ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2021-08-20

      ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
      ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠲᠠᠷᠢᠶᠠᠨ ᠭᠠᠵᠠᠷ᠎ᠢ ᠬᠠᠮᠠᠭ᠋ᠠᠯᠠᠬᠤ ᠲᠤᠬᠠᠶ ᠰᠢᠷᠢᠰ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠲᠤᠳᠬᠠᠵᠤ᠂ ᠭᠠᠵᠠᠷ ᠰᠢᠷᠣᠶ ᠵᠢᠨ ᠨᠡᠶ᠋ᠢᠲᠡ ᠵᠢᠨ ᠥᠮᠴᠢᠯᠡᠯ᠎ᠤᠨ ᠰᠢᠨᠵᠢ ᠴᠢᠨᠠᠷ᠎ᠢ ᠬᠤᠪᠢᠷᠠᠭᠤᠯᠬᠤ ᠦᠭᠡᠶ᠂ ᠲᠠᠷᠢᠶᠠᠨ ᠭᠠᠵᠠᠷ᠎ᠤᠨ ᠬᠤᠷᠢᠭ᠎ᠠ ᠱᠤᠭᠤᠮ᠎ᠢ ᠳᠠᠪᠠᠭ᠍ᠤ ᠦᠭᠡᠶ᠂ ᠲᠠᠷᠢᠶᠠᠴᠢᠳ᠎ᠤᠨ ᠠᠰᠢᠭ ᠲᠤᠰᠠ᠎ᠳᠤ ᠬᠤᠬᠢᠷᠠᠯ ᠤᠴᠠᠷᠠᠭᠤᠯᠬᠤ ᠦᠭᠡᠶ ᠪᠠᠶ᠋ᠢᠬᠤ ᠭᠤᠷᠪᠠᠨ ᠬᠤᠷᠢᠭ᠎ᠠ ᠱᠤᠭᠤᠮ᠎ᠢ ᠪᠠᠲᠤ ᠰᠠᠬᠢᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢ   ᠰᠠᠶ᠋ᠢᠵᠢᠷᠠᠭᠤᠯᠵᠤ᠂ ᠠᠮᠤ ᠪᠤᠳᠠᠭ᠋ᠠᠨ᠎ᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠨ᠂ 《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠪᠠ ᠡᠵᠡᠯᠡᠬᠦ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠰᠠᠶ᠋ᠢᠵᠢᠷᠠᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠰᠠᠨᠠᠯ》 (ᠲᠥᠪ ᠲᠠᠷᠬᠠᠭ᠋ᠠᠭᠰᠠᠨ [2017] 4 ᠳ᠋ᠦ᠍ᠭᠡᠷ ᠲᠣᠭ᠋ᠠᠲᠤ)᠂ 《ᠲᠠᠷᠢᠶᠠᠨ ᠭᠠᠵᠠᠷ᠎ᠤᠨ 〈ᠲᠠᠷᠢᠶᠠᠯᠠᠩ᠎ᠤᠨ ᠪᠤᠰᠤ ᠪᠣᠯᠭ᠋ᠠᠬᠤ〉 ᠠᠵᠢᠯᠯᠠᠭ᠎ᠠ ᠵᠢ ᠡᠷᠡᠰ ᠬᠤᠷᠢᠭᠯᠠᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠡᠭᠦᠳᠦᠯᠲᠡ ᠴᠠᠬᠢᠯᠭ᠋ᠠᠨ [2020] 24 ᠳ᠋ᠦ᠍ᠭᠡᠷ ᠲᠣᠭ᠋ᠠᠲᠤ)᠂ 《ᠲᠠᠷᠢᠶᠠᠨ ᠭᠠᠵᠠᠷ᠎ᠤᠨ 〈ᠠᠮᠤ ᠪᠤᠳᠠᠭ᠋ᠠᠨ᠎ᠤ ᠪᠤᠰᠤ ᠪᠣᠯᠭ᠋ᠠᠬᠤ〉 ᠵᠢ ᠰᠡᠷᠭᠡᠶ᠋ᠢᠯᠡᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠲᠣᠭᠲᠠᠪᠤᠷᠢᠵᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2020] 44 ᠳ᠋ᠦ᠍ᠭᠡᠷ ᠲᠣᠭ᠋ᠠᠲᠤ)᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠬᠤᠷᠢᠭ᠎ᠠ ᠱᠤᠭᠤᠮ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠴᠢᠩᠭ᠎ᠠ ᠰᠠᠬᠢᠬᠤ ᠵᠢ ᠦᠨᠡᠨ ᠬᠦ᠌ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ 《ᠭᠤᠷᠪᠠ ᠵᠢ ᠨᠢᠭᠡ ᠴᠣᠭᠴᠠᠵᠢᠭᠤᠯᠬᠤ》 ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠤᠷᠢᠭᠯᠠᠨ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠨ᠂ ᠬᠠᠮᠠᠭ᠋ᠠᠯᠠᠯᠲᠠ᠎ᠨᠢ ᠨᠠᠩ ᠬᠦᠴᠦᠲᠡᠶ᠂ ᠬᠡᠷᠡᠭᠵᠢᠭᠦᠯᠦᠯᠲᠡ᠎ᠨᠢ ᠨᠠᠩ ᠤᠷᠤᠭᠰᠢᠲᠠᠶ᠂ ᠬᠠᠮᠢᠶᠠᠷᠤᠯᠲᠠ᠎ᠨᠢ ᠨᠠᠩ ᠥᠨᠳᠥᠷ ᠦᠷ᠎ᠡ ᠪᠦᠲᠦᠮᠵᠢᠲᠡᠶ ᠲᠠᠷᠢᠶᠠᠨ ᠭᠠᠵᠠᠷ᠎ᠢ ᠬᠠᠮᠠᠭ᠋ᠠᠯᠠᠬᠤ ᠰᠢᠨ᠎ᠡ ᠪᠠᠶ᠋ᠢᠷᠢᠰᠢᠯ᠎ᠢ ᠪᠣᠶ ᠪᠣᠯᠭ᠋ᠠᠬᠤ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠲᠣᠭᠲᠠᠭ᠋ᠠᠨ ᠨᠡᠶ᠋ᠢᠲᠡᠯᠡᠪᠡ᠃
    ᠬᠤᠶᠠᠷ᠂ ᠰᠠᠨᠠᠯ᠎ᠤᠨ ᠭᠤᠣᠯ ᠠᠭᠤᠯᠭ᠎ᠠ
     《ᠰᠠᠨᠠᠯ》᠎ᠤᠨ ᠭᠤᠤᠯ ᠠᠭᠤᠯᠭ᠎ᠠ᠎ᠳᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠬᠤ᠂ ᠪᠥᠲᠥᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ᠎ᠢ ᠴᠢᠩᠭ᠎ᠠ ᠡᠵᠡᠮᠳᠡᠬᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢ ᠴᠢᠩᠭ᠋ᠠᠳᠬᠠᠬᠤ᠂ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠳᠠᠯᠠᠬᠤ ᠵᠡᠷᠭᠡ 4 ᠶᠡᠭᠡ ᠬᠡᠰᠡᠭ᠎ᠢ ᠪᠠᠭᠲᠠᠭ᠋ᠠᠵᠤ᠂ ᠭᠤᠤᠯᠳᠠᠭᠤ 8 ᠲᠠᠯ᠎ᠠ᠎ᠪᠠᠷ ᠢᠯᠡᠷᠡᠵᠦ ᠪᠠᠶ᠋ᠢᠨ᠎ᠠ᠄
     (ᠨᠢᠭᠡ) ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠬᠤ ᠲᠠᠯ᠎ᠠ᠎ᠪᠠᠷ᠂ 5 ᠵᠦᠢ᠍ᠯ᠎ᠤᠨ ᠪᠣᠳᠠᠲᠠᠶ ᠱᠠᠭ᠋ᠠᠷᠳᠠᠯᠭ᠎ᠠ ᠵᠢ ᠭᠤᠤᠯᠳᠠᠯᠭ᠎ᠠ᠎ᠲᠠᠢ ᠳᠤᠷᠠᠳᠪᠠ᠄ ᠨᠢᠭᠡ᠎ᠳᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠭᠤᠣᠯ ᠴᠣᠭᠴᠠ ᠵᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ) ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠲᠠᠷᠢᠶᠠᠨ ᠭᠠᠵᠠᠷ᠎ᠢ ᠬᠠᠮᠠᠭ᠋ᠠᠯᠠᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠲᠣᠰ ᠭᠠᠵᠠᠷ ᠣᠷᠣᠨ᠎ᠤ᠎ᠪᠠᠨ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠬᠠᠷᠠᠯᠲᠠ ᠵᠢ ᠪᠣᠳᠠᠲᠠᠶ᠎ᠪᠠᠷ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃ ᠬᠤᠶᠠᠷ᠎ᠲᠤ᠂ ᠰᠠᠯᠠᠭ᠎ᠠ ᠮᠥᠴᠢᠷ᠎ᠤᠳ᠎ᠤᠨ ᠬᠠᠮᠵᠢᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠶᠣᠰᠣᠭ᠋ᠠᠷ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠶ᠃ ᠭᠤᠷᠪᠠ᠎ᠳᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠬᠠᠷᠠᠯᠲᠠ ᠵᠢ ᠰᠢᠯᠭ᠋ᠠᠨ ᠬᠢᠨᠠᠬᠤ ᠲᠦᠷᠢᠮ᠎ᠢ ᠲᠡᠭᠦᠯᠳᠡᠷᠵᠢᠭᠦᠯᠵᠦ᠂ 《ᠲᠠᠷᠢᠶᠠᠨ ᠳᠠᠷᠤᠭ᠎ᠠ ᠵᠢᠨ ᠲᠦᠷᠢᠮ》᠎ᠢ ᠰᠦᠪᠡᠭᠴᠢᠯᠡᠨ ᠪᠠᠶ᠋ᠢᠭᠤᠯᠵᠤ᠂ ᠬᠤᠰᠢᠭᠤ ᠰᠢᠶᠠᠨ᠂ ᠰᠢᠶᠠᠩ ᠪᠠᠯᠭ᠋ᠠᠰᠤ᠂ ᠲᠣᠰᠬᠤᠨ ᠭᠠᠴᠠᠭ᠎ᠠ ᠭᠤᠷᠪᠠᠨ ᠱᠠᠲᠤ᠎ᠪᠠᠷ ᠬᠤᠯᠪᠣᠭ᠋ᠠᠯᠠᠨ ᠬᠥᠳᠡᠯᠦᠯᠴᠡᠵᠦ ᠪᠦᠬᠦᠨ᠎ᠢ ᠬᠠᠮᠤᠷᠤᠭᠰᠠᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠶ᠃ ᠳᠥᠷᠪᠡ᠎ᠳᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠢᠯᠡᠷᠡᠭᠦᠯᠬᠦ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠰᠢᠨ᠎ᠡ ᠪᠠᠶ᠋ᠢᠳᠠᠯ᠂ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠪᠥᠬᠦ ᠶᠠᠪᠤᠴᠠ᠎ᠳᠤ ᠬᠢᠨᠠᠨ ᠬᠠᠮᠢᠶᠠᠷᠬᠤ᠂ ᠴᠠᠭ ᠲᠤᠬᠠᠶ᠎ᠳᠤ᠎ᠨᠢ ᠢᠯᠡᠷᠡᠭᠦᠯᠬᠦ᠂ ᠲᠦᠷᠭᠡᠨ ᠰᠢᠢ᠍ᠳᠪᠦᠷᠢᠯᠡᠬᠦ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠰᠢᠨ᠎ᠡ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠲᠠᠪᠤ᠎ᠳᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠤᠨ᠂ ᠬᠤᠰᠢᠭᠤ ᠰᠢᠶᠠᠨ (ᠬᠤᠲᠠ᠂ ᠲᠣᠭᠤᠷᠢᠭ)᠂ ᠰᠢᠶᠠᠩ ᠪᠠᠯᠭ᠋ᠠᠰᠤ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠬᠦ ᠵᠢ ᠬᠠᠷᠢᠭᠤᠴᠠᠬᠤ ᠪᠠᠶ᠋ᠢᠭᠤᠯᠤᠮᠵᠢ ᠪᠣᠯ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠤᠯ ᠴᠣᠭᠴᠠ   ᠪᠠᠶ᠋ᠢᠵᠤ᠂ ᠲᠠᠷᠢᠶᠠᠨ ᠭᠠᠵᠠᠷ᠎ᠢ ᠡᠪᠳᠡᠵᠦ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠥᠨᠳᠥᠷ ᠳᠠᠷᠤᠯᠲᠠᠲᠤ ᠰᠦᠷᠳᠡᠭᠦᠯᠦᠯ᠎ᠤᠨ ᠪᠠᠶ᠋ᠢᠳᠠᠯ᠎ᠢ ᠪᠣᠶ ᠪᠣᠯᠭ᠋ᠠᠬᠤ ᠬᠡᠷᠡᠭᠲᠡᠶ᠃
     (ᠬᠤᠶᠠᠷ) ᠲᠠᠷᠢᠶᠠᠨ ᠭᠠᠵᠠᠷ᠎ᠤᠨ ᠲᠥᠯᠥᠪᠵᠢᠭᠦᠯᠭᠡ ᠪᠠ ᠬᠡᠷᠡᠭᠯᠡᠯᠲᠡ ᠵᠢ ᠬᠠᠮᠢᠶᠠᠷᠤᠨ ᠡᠵᠡᠮᠳᠡᠬᠦ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠪᠦᠳᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ᠎ᠢ ᠴᠢᠩᠭ᠎ᠠ ᠡᠵᠡᠮᠳᠡᠬᠦ ᠲᠠᠯ᠎ᠠ᠎ᠪᠠᠷ ᠬᠤᠶᠠᠷ ᠵᠦᠢ᠍ᠯ᠎ᠤᠨ ᠱᠠᠭ᠋ᠠᠷᠳᠠᠯᠭ᠎ᠠ ᠵᠢ ᠴᠢᠬᠤᠯᠠᠴᠢᠯᠠᠵᠠᠶ᠄ ᠨᠢᠭᠡ  ᠎ᠳᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠰᠠᠶ᠋ᠢᠲᠤᠷ ᠨᠠᠶ᠋ᠢᠷᠠᠭᠤᠯᠤᠨ ᠵᠣᠬᠢᠶᠠᠵᠤ᠂ ᠭᠠᠵᠠᠷ ᠰᠢᠷᠣᠶ ᠵᠢᠨ ᠬᠡᠷᠡᠭᠯᠡᠯᠲᠡ ᠵᠢ ᠵᠠᠬᠢᠷᠤᠨ ᠬᠢᠵᠠᠭ᠋ᠠᠷᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠬᠤᠷᠢᠭᠯᠠᠨ ᠵᠣᠭᠰᠣᠭ᠋ᠠᠬᠤ ᠲᠤᠬᠠᠶ ᠲᠥᠪ᠎ᠤᠨ ᠲᠣᠭᠲᠠᠭ᠋ᠠᠯ᠎ᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠨ᠎ᠡ᠃ ᠬᠤᠶᠠᠷ᠎ᠲᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠣᠨᠴᠠᠭ᠋ᠠᠶ ᠬᠠᠮᠠᠭ᠋ᠠᠯᠠᠯᠲᠠ ᠵᠢ ᠴᠢᠩᠭ᠋ᠠᠳᠬᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠤᠯᠢ ᠶᠣᠰᠣᠭ᠋ᠠᠷ ᠬᠤᠪᠢᠶᠠᠷᠢᠯᠠᠨ ᠲᠣᠭᠲᠠᠭ᠋ᠠᠭᠰᠠᠨ᠎ᠤ ᠲᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠳᠤᠷ᠎ᠠ᠎ᠪᠠᠷ ᠵᠶ᠋ᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠵᠢ᠎ᠨᠢ ᠬᠤᠪᠢᠷᠠᠭᠤᠯᠵᠤ ᠪᠣᠯᠬᠤ ᠦᠭᠡᠢ ᠭᠡᠵᠦ ᠱᠠᠭ᠋ᠠᠷᠳᠠᠵᠠᠶ᠃
     (ᠭᠤᠷᠪᠠ) ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠲᠠᠯ᠎ᠠ᠎ᠪᠠᠷ 3 ᠵᠦᠢ᠍ᠯ᠎ᠤᠨ ᠪᠣᠳᠠᠲᠠᠶ ᠱᠠᠭ᠋ᠠᠷᠳᠠᠯᠭ᠎ᠠ ᠳᠤᠷᠠᠳᠪᠠ᠄ ᠨᠢᠭᠡ  ᠎ᠳᠤ᠂ 《ᠬᠡᠷᠡᠭᠵᠢᠭᠦᠯᠬᠦ ᠰᠠᠨᠠᠯ》᠎ᠳᠤ ᠲᠠᠷᠢᠶᠠᠨ ᠭᠠᠵᠠᠷ᠎ᠢ ᠨᠥᠬᠦᠪᠥᠷᠢᠯᠡᠬᠦ᠎ᠳᠤ ᠲᠤᠭ᠎ᠠ ᠬᠡᠮᠵᠢᠶ᠎ᠡ ᠵᠢ ᠱᠠᠭ᠋ᠠᠷᠳᠠᠬᠤ᠎ᠪᠠᠷ ᠪᠠᠷᠠᠬᠤ ᠥᠬᠡᠶ᠂ ᠶᠠᠰᠤ ᠴᠢᠨᠠᠷ᠎ᠢ ᠨᠠᠩ ᠴᠢᠬᠤᠯᠠᠴᠢᠯᠠᠵᠤ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠎ᠳᠤ ᠮᠥᠨ ᠯᠠ 《ᠤᠷᠢᠳ ᠵᠶ᠋ᠠᠷ ᠨᠥᠬᠦᠪᠥᠷᠢᠯᠡᠵᠦ ᠳᠠᠷᠠᠭ᠎ᠠ᠎ᠨᠢ ᠡᠵᠡᠯᠡᠬᠦ᠂ ᠨᠢᠭᠡ ᠵᠢ ᠡᠵᠡᠯᠡᠪᠡᠯ ᠨᠢᠭᠡ ᠵᠢ ᠨᠥᠬᠦᠪᠥᠷᠢᠯᠡᠬᠦ᠂ ᠰᠢᠯᠢᠳᠡᠭ᠎ᠢ ᠡᠵᠡᠯᠡᠪᠡᠯ ᠰᠢᠯᠢᠳᠡᠭ᠎ᠢ ᠨᠥᠬᠦᠪᠥᠷᠢᠯᠡᠬᠦ᠂ ᠤᠰᠤᠨ ᠲᠠᠷᠢᠶ᠎ᠠ ᠵᠢ ᠡᠵᠡᠯᠡᠪᠡᠯ ᠤᠰᠤᠨ ᠲᠠᠷᠢᠶ᠎ᠠ ᠵᠢ ᠨᠥᠬᠦᠪᠥᠷᠢᠯᠡᠬᠦ》 ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠱᠠᠭ᠋ᠠᠷᠳᠠᠯᠭ᠎ᠠ ᠵᠢ ᠦᠨᠡᠨ ᠬᠦ᠌ ᠵᠢᠷᠤᠮᠯᠠᠬᠤ ᠬᠡᠷᠡᠭᠲᠡᠶ ᠭᠡᠵᠦ ᠱᠠᠭ᠋ᠠᠷᠳᠠᠪᠠ᠃ ᠬᠤᠶᠠᠷ᠎ᠲᠤ᠂ ᠦᠢ᠍ᠯᠡᠳᠪᠦᠷᠢ ᠠᠭᠤᠷᠬᠠᠶ ᠵᠢᠨ ᠬᠠᠶᠠᠭᠳᠠᠮᠠᠯ ᠭᠠᠵᠠᠷ᠎ᠢ ᠬᠡᠷᠡᠭᠯᠡᠬᠦ ᠪᠠ ᠬᠤᠲᠠ ᠬᠥᠳᠡᠭᠡ ᠵᠢᠨ ᠨᠡᠮᠡᠭᠳᠡᠯ ᠬᠠᠰᠤᠭᠳᠠᠯ᠎ᠲᠠᠢ ᠬᠤᠯᠪᠣᠭᠳᠠᠭᠤᠯᠤᠭᠰᠠᠨ ᠲᠠᠷᠢᠶᠠᠨ ᠭᠠᠵᠠᠷ᠎ᠤᠨ ᠭᠦᠢ᠍ᠴᠡᠳᠬᠡᠯ ᠲᠤᠭ᠎ᠠ ᠵᠢ ᠬᠡᠷᠡᠭᠯᠡᠬᠦ᠎ᠳᠤ᠂ ᠰᠡᠷᠭᠦᠭᠡᠨ ᠬᠠᠭ᠋ᠠᠯᠪᠤᠷᠢᠯᠠᠬᠤ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠭ᠎ᠠ ᠬᠤᠰᠢᠭᠤ ᠰᠢᠶᠠᠨ (ᠬᠤᠲᠠ᠂ ᠲᠣᠭᠤᠷᠢᠭ) ᠎ᠤ ᠠᠷᠠᠳ᠎ᠤᠨ ᠵᠠᠰᠠᠭ᠎ᠤᠨ ᠣᠷᠳᠣᠨ ᠡᠷᠬᠡᠪᠰᠢ ᠠᠮᠠᠯᠳᠠᠭᠰᠠᠨ ᠴᠠᠭ᠎ᠤᠨ ᠬᠢᠵᠠᠭ᠋ᠠᠷ ᠶᠣᠰᠣᠭ᠋ᠠᠷ ᠲᠠᠷᠢᠶᠠᠨ ᠭᠠᠵᠠᠷ᠎ᠢ ᠰᠡᠷᠭᠦᠭᠡᠨ ᠬᠠᠭ᠋ᠠᠯᠪᠤᠷᠢᠯᠠᠬᠤ ᠡᠭᠦᠷᠭᠡ ᠵᠢ ᠪᠡᠶᠡᠯᠡᠭᠦᠯᠬᠦ ᠬᠡᠷᠡᠭᠲᠡᠶ᠃ ᠭᠤᠷᠪᠠ᠎ᠳᠤ᠂ ᠡᠯ᠎ᠡ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠵᠠᠷ᠎ᠢ ᠰᠣᠩᠭᠤᠬᠤ᠎ᠳᠤ᠎ᠪᠠᠨ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠬᠡᠷᠬᠢᠨ ᠨᠠᠶ᠋ᠢᠳᠠᠪᠤᠷᠢᠵᠢᠭᠤᠯᠬᠤ ᠲᠤᠬᠠᠶ ᠦᠨᠳᠦᠰᠦᠯᠡᠯ ᠬᠠᠩᠭ᠋ᠠᠵᠤ᠂ ᠡᠯ᠎ᠡ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠡᠪ᠎ᠤᠨ ᠶᠣᠰᠣᠭ᠋ᠠᠷ ᠶᠠᠪᠤᠭᠳᠠᠬᠤ ᠵᠢ ᠪᠠᠲᠤᠯᠠᠭᠰᠠᠨ ᠪᠠᠶ᠋ᠢᠨ᠎ᠠ᠃
     (ᠳᠥᠷᠪᠡ) ᠠᠮᠢ ᠠᠬᠤᠶ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠲᠠᠷᠢᠶᠠᠨ ᠭᠠᠵᠠᠷ᠎ᠤᠨ ᠢᠷᠡᠯᠲᠡ ᠵᠢ ᠨᠥᠬᠦᠪᠥᠷᠢᠯᠡᠬᠦ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ᠂ ᠲᠠᠷᠢᠶᠠᠨ ᠭᠠᠵᠠᠷ᠎ᠤᠨ ᠢᠷᠡᠯᠲᠡ ᠵᠢ ᠨᠥᠬᠦᠪᠥᠷᠢᠯᠡᠬᠦ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠨᠠᠩ ᠴᠢᠩᠭ᠎ᠠ ᠪᠣᠯᠭ᠋ᠠᠵᠤ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠠᠮᠢ ᠠᠬᠤᠶ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠭᠰᠠᠨ ᠤᠷᠢᠲᠠᠯ ᠳᠣᠤᠷ᠎ᠠ᠂ ᠲᠠᠷᠢᠶᠠᠨ ᠭᠠᠵᠠᠷ᠎ᠢ ᠨᠥᠬᠦᠪᠥᠷᠢᠯᠡᠬᠦ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ ᠬᠡᠷᠡᠭᠲᠡᠶ; ᠬᠡᠰᠡᠭᠷᠡᠭᠰᠡᠨ ᠠᠰᠢᠭᠯᠠᠭ᠋ᠠᠳᠤᠶ ᠭᠠᠵᠠᠷ ᠰᠢᠷᠣᠶ ᠵᠢ ᠨᠡᠭᠡᠭᠡᠨ ᠠᠰᠢᠭᠯᠠᠬᠤ ᠵᠢ ᠴᠢᠩᠭ᠎ᠠ ᠬᠢᠵᠠᠭ᠋ᠠᠷᠯᠠᠵᠤ᠂ ᠲᠠᠷᠢᠶᠠᠯᠠᠬᠤ᠎ᠳᠤ ᠲᠣᠬᠢᠷᠠᠮᠵᠢᠲᠠᠶ ᠭᠠᠵᠠᠷ ᠰᠢᠷᠣᠶ ᠵᠢᠨ ᠪᠡᠯᠡᠳᠬᠡᠯ ᠡᠬᠢ ᠪᠠᠶᠠᠯᠢᠭ᠎ᠤᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠬᠤ ᠬᠡᠷᠡᠭᠲᠡᠶ; ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢ᠍ᠴᠡᠳᠬᠡᠯ ᠲᠤᠭ᠎ᠠ ᠵᠢ ᠪᠣᠶ ᠪᠣᠯᠭ᠋ᠠᠭᠰᠠᠨ᠎ᠤ ᠳᠠᠷᠠᠭ᠎ᠠ ᠦᠷᠭᠦᠯᠵᠢᠯᠡᠨ ᠲᠣᠭᠲᠠᠭᠤᠨ ᠵᠶ᠋ᠠᠷ ᠲᠠᠷᠢᠶᠠᠯᠠᠬᠤ ᠵᠢ ᠦᠨᠡᠨ ᠬᠦ᠌ ᠪᠠᠲᠤᠯᠠᠬᠤ ᠵᠢᠨ ᠬᠠᠮᠲᠤ ᠨᠢᠭᠡᠨᠲᠡ ᠭᠠᠵᠠᠷ ᠰᠢᠷᠣᠶ ᠵᠢ ᠴᠡᠭᠴᠡᠯᠡᠨ ᠵᠠᠰᠠᠬᠤ ᠪᠠ ᠲᠠᠷᠢᠶᠠᠨ ᠭᠠᠵᠠᠷ᠎ᠢ ᠨᠥᠬᠦᠪᠥᠷᠢᠯᠡᠬᠦ ᠲᠥᠷᠥᠯ ᠵᠦᠢ᠍ᠯ ᠪᠣᠯᠭ᠋ᠠᠭᠰᠠᠨ ᠪᠣᠯ ᠲᠠᠷᠢᠶᠠᠯᠠᠬᠤ ᠵᠢ ᠵᠣᠭᠰᠣᠭ᠋ᠠᠬᠤ ᠬᠡᠪᠴᠢᠶᠡᠨ᠎ᠳᠤ ᠣᠷᠣᠭᠤᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ ᠭᠡᠵᠦ ᠱᠠᠭ᠋ᠠᠷᠳᠠᠪᠠ᠃
     (ᠲᠠᠪᠤ) ᠲᠠᠷᠢᠶᠠᠨ ᠭᠠᠵᠠᠷ᠎ᠢ ᠨᠥᠬᠦᠪᠥᠷᠢᠯᠡᠬᠦ ᠵᠢ ᠴᠢᠩᠭ᠎ᠠ ᠪᠠᠶ᠋ᠢᠴᠠᠭ᠋ᠠᠵᠤ ᠰᠢᠯᠭ᠋ᠠᠨ ᠠᠪᠬᠤ ᠲᠠᠯ᠎ᠠ᠎ᠪᠠᠷ᠂ ᠨᠥᠬᠦᠪᠥᠷᠢᠯᠡᠬᠦ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ ᠪᠠ ᠶᠠᠰᠤ ᠴᠢᠨᠠᠷ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠭᠠᠵᠠᠷ ᠰᠢᠷᠣᠶ ᠵᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢ ᠵᠢᠷᠤᠮᠵᠢᠭᠤᠯᠤᠨ᠂ ᠲᠥᠷᠥᠯ ᠵᠦᠢ᠍ᠯ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠵᠢᠨ ᠠᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠢᠯᠠᠩᠭᠤᠶ᠎ᠠ ᠳᠡᠩᠰᠡᠯᠡᠵᠦ ᠬᠥᠮᠥᠷᠭᠡ᠎ᠳᠤ ᠣᠷᠣᠭᠤᠯᠤᠭᠰᠠᠨ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠴᠠᠭ ᠲᠤᠬᠠᠶ᠎ᠳᠤ᠎ᠨᠢ ᠬᠤᠪᠢᠷᠠᠭᠤᠯᠬᠤ ᠵᠢ ᠴᠢᠩᠭ᠋ᠠᠳᠬᠠᠬᠤ ᠬᠡᠷᠡᠭᠲᠡᠶ᠃
     (ᠵᠢᠷᠭᠤᠭ᠎ᠠ) ᠲᠠᠷᠢᠶᠠᠨ ᠭᠠᠵᠠᠷ᠎ᠢ ᠨᠥᠬᠦᠪᠥᠷᠢᠯᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ᠂ ᠨᠥᠬᠦᠪᠦᠷᠢᠯᠡᠭᠰᠡᠨ ᠲᠠᠷᠢᠶᠠᠨ ᠭᠠᠵᠠᠷ᠎ᠤᠨ ᠦᠷᠭᠦᠯᠵᠢᠯᠡᠨ ᠲᠣᠭᠲᠠᠭᠤᠨ ᠵᠶ᠋ᠠᠷ ᠳᠠᠷᠢᠵᠤ ᠪᠣᠯᠬᠤ ᠵᠢ ᠦᠨᠡᠨ ᠬᠦ᠌ ᠪᠠᠲᠤᠯᠠᠵᠤ᠂ ᠠᠲᠠᠷᠰᠢᠭᠤᠯᠵᠤ ᠲᠠᠷᠢᠶᠠᠯᠠᠬᠤ᠎ᠪᠠᠨ ᠪᠤᠯᠢᠬᠤ ᠪᠠ ᠦᠢ᠍ᠯᠡᠳᠪᠦᠷᠢᠯᠡᠬᠦ ᠴᠢᠳᠠᠪᠤᠷᠢ ᠵᠢᠨ ᠪᠠᠭᠤᠷᠠᠬᠤ ᠵᠢ ᠰᠡᠷᠭᠡᠶ᠋ᠢᠯᠡᠬᠦ ᠵᠢᠨ ᠲᠥᠯᠥᠭᠡ᠂ 《ᠬᠡᠷᠡᠭᠵᠢᠭᠦᠯᠬᠦ ᠰᠠᠨᠠᠯ》᠎ᠳᠤ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠨᠥᠬᠦᠪᠦᠷᠢᠯᠡᠭᠰᠡᠨ ᠲᠠᠷᠢᠶᠠᠨ ᠭᠠᠵᠠᠷ᠎ᠤᠨ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠨᠢᠭᠡᠨᠲᠡ ᠬᠥᠮᠥᠷᠭᠡ᠎ᠳᠤ ᠣᠷᠣᠭᠤᠯᠤᠭᠰᠠᠨ ᠲᠠᠷᠢᠶᠠᠨ ᠭᠠᠵᠠᠷ᠎ᠢ ᠨᠥᠬᠦᠪᠥᠷᠢᠯᠡᠬᠦ ᠲᠥᠷᠥᠯ ᠵᠦᠢ᠍ᠯ᠎ᠳᠤ ᠵᠢᠯ ᠪᠦᠷᠢ ᠨᠢᠭᠡ ᠤᠳᠠᠭ᠎ᠠ ᠪᠥᠬᠦ ᠲᠠᠯ᠎ᠠ ᠵᠢᠨ ᠳᠦᠷᠰᠦ ᠰᠢᠩᠭᠡᠭᠡᠯᠲᠡ ᠵᠢᠨ ᠬᠠᠷᠭᠤᠭᠤᠯᠤᠭᠰᠠᠨ ᠪᠠᠶ᠋ᠢᠴᠠᠭ᠋ᠠᠯᠲᠠ ᠬᠢᠵᠦ᠂ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
     (ᠳᠣᠯᠤᠭ᠎ᠠ) ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠳᠡᠩᠰᠡᠯᠡᠵᠦ ᠬᠢᠨᠠᠨ ᠬᠠᠮᠢᠶᠠᠷᠬᠤ ᠲᠣᠭᠲᠠᠴᠠ ᠵᠢ ᠨᠠᠶ᠋ᠢᠳᠠᠪᠤᠷᠢᠵᠢᠭᠤᠯᠬᠤ ᠲᠠᠯ᠎ᠠ᠎ᠪᠠᠷ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠳᠠᠩᠰᠠᠯᠠᠬᠤ ᠶᠠᠪᠤᠴᠠ᠎ᠳᠤ᠂ ᠲᠠᠷᠢᠶᠠᠨ ᠭᠠᠵᠠᠷ᠎ᠢ ᠴᠢᠩᠭ᠎ᠠ ᠬᠠᠮᠠᠭ᠋ᠠᠯᠠᠬᠤ᠂ ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ ᠵᠠᠷᠴᠢᠮ ᠶᠣᠰᠣᠭ᠋ᠠᠷ᠂ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠵᠦᠶ ᠵᠣᠬᠢᠰᠲᠠᠶ ᠪᠠᠶ᠋ᠢᠷᠢᠯᠠᠭᠤᠯᠬᠤ ᠬᠡᠷᠡᠭᠲᠡᠶ; ᠲᠣᠰᠬᠤᠨ (ᠭᠠᠴᠠᠭ᠎ᠠ)᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠎ᠨᠤᠭᠤᠳ ᠬᠠᠮᠢᠶᠠᠷᠤᠯᠲᠠ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠶ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ ᠲᠤᠰᠠᠭ᠋ᠠᠷ ᠭᠠᠵᠠᠷ ᠰᠣᠩᠭᠤᠭᠰᠠᠨ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ ᠪᠠ ᠮᠠᠯᠴᠢᠨ ᠲᠠᠷᠢᠶᠠᠴᠢᠨ᠎ᠤ ᠬᠡᠷ ᠪᠠᠶ᠋ᠢᠰᠢᠩ᠎ᠤᠨ ᠵᠶ᠋ᠠᠨ ᠠᠷᠤ ᠥᠪᠥᠷ᠎ᠲᠤ ᠥᠪᠡᠷ ᠵᠶ᠋ᠠᠨ ᠪᠠᠶ᠋ᠢᠭᠤᠯᠤᠭᠰᠠᠨ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ᠎ᠢ ᠢᠯᠭ᠋ᠠᠨ ᠬᠠᠮᠢᠶᠠᠷᠬᠤ ᠬᠡᠷᠡᠭᠲᠡᠶ; ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠲᠠᠷᠢᠶᠠᠯᠠᠩ ᠬᠥᠳᠡᠭᠡ ᠲᠣᠰᠬᠤᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠮᠡᠳᠡᠭᠡ ᠵᠠᠩᠭᠢᠴᠢᠯᠠᠯᠲᠠ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃
     (ᠨᠠᠢ᠍ᠮᠠ) ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠡᠷᠡᠭᠯᠡᠬᠦ ᠵᠢ ᠴᠢᠩᠭ᠎ᠠ ᠵᠢᠷᠤᠮᠵᠢᠭᠤᠯᠬᠤ ᠲᠠᠯ᠎ᠠ᠎ᠪᠠᠷ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠨᠥᠬᠦᠨ ᠬᠤᠪᠢᠶᠠᠷᠢᠯᠠᠬᠤ ᠲᠥᠰᠦᠯ᠎ᠢ ᠳᠠᠩᠰᠠᠯᠠᠭᠤᠯᠬᠤ ᠦᠶ᠎ᠡ᠎ᠳᠤ ᠡᠷᠬᠡᠪᠰᠢ ᠲᠠᠩ ᠴᠣᠭᠴᠠᠲᠤ ᠲᠥᠷᠥᠯ ᠵᠦᠢ᠍ᠯ᠎ᠤᠨ ᠬᠡᠯᠪᠡᠷᠢ᠎ᠪᠠᠷ ᠳᠠᠩᠰᠠᠯᠠᠭᠤᠯᠵᠤ᠂ 《ᠪᠣᠭᠤᠵᠢᠯᠠᠬᠤ》 ᠬᠡᠯᠪᠡᠷᠢ᠎ᠪᠠᠷ ᠣᠯᠠᠨ ᠴᠡᠭ᠎ᠲᠤ ᠪᠠᠶ᠋ᠢᠷᠢᠯᠠᠭᠤᠯᠤᠭᠰᠠᠨ ᠲᠥᠷᠥᠯ ᠵᠦᠢ᠍ᠯ᠎ᠢ ᠨᠢᠭᠡ ᠶᠡᠷᠦᠩᠬᠡᠶ᠋ᠢᠯᠡᠭᠰᠡᠨ ᠴᠣᠭᠴᠠ ᠵᠢᠨ ᠲᠥᠷᠥᠯ ᠵᠦᠢ᠍ᠯ ᠵᠶ᠋ᠠᠷ ᠳᠠᠩᠰᠠᠯᠠᠭᠤᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ; ᠪᠡᠯᠡᠳᠬᠡᠮᠵᠢᠲᠦ ᠲᠠᠷᠢᠶᠠᠯᠠᠩ᠎ᠤᠨ ᠪᠤᠰᠤ ᠲᠥᠷᠥᠯ ᠵᠦᠢ᠍ᠯ᠎ᠢ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠤ ᠣᠷᠣᠭᠤᠯᠤᠨ ᠳᠠᠩᠰᠠᠯᠠᠭᠤᠯᠬᠤ ᠵᠢ ᠡᠷᠡᠰ ᠴᠠᠭ᠋ᠠᠵᠠᠯᠠᠬᠤ ᠬᠡᠷᠡᠭᠲᠡᠢ; ᠲᠥᠬᠦᠭᠡᠷᠦᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠵᠡᠯᠡᠨ ᠬᠡᠷᠡᠭᠯᠡᠭᠰᠡᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠲᠤ 《ᠬᠤᠤᠰ ᠬᠢᠵᠠᠭ᠋ᠠᠷ》᠎ᠤᠨ ᠴᠢᠩᠭ᠎ᠠ ᠬᠠᠮᠢᠶᠠᠷᠤᠯᠲᠠ ᠵᠢ ᠬᠡᠷᠡᠭᠵᠢᠭᠦᠯᠵᠦ᠂ ᠡᠵᠡᠯᠡᠨ ᠬᠡᠷᠡᠭᠯᠡᠬᠦ ᠲᠠᠯᠠᠪᠠᠶ ᠵᠢ ᠶᠡᠷᠦᠩᠬᠡᠶ ᠲᠠᠯᠠᠪᠠᠶ ᠵᠢᠨ 25% ᠳᠣᠲᠣᠷ᠎ᠠ ᠬᠢᠵᠠᠭ᠋ᠠᠷᠯᠠᠵᠤ᠂ ᠡᠵᠡᠯᠡᠨ ᠬᠡᠷᠡᠭᠯᠡᠬᠦ ᠲᠠᠯᠠᠪᠠᠶ ᠵᠢ 30 ᠮᠥ᠍᠎ᠠᠴᠠ ᠬᠡᠲᠦᠷᠡᠭᠦᠯᠵᠦ ᠪᠣᠯᠬᠤ ᠥᠬᠡᠶ᠃

ᠢᠷᠡᠯᠲᠡ᠄ ᠥᠪᠥᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ 〈ᠴᠠᠬᠢᠯᠳᠠᠭ ᠲᠥᠯᠥᠪᠯᠡᠭᠡ〉 ᠵᠢ ᠬᠡᠷᠡᠭᠵᠢᠭᠦᠯᠬᠦ ᠲᠤᠬᠠᠶ ᠮᠡᠳᠡᠭᠳᠡᠯ》᠎ᠤᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠵᠢᠨ ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠵᠢᠯᠣᠭᠤᠳᠤᠮᠵᠢ (ᠲᠤᠷᠰᠢᠨ ᠬᠡᠷᠡᠭᠵᠢᠭᠦᠯᠬᠦ)》 ᠵᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠣᠲᠣ ᠦᠶ᠎ᠡ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠵᠢ ᠵᠢ ᠪᠠᠶ᠋ᠢᠭᠤᠯᠬᠤ ᠲᠤᠬᠠᠶ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠤᠳᠤᠯᠭ᠎ᠠ ᠵᠢᠨ ᠲᠠᠢ᠌ᠯᠤᠮᠵᠢ ᠵᠢᠨ ᠰᠤᠨᠢᠨ ᠮᠡᠳᠡᠭᠡ ᠨᠡᠢ᠌ᠳᠡᠯᠡᠬᠦ ᠬᠤᠷᠠᠯ ᠬᠤᠷᠠᠯᠳᠤᠭᠤᠯᠪᠠ
ᠶᠡᠷᠦᠩᠬᠡᠢ ᠱᠦᠵᠢ᠎ᠠᠴᠠ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠲᠤ ᠲᠠᠯᠪᠢᠭᠰᠠᠨ ᠬᠦᠰᠡᠯ ᠨᠠᠶ᠋ᠢᠳᠠᠯᠭ᠎ᠠ
ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠠᠵᠢᠯ᠎ᠢ ᠲᠦᠷᠭᠡᠳᠬᠡᠨ ᠠᠬᠢᠭᠤᠯᠬᠤ ᠲᠥᠰᠦᠯ
 
             蒙ICP备05000248号