2020 ᠤᠨ ᠪᠣᠯ 《13·5》᠎ᠤᠨ ᠰᠢᠪᠲᠤᠷᠠᠭ᠋ᠠᠨᠤ ᠵᠢᠯ ᠪᠣᠯᠤᠨ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠨᠥᠯᠥᠭᠡ ᠪᠠ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠶ᠋ᠢᠳᠠᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠢᠳᠡᠪᠬᠢᠲᠡᠶ ᠲᠥᠯᠥᠪᠵᠢᠭᠦᠯᠵᠦ᠂ ᠠᠵᠢᠯ ᠣᠯᠭᠤᠯᠲᠠ ᠵᠢ ᠠᠬᠢᠭᠤᠯᠬᠤ ᠪᠠ ᠰᠠᠭᠤᠭ᠋ᠠᠯᠢ ᠠᠷᠠᠳ᠎ᠤᠨ ᠣᠷᠣᠯᠭ᠎ᠠ ᠵᠢ ᠪᠠᠲᠤᠯᠠᠬᠤ ᠵᠢ ᠢᠮᠠᠭᠲᠠ ᠲᠣᠪᠤᠶ᠋ᠢᠮ᠎ᠠ ᠪᠠᠶ᠋ᠢᠷᠢᠨ᠎ᠳᠤ ᠲᠠᠯᠪᠢᠭᠰᠠᠭ᠋ᠠᠷ ᠢᠷᠡᠪᠡ᠃ ᠠᠵᠢᠯ ᠣᠯᠭᠤᠯᠲᠠ ᠵᠢᠨ ᠦᠢ᠍ᠯᠡᠴᠢᠯᠡᠭᠡ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠠᠵᠤ ᠠᠬᠤᠶ᠋ᠢᠯᠠᠯ᠎ᠢ ᠲᠤᠰᠠᠯᠠᠵᠤ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ᠂ 《ᠬᠠᠰᠤᠬᠤ ᠬᠡᠯᠲᠦᠷᠢᠭᠦᠯᠬᠦ ᠬᠤᠶ᠋ᠢᠰᠢᠯᠠᠭᠤᠯᠬᠤ ᠪᠤᠴᠠᠭ᠋ᠠᠬᠤ ᠨᠥᠬᠦᠪᠥᠷᠢᠯᠡᠬᠦ》 ᠵᠡᠷᠭᠡ ᠣᠯᠠᠨ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ᠂ ᠬᠤᠳᠠᠯᠳᠤᠭ᠎ᠠ ᠵᠠᠬ᠎ᠠ ᠳᠡᠯᠭᠡᠭᠦᠷ ᠵᠶ᠋ᠠᠨ ᠰᠡᠷᠭᠦᠭᠡᠬᠦ ᠵᠢ ᠡᠮᠬᠢ ᠵᠢᠷᠤᠮ᠎ᠲᠠᠢ ᠠᠬᠢᠭᠤᠯᠵᠤ᠂ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠥᠪᠡᠷ᠎ᠤᠨ ᠥᠷᠲᠡᠭ᠎ᠢ ᠦᠨᠡᠨ ᠬᠦ᠌ ᠪᠠᠭᠤᠷᠠᠭᠤᠯᠵᠤ᠂ ᠴᠠᠯᠢᠩ᠎ᠤᠨ ᠲᠣᠭᠲᠠᠭᠤᠨ ᠵᠶ᠋ᠠᠷ ᠨᠡᠮᠡᠭᠳᠡᠬᠦ᠎ᠳᠤ ᠨᠥᠬᠦᠴᠡᠯ ᠪᠦᠷᠢᠯᠳᠦᠭᠦᠯᠵᠦ ᠥᠭᠪᠡ᠃
2020 ᠣᠨ᠎ᠳᠤ᠂ ᠥᠪᠥᠷ ᠮᠣᠩᠭᠤᠯ᠎ᠤᠨ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ᠎ᠳᠤ ᠠᠵᠢᠯ ᠣᠯᠤᠭᠰᠠᠳ᠎ᠤᠨ ᠵᠢᠯ᠎ᠤᠨ ᠳᠤᠮᠳᠠᠴᠢ ᠴᠠᠯᠢᠩ᠎ᠨᠢ 85310 ᠲᠥᠭᠦᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4747 ᠲᠥᠭᠦᠷᠢᠭ ᠨᠡᠮᠡᠭᠳᠡᠵᠦ᠂ 5.9 %᠎ᠪᠠᠷ ᠳᠡᠭᠡᠭᠰᠢᠯᠡᠪᠡ᠃ ᠦᠨ᠎ᠡ ᠬᠠᠩᠰᠢ ᠵᠢᠨ ᠬᠦᠴᠦᠨ ᠵᠦᠢ᠍ᠯ᠎ᠢ ᠭᠠᠷᠭ᠋ᠠᠪᠠᠯ᠂ ᠳᠤᠮᠳᠠᠴᠢ ᠴᠠᠯᠢᠩ᠎ᠨᠢ ᠪᠤᠳᠠᠳᠠᠢ᠎ᠪᠠᠷ 4.2 % ᠨᠡᠮᠡᠭᠳᠡᠪᠡ; ᠬᠤᠳᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠢ᠎ᠳᠤ ᠠᠵᠢᠯ ᠤᠯᠤᠭᠰᠠᠳ᠎ᠤᠨ ᠵᠢᠯ᠎ᠤᠨ ᠳᠤᠮᠳᠠᠴᠢ ᠴᠠᠯᠢᠩ᠎ᠨᠢ 47566 ᠲᠥᠭᠦᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4075 ᠲᠥᠭᠦᠷᠢᠭ ᠨᠡᠮᠡᠭᠳᠡᠵᠦ᠂ 9.4 %᠎ᠪᠠᠷ ᠳᠡᠭᠡᠭᠰᠢᠯᠡᠪᠡ᠂ ᠦᠨ᠎ᠡ ᠬᠠᠩᠰᠢ ᠵᠢᠨ ᠬᠦᠴᠦᠨ ᠵᠦᠢ᠍ᠯ᠎ᠢ ᠭᠠᠷᠭ᠋ᠠᠪᠠᠯ᠂ ᠳᠤᠮᠳᠠᠴᠢ ᠴᠠᠯᠢᠩ᠎ᠨᠢ ᠪᠤᠳᠠᠳᠠᠢ᠎ᠪᠠᠷ 7.7 % ᠨᠡᠮᠡᠭᠳᠡᠵᠡᠢ᠃ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ ᠪᠠ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠢ ᠵᠢᠨ ᠳᠤᠮᠳᠠᠴᠢ ᠴᠠᠯᠢᠩ᠎ᠤᠨ ᠪᠣᠳᠠᠲᠠᠶ ᠨᠡᠮᠡᠭᠳᠡᠯ᠎ᠨᠢ ᠠᠵᠤ ᠠᠬᠤᠶ ᠵᠢᠨ ᠨᠡᠮᠡᠭᠳᠡᠯ᠎ᠠᠴᠠ ᠲᠣᠰ ᠲᠤᠰ 4.0 ᠪᠠ 7.5 ᠵᠠᠭᠤᠨ᠎ᠤ ᠴᠡᠭ ᠲᠦᠷᠭᠡᠨ ᠪᠠᠶ᠋ᠢᠪᠠ᠃
ᠨᠢᠭᠡ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢᠨ ᠦᠷ᠎ᠡ ᠪᠦᠲᠦᠮᠵᠢ ᠢᠯᠡᠳᠲᠡ ᠪᠠᠶ᠋ᠢᠵᠤ᠂ ᠤᠯᠠᠮᠵᠢᠯᠠᠯᠲᠤ ᠲᠤᠯᠭ᠋ᠠᠭᠤᠷᠢ ᠠᠵᠤ ᠦᠢ᠍ᠯᠡᠰ᠎ᠨᠢ ᠠᠵᠢᠯ ᠲᠥᠷᠥᠯ᠎ᠤᠨ ᠴᠠᠯᠢᠩ᠎ᠢ ᠳᠠᠶ᠋ᠢᠴᠢᠯᠠᠨ ᠳᠠᠭ᠋ᠠᠭᠤᠯᠪᠠ
2020 ᠣᠨ᠎ᠳᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠦᠷᠭᠦᠯᠵᠢᠯᠡᠨ ᠬᠦᠴᠦᠯᠡᠨ ᠴᠢᠷᠮᠠᠶ᠋ᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠪᠥᠷ ᠮᠣᠩᠭᠤᠯ᠎ᠤᠨ ᠡᠨᠧᠷᠭᠢ ᠵᠢᠨ ᠠᠵᠤ ᠠᠬᠤᠶ᠎ᠨᠢ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠪᠤᠷᠢ᠂ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ᠂ ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ᠂ ᠴᠠᠬᠢᠯᠭ᠋ᠠᠨ ᠭᠠᠷᠭ᠋ᠠᠬᠤ ᠬᠡᠮᠵᠢᠶ᠎ᠡ᠂ ᠭᠠᠳᠠᠭᠰᠢ ᠬᠦᠷᠭᠡᠬᠦ ᠨᠡᠭᠦᠷᠡᠰᠦ᠂ ᠭᠠᠳᠠᠭᠰᠢ ᠬᠦᠷᠭᠡᠬᠦ ᠴᠠᠬᠢᠯᠭ᠋ᠠᠨ᠎ᠤ ᠬᠡᠮᠵᠢᠶ᠎ᠡ ᠵᠡᠷᠭᠡ 《ᠪᠥᠬᠦ ᠤᠯᠤᠰ᠎ᠤᠨ ᠵᠢᠷᠭᠤᠭ᠋ᠠᠨ ᠲᠡᠷᠢᠭᠦᠨ》᠎ᠢ ᠪᠡᠶᠡᠯᠡᠭᠦᠯᠪᠡ᠃ ᠪᠥᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 0.7 %᠎ᠪᠠᠷ ᠨᠡᠮᠡᠭᠳᠡᠪᠡ᠂ ᠡᠭᠦᠨ᠎ᠳᠤ᠄ ᠬᠠᠷ᠎ᠠ ᠲᠡᠮᠦᠷᠯᠢᠭ᠎ᠤᠨ ᠠᠭᠤᠷᠬᠠᠶ ᠵᠢᠨ ᠰᠢᠯᠢᠨ ᠰᠤᠩᠭᠤᠬᠤ ᠦᠢ᠍ᠯᠡᠰ ᠠᠳᠠᠯᠢ ᠬᠤᠭᠤᠴᠠᠭ᠋ᠠᠨ᠎ᠤ᠎ᠬᠢ᠎ᠠᠴᠠ 33.8 %᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠭᠡᠯ᠎ᠤᠨ ᠦᠢ᠍ᠯᠡᠰ ᠠᠳᠠᠯᠢ ᠬᠤᠭᠤᠴᠠᠭ᠋ᠠᠨ᠎ᠤ᠎ᠬᠢ᠎ᠠᠴᠠ 16.4 %᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠬᠠᠩᠭ᠋ᠠᠯᠭ᠎ᠠ ᠵᠢᠨ ᠦᠢ᠍ᠯᠡᠰ ᠠᠳᠠᠯᠢ ᠬᠤᠭᠤᠴᠠᠭ᠋ᠠᠨ᠎ᠤ᠎ᠬᠢ᠎ᠠᠴᠠ 3.7 %᠎ᠪᠠᠷ ᠨᠡᠮᠡᠭᠳᠡᠵᠦ᠂ ᠬᠠᠮᠢᠶ᠎ᠠ ᠪᠥᠬᠦᠶ ᠠᠵᠢᠯ ᠲᠥᠷᠥᠯ᠎ᠤᠨ ᠴᠠᠯᠢᠩ᠎ᠤᠨ ᠥᠰᠥᠯᠲᠡ ᠢᠯᠡᠳᠲᠡ ᠪᠣᠯᠪᠠ᠃
ᠠᠭᠤᠷᠬᠠᠶ ᠮᠠᠯᠲᠠᠬᠤ ᠦᠢ᠍ᠯᠡᠰ᠎ᠤᠨ ᠳᠤᠮᠳᠠᠴᠢ ᠴᠠᠯᠢᠩ᠎ᠨᠢ ᠬᠠᠮᠤᠭ᠎ᠤᠨ ᠥᠨᠳᠥᠷ ᠮᠥᠷᠲᠡᠭᠡᠨ ᠦᠷᠭᠦᠯᠵᠢᠯᠡᠨ ᠨᠡᠯᠢᠶᠡᠳ ᠲᠦᠷᠭᠡᠨ ᠵᠶ᠋ᠠᠷ ᠨᠡᠮᠡᠭᠳᠡᠵᠦ ᠪᠠᠶ᠋ᠢᠨ᠎ᠠ᠃ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ ᠪᠠ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠢ ᠵᠢᠨ ᠠᠭᠤᠷᠬᠠᠶ ᠮᠠᠯᠲᠠᠬᠤ ᠦᠢ᠍ᠯᠡᠰ᠎ᠤᠨ ᠵᠢᠯ᠎ᠤᠨ ᠳᠤᠮᠳᠠᠴᠢ ᠴᠠᠯᠢᠩ᠎ᠨᠢ ᠲᠤᠰ ᠲᠤᠰ 133615 ᠲᠥᠭᠦᠷᠢᠭ ᠪᠠ 69794 ᠲᠥᠭᠦᠷᠢᠭ᠎ᠲᠤ ᠬᠦᠷᠴᠦ᠂ ᠴᠥᠮ ᠠᠵᠢᠯ ᠲᠥᠷᠥᠯ᠎ᠤᠨ ᠲᠡᠷᠢᠭᠦᠨ᠎ᠳᠤ ᠣᠷᠣᠪᠠ᠃ ᠠᠵᠢᠯ ᠲᠥᠷᠥᠯ᠎ᠤᠨ ᠳᠤᠮᠳᠠᠴᠢ ᠴᠠᠯᠢᠩ᠎ᠤᠨ ᠨᠡᠮᠡᠭᠳᠡᠯ᠎ᠤᠨ ᠬᠤᠷᠳᠤᠴᠠ ᠲᠣᠰ ᠲᠣᠰ 11.2 % ᠪᠠ 14.1 % ᠪᠠᠶ᠋ᠢᠵᠤ᠂ ᠲᠣᠰ ᠲᠣᠰ ᠪᠥᠬᠦ ᠣᠷᠣᠨ᠎ᠤ ᠳᠤᠮᠳᠠᠴᠢ ᠬᠢᠷᠢ ᠲᠦᠪᠰᠢᠨ᠎ᠠᠴᠠ 5.3 ᠪᠠ 6.7 ᠵᠠᠭᠤᠨ᠎ᠤ ᠴᠡᠭ ᠲᠦᠷᠭᠡᠨ ᠪᠣᠯᠪᠠ᠃ ᠦᠢ᠍ᠯᠡᠳᠭᠡᠯ᠎ᠤᠨ ᠦᠢ᠍ᠯᠡᠰ᠎ᠤᠨ ᠳᠤᠮᠳᠠᠴᠢ ᠴᠠᠯᠢᠩ ᠲᠣᠭᠲᠠᠭᠤᠨ ᠵᠶ᠋ᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠭᠡᠯ᠎ᠤᠨ ᠦᠢ᠍ᠯᠡᠰ ᠪᠠ ᠲᠣᠨᠣᠭᠯᠠᠯ ᠦᠢ᠍ᠯᠡᠳᠬᠦ ᠦᠢ᠍ᠯᠡᠰ᠎ᠤᠨ ᠳᠠᠶ᠋ᠢᠴᠢᠯᠠᠬᠤ ᠦᠢ᠍ᠯᠡᠳᠦᠯ ᠢᠯᠡᠳᠲᠡ ᠪᠣᠯᠪᠠ᠃ 2020 ᠣᠨ᠎ᠳᠤ᠂ ᠥᠪᠥᠷ ᠮᠣᠩᠭᠤᠯ᠎ᠤᠨ ᠦᠢ᠍ᠯᠡᠳᠭᠡᠯ᠎ᠤᠨ ᠦᠢ᠍ᠯᠡᠰ᠎ᠤᠨ ᠨᠡᠮᠡᠭᠳᠡᠯ ᠥᠷᠲᠡᠭ᠎ᠨᠢ 8.4 %᠎ᠪᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ᠎ᠨᠢ 38.1%᠎ᠳᠤ ᠬᠦᠷᠴᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠠᠴᠠ ᠲᠣᠰ ᠲᠣᠰ 7.7 ᠪᠠ 37.4 ᠵᠠᠭᠤᠨ᠎ᠤ ᠴᠡᠭ ᠲᠦᠷᠭᠡᠨ ᠪᠣᠯᠪᠠ᠃
ᠡᠨᠡ ᠬᠦ᠌ ᠦᠢ᠍ᠯᠡᠳᠦᠯ᠎ᠤᠨ ᠳᠤᠤᠷ᠎ᠠ᠂ ᠪᠦᠬᠦ ᠣᠷᠣᠨ᠎ᠤ ᠴᠠᠬᠢᠯᠭ᠋ᠠᠨ ᠮᠠᠰᠢᠨ ᠲᠤᠨᠤᠭᠯᠠᠯ ᠪᠠ ᠪᠠᠭ᠋ᠠᠵᠢ ᠬᠡᠷᠡᠭᠰᠡᠯ ᠦᠢ᠍ᠯᠡᠳᠬᠦ ᠦᠢ᠍ᠯᠡᠰ᠂ ᠲᠤᠰᠬᠠᠶ ᠲᠤᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠂ ᠬᠡᠮᠵᠢᠭᠦᠷ ᠪᠠᠭ᠋ᠠᠵᠢ ᠦᠢ᠍ᠯᠡᠳᠬᠦ ᠦᠢ᠍ᠯᠡᠰ ᠪᠠ ᠲᠡᠮᠦᠷ ᠵᠠᠮ᠂ ᠣᠩᠭᠤᠴᠠ ᠰᠠᠯ᠂ ᠠᠭ᠋ᠠᠷ ᠰᠠᠨᠰᠠᠷ᠎ᠤᠨ ᠠᠶᠠᠯᠠᠯ ᠵᠢᠴᠢ ᠪᠤᠰᠤᠳ ᠲᠡᠭᠡᠭᠡᠪᠦᠷᠢ ᠵᠢᠨ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠴᠠᠯᠢᠩ᠎ᠤᠨ ᠬᠢᠷᠢ ᠲᠦᠪᠰᠢᠨ ᠨᠡᠯᠢᠶᠡᠳ ᠲᠦᠷᠭᠡᠨ ᠨᠡᠮᠡᠭᠳᠡᠪᠡ᠃ ᠠᠵᠢᠯ ᠲᠥᠷᠥᠯ᠎ᠤᠨ ᠳᠤᠮᠳᠠᠴᠢ ᠴᠠᠯᠢᠩ᠎ᠤᠨ ᠨᠡᠮᠡᠭᠳᠡᠯ᠎ᠤᠨ ᠬᠤᠷᠳᠤᠴᠠ ᠲᠣᠰ ᠲᠣᠰ 23.6 %᠂ 19.7 %᠂ 13.2 % ᠪᠠ 9.8 %᠎ᠳᠤ ᠬᠦᠷᠴᠦ᠂ ᠦᠢ᠍ᠯᠡᠳᠭᠡᠯ᠎ᠤᠨ ᠦᠢ᠍ᠯᠡᠰ᠎ᠤᠨ ᠳᠤᠮᠳᠠᠴᠢ ᠴᠠᠯᠢᠩ᠎ᠤᠨ ᠨᠡᠮᠡᠭᠳᠡᠯ᠎ᠤᠨ ᠬᠤᠷᠳᠤᠴᠠ᠎ᠠᠴᠠ ᠲᠣᠰ ᠲᠣᠰ 15.8᠂ 11.9᠂ 5.4 ᠪᠠ 2.0 ᠵᠠᠭᠤᠨ᠎ᠤ ᠴᠡᠭ ᠲᠦᠷᠭᠡᠨ ᠪᠣᠯᠪᠠ᠃ ᠴᠠᠬᠢᠯᠭ᠋ᠠᠨ ᠬᠦᠴᠦ᠂ ᠢᠯᠴᠢ ᠵᠢᠨ ᠬᠦᠴᠦ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠨᠢ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠬᠦᠴᠦᠨ᠎ᠤ ᠳᠠᠶ᠋ᠢᠴᠢᠯᠠᠯ ᠳᠤᠤᠷ᠎ᠠ᠂ ᠴᠠᠯᠢᠩ᠎ᠤᠨ ᠬᠢᠷᠢ ᠲᠦᠪᠰᠢᠨ᠎ᠨᠢ ᠡᠮᠦᠨ᠎ᠡ ᠡᠩᠨᠡᠬᠡᠨ᠎ᠳᠤ ᠣᠷᠣᠪᠠ᠃ 2020 ᠣᠨ᠎ᠳᠤ᠂ ᠪᠥᠬᠦ ᠣᠷᠣᠨ᠎ᠤ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 12.4 %᠎ᠪᠠᠷ ᠨᠡᠮᠡᠭᠳᠡᠵᠦ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 3.9 %᠎ᠪᠠᠷ ᠨᠡᠮᠡᠭᠳᠡᠪᠡ᠃ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ ᠪᠠ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠢ ᠵᠢᠨ ᠠᠵᠢᠯ ᠲᠥᠷᠥᠯ᠎ᠤᠨ ᠳᠤᠮᠳᠠᠴᠢ ᠴᠠᠯᠢᠩ᠎ᠨᠢ ᠲᠤᠰ ᠲᠤᠰ 113878 ᠲᠥᠭᠦᠷᠢᠭ ᠪᠠ 55177 ᠲᠥᠭᠦᠷᠢᠭ᠎ᠲᠤ ᠬᠦᠷᠴᠦ᠂ ᠡᠯ᠎ᠡ ᠠᠵᠢᠯ ᠲᠥᠷᠥᠯ᠎ᠤᠨ᠎ᠬᠢᠨ᠎ᠤ ᠬᠤᠶᠠᠳᠤᠭ᠋ᠠᠷ ᠪᠠ ᠳᠥᠷᠪᠡᠳᠦᠭᠡᠷ᠎ᠲᠤ ᠣᠷᠣᠪᠠ᠃ ᠡᠭᠦᠨ᠎ᠳᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠣᠯᠤᠨ ᠠᠵᠤ ᠦᠢ᠍ᠯᠡᠰ᠎ᠤᠨ ᠪᠦᠲᠦᠴᠡ ᠵᠢᠨ ᠰᠢᠯᠢᠳᠡᠭᠵᠢᠭᠦᠯᠦᠯᠲᠡ ᠵᠢᠨ ᠠᠬᠢᠭᠤᠯᠬᠤ ᠦᠢ᠍ᠯᠡᠳᠦᠯ ᠵᠶ᠋ᠠᠷ ᠰᠠᠯᠬᠢᠨ ᠬᠦᠴᠦᠨ᠎ᠤ ᠴᠠᠬᠢᠯᠭ᠋ᠠᠨ᠎ᠤ ᠠᠵᠢᠯ ᠲᠥᠷᠥᠯ᠎ᠤᠨ ᠬᠥᠭᠵᠢᠯᠲᠡ ᠵᠢᠨ ᠪᠠᠶ᠋ᠢᠳᠠᠯ ᠲᠣᠭᠲᠠᠭᠤᠨ ᠵᠶ᠋ᠠᠷ ᠰᠠᠶ᠋ᠢᠵᠢᠷᠠᠪᠠ᠃ ᠪᠥᠬᠦ ᠵᠢᠯ᠎ᠤᠨ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 4.7%᠎ᠪᠠᠷ ᠨᠡᠮᠡᠭᠳᠡᠵᠦ᠂ ᠠᠵᠢᠯ ᠲᠥᠷᠥᠯ᠎ᠤᠨ ᠳᠤᠮᠳᠠᠴᠢ ᠴᠠᠯᠢᠩ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 16.9%᠎ᠪᠠᠷ ᠨᠡᠮᠡᠭᠳᠡᠪᠡ᠃
ᠬᠤᠶᠠᠷ᠂ ᠰᠢᠨ᠎ᠡ᠎ᠪᠠᠷ ᠬᠦᠭᠵᠢᠭᠰᠡᠨ ᠦᠢ᠍ᠯᠡᠴᠢᠯᠡᠭᠡᠨ᠎ᠤ ᠦᠢ᠍ᠯᠡᠰ ᠥᠷᠨᠢᠭᠦᠨ ᠬᠥᠭᠵᠢᠵᠦ᠂ ᠴᠠᠯᠢᠩ᠎ᠤᠨ ᠬᠢᠷᠢ ᠲᠦᠪᠰᠢᠨ ᠨᠡᠯᠢᠶᠡᠳ ᠲᠦᠷᠭᠡᠨ ᠨᠡᠮᠡᠭᠳᠡᠪᠡ
《13·5》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠣᠷᠣᠨ ᠠᠵᠤ ᠦᠢ᠍ᠯᠡᠰ᠎ᠤᠨ ᠪᠦᠲᠦᠴᠡ᠎ᠪᠠᠨ ᠦᠷᠭᠦᠯᠵᠢᠯᠡᠨ ᠰᠢᠯᠢᠳᠡᠭᠵᠢᠭᠦᠯᠵᠦ᠂ ᠡᠵᠡᠩᠨᠡᠯᠲᠡ ᠵᠢᠨ ᠪᠠᠶ᠋ᠢᠳᠠᠯ᠎ᠤᠨ ᠬᠥᠭᠵᠢᠯᠲᠡ᠎ᠳᠤ ᠲᠠᠰᠤᠷᠠᠯᠲᠠ ᠥᠬᠡᠶ ᠰᠢᠨ᠎ᠡ ᠵᠢ ᠡᠭᠦᠳᠦᠨ᠂ ᠠᠵᠤ ᠦᠢ᠍ᠯᠡᠰ᠎ᠤᠨ ᠠᠭᠤᠰᠤᠯᠴᠠᠯ᠎ᠢ ᠲᠦᠷᠭᠡᠳᠬᠡᠨ ᠠᠬᠢᠭᠤᠯᠵᠤ᠂ ᠭᠤᠷᠪᠠᠳᠤᠭ᠋ᠠᠷ ᠠᠵᠤ ᠦᠢ᠍ᠯᠡᠰ ᠢᠯᠠᠩᠭᠤᠶ᠎ᠠ ᠰᠢᠨ᠎ᠡ᠎ᠪᠠᠷ ᠬᠥᠭᠵᠢᠭᠰᠡᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠨᠡᠯᠢᠶᠡᠳ ᠲᠦᠷᠭᠡᠨ ᠪᠣᠯᠪᠠ᠃ 2020 ᠣᠨ᠎ᠳᠤ᠂ ᠪᠥᠬᠦ ᠣᠷᠣᠨ᠎ᠤ ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠲᠠᠬᠢ ᠡᠵᠡᠯᠡᠬᠦ ᠬᠤᠪᠢ ᠵᠢᠨ ᠵᠢᠩ 48.9 %᠎ᠳᠤ ᠬᠦᠷᠴᠦ᠂ ᠰᠢᠨ᠎ᠡ᠎ᠪᠠᠷ ᠬᠥᠭᠵᠢᠭᠰᠡᠨ ᠦᠢ᠍ᠯᠡᠴᠢᠯᠡᠭᠡᠨ᠎ᠤ ᠦᠢ᠍ᠯᠡᠰ᠎ᠤᠨ ᠬᠡᠪᠴᠢᠶ᠎ᠡ ᠦᠷᠭᠦᠯᠵᠢᠯᠡᠨ ᠪᠤᠵᠠᠭ᠋ᠠᠶ᠋ᠢᠷᠠᠪᠠ᠃
ᠬᠢᠵᠢᠭ᠎ᠤᠨ ᠪᠠᠶ᠋ᠢᠳᠠᠯ᠎ᠤᠨ ᠨᠦᠯᠦᠭᠡᠯᠡᠯ ᠳᠤᠤᠷ᠎ᠠ᠂ ᠰᠦᠯᠵᠢᠶᠡᠨ ᠳᠡᠭᠡᠷ᠎ᠡ ᠠᠵᠢᠯᠯᠠᠬᠤ᠂ ᠰᠦᠯᠵᠢᠶᠡᠨ ᠳᠡᠭᠡᠷ᠎ᠡ ᠡᠳ᠋ ᠬᠦᠷᠦᠩᠭᠡ ᠠᠬᠤᠶ᠋ᠢᠯᠠᠬᠤ᠂ ᠵᠥᠪᠯᠡᠯᠭᠡ ᠥᠭᠬᠦ ᠦᠢ᠍ᠯᠡᠴᠢᠯᠡᠭᠡ᠂ ᠢᠨᠲ᠋ᠧᠷ ᠰᠦᠯᠵᠢᠶᠡᠨ᠎ᠤ ᠵᠠᠷ ᠮᠡᠳᠡᠭᠡ ᠵᠡᠷᠭᠡ ᠰᠢᠨ᠎ᠡ ᠬᠡᠷᠡᠭᠯᠡᠭᠡ ᠵᠢᠨ ᠬᠡᠷᠡᠭᠴᠡᠭᠡ ᠦᠷᠭᠦᠯᠵᠢᠯᠡᠨ ᠨᠡᠮᠡᠭᠳᠡᠵᠦ᠂ ᠮᠡᠳᠡᠭᠡ ᠵᠠᠩᠭᠢ ᠳᠠᠮᠵᠢᠭᠤᠯᠬᠤ ᠦᠢ᠍ᠯᠡᠰ᠂ ᠮᠥᠩᠭᠦᠨ ᠬᠦᠢ᠍ᠯᠭᠡᠭᠡᠨ᠎ᠤ ᠦᠢ᠍ᠯᠡᠰ᠂ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ ᠵᠡᠷᠭᠡ ᠰᠢᠨ᠎ᠡ᠎ᠪᠠᠷ ᠬᠥᠭᠵᠢᠭᠰᠡᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠨᠡᠯᠢᠶᠡᠳ ᠲᠦᠷᠭᠡᠨ ᠬᠥᠭᠵᠢᠬᠦ ᠵᠢ ᠳᠠᠶ᠋ᠢᠴᠢᠯᠠᠵᠤ᠂ ᠴᠠᠯᠢᠩ᠎ᠤᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠪᠡ᠃ 2020 ᠣᠨ᠎ᠳᠤ᠂ ᠪᠥᠬᠦ ᠣᠷᠣᠨ᠎ᠤ ᠬᠤᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ᠎ᠳᠠᠬᠢ ᠰᠤᠹᠲ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠲᠦᠷᠢᠶᠡᠰᠦᠯᠡᠬᠦ ᠦᠢ᠍ᠯᠡᠰ᠂ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ ᠪᠠ ᠵᠤᠭᠤᠰ ᠮᠥᠩᠭᠦᠨ ᠬᠦᠢ᠍ᠯᠭᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠴᠠᠯᠢᠩ᠎ᠤᠨ ᠨᠡᠮᠡᠭᠳᠡᠯ᠎ᠤᠨ ᠬᠤᠷᠳᠤᠴᠠ ᠨᠡᠯᠢᠶᠡᠳ ᠲᠦᠷᠭᠡᠨ ᠪᠣᠯᠪᠠ᠃ ᠠᠵᠢᠯ ᠲᠥᠷᠥᠯ᠎ᠤᠨ ᠳᠤᠮᠳᠠᠴᠢ ᠴᠠᠯᠢᠩ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 11.7%᠂ 10.7%᠂ 10.1% ᠪᠠ 7.2% ᠵᠶ᠋ᠠᠷ ᠨᠡᠮᠡᠭᠳᠡᠪᠡ; ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠢ᠎ᠳᠠᠬᠢ ᠮᠡᠳᠡᠭᠡ ᠵᠠᠩᠭᠢ ᠳᠠᠮᠵᠢᠭᠤᠯᠬᠤ ᠦᠢ᠍ᠯᠡᠰ᠂ ᠮᠥᠩᠭᠦᠨ ᠭᠦᠶᠯᠭᠡᠭᠡᠨ᠎ᠤ ᠦᠢ᠍ᠯᠡᠰ ᠪᠠ ᠲᠦᠷᠢᠶᠡᠰᠦᠯᠡᠯ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠳᠤᠮᠳᠠᠴᠢ ᠴᠠᠯᠢᠩ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 12.7 %᠂ 41.2 % ᠪᠠ 16.8 %᠎ᠪᠠᠷ ᠨᠡᠮᠡᠭᠳᠡᠵᠦ᠂ ᠴᠥᠮ ᠪᠥᠬᠦ ᠣᠷᠣᠨ᠎ᠤ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠪᠠ᠃
ᠡᠭᠦᠨ᠎ᠤ ᠬᠠᠮᠲᠤ᠂ ᠮᠠᠨ᠎ᠤ ᠣᠷᠣᠨ᠎ᠤ ᠤᠯᠠᠮᠵᠢᠯᠠᠯᠲᠤ ᠦᠢ᠍ᠯᠡᠴᠢᠯᠡᠭᠡᠨ᠎ᠤ ᠦᠢ᠍ᠯᠡᠰ ᠬᠢᠵᠢᠭ᠎ᠤᠨ ᠲᠠᠭ᠋ᠠᠷᠢᠯᠲᠠ ᠵᠢ ᠨᠡᠯᠢᠶᠡᠳ ᠬᠦᠷᠲᠡᠵᠦ᠂ ᠬᠥᠭᠵᠢᠯᠲᠡ ᠵᠢᠨ ᠬᠠᠨᠳᠤᠰᠢ᠎ᠨᠢ ᠤᠳᠠᠭ᠋ᠠᠰᠢᠷᠠᠵᠤ᠂ ᠬᠠᠮᠢᠶ᠎ᠠ ᠪᠥᠬᠦᠶ ᠠᠵᠢᠯ ᠲᠥᠷᠥᠯ᠎ᠤᠨ ᠳᠤᠮᠳᠠᠴᠢ ᠴᠠᠯᠢᠩ᠎ᠤᠨ ᠨᠡᠮᠡᠭᠳᠡᠯ᠎ᠤᠨ ᠬᠤᠷᠳᠤᠴᠠ᠎ᠨᠢ ᠪᠠᠭᠤᠷᠠᠪᠠ᠃ ᠡᠭᠦᠨ᠎ᠳᠤ᠂ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ ᠵᠢᠨ ᠪᠠᠭᠤᠳᠠᠯ ᠢᠳᠡᠭᠡᠨ ᠤᠮᠳᠠᠭ᠋ᠠᠨ᠎ᠤ ᠦᠢ᠍ᠯᠡᠰ ᠪᠠ ᠰᠠᠭᠤᠭ᠋ᠠᠯᠢ ᠠᠷᠠᠳ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠳᠤᠮᠳᠠᠴᠢ ᠴᠠᠯᠢᠩ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 0.5 % ᠪᠠ 6.0 %᠎ᠪᠠᠷ ᠪᠠᠭᠤᠷᠠᠵᠤ᠂ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠢ ᠵᠢᠨ ᠳᠤᠮᠳᠠᠴᠢ ᠴᠠᠯᠢᠩ᠎ᠨᠢ ᠲᠣᠰ ᠲᠣᠰ 3.8 % ᠪᠠ 0.7 %᠎ᠪᠠᠷ ᠪᠠᠭᠤᠷᠠᠪᠠ᠃
ᠭᠤᠷᠪᠠ᠂ ᠰᠣᠶᠣᠯ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠵᠠᠷᠤᠯᠭ᠎ᠠ ᠨᠡᠮᠡᠭᠳᠡᠵᠦ᠂ ᠴᠠᠯᠢᠩ᠎ᠤᠨ ᠣᠷᠣᠯᠭ᠎ᠠ ᠲᠣᠭᠲᠠᠭᠤᠨ ᠵᠶ᠋ᠠᠷ ᠳᠡᠭᠡᠭᠰᠢᠯᠡᠪᠡ
2020 ᠣᠨ᠎ᠳᠤ᠂ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠣᠯᠵᠣ᠂ ᠮᠠᠨ᠎ᠤ ᠣᠷᠣᠨ᠎ᠤ ᠡᠯ᠎ᠡ ᠲᠥᠷᠥᠯ᠎ᠤᠨ ᠰᠣᠶᠣᠯ ᠪᠡᠶ᠎ᠡ ᠵᠢᠨ ᠲᠠᠮᠢᠷ ᠵᠤᠭ᠎ᠠ ᠴᠡᠩᠭᠡᠯ᠎ᠤᠨ ᠲᠠᠯᠠᠪᠤᠷ᠎ᠤᠨ ᠡᠵᠡᠩᠨᠡᠯᠲᠡ ᠵᠢ ᠵᠣᠭᠰᠣᠭ᠋ᠠᠬᠤ᠂ ᠰᠤᠷᠭ᠋ᠠᠭᠤᠯᠢ ᠵᠢᠨ ᠬᠢᠴᠢᠶᠡᠯ ᠰᠡᠷᠭᠦᠭᠡᠬᠦ ᠵᠢ ᠬᠤᠶ᠋ᠢᠰᠢᠯᠠᠭᠤᠯᠬᠤ᠂ ᠡᠮᠨᠡᠯᠭᠡ ᠵᠢᠨ ᠬᠤᠷᠢᠶᠠᠨ᠎ᠤ ᠡᠭᠦᠳᠡᠨ ᠡᠮᠨᠡᠯᠭᠡ ᠵᠢᠨ ᠡᠪᠡᠳᠴᠢᠨ ᠦᠵᠡᠬᠦ ᠬᠡᠮᠵᠢᠶ᠎ᠡ ᠵᠢ ᠪᠠᠭ᠋ᠠᠰᠬᠠᠵᠤ᠂ ᠰᠣᠶᠣᠯ ᠪᠡᠶ᠎ᠡ ᠵᠢᠨ ᠲᠠᠮᠢᠷ ᠵᠤᠭ᠎ᠠ ᠴᠡᠩᠭᠡᠯ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠵᠡᠷᠭᠡ ᠬᠦᠷᠢᠶᠡᠨ᠎ᠳᠤ ᠴᠥᠮ ᠢᠯᠡᠳᠲᠡ ᠨᠥᠯᠥᠭᠡ ᠦᠵᠡᠭᠦᠯᠪᠡ᠃ ᠡᠯ᠎ᠡ ᠱᠠᠲᠤᠨ᠎ᠤ ᠵᠠᠰᠠᠭ᠎ᠤᠨ ᠣᠷᠳᠣᠨ ᠬᠤᠯᠪᠣᠭᠳᠠᠯ ᠪᠥᠬᠦᠶ ᠬᠦᠷᠢᠶᠡᠨ᠎ᠳᠠᠬᠢ ᠪᠠᠯᠠ ᠣᠷᠣᠭᠤᠯᠤᠯᠲᠠ ᠪᠠ ᠪᠥᠲᠥᠭᠡᠨ ᠪᠠᠶ᠋ᠢᠭᠤᠯᠤᠯᠲᠠ᠎ᠪᠠᠨ ᠦᠷᠭᠦᠯᠵᠢᠯᠡᠨ ᠴᠢᠩᠭ᠋ᠠᠳᠬᠠᠵᠤ᠂ ᠰᠠᠭᠤᠷᠢ ᠰᠤᠷᠭ᠋ᠠᠨ ᠬᠥᠮᠦᠵᠢᠯ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠶᠡᠭᠡ᠎ᠪᠠᠷ ᠬᠥᠭᠵᠢᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠵᠦ᠂ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ᠎ᠤᠨ ᠲᠥᠷᠥᠯ ᠵᠦᠢ᠍ᠯ᠎ᠤᠨ ᠨᠡᠭᠡᠭᠡᠨ ᠬᠦᠭᠵᠢᠬᠦᠯᠦᠯᠲᠡ ᠪᠠ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠢᠯ ᠲᠥᠷᠥᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠪᠠ᠃ 2020 ᠣᠨ᠎ᠳᠤ᠂ ᠪᠥᠬᠦ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠠᠬᠢ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠬᠢᠭᠡᠳ ᠵᠠᠭᠤᠴᠢᠯᠠᠭᠤᠷ᠎ᠤᠨ ᠵᠠᠷᠤᠯᠭ᠎ᠠ ᠲᠣᠰ ᠲᠣᠰ ᠳᠡᠭᠡᠷ᠎ᠡ ᠵᠢᠯ᠎ᠤᠨ᠎ᠬᠢ᠎ᠠᠴᠠ 5.2 %᠂ 16.4 % ᠪᠠ 3.6 %᠎ᠪᠠᠷ ᠨᠡᠮᠡᠭᠳᠡᠵᠦ᠂ ᠴᠥᠮ ᠪᠥᠬᠦ ᠣᠷᠣᠨ᠎ᠤ ᠡᠩ᠎ᠤᠨ ᠲᠥᠰᠦᠪ᠎ᠤᠨ ᠵᠠᠷᠤᠯᠭ᠎ᠠ ᠵᠢᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ ᠥᠨᠳᠥᠷ ᠪᠣᠯᠵᠣ᠂ ᠬᠠᠮᠢᠶ᠎ᠠ ᠪᠥᠬᠦᠶ ᠠᠵᠢᠯ ᠲᠥᠷᠥᠯ᠎ᠤᠨ ᠠᠵᠢᠯᠯᠠᠭᠰᠠᠳ᠎ᠤᠨ ᠴᠠᠯᠢᠩ᠎ᠤᠨ ᠲᠣᠭᠲᠠᠭᠤᠨ ᠵᠶ᠋ᠠᠷ ᠨᠡᠮᠡᠭᠳᠡᠬᠦ᠎ᠳᠤ ᠰᠠᠭᠤᠷᠢ ᠲᠠᠯᠪᠢᠪᠠ᠃
2020 ᠣᠨ᠎ᠳᠤ᠂ ᠪᠥᠬᠦ ᠣᠷᠣᠨ᠎ᠤ ᠬᠤᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ ᠵᠢᠨ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠦᠢ᠍ᠯᠡᠰ᠎ᠲᠤ ᠠᠵᠢᠯ ᠣᠯᠤᠭᠰᠠᠳ᠎ᠤᠨ ᠳᠤᠮᠳᠠᠴᠢ ᠴᠠᠯᠢᠩ᠎ᠤᠨ ᠨᠡᠮᠡᠭᠳᠡᠯ᠎ᠤᠨ ᠬᠤᠷᠳᠤᠴᠠ᠎ᠨᠢ ᠲᠣᠰ ᠲᠣᠰ 3.5 %᠂ 6.7 % ᠪᠠ 2.8 % ᠪᠣᠯᠤᠨ᠎ᠠ᠃
2020 ᠤᠨ ᠪᠣᠯ ᠥᠪᠥᠷ ᠮᠣᠩᠭᠤᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠠᠬᠢ ᠲᠦᠢ᠍ᠯ᠎ᠤᠨ ᠶᠡᠷᠦ ᠪᠤᠰᠤ ᠵᠢᠨ ᠨᠢᠭᠡ ᠵᠢᠯ ᠪᠣᠯᠤᠨ᠎ᠠ᠂ ᠪᠠᠰᠠ ᠴᠤ᠌ ᠠᠵᠢᠯ ᠣᠯᠭᠤᠯᠲᠠ ᠵᠢᠨ ᠣᠷᠣᠯᠭ᠎ᠠ ᠵᠢᠨ ᠬᠤᠪᠢᠶᠠᠷᠢᠯᠠᠯᠲᠠ ᠵᠢᠨ ᠬᠦᠷᠢᠶᠡᠨ᠎ᠳᠠᠬᠢ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠪᠥᠬᠦ ᠲᠠᠯ᠎ᠠ᠎ᠪᠠᠷ ᠠᠬᠢᠭᠤᠯᠵᠤ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠤᠭᠰᠠᠨ ᠵᠠᠩᠭᠢᠯᠠᠭ᠎ᠠ ᠵᠢᠨ ᠵᠢᠯ ᠪᠣᠯᠤᠨ᠎ᠠ᠃ ᠬᠢᠵᠢᠭ᠎ᠤᠨ ᠪᠠᠶ᠋ᠢᠳᠠᠯ᠎ᠤᠨ ᠨᠦᠯᠦᠭᠡᠯᠡᠯ ᠳᠤᠤᠷ᠎ᠠ᠂ ᠪᠥᠬᠦ ᠣᠷᠣᠨ᠎ᠤ ᠬᠤᠲᠠ ᠪᠠᠯᠭ᠋ᠠᠰᠤᠨ᠎ᠤ ᠨᠢᠭᠡᠴᠢ᠎ᠳᠤ ᠠᠵᠢᠯ ᠣᠯᠤᠭᠰᠠᠳ᠎ᠤᠨ ᠵᠢᠯ᠎ᠤᠨ ᠳᠤᠮᠳᠠᠴᠢ ᠴᠠᠯᠢᠩ ᠮᠥᠨ ᠬᠦ᠌ ᠲᠣᠭᠲᠠᠭᠤᠨ ᠵᠶ᠋ᠠᠷ ᠨᠡᠮᠡᠭᠳᠡᠬᠦ ᠵᠢ ᠪᠡᠶᠡᠯᠡᠭᠦᠯᠦᠭᠰᠡᠨ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠬᠦ ᠲᠠᠯ᠎ᠠ᠎ᠪᠠᠷ ᠢᠳᠡᠪᠬᠢᠲᠡᠶ ᠦᠷ᠎ᠡ ᠪᠦᠲᠦᠮᠵᠢ ᠣᠯᠤᠭᠰᠠᠨ᠎ᠢ ᠬᠠᠷᠠᠭᠤᠯᠵᠤ ᠪᠠᠶ᠋ᠢᠨ᠎ᠠ᠃