ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠦᠨᠡᠮᠯᠡᠯ ᠪᠠ ᠭᠡᠷᠡᠴᠢ ᠵᠢ ᠰᠠᠯᠭ᠋ᠠᠬᠤ〉 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠲᠣᠪᠴᠢ ᠠᠰᠠᠭᠤᠯᠲᠠ ᠬᠠᠷᠢᠭᠤᠯᠲᠠ
ᠨᠡᠶ᠋ᠢᠲᠡᠯᠡᠭᠰᠡᠨ ᠴᠠᠭ᠄ 2021-07-16

      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠦᠨᠡᠮᠯᠡᠯ ᠪᠠ ᠭᠡᠷᠡᠴᠢ ᠵᠢ ᠰᠠᠯᠭ᠋ᠠᠬᠤ〉 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠬᠡᠷᠡᠭᠵᠢᠭᠦᠯᠬᠦ ᠲᠥᠰᠦᠯ》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠪᠥᠬᠦ ᠣᠷᠣᠨ᠎ᠤ ᠬᠡᠪᠴᠢᠶᠡᠨ᠎ᠳᠤ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠤᠯᠪᠣᠭᠳᠠᠬᠤ ᠵᠥᠪᠰᠢᠶᠡᠷᠡᠯ᠎ᠤᠨ ᠵᠦᠢ᠍ᠯᠡᠰ᠎ᠢ ᠪᠦᠬᠦᠨ᠎ᠢ ᠬᠠᠮᠤᠷᠬᠤ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠵᠠᠭᠪᠤᠷ᠎ᠢ ᠬᠡᠷᠡᠭᠵᠢᠭᠦᠯᠬᠦ᠎ᠪᠠᠷ ᠪᠣᠢ᠃
      ᠨᠢᠭᠡ᠂ ᠶᠠᠭᠤᠨ᠎ᠤ ᠤᠴᠢᠷ᠎ᠠᠴᠠ ᠬᠡᠷᠡᠭᠵᠢᠭᠦᠯᠬᠦ ᠲᠥᠰᠦᠯ᠎ᠢ ᠲᠣᠭᠲᠠᠭ᠋ᠠᠬᠤ ᠬᠡᠷᠡᠭᠲᠡᠶ ᠪᠤᠢ
     《〈ᠦᠨᠡᠮᠯᠡᠯ ᠪᠠ ᠭᠡᠷᠡᠴᠢ ᠵᠢ ᠰᠠᠯᠭ᠋ᠠᠬᠤ〉 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ   ᠭᠦᠨᠵᠡᠭᠡᠶ᠋ᠢᠷᠡᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠦᠨ᠂ ᠪᠥᠬᠦ ᠣᠷᠣᠨ᠎ᠤ ᠬᠡᠪᠴᠢᠶᠡᠨ᠎ᠳᠠᠬᠢ 《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢ ᠪᠦᠷᠢᠨ ᠪᠦᠷᠬᠦᠭᠦᠯᠬᠦ ᠵᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ ᠪᠠ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠪᠦᠲᠦᠮᠵᠢᠲᠡᠶ ᠬᠥᠭᠵᠢᠭᠡᠵᠦ᠂ ᠠᠵᠤ ᠠᠬᠤᠶ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠥᠯᠥᠭᠡ 《ᠬᠡᠷᠡᠭᠵᠢᠭᠦᠯᠬᠦ ᠲᠥᠰᠦᠯ》᠎ᠢ ᠲᠣᠭᠲᠠᠭ᠋ᠠᠪᠠ᠃
      ᠬᠤᠶᠠᠷ᠂ ᠦᠨᠡᠮᠯᠡᠯ ᠪᠠ ᠭᠡᠷᠡᠴᠢ ᠵᠢ ᠰᠠᠯᠭ᠋ᠠᠬᠤ ᠥᠭᠡᠷᠡᠴᠢᠯᠡᠯᠲᠡ ᠵᠢᠨ ᠶᠡᠷᠦᠩᠬᠡᠶ ᠱᠠᠭ᠋ᠠᠷᠳᠠᠯᠭ᠎ᠠ᠎ᠨᠢ ᠶᠠᠮᠠᠷ ᠪᠣᠢ
     2021 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠪᠦᠬᠦ ᠣᠷᠣᠨ᠎ᠤ ᠬᠡᠪᠴᠢᠶᠡᠨ᠎ᠳᠤ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠤᠯᠪᠣᠭᠳᠠᠬᠤ ᠵᠥᠪᠰᠢᠶᠡᠷᠡᠯ᠎ᠤᠨ ᠵᠦᠢ᠍ᠯᠡᠰ᠎ᠤᠨ ᠪᠦᠬᠦᠨ᠎ᠢ ᠬᠠᠮᠤᠷᠬᠤ ᠨᠠᠷᠢᠨ ᠳᠠᠩᠰᠠ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠲᠥᠪ᠎ᠠᠴᠠ ᠲᠣᠭᠲᠠᠭ᠋ᠠᠭᠰᠠᠨ 523 ᠵᠦᠢ᠍ᠯ ᠵᠢᠴᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠲᠣᠭᠲᠠᠭ᠋ᠠᠭᠰᠠᠨ 18 ᠵᠦᠢ᠍ᠯ᠎ᠤᠨ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠤᠯᠪᠣᠭᠳᠠᠬᠤ ᠵᠥᠪᠰᠢᠶᠡᠷᠡᠯ᠎ᠤᠨ ᠵᠦᠢ᠍ᠯᠡᠰ᠎ᠲᠤ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠲᠥᠷᠥᠯ ᠬᠤᠪᠢᠶᠠᠨ ᠬᠡᠷᠡᠭᠵᠢᠭᠦᠯᠵᠦ᠂ ᠭᠡᠷᠡᠴᠢᠯᠡᠯ ᠣᠯᠭᠤᠭᠰᠠᠨ᠎ᠤ ᠳᠠᠷᠠᠭ᠎ᠠ ᠦᠨᠡᠮᠯᠡᠯ᠎ᠢ ᠬᠠᠰᠤᠬᠤ ᠵᠢ ᠶᠡᠭᠡ᠎ᠪᠠᠷ ᠠᠬᠢᠭᠤᠯᠵᠤ᠂ ᠳᠥᠭᠦᠮ ᠪᠥᠭᠡᠳ ᠥᠨᠳᠥᠷ ᠪᠦᠲᠦᠮᠵᠢᠲᠡᠶ᠂ ᠲᠥᠪ ᠭᠤᠤᠯᠴᠢ ᠢᠯᠡ ᠲᠣᠳᠣᠷᠬᠠᠢ᠂ ᠠᠭᠤᠵᠢᠭᠤ ᠲᠠᠯᠪᠢᠨ ᠴᠢᠩᠭ᠎ᠠ ᠬᠠᠮᠢᠶᠠᠷᠬᠤ ᠠᠵᠢᠯ ᠲᠥᠷᠥᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠲᠦᠷᠢᠮ᠎ᠢ ᠬᠦᠴᠦᠯᠡᠨ ᠪᠠᠶ᠋ᠢᠭᠤᠯᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃
      ᠭᠤᠷᠪᠠ᠂ ᠦᠨᠡᠮᠯᠡᠯ ᠪᠠ ᠭᠡᠷᠡᠴᠢ ᠵᠢ ᠰᠠᠯᠭ᠋ᠠᠬᠤ ᠎ᠳᠤ ᠶᠠᠮᠠᠷ ᠶᠠᠮᠠᠷ ᠥᠭᠡᠷᠡᠴᠢᠯᠡᠯᠲᠡ ᠵᠢᠨ ᠠᠷᠭ᠎ᠠ ᠮᠠᠶᠢᠭ ᠪᠠᠶ᠋ᠢᠬᠤ ᠪᠤᠢ
     《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢᠨ ᠠᠷᠭ᠎ᠠ ᠮᠠᠶᠢᠭ᠎ᠨᠢ ᠨᠡᠶ᠋ᠢᠲᠡ ᠳᠥᠷᠪᠡᠨ ᠵᠦᠢ᠍ᠯ ᠪᠠᠶ᠋ᠢᠨ᠎ᠠ᠃
      ᠬᠢᠨᠠᠨ ᠵᠥᠪᠰᠢᠶᠡᠷᠡᠯ᠎ᠤᠨ ᠶᠠᠪᠤᠴᠠ ᠵᠢ ᠰᠢᠭᠤᠳ ᠬᠦᠴᠦᠨ ᠦᠭᠡᠶ ᠪᠣᠯᠭ᠋ᠠᠨ᠎ᠠ᠃ ᠠᠵᠤ ᠠᠬᠤᠶ᠋ᠢᠯᠠᠯ (ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ ᠮᠠᠯᠴᠢᠨ ᠲᠠᠷᠢᠶᠠᠴᠢᠨ᠎ᠤ ᠲᠤᠰᠬᠠᠶ ᠠᠵᠢᠯ᠎ᠤᠨ ᠬᠤᠷᠰᠢᠶ᠎ᠠ ᠪᠠᠭᠲᠠᠨ᠎ᠠ᠂ ᠳᠣᠷᠣᠭᠰᠢ ᠠᠳᠠᠯᠢ)᠎ᠨᠢ ᠡᠵᠡᠩᠨᠡᠯᠲᠡ ᠵᠢᠨ ᠦᠨᠡᠮᠯᠡᠯ ᠣᠯᠪᠠᠯ ᠳᠠᠷᠤᠶ ᠡᠵᠡᠩᠨᠡᠯᠲᠡ᠎ᠪᠠᠨ ᠡᠬᠢᠯᠡᠭᠦᠯᠵᠦ ᠪᠣᠯᠤᠨ᠎ᠠ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ ᠵᠡᠷᠭᠡ᠎ᠨᠢ ᠠᠵᠤ ᠠᠬᠤᠶ᠋ᠢᠯᠠᠯ᠎ᠳᠤ ᠬᠠᠮᠢᠶ᠎ᠠ ᠪᠥᠬᠦᠶ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ᠎ᠢ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠬᠤ ᠥᠬᠡᠶ᠃
      ᠬᠢᠨᠠᠨ ᠵᠥᠪᠰᠢᠶᠡᠷᠡᠬᠦ ᠵᠢ ᠳᠠᠩᠰᠠᠯᠠᠭᠤᠯᠬᠤ ᠪᠣᠯᠭ᠋ᠠᠨ ᠥᠭᠡᠷᠡᠴᠢᠯᠡᠨ᠎ᠡ᠃ ᠵᠠᠷᠴᠢᠮ ᠳᠡᠭᠡᠷ᠎ᠡ᠎ᠪᠠᠨ ᠬᠡᠷᠡᠭ ᠶᠠᠪᠤᠳᠠᠯ᠎ᠤᠨ ᠳᠠᠷᠠᠭ᠎ᠠ ᠳᠠᠩᠰᠠᠯᠠᠭᠤᠯᠬᠤ ᠵᠢ ᠬᠡᠷᠡᠭᠵᠢᠭᠦᠯᠵᠦ᠂ ᠠᠵᠤ ᠠᠬᠤᠶ᠋ᠢᠯᠠᠯ ᠡᠵᠡᠩᠨᠡᠯᠲᠡ ᠵᠢᠨ ᠦᠨᠡᠮᠯᠡᠯ ᠣᠯᠪᠠᠯ ᠳᠠᠷᠤᠶ ᠡᠵᠡᠩᠨᠡᠯᠲᠡ᠎ᠪᠠᠨ ᠡᠬᠢᠯᠡᠭᠦᠯᠵᠦ ᠪᠣᠯᠤᠨ᠎ᠠ; ᠦᠨᠡᠬᠡᠷ ᠤᠷᠢᠳᠴᠢᠯᠠᠨ ᠳᠠᠩᠰᠠᠯᠠᠭᠤᠯᠬᠤ ᠴᠢᠬᠤᠯᠠᠲᠠᠶ ᠪᠣᠯ᠂ ᠠᠵᠤ ᠠᠬᠤᠶ᠋ᠢᠯᠠᠯ᠎ᠨᠢ ᠳᠠᠩᠰᠠᠯᠠᠭᠤᠯᠬᠤ ᠭᠠᠷ ᠭᠦᠢ᠍ᠴᠡᠳᠬᠡᠯ ᠵᠶ᠋ᠠᠨ ᠪᠡᠶᠡᠯᠡᠭᠦᠯᠪᠡᠯ ᠳᠠᠷᠤᠶ ᠡᠵᠡᠩᠨᠡᠯᠲᠡ᠎ᠪᠠᠨ ᠡᠬᠢᠯᠡᠭᠦᠯᠵᠦ ᠪᠣᠯᠤᠨ᠎ᠠ᠃
      ᠠᠮᠠᠯᠠᠯᠲᠠ ᠬᠢᠬᠦ ᠳᠦᠷᠢᠮ᠎ᠢ ᠬᠡᠷᠡᠭᠵᠢᠭᠦᠯᠦᠨ᠎ᠡ᠃ ᠡᠯ᠎ᠡ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠮᠠᠯᠠᠯᠲᠠ ᠵᠢᠨ ᠪᠢᠴᠢᠭ ᠲᠣᠭᠲᠠᠭ᠋ᠠᠵᠤ᠂ ᠠᠮᠠᠯᠠᠯᠲᠠ ᠬᠢᠬᠦ ᠠᠭᠤᠯᠭ᠎ᠠ ᠵᠢ ᠲᠣᠳᠣᠷᠬᠠᠶ᠋ᠢᠯᠠᠨ᠂ ᠠᠵᠤ ᠠᠬᠤᠶ᠋ᠢᠯᠠᠯ ᠰᠠᠶ᠋ᠢᠨ ᠳᠤᠷ᠎ᠠ᠎ᠠᠴᠠ᠎ᠪᠠᠨ ᠠᠮᠠᠯᠠᠯᠲᠠ ᠬᠢᠬᠦ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠮᠠᠲ᠋ᠧᠷᠢᠶᠠᠯ ᠵᠶ᠋ᠠᠨ ᠲᠤᠰᠢᠶᠠᠭᠰᠠᠨ ᠪᠣᠯ᠂ ᠲᠤᠬᠠᠶ ᠵᠢᠨ ᠲᠠᠯᠠᠪᠤᠷ᠎ᠲᠤ᠎ᠨᠢ ᠬᠢᠨᠠᠨ ᠵᠥᠪᠰᠢᠶᠡᠷᠡᠬᠦ ᠲᠣᠭᠲᠠᠭ᠋ᠠᠯ ᠭᠠᠷᠭ᠋ᠠᠬᠤ ᠵᠢᠨ ᠬᠠᠮᠲᠤ᠂ ᠬᠡᠷᠡᠭ᠎ᠤᠨ ᠳᠠᠷᠠᠭ᠎ᠠ ᠬᠠᠷᠭᠤᠭᠤᠯᠤᠨ ᠪᠠᠶ᠋ᠢᠴᠠᠭ᠋ᠠᠬᠤ᠂ ᠬᠢᠨᠠᠨ ᠵᠥᠪᠰᠢᠶᠡᠷᠡᠯ᠎ᠢ ᠬᠦᠴᠦᠨ ᠦᠭᠡᠢ ᠪᠣᠯᠭ᠋ᠠᠬᠤ ᠵᠡᠷᠭᠡ ᠪᠣᠳᠠᠲᠠᠶ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠲᠣᠭᠲᠠᠭ᠋ᠠᠨ᠎ᠠ᠃
      ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠰᠢᠯᠢᠳᠡᠭᠵᠢᠭᠦᠯᠦᠨ᠎ᠡ᠃ ᠦᠢ᠍ᠯᠡᠴᠢᠯᠡᠭᠡᠨ᠎ᠤ ᠬᠢᠷᠢ ᠬᠡᠮᠵᠢᠶ᠎ᠡ ᠪᠠ ᠬᠢᠨᠠᠨ ᠵᠥᠪᠰᠢᠶᠡᠷᠡᠬᠦ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠬᠡᠷᠡᠭ ᠶᠠᠪᠤᠳᠠᠯ ᠭᠦᠢ᠍ᠴᠡᠳᠬᠡᠬᠦ ᠣᠯᠠᠨ ᠲᠦᠮᠡᠨ᠎ᠳᠤ ᠨᠠᠩ ᠶᠡᠭᠡ ᠲᠥᠬᠦᠮ ᠦᠵᠡᠭᠦᠯᠵᠦ᠂ ᠵᠥᠪᠰᠢᠶᠡᠷᠡᠯ᠎ᠤᠨ ᠨᠥᠬᠦᠴᠡᠯ ᠪᠠ ᠬᠢᠨᠠᠨ ᠵᠥᠪᠰᠢᠶᠡᠷᠡᠬᠦ ᠮᠠᠲ᠋ᠧᠷᠢᠶᠠᠯ᠎ᠢ ᠴᠣᠮᠬᠠᠳᠬᠠᠬᠤ᠂ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠬᠦᠴᠦᠨ ᠥᠬᠡᠶ ᠪᠣᠯᠭ᠋ᠠᠬᠤ ᠪᠤᠶᠤ ᠤᠷᠲᠤᠳᠬᠠᠬᠤ᠂ ᠭᠥᠯᠢᠶᠡᠨ ᠠᠪᠴᠤ ᠭᠦᠢ᠍ᠴᠡᠳᠬᠡᠬᠦ ᠬᠢᠨᠠᠨ ᠵᠥᠪᠰᠢᠶᠡᠷᠡᠬᠦ ᠵᠠᠭᠪᠤᠷ᠎ᠢ ᠰᠢᠯᠢᠳᠡᠭᠵᠢᠭᠦᠯᠬᠦ ᠵᠡᠷᠭᠡ ᠬᠢᠨᠠᠨ ᠵᠥᠪᠰᠢᠶᠡᠷᠡᠬᠦ ᠦᠶᠯᠡᠴᠢᠯᠡᠭᠡᠨ᠎ᠤ ᠠᠷᠭ᠎ᠠ ᠬᠡᠮᠵᠢᠶ᠎ᠡ ᠵᠢ   ᠰᠢᠯᠢᠳᠡᠭᠵᠢᠭᠦᠯᠦᠨ᠎ᠡ᠃
    ᠲᠦᠷᠪᠡ᠂ ᠦᠨᠡᠮᠯᠡᠯ ᠪᠠ ᠭᠡᠷᠡᠴᠢ ᠵᠢ ᠰᠠᠯᠭ᠋ᠠᠬᠤ ᠥᠭᠡᠷᠡᠴᠢᠯᠡᠯᠲᠡ᠎ᠳᠤ ᠶᠠᠮᠠᠷ ᠶᠠᠮᠠᠷ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠠᠶ᠋ᠢᠬᠤ ᠪᠤᠢ
      ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ᠎ᠪᠠᠷ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠠᠮᠢᠶ᠎ᠠ ᠪᠥᠬᠦᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠭᠤᠤᠯᠳᠠᠭᠤ ᠳᠣᠤᠷᠠᠬᠢ ᠬᠡᠳᠦᠨ ᠲᠠᠯ᠎ᠠ ᠵᠢᠨ ᠪᠣᠳᠠᠲᠠᠶ ᠠᠷᠭ᠎ᠠ ᠬᠡᠮᠵᠢᠶ᠎ᠡ ᠵᠢ ᠠᠪᠤᠭᠰᠠᠨ ᠪᠠᠶ᠋ᠢᠨ᠎ᠠ᠃
      ᠨᠢᠭᠡ᠎ᠳᠤ᠂ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠤᠯᠪᠣᠭᠳᠠᠬᠤ ᠵᠥᠪᠰᠢᠶᠡᠷᠡᠯ ᠪᠦᠬᠦᠨ᠎ᠢ ᠬᠠᠮᠤᠷᠬᠤ ᠲᠣᠳᠣᠷᠬᠠᠶ ᠬᠠᠭᠤᠳᠠᠰᠤ ᠵᠢᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠦᠨ᠎ᠡ᠃ ᠮᠠᠨ᠎ᠤ ᠣᠷᠣᠨ᠎ᠤ ᠬᠡᠪᠴᠢᠶᠡᠨ᠎ᠳᠠᠬᠢ ᠣᠷᠣᠨ ᠨᠤᠲᠤᠭ᠎ᠤᠨ ᠲᠠᠰ ᠳᠠᠪᠬᠤᠷᠭ᠎ᠠ᠎ᠳᠤ ᠲᠣᠭᠲᠠᠭ᠋ᠠᠭᠰᠠᠨ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠤᠯᠪᠣᠭᠳᠠᠬᠤ ᠵᠥᠪᠰᠢᠶᠡᠷᠡᠯ᠎ᠤᠨ ᠵᠦᠢ᠍ᠯᠡᠰ ᠪᠦᠬᠦᠨ᠎ᠢ ᠨᠠᠷᠢᠨ ᠬᠠᠭᠤᠳᠠᠰᠤ ᠵᠢᠨ ᠬᠠᠮᠢᠶᠠᠷᠤᠯᠲᠠ᠎ᠳᠤ ᠣᠷᠣᠭᠤᠯᠵᠤ᠂ ᠨᠠᠷᠢᠨ ᠬᠠᠭᠤᠳᠠᠰᠤ᠎ᠠᠴᠠ ᠭᠠᠳᠠᠨ᠎ᠠ᠂ ᠠᠵᠤ ᠠᠬᠤᠶ᠋ᠢᠯᠠᠯ᠎ᠤᠨ ᠬᠠᠮᠢᠶ᠎ᠠ ᠪᠥᠬᠦᠶ ᠠᠵᠢᠯ ᠲᠥᠷᠥᠯ᠎ᠳᠤ ᠣᠷᠣᠵᠤ ᠡᠵᠡᠩᠨᠡᠯᠲᠡ ᠥᠷᠨᠢᠭᠦᠯᠬᠦ ᠵᠢ ᠴᠥᠮ ᠬᠢᠵᠠᠭ᠋ᠠᠷᠯᠠᠵᠤ ᠪᠣᠯᠬᠤ ᠥᠬᠡᠶ᠃
      ᠬᠤᠶᠠᠷ᠎ᠲᠤ᠂ ᠬᠤᠳᠠᠯᠳᠤᠭ᠋ᠠᠨ᠎ᠤ ᠵᠦᠢ᠍ᠯᠡᠰ᠎ᠤᠨ ᠠᠵᠤ ᠠᠬᠤᠶ᠋ᠢᠯᠠᠯ᠎ᠳᠤ ᠬᠤᠯᠪᠣᠭᠳᠠᠬᠤ ᠡᠵᠡᠩᠨᠡᠯᠲᠡ ᠵᠢᠨ ᠲᠠᠩᠰᠠᠯᠠᠯᠳᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ 《ᠤᠷᠢᠳᠠᠪᠠᠷ ᠭᠡᠷᠡᠴᠢᠯᠡᠵᠦ ᠳᠠᠷᠠᠭ᠎ᠠ᠎ᠨᠢ ᠦᠨᠡᠮᠯᠡᠯ ᠣᠯᠭᠤᠬᠤ》 《ᠣᠯᠠᠨ ᠦᠨᠡᠮᠯᠡᠯ᠎ᠢ ᠨᠡᠶ᠋ᠢᠯᠡᠭᠦᠯᠦᠨ ᠨᠢᠭᠡ ᠪᠣᠯᠭ᠋ᠠᠬᠤ》 ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠳᠠᠩᠰᠠᠯᠠᠭᠤᠯᠬᠤ ᠪᠣᠯᠭ᠋ᠠᠨ ᠬᠤᠪᠢᠷᠠᠭᠤᠯᠤᠭᠰᠠᠨ ᠵᠦᠢ᠍ᠯ᠎ᠢ ᠵᠢ 《ᠣᠯᠠᠨ ᠦᠨᠡᠮᠯᠡᠯ᠎ᠢ ᠨᠡᠶ᠋ᠢᠯᠡᠭᠦᠯᠦᠨ ᠨᠢᠭᠡ ᠪᠣᠯᠭ᠋ᠠᠬᠤ》 ᠬᠡᠪᠴᠢᠶᠡᠨ᠎ᠳᠤ ᠣᠷᠣᠭᠤᠯᠵᠤ᠂ ᠦᠯᠡᠳᠡᠭᠡᠭᠰᠡᠨ ᠪᠦᠷᠢᠳᠬᠡᠨ ᠳᠠᠩᠰᠠᠯᠠᠭᠤᠯᠬᠤ ᠵᠢᠨ ᠡᠮᠦᠨᠡᠬᠢ ᠵᠥᠪᠰᠢᠶᠡᠷᠡᠯ᠎ᠢ ᠬᠤᠶ᠋ᠢᠨᠠᠬᠢ ᠵᠥᠪᠰᠢᠶᠡᠷᠡᠯ ᠪᠣᠯᠭ᠋ᠠᠨ ᠬᠤᠪᠢᠷᠠᠭᠤᠯᠬᠤ ᠵᠢ ᠰᠦᠪᠡᠭᠴᠢᠯᠡᠨ᠎ᠡ᠃
      ᠭᠤᠷᠪᠠ᠎ᠳᠤ᠂ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠤᠯᠪᠣᠭᠳᠠᠭᠰᠠᠨ ᠮᠡᠳᠡᠭᠡ ᠵᠠᠩᠭᠢ ᠵᠢ ᠴᠤᠭᠯᠠᠭᠤᠯᠵᠤ ᠬᠠᠮᠲᠤ᠎ᠳᠤ᠎ᠪᠠᠨ ᠬᠦᠷᠲᠡᠬᠦ ᠵᠢ ᠴᠢᠩᠭ᠋ᠠᠳᠬᠠᠨ᠎ᠠ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠤᠭᠤᠷᠣᠨᠳᠣᠬᠢ ᠮᠡᠳᠡᠭᠡ ᠵᠠᠩᠭᠢ ᠵᠢᠨ ᠪᠠᠬᠢᠯᠡᠯᠲᠡ ᠵᠢ ᠬᠦᠴᠦᠯᠡᠨ ᠨᠡᠪᠲᠡᠷᠡᠭᠦᠯᠵᠦ᠂ ᠬᠠᠮᠲᠤ᠎ᠳᠤ᠎ᠪᠠᠨ ᠬᠦᠷᠲᠡᠬᠦ᠎ᠪᠠᠷ ᠳᠡᠮᠵᠢᠨ ᠣᠯᠵᠤ ᠪᠣᠯᠬᠤ ᠮᠡᠳᠡᠭᠡ ᠵᠠᠩᠭᠢ ᠵᠢ ᠠᠵᠤ ᠠᠬᠤᠶ᠋ᠢᠯᠠᠯ ᠵᠶ᠋ᠠᠷ ᠬᠠᠩᠭ᠋ᠠᠯᠭ᠋ᠠᠬᠤ᠎ᠪᠠᠷ ᠳᠠᠭᠢᠵᠤ ᠱᠠᠭ᠋ᠠᠷᠳᠠᠵᠤ ᠪᠣᠯᠬᠤ ᠥᠬᠡᠶ᠂ ᠬᠠᠮᠢᠶ᠎ᠠ ᠪᠥᠬᠦᠶ ᠮᠠᠲ᠋ᠧᠷᠢᠶᠠᠯ᠎ᠢ ᠳᠠᠪᠬᠤᠷᠳᠠᠭᠤᠯᠤᠨ ᠲᠤᠰᠢᠶᠠᠬᠤ ᠵᠢ ᠪᠠᠭ᠋ᠠᠰᠬᠠᠨ᠎ᠠ᠃
      ᠳᠥᠷᠪᠡ᠎ᠳᠤ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠤᠯᠪᠣᠭᠳᠠᠬᠤ ᠵᠥᠪᠰᠢᠶᠡᠷᠡᠯ᠎ᠤᠨ ᠵᠦᠢ᠍ᠯᠡᠰ᠎ᠢ ᠭᠤᠶᠤᠴᠢᠯᠠᠬᠤ᠂ ᠭᠥᠯᠢᠶᠡᠨ ᠠᠪᠴᠤ ᠭᠦᠢ᠍ᠴᠡᠳᠬᠡᠬᠦ᠂ ᠬᠢᠨᠠᠨ ᠬᠠᠷᠭᠤᠭᠤᠯᠬᠤ᠂ ᠦᠨᠡᠮᠯᠡᠯ ᠣᠯᠭᠤᠬᠤ ᠪᠥᠬᠦ ᠶᠠᠪᠤᠴᠠ᠎ᠳᠤ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》᠂ 《ᠨᠢᠭᠡ ᠯᠠ ᠤᠳᠠᠭ᠎ᠠ ᠭᠦᠶᠦᠬᠦ》᠂ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠲᠦᠷᠭᠡᠳᠬᠡᠨ ᠠᠬᠢᠭᠤᠯᠵᠤ᠂ ᠭᠦᠢ᠍ᠴᠡᠳᠬᠡᠬᠦ ᠶᠠᠪᠤᠴᠠ ᠵᠢ ᠳᠥᠭᠦᠮᠴᠢᠯᠡᠨ᠂ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ ᠪᠣᠭᠤᠨᠢᠰᠬᠠᠨ᠎ᠠ᠃
      ᠲᠠᠪᠤ᠎ᠳᠤ᠂ ᠡᠯᠸᠺᠲᠷᠤᠨ ᠬᠡᠷᠡᠴᠢ ᠦᠨᠡᠮᠯᠡᠯ᠎ᠢ ᠴᠤᠭᠯᠠᠭᠤᠯᠤᠨ ᠬᠡᠷᠡᠭᠯᠡᠬᠦ ᠵᠢ ᠠᠬᠢᠭᠤᠯᠤᠨ᠎ᠠ᠃ 2022 ᠣᠨ᠎ᠤ ᠵᠢᠯ᠎ᠤᠨ ᠡᠴᠦᠰ᠎ᠠᠴᠠ ᠡᠮᠦᠨ᠎ᠡ ᠠᠵᠤ ᠠᠬᠤᠶ᠋ᠢᠯᠠᠯ᠎ᠳᠤ ᠬᠤᠯᠪᠣᠭᠳᠠᠬᠤ ᠦᠨᠡᠮᠯᠡᠯ᠎ᠢ ᠡᠯᠸᠺᠲᠷᠤᠨᠴᠢᠯᠡᠬᠦ ᠵᠢ ᠪᠥᠬᠦ ᠲᠠᠯ᠎ᠠ᠎ᠪᠠᠷ ᠪᠡᠶᠡᠯᠡᠭᠦᠯᠵᠦ᠂ ᠠᠵᠤ ᠠᠬᠤᠶ᠋ᠢᠯᠠᠯ᠎ᠳᠤ ᠬᠤᠯᠪᠣᠭᠳᠠᠬᠤ ᠡᠯᠸᠺᠲᠷᠤᠨ ᠦᠨᠡᠮᠯᠡᠯ᠎ᠢ 《ᠭᠤᠷᠪᠠᠨ ᠲᠠᠪᠴᠠᠩ》 (ᠪᠥᠬᠦ ᠣᠷᠣᠨ᠎ᠤ ᠨᠢᠭᠡ ᠴᠤᠭᠴᠠᠵᠢᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ ᠥᠪᠡᠷᠲᠡᠭᠡᠨ ᠵᠠᠰᠠᠬᠤ ᠣᠷᠣᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠠᠪᠴᠠᠩ᠂ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠰᠢᠰᠲ᠋ᠧᠮ (ᠥᠪᠥᠷ ᠮᠣᠩᠭᠤᠯ))᠎ᠳᠤ ᠴᠤᠭᠯᠠᠭᠤᠯᠵᠤ᠂ ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠯᠴᠡᠭᠦᠯᠦᠨ᠎ᠡ᠃ ᠡᠯᠸᠺᠲᠷᠤᠨ ᠦᠨᠡᠮᠯᠡᠯ ᠵᠶ᠋ᠠᠷ ᠳᠠᠮᠵᠢᠭᠤᠯᠤᠨ ᠣᠯᠵᠤ ᠪᠣᠯᠬᠤ ᠮᠡᠳᠡᠭᠡ ᠵᠠᠩᠭᠢ ᠪᠦᠬᠦᠨ᠎ᠢ ᠴᠥᠮ ᠠᠵᠤ ᠠᠬᠤᠶ᠋ᠢᠯᠠᠯ ᠵᠶ᠋ᠠᠷ ᠵᠣᠬᠢᠬᠤ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠬᠤ ᠦᠭᠡᠢ᠃
      ᠵᠢᠷᠭᠤᠭ᠎ᠠ᠎ᠳᠤ᠂ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠤᠯᠪᠣᠭᠳᠠᠭᠰᠠᠨ ᠰᠢᠮᠳᠠᠭᠤᠯᠤᠨ ᠰᠢᠢ᠍ᠳᠪᠦᠷᠢᠯᠡᠭᠦᠯᠬᠦ ᠬᠠᠷᠢᠭᠤᠴᠠᠯᠭ᠎ᠠ ᠲᠤᠯᠭ᠋ᠠᠬᠤ ᠲᠣᠭᠲᠠᠴᠠ ᠵᠢ ᠴᠢᠩᠭ᠋ᠠᠳᠬᠠᠨ᠎ᠠ᠃ ᠥᠭᠡᠷᠡᠴᠢᠯᠡᠯᠲᠡ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠰᠢᠮᠳᠠᠭᠤᠯᠤᠨ ᠵᠢᠯᠤᠭᠤᠳᠤᠨ᠎ᠠ᠂ ᠬᠢᠨᠠᠨ ᠵᠥᠪᠰᠢᠶᠡᠷᠡᠬᠦ ᠪᠠᠷᠢᠮᠵᠢᠶ᠎ᠠ ᠵᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠵᠦᠢ᠍ᠯᠡᠰ᠎ᠢ ᠳᠤᠷ᠎ᠠ᠎ᠪᠠᠷ ᠵᠶ᠋ᠠᠨ ᠨᠡᠮᠡᠭᠳᠡᠭᠦᠯᠵᠦ᠂ ᠠᠵᠤ ᠠᠬᠤᠶ᠋ᠢᠯᠠᠯ᠎ᠤᠨ ᠣᠨᠴᠠᠭ᠋ᠠᠢ ᠠᠵᠢᠯ ᠲᠥᠷᠥᠯ᠎ᠳᠤ ᠣᠷᠣᠵᠤ ᠡᠵᠡᠩᠨᠡᠯᠲᠡ ᠥᠷᠨᠢᠭᠦᠯᠬᠦ ᠬᠢᠨᠠᠨ ᠵᠥᠪᠰᠢᠶᠡᠷᠡᠯ᠎ᠤᠨ ᠬᠡᠯᠪᠡᠷᠢ ᠵᠢ᠎ᠨᠢ ᠥᠭᠡᠷᠡᠲᠦᠭᠦᠯᠦᠨ ᠬᠡᠷᠡᠭᠵᠢᠭᠦᠯᠵᠦ ᠬᠢᠵᠠᠭ᠋ᠠᠷᠯᠠᠬᠤ᠂ ᠵᠠᠬ᠎ᠠ ᠳᠡᠯᠭᠡᠭᠦᠷ᠎ᠢ ᠰᠠᠯᠭ᠋ᠠᠭᠰᠠᠨ ᠪᠤᠶᠤ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠦᠨᠳᠦᠷᠡᠭᠦᠯᠦᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠰᠢᠮᠳᠠᠭᠤᠯᠤᠨ ᠪᠠᠶ᠋ᠢᠴᠠᠭ᠋ᠠᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠵᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭ᠎ᠠ ᠵᠢ ᠨᠡᠬᠡᠮᠵᠢᠯᠡᠵᠦ᠂ ᠥᠭᠡᠷᠡᠴᠢᠯᠡᠯᠲᠡ ᠵᠢᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠨ᠎ᠠ᠃
      ᠲᠠᠪᠤ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠬᠡᠷᠬᠢᠨ ᠴᠢᠩᠭ᠋ᠠᠳᠬᠠᠬᠤ ᠪᠤᠢ
     《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢᠨ ᠭᠤᠣᠯ ᠡᠭᠦᠷᠭᠡ ᠪᠣᠯ ᠳᠠᠷᠤᠶ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠶᠠᠪᠤᠳᠠᠯ ᠪᠣᠯᠤᠨ᠎ᠠ᠂ 《ᠬᠡᠨ ᠬᠢᠨᠠᠨ ᠵᠥᠪᠰᠢᠶᠡᠷᠡᠪᠡᠯ ᠬᠡᠨ ᠬᠢᠨᠠᠨ ᠬᠠᠮᠢᠶᠠᠷᠬᠤ᠂ ᠬᠡᠨ ᠭᠤᠤᠯᠯᠠᠨ ᠬᠠᠮᠢᠶᠠᠷᠪᠠᠯ ᠬᠡᠨ ᠬᠢᠨᠠᠨ ᠬᠠᠮᠢᠶᠠᠷᠬᠤ》 ᠵᠠᠷᠴᠢᠮ ᠶᠣᠰᠣᠭ᠋ᠠᠷ᠂ 《ᠬᠡᠷᠡᠭᠵᠢᠭᠦᠯᠬᠦ ᠲᠥᠰᠦᠯ》᠎ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠬᠢᠨᠠᠨ ᠬᠠᠮᠢᠶᠠᠷᠬᠤ ᠲᠦᠷᠢᠮ᠎ᠢ ᠲᠡᠭᠦᠯᠳᠡᠷᠵᠢᠭᠦᠯᠪᠡ᠃ ᠠᠵᠢᠯ ᠲᠥᠷᠥᠯ᠎ᠤᠨ ᠣᠨᠴᠠᠯᠢᠭ᠎ᠢ ᠦᠨᠳᠦᠰᠦᠯᠡᠨ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠪᠠ 《ᠬᠤᠶᠠᠷ᠎ᠢ ᠲᠠᠰᠢᠷᠠᠮ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠡᠷᠭᠡ ᠣᠯᠠᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠢ ᠲᠣᠭᠲᠠᠭ᠋ᠠᠪᠠ᠃ 《ᠬᠢᠨᠠᠨ ᠵᠥᠪᠰᠢᠶᠡᠷᠡᠬᠦ ᠵᠢ ᠴᠢᠬᠤᠯᠠᠴᠢᠯᠠᠵᠤ ᠬᠢᠨᠠᠨ ᠬᠠᠮᠢᠶᠠᠷᠬᠤ ᠵᠢ ᠬᠥᠩᠭᠡᠪᠴᠢᠯᠡᠬᠦ》 ᠤᠯᠠᠮᠵᠢᠯᠠᠯᠲᠤ ᠬᠠᠮᠢᠶᠠᠷᠤᠯᠲᠠ ᠵᠢᠨ ᠵᠠᠭᠪᠤᠷ᠎ᠢ ᠬᠦᠴᠦᠯᠡᠨ ᠬᠤᠪᠢᠷᠠᠭᠤᠯᠵᠤ᠂ ᠢᠳᠡᠭ ᠢᠳᠡᠭ ᠵᠶ᠋ᠠᠷ 《ᠬᠢᠨᠠᠨ ᠵᠥᠪᠰᠢᠶᠡᠷᠡᠬᠦ ᠵᠢ ᠬᠥᠩᠭᠡᠪᠴᠢᠯᠡᠵᠦ ᠬᠢᠨᠠᠨ ᠬᠠᠮᠢᠶᠠᠷᠬᠤ ᠵᠢ ᠴᠢᠬᠤᠯᠠᠴᠢᠯᠠᠬᠤ》 ᠪᠣᠯᠭ᠋ᠠᠨ ᠬᠤᠪᠢᠷᠠᠭᠤᠯᠵᠤ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃
      ᠵᠢᠷᠭᠤᠭ᠎ᠠ᠂ ᠦᠨᠡᠮᠯᠡᠯ ᠪᠠ ᠭᠡᠷᠡᠴᠢ ᠵᠢ ᠰᠠᠯᠭ᠋ᠠᠬᠤ ᠥᠭᠡᠷᠡᠴᠢᠯᠡᠯᠲᠡ ᠵᠢ ᠬᠡᠷᠬᠢᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠪᠣᠶ
      ᠨᠢᠭᠡ᠎ᠳᠤ᠂ ᠲᠦᠷᠢᠮ᠎ᠤᠨ ᠪᠠᠲᠤᠯᠠᠭ᠎ᠠ ᠵᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ ᠠᠵᠢᠯ᠎ᠤᠨ ᠲᠣᠭᠲᠠᠴᠠ ᠪᠠᠶ᠋ᠢᠭᠤᠯᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ ᠵᠢ ᠠᠬᠢᠭᠤᠯᠬᠤ ᠪᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠵᠣᠬᠢᠴᠠᠭᠤᠯᠬᠤ ᠳᠤᠭᠤᠶ᠋ᠢᠯᠠᠩ᠎ᠤᠨ ᠨᠡᠷ᠎ᠡ ᠳᠣᠤᠷ᠎ᠠ 《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢᠨ ᠳᠤᠭᠤᠶ᠋ᠢᠯᠠᠩ᠎ᠢ ᠨᠡᠮᠡᠵᠦ ᠪᠠᠶ᠋ᠢᠭᠤᠯᠬᠤ ᠵᠢ ᠱᠠᠭ᠋ᠠᠷᠳᠠᠨ᠎ᠠ᠃ ᠡᠭᠦᠨ᠎ᠤ ᠬᠠᠮᠲᠤ᠂ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠤᠳ ᠪᠥᠬᠦ ᠣᠷᠣᠨ᠎ᠤ ᠬᠡᠪᠴᠢᠶᠡᠨ᠎ᠳᠤ ᠬᠡᠷᠡᠭᠵᠢᠭᠦᠯᠦᠭᠰᠡᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠲᠠᠢ ᠤᠶᠠᠯᠳᠤᠨ᠂ ᠥᠭᠡᠷᠡᠴᠢᠯᠡᠯᠲᠡ ᠵᠢᠨ ᠱᠠᠭ᠋ᠠᠷᠳᠠᠯᠭ᠎ᠠ᠎ᠲᠠᠢ ᠵᠣᠬᠢᠴᠠᠭᠰᠠᠨ ᠬᠠᠤᠯᠢ ᠲᠦᠷᠢᠮ᠎ᠤᠨ ᠪᠠᠲᠤᠯᠠᠭ᠎ᠠ ᠵᠢᠨ ᠲᠦᠷᠢᠮ᠎ᠢ ᠪᠠᠶ᠋ᠢᠭᠤᠯᠵᠤ᠂ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠣᠭᠲᠠᠭ᠋ᠠᠬᠤ᠂ ᠵᠠᠰᠠᠬᠤ᠂ ᠬᠦᠴᠦᠨ ᠥᠬᠡᠶ ᠪᠣᠯᠭ᠋ᠠᠬᠤ ᠠᠵᠢᠯ᠎ᠢ ᠲᠦᠷᠭᠡᠬᠡᠨ ᠡᠬᠢᠯᠡᠭᠦᠯᠬᠦ ᠬᠡᠷᠡᠭᠲᠡᠢ᠃
      ᠬᠤᠶᠠᠷ᠎ᠲᠤ᠂ ᠠᠷᠭ᠎ᠠ ᠬᠡᠮᠵᠢᠶ᠎ᠡ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠥᠪ᠎ᠠᠴᠠ ᠲᠣᠭᠲᠠᠭ᠋ᠠᠭᠰᠠᠨ ᠪᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠲᠠᠯ᠎ᠠ᠎ᠠᠴᠠ ᠲᠣᠭᠲᠠᠭ᠋ᠠᠭᠰᠠᠨ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠤᠯᠪᠣᠭᠳᠠᠬᠤ ᠵᠥᠪᠰᠢᠶᠡᠷᠡᠯ᠎ᠤᠨ ᠵᠦᠢ᠍ᠯᠡᠰ᠎ᠲᠤ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠠ ᠪᠣᠳᠠᠲᠠᠶ ᠠᠷᠭ᠎ᠠ ᠵᠢ ᠵᠦᠢ᠍ᠯ ᠳᠠᠷᠠᠭ᠋ᠠᠯᠠᠨ ᠨᠠᠷᠢᠯᠢᠬ᠍ᠵᠢᠭᠤᠯᠵᠤ᠂ ᠲᠣᠭᠲᠠᠭ᠋ᠠᠭᠰᠠᠨ ᠨᠠᠷᠢᠯᠢᠭ ᠲᠥᠰᠥᠯ ᠵᠶ᠋ᠠᠨ 2021 ᠣᠨ᠎ᠤ 7 ᠳ᠋ᠤᠭ᠋ᠠᠷ ᠰᠠᠷ᠎ᠠ ᠵᠢᠨ ᠡᠴᠦᠰ᠎ᠠᠴᠠ ᠡᠮᠦᠨ᠎ᠡ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ ᠭᠡᠵᠦ ᠱᠠᠭ᠋ᠠᠷᠳᠠᠪᠠ᠃
      ᠭᠤᠷᠪᠠ᠎ᠳᠤ᠂ ᠤᠬᠠᠭᠤᠯᠭ᠎ᠠ ᠵᠢᠨ ᠪᠠᠲᠤᠯᠠᠭ᠎ᠠ ᠵᠢ ᠰᠠᠶ᠋ᠢᠲᠤᠷ ᠬᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢᠨ ᠪᠣᠯᠪᠠᠰᠤᠷᠠᠭᠤᠯᠤᠯ ᠪᠠ ᠤᠬᠠᠭᠤᠯᠭ᠎ᠠ ᠲᠠᠶ᠋ᠢᠯᠤᠮᠵᠢ ᠵᠢ ᠰᠠᠶ᠋ᠢᠲᠤᠷ ᠬᠢᠵᠦ᠂ ᠨᠡᠩ ᠣᠯᠠᠨ ᠠᠵᠤ ᠠᠬᠤᠶ᠋ᠢᠯᠠᠯ᠎ᠳᠤ ᠥᠭᠡᠷᠡᠴᠢᠯᠡᠯᠲᠡ ᠵᠢ ᠣᠶ᠋ᠢᠯᠠᠭ᠋ᠠᠭᠤᠯᠵᠤ᠂ ᠥᠭᠡᠷᠡᠴᠢᠯᠡᠯᠲᠡ᠎ᠳᠤ ᠣᠷᠣᠯᠴᠠᠭᠤᠯᠵᠤ᠂ ᠥᠭᠡᠷᠡᠴᠢᠯᠡᠯᠲᠡ ᠵᠢ ᠬᠠᠮᠲᠤ᠎ᠪᠠᠷ ᠠᠬᠢᠭᠤᠯᠵᠤ᠂ ᠥᠭᠡᠷᠡᠴᠢᠯᠡᠯᠲᠡ ᠵᠢᠨ ᠠᠰᠢᠭ᠎ᠢ ᠭᠦᠢ᠍ᠴᠡᠳ ᠡᠳ᠋ᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃

   

ᠢᠷᠡᠯᠲᠡ᠄ ᠥᠪᠥᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
《ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ 〈ᠴᠠᠬᠢᠯᠳᠠᠭ ᠲᠥᠯᠥᠪᠯᠡᠭᠡ〉 ᠵᠢ ᠬᠡᠷᠡᠭᠵᠢᠭᠦᠯᠬᠦ ᠲᠤᠬᠠᠶ ᠮᠡᠳᠡᠭᠳᠡᠯ》᠎ᠤᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠵᠢᠨ ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠵᠢᠯᠣᠭᠤᠳᠤᠮᠵᠢ (ᠲᠤᠷᠰᠢᠨ ᠬᠡᠷᠡᠭᠵᠢᠭᠦᠯᠬᠦ)》 ᠵᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠣᠲᠣ ᠦᠶ᠎ᠡ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠵᠢ ᠵᠢ ᠪᠠᠶ᠋ᠢᠭᠤᠯᠬᠤ ᠲᠤᠬᠠᠶ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠤᠳᠤᠯᠭ᠎ᠠ ᠵᠢᠨ ᠲᠠᠢ᠌ᠯᠤᠮᠵᠢ ᠵᠢᠨ ᠰᠤᠨᠢᠨ ᠮᠡᠳᠡᠭᠡ ᠨᠡᠢ᠌ᠳᠡᠯᠡᠬᠦ ᠬᠤᠷᠠᠯ ᠬᠤᠷᠠᠯᠳᠤᠭᠤᠯᠪᠠ
ᠶᠡᠷᠦᠩᠬᠡᠢ ᠱᠦᠵᠢ᠎ᠠᠴᠠ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠲᠤ ᠲᠠᠯᠪᠢᠭᠰᠠᠨ ᠬᠦᠰᠡᠯ ᠨᠠᠶ᠋ᠢᠳᠠᠯᠭ᠎ᠠ
 
             蒙ICP备05000248号