ᠬᠢᠬᠦ᠂ ᠦᠨᠡᠯᠡᠬᠦ ᠵᠡᠷᠭᠡ ᠭᠤᠭᠴᠤᠭ᠎ᠠ ᠵᠢᠨ ᠠᠵᠢᠯ᠎ᠤᠨ ᠴᠤᠪᠤᠷᠠᠯ᠎ᠢ ᠪᠦᠷᠢᠨᠰᠢᠭᠦᠯᠦᠨ᠎ᠡ; ᠡᠯ᠎ᠡ ᠱᠠᠲᠤᠨ᠎ᠤ 12345 ᠬᠠᠯᠠᠮᠰᠢᠯ ᠤᠲᠠᠰᠤᠨ᠎ᠤ ᠲᠠᠪᠴᠠᠩ ᠪᠣᠯᠤᠨ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠤᠨ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠠᠬᠢᠭᠤᠯᠤᠨ᠎ᠠ; ᠰᠠᠷ᠎ᠠ ᠵᠢᠨ ᠬᠢᠨᠠᠨ ᠬᠡᠮᠵᠢᠬᠦ᠂ ᠣᠨ᠎ᠤ ᠦᠨᠡᠯᠡᠨ ᠵᠢᠱ᠌ᠢᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠡᠯᠡᠬᠦ ᠲᠣᠭᠲᠠᠴᠠ ᠵᠢ ᠪᠠᠶ᠋ᠢᠭᠤᠯᠵᠤ᠂ ᠰᠢᠮᠳᠠᠭᠤᠯᠤᠨ ᠭᠦᠢ᠍ᠴᠡᠳᠬᠡᠬᠦ ᠬᠠᠭᠤᠳᠠᠰᠤ᠂ ᠲᠤᠰᠬᠠᠶ ᠰᠡᠳᠦᠪ ᠵᠶ᠋ᠠᠷ ᠵᠣᠬᠢᠴᠠᠭᠤᠯᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠠᠷᠭ᠎ᠠ ᠮᠠᠶᠢᠭ ᠵᠶ᠋ᠠᠷ ᠭᠦᠢ᠍ᠴᠡᠳᠬᠡᠬᠦ ᠨᠢᠭᠡᠴᠢ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ; 《ᠬᠡᠨ ᠬᠠᠮᠢᠶᠠᠷᠪᠠᠯ᠂ ᠬᠡᠨ ᠬᠡᠷᠡᠭᠯᠡᠬᠦ᠂ ᠬᠡᠨ ᠬᠠᠷᠢᠭᠤᠴᠠᠬᠤ》 ᠵᠠᠷᠴᠢᠮ ᠶᠣᠰᠣᠭ᠋ᠠᠷ᠂ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠢ ᠰᠤᠷᠪᠤᠯᠵᠢᠯᠠᠨ ᠯᠠᠪᠯᠠᠬᠤ᠂ ᠬᠠᠮᠲᠤ᠎ᠪᠠᠷ ᠬᠦᠷᠲᠡᠬᠦ ᠮᠡᠳᠡᠭᠡ ᠵᠠᠩᠭᠢ ᠵᠢ ᠬᠡᠷᠡᠭᠯᠡᠬᠦ ᠪᠥᠬᠦ ᠶᠠᠪᠤᠴᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠰᠠᠶ᠋ᠢᠲᠤᠷ ᠬᠢᠨ᠎ᠡ; ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠨᠢᠭᠡ ᠰᠠᠯᠠᠭ᠎ᠠ ᠮᠥᠴᠢᠷ᠎ᠢ 12345 ᠬᠠᠯᠠᠮᠰᠢᠯ ᠤᠲᠠᠰᠤ ᠵᠢᠨ ᠠᠵᠢᠯ᠎ᠤᠨ ᠥᠷᠲᠡᠭᠡ᠎ᠪᠠᠷ ᠲᠣᠭᠲᠠᠭ᠋ᠠᠵᠤ᠂ ᠠᠶ᠋ᠢᠮᠠᠭ ᠬᠤᠲᠠ ᠵᠢᠨ 12345 ᠬᠠᠯᠠᠮᠰᠢᠯ ᠤᠲᠠᠰᠤ ᠵᠢᠨ ᠠᠵᠢᠯ᠎ᠤᠨ ᠬᠠᠭᠤᠳᠠᠰᠤ ᠵᠢ ᠳᠠᠭ᠋ᠠᠭ᠋ᠠᠨ ᠭᠦᠢ᠍ᠴᠡᠳᠬᠡᠬᠦ ᠪᠠ ᠰᠢᠯᠵᠢᠭᠦᠯᠦᠨ ᠲᠣᠮᠢᠯᠠᠬᠤ ᠵᠢ ᠬᠠᠷᠢᠭᠤᠴᠠᠭᠤᠯᠤᠨ᠎ᠠ᠃
    ᠬᠤᠶᠠᠷ᠎ᠲᠤ᠂ ᠠᠵᠢᠯ᠎ᠤᠨ ᠠᠯᠬᠤᠮ ᠳᠠᠷᠠᠭ᠎ᠠ ᠵᠢ ᠲᠣᠳᠣᠷᠬᠠᠶ᠋ᠢᠯᠠᠨ᠎ᠠ᠃ ᠨᠢᠭᠡᠳᠦᠭᠡᠷ ᠱᠠᠲᠤ ᠦᠶ᠎ᠡ᠂ ᠡᠬᠢᠯᠡᠭᠦᠯᠦᠨ ᠪᠠᠶ᠋ᠢᠷᠢᠯᠠᠭᠤᠯᠬᠤ ᠱᠠᠲᠤ ᠦᠶ᠎ᠡ (2021 ᠣᠨ᠎ᠤ 5 ᠳ᠋ᠤᠭ᠋ᠠᠷ ᠰᠠᠷ᠎ᠠ ᠵᠢᠨ ᠡᠴᠦᠰ᠎ᠠᠴᠠ ᠡᠮᠦᠨ᠎ᠡ) ᠪᠣᠯᠣᠨ᠎ᠠ᠃ ᠬᠠᠯᠠᠮᠰᠢᠯ ᠤᠲᠠᠰᠤᠨ᠎ᠤ ᠪᠠᠶ᠋ᠢᠳᠠᠯ᠎ᠢ ᠣᠶ᠋ᠢᠯᠠᠭ᠋ᠠᠬᠤ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠡᠷᠡᠭᠵᠢᠭᠦᠯᠬᠦ ᠲᠥᠰᠦᠯ᠎ᠢ ᠰᠤᠳᠤᠯᠤᠨ ᠲᠣᠭᠲᠠᠭ᠋ᠠᠨ᠎ᠠ᠃ ᠬᠤᠶᠠᠳᠤᠭ᠋ᠠᠷ ᠱᠠᠲᠤ ᠦᠶ᠎ᠡ᠂ ᠨᠡᠶ᠋ᠢᠯᠡᠭᠦᠯᠦᠨ ᠰᠢᠯᠢᠳᠡᠭᠵᠢᠭᠦᠯᠬᠦ ᠱᠠᠲᠤ ᠦᠶ᠎ᠡ (2021 ᠣᠨ᠎ᠤ 9 ᠳ᠋ᠦ᠍ᠭᠡᠷ ᠰᠠᠷ᠎ᠠ ᠵᠢᠨ ᠡᠴᠦᠰ᠎ᠠᠴᠠ ᠡᠮᠦᠨ᠎ᠡ) ᠪᠣᠯᠣᠨ᠎ᠠ᠃ ᠤᠷᠢᠳᠠᠪᠠᠷ ᠬᠢᠯᠪᠠᠷ᠎ᠢ᠎ᠨᠢ ᠳᠠᠷᠠᠭ᠎ᠠ᠎ᠨᠢ ᠬᠦᠴᠢᠷᠲᠡᠶ ᠵᠢ᠎ᠨᠢ ᠬᠢᠬᠦ᠂ ᠲᠥᠷᠥᠯ ᠬᠤᠪᠢᠶᠠᠨ ᠬᠡᠷᠡᠭᠵᠢᠭᠦᠯᠬᠦ᠂ ᠠᠯᠬᠤᠮ ᠬᠤᠪᠢᠶᠠᠨ ᠠᠬᠢᠭᠤᠯᠬᠤ ᠵᠠᠷᠴᠢᠮ ᠶᠣᠰᠣᠭ᠋ᠠᠷ᠂ ᠡᠯ᠎ᠡ ᠲᠥᠷᠥᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠨᠡᠶ᠋ᠢᠯᠡᠭᠦᠯᠦᠨ ᠰᠢᠯᠢᠳᠡᠭᠵᠢᠭᠦᠯᠬᠦ ᠠᠵᠢᠯ᠎ᠢ ᠡᠮᠬᠢ ᠵᠢᠷᠤᠮ᠎ᠲᠠᠢ ᠠᠬᠢᠭᠤᠯᠤᠨ᠎ᠠ᠃ ᠭᠤᠷᠪᠠᠳᠤᠭ᠋ᠠᠷ ᠱᠠᠲᠤ ᠦᠶ᠎ᠡ᠂ ᠵᠢᠷᠤᠮᠵᠢᠭᠤᠯᠤᠨ ᠠᠵᠢᠯᠯᠠᠭᠤᠯᠬᠤ ᠱᠠᠲᠤ ᠦᠶ᠎ᠡ (2021 ᠣᠨ᠎ᠤ 11 ᠳ᠋ᠦ᠍ᠭᠡᠷ ᠰᠠᠷ᠎ᠠ ᠵᠢᠨ ᠡᠴᠦᠰ᠎ᠠᠴᠠ ᠡᠮᠦᠨ᠎ᠡ) ᠪᠣᠯᠣᠨ᠎ᠠ᠃ ᠡᠯ᠎ᠡ ᠭᠠᠵᠠᠷ ᠣᠷᠣᠨ᠎ᠨᠤᠭᠤᠳ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠬᠠᠮᠢᠶ᠎ᠠ ᠪᠥᠬᠦᠶ ᠬᠠᠮᠢᠶᠠᠷᠤᠯᠲᠠ ᠵᠢᠨ ᠵᠢᠷᠤᠮᠵᠢᠯ᠎ᠢ ᠲᠣᠭᠲᠠᠭ᠋ᠠᠬᠤ ᠪᠠ ᠪᠦᠷᠢᠨᠰᠢᠭᠦᠯᠵᠦ᠂ 12345 ᠬᠠᠯᠠᠮᠰᠢᠯ ᠤᠲᠠᠰᠤ ᠵᠢᠨ ᠠᠵᠢᠯᠯᠠᠭ᠋ᠠᠨ᠎ᠢ ᠬᠠᠮᠢᠶᠠᠷᠬᠤ᠂ ᠮᠥᠷᠳᠡᠨ ᠳᠣᠭᠢᠷᠠᠭᠤᠯᠬᠤ᠂ ᠰᠢᠯᠭ᠋ᠠᠨ ᠬᠢᠨᠠᠵᠤ ᠦᠨᠡᠯᠡᠬᠦ᠂ ᠰᠢᠮᠳᠠᠭᠤᠯᠤᠨ ᠭᠦᠢ᠍ᠴᠡᠳᠭᠡᠯᠭᠡᠬᠦ ᠬᠠᠷᠢᠭᠤᠴᠠᠯᠭ᠎ᠠ ᠲᠤᠯᠭ᠋ᠠᠬᠤ ᠵᠡᠷᠭᠡ ᠠᠵᠢᠯ᠎ᠤᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠲᠤᠬᠠᠶ᠋ᠢᠯᠠᠭᠰᠠᠨ ᠠᠵᠢᠯ᠎ᠤᠨ ᠪᠠᠷᠢᠮᠵᠢᠶ᠎ᠠ ᠵᠢ ᠲᠣᠭᠲᠠᠭ᠋ᠠᠨ᠂ ᠠᠵᠢᠯ᠎ᠤᠨ ᠴᠤᠪᠤᠷᠠᠯ᠎ᠢ ᠨᠠᠷᠢᠯᠢᠬ᠍ᠵᠢᠭᠤᠯᠤᠨ᠎ᠠ᠃ ᠳᠥᠷᠪᠡᠳᠦᠭᠡᠷ ᠱᠠᠲᠤ ᠦᠶ᠎ᠡ᠂ ᠳ᠋ᠦᠩᠨᠡᠨ ᠪᠥᠷᠢᠨᠰᠢᠭᠦᠯᠬᠦ ᠱᠠᠲᠤ ᠦᠶ᠎ᠡ (2021 ᠣᠨ᠎ᠤ 12 ᠳ᠋ᠤᠭ᠋ᠠᠷ ᠰᠠᠷ᠎ᠠ ᠵᠢᠨ ᠡᠴᠦᠰ᠎ᠠᠴᠠ ᠡᠮᠦᠨ᠎ᠡ) ᠪᠣᠯᠣᠨ᠎ᠠ᠃ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ᠎ᠪᠠᠨ ᠳ᠋ᠦᠩᠨᠡᠵᠦ᠂ ᠬᠦᠷᠦᠯᠴᠡᠬᠦ ᠦᠭᠡᠢ ᠲᠠᠯ᠎ᠠ᠎ᠪᠠᠨ ᠪᠠᠶ᠋ᠢᠴᠠᠭ᠋ᠠᠨ ᠨᠥᠬᠦᠪᠥᠷᠢᠯᠡᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠲᠠᠭ᠋ᠠᠰᠢᠶᠠᠯ᠎ᠤᠨ ᠬᠡᠮᠵᠢᠶ᠎ᠡ ᠪᠠ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
      ᠭᠤᠷᠪᠠ᠎ᠳᠤ᠂ ᠪᠠᠲᠤᠯᠠᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠪᠥᠬᠦ ᠣᠷᠣᠨ᠎ᠤ 12345 ᠬᠠᠯᠠᠮᠰᠢᠯ ᠤᠲᠠᠰᠤ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠬᠠᠷᠢᠭᠤᠴᠠᠵᠤ᠂ 12345 ᠬᠠᠯᠠᠮᠰᠢᠯ ᠤᠲᠠᠰᠤ ᠵᠢ ᠨᠡᠶ᠋ᠢᠯᠡᠭᠦᠯᠦᠨ ᠰᠢᠯᠢᠳᠡᠭᠵᠢᠭᠦᠯᠬᠦ ᠠᠵᠢᠯ᠎ᠢ ᠵᠢᠯᠣᠭᠤᠳᠤᠨ ᠰᠢᠮᠳᠠᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ 12345 ᠬᠠᠯᠠᠮᠰᠢᠯ ᠤᠲᠠᠰᠤ ᠵᠢ ᠨᠡᠶ᠋ᠢᠯᠡᠭᠦᠯᠦᠨ ᠰᠢᠯᠢᠳᠡᠭᠵᠢᠭᠦᠯᠬᠦ ᠠᠵᠢᠯ᠎ᠤᠨ ᠵᠥᠪᠳᠡᠯᠴᠡᠬᠦ ᠲᠣᠭᠲᠠᠴᠠ ᠵᠢ ᠪᠠᠶ᠋ᠢᠭᠤᠯᠤᠨ᠎ᠠ᠂ ᠡᠯ᠎ᠡ ᠰᠠᠯᠠᠭ᠎ᠠ ᠮᠥᠴᠢᠷ᠎ᠤᠳ ᠲᠢᠩᠬᠢᠮ᠎ᠤᠨ ᠲᠠᠰ᠎ᠤᠨ 1 ᠤᠳᠤᠷᠢᠳᠤᠯᠭ᠎ᠠ᠎ᠪᠠᠷ ᠲᠣᠰ ᠠᠵᠢᠯ᠎ᠢ ᠬᠠᠷᠢᠭᠤᠴᠠᠭᠤᠯᠬᠤ᠎ᠪᠠᠷ ᠲᠣᠳᠣᠷᠬᠠᠶ᠋ᠢᠯᠠᠬᠤ ᠵᠢᠨ ᠬᠠᠮᠲᠤ ᠭᠠᠵᠠᠷ᠎ᠤᠨ ᠲᠠᠰ᠎ᠤᠨ 1 ᠺᠠᠳ᠋ᠷ᠎ᠢ ᠬᠤᠯᠪᠣᠭ᠋ᠠᠴᠢᠨ ᠪᠣᠯᠭ᠋ᠠᠬᠤ᠎ᠪᠠᠷ ᠲᠣᠳᠣᠷᠬᠠᠶ᠋ᠢᠯᠠᠨ᠎ᠠ; ᠣᠲᠣ ᠵᠢᠨ ᠪᠠᠶ᠋ᠢᠭ᠎ᠠ ᠵᠠᠷᠤᠳᠠᠯ᠎ᠤᠨ ᠠᠷᠭ᠎ᠠ ᠵᠠᠮ᠎ᠢ ᠰᠢᠯᠢᠳᠡᠭᠵᠢᠭᠦᠯᠦᠨ ᠪᠦᠷᠢᠨᠰᠢᠭᠦᠯᠵᠦ᠂ 12345 ᠬᠠᠯᠠᠮᠰᠢᠯ ᠤᠲᠠᠰᠤᠨ᠎ᠤ ᠪᠠᠶ᠋ᠢᠭᠤᠯᠤᠯᠲᠠ ᠪᠠ ᠠᠵᠢᠯᠯᠠᠭ᠋ᠠᠨ᠎ᠤ ᠤᠷᠤᠭᠰᠢᠲᠠᠶ ᠶᠠᠪᠤᠭᠳᠠᠬᠤ ᠵᠢ ᠦᠨᠡᠨ ᠬᠦ᠌ ᠪᠠᠲᠤᠯᠠᠨ᠎ᠠ; 12345 ᠬᠠᠯᠠᠮᠰᠢᠯ ᠤᠲᠠᠰᠤᠨ᠎ᠤ ᠴᠢᠳᠠᠮᠵᠢ ᠵᠢ ᠤᠬᠠᠭᠤᠯᠤᠨ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ 12345 ᠬᠠᠯᠠᠮᠰᠢᠯ ᠤᠲᠠᠰᠤ᠎ᠪᠠᠷ ᠳᠠᠮᠵᠢᠭᠤᠯᠤᠨ ᠠᠰᠠᠭᠤᠳᠠᠯ᠎ᠢ ᠲᠤᠰᠬᠠᠬᠤ ᠪᠠ ᠵᠦᠶ ᠵᠣᠬᠢᠰᠲᠠᠶ ᠬᠦᠰᠡᠯ ᠱᠠᠭ᠋ᠠᠷᠳᠠᠯᠭ᠎ᠠ᠎ᠪᠠᠨ ᠢᠯᠡᠳᠬᠡᠬᠦ ᠵᠢ ᠢᠳᠡᠪᠬᠢᠲᠡᠶ᠎ᠪᠠᠷ ᠬᠥᠲᠥᠯᠦᠨ ᠵᠢᠯᠣᠭᠤᠳᠤᠨ᠎ᠠ᠃
   
   

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
2020 ᠣᠨ᠎ᠳᠤ ᠪᠥᠬᠦ ᠣᠷᠣᠨ᠎ᠤ ᠬᠤᠲᠠ ᠪᠠᠯᠭ᠋ᠠᠰᠤᠨ᠎ᠤ ᠪᠠᠶ᠋ᠢᠭᠤᠯᠭ᠎ᠠ ᠨᠢᠭᠡᠴᠢ᠎ᠳᠤ ᠠᠵᠢᠯ ᠣᠯᠤᠭᠰᠠᠳ᠎ᠤᠨ ᠳᠤᠮᠳᠠᠴᠢ ᠴᠠᠯᠢᠩ᠎ᠤᠨ ᠲᠣᠭᠲᠠᠭᠤᠨ ᠨᠡᠮᠡᠭᠳᠡᠯ᠎ᠢ ᠪᠠᠲᠤᠯᠠᠪᠠ
ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠡᠷᠬᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠬᠤᠯᠪᠣᠭᠳᠠᠯ ᠪᠦᠬᠦᠢ ᠤᠴᠢᠷ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠦᠨᠡᠮᠯᠡᠯ ᠪᠠ ᠭᠡᠷᠡᠴᠢ ᠵᠢ ᠰᠠᠯᠭ᠋ᠠᠬᠤ〉 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠲᠣᠪᠴᠢ ᠠᠰᠠᠭᠤᠯᠲᠠ ᠬᠠᠷᠢᠭᠤᠯᠲᠠ
《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
《ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ 〈ᠴᠠᠬᠢᠯᠳᠠᠭ ᠲᠥᠯᠥᠪᠯᠡᠭᠡ〉 ᠵᠢ ᠬᠡᠷᠡᠭᠵᠢᠭᠦᠯᠬᠦ ᠲᠤᠬᠠᠶ ᠮᠡᠳᠡᠭᠳᠡᠯ》᠎ᠤᠨ ᠲᠠᠶ᠋ᠢᠯᠤᠮᠵᠢ
 
             蒙ICP备05000248号