ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠣᠲᠣ ᠦᠶ᠎ᠡ ᠵᠢᠨ ᠣᠷᠴᠢᠨ ᠲᠤᠭᠤᠷᠢᠨ᠎ᠤ ᠵᠠᠰᠠᠯᠲᠠ ᠵᠢᠨ ᠰᠢᠰᠲᠸᠮᠵᠢ ᠵᠢ ᠪᠠᠶ᠋ᠢᠭᠤᠯᠬᠤ ᠲᠤᠬᠠᠶ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠨᠡᠶ᠋ᠢᠲᠡᠯᠡᠬᠦ ᠲᠠᠩᠬᠢᠮ᠎ᠳᠤ ᠶᠠᠪᠤᠭᠳᠠᠵᠤ᠂ 《ᠬᠡᠷᠡᠭᠵᠢᠭᠦᠯᠬᠦ ᠲᠥᠰᠦᠯ》᠎ᠢ ᠨᠡᠶ᠋ᠢᠲᠡᠯᠡᠭᠰᠡᠨ ᠠᠬᠤᠶ ᠪᠠᠶ᠋ᠢᠳᠠᠯ᠂ ᠪᠣᠳᠠᠲᠠᠶ ᠠᠭᠤᠯᠭ᠎ᠠ ᠵᠢᠴᠢ ᠭᠣᠤᠯᠳᠠᠯᠭ᠎ᠠ᠎ᠲᠠᠢ ᠠᠵᠢᠯ᠎ᠤᠨ ᠲᠤᠬᠠᠶ ᠲᠣᠪᠴᠢ ᠲᠠᠨᠢᠯᠴᠠᠭᠤᠯᠭ᠎ᠠ ᠬᠢᠭᠰᠡᠨ ᠪᠠᠶ᠋ᠢᠨ᠎ᠠ᠃ ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠥᠭᠦᠯᠡᠭᠴᠢ ᠵᠠᠩ ᠬᠤᠢ ᠢᠦᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠶ᠋ᠢᠯᠡᠭᠰᠡᠨ ᠭᠠᠵᠠᠷ᠎ᠤᠨ ᠳᠠᠷᠤᠭ᠎ᠠ ᠸᠧᠢ ᠾᠧ ᠵᠠᠩ ᠲᠤᠰ ᠤᠳᠠᠭ᠋ᠠᠨ᠎ᠤᠨ ᠰᠤᠨᠢᠨ ᠮᠡᠳᠡᠭᠡ ᠨᠡᠢ᠌ᠳᠡᠯᠡᠬᠦ ᠬᠤᠷᠠᠯ᠎ᠳᠤ ᠣᠷᠣᠯᠴᠠᠪᠠ᠃
ᠠᠮᠢ ᠠᠬᠤᠶ ᠵᠢᠨ ᠪᠣᠯᠪᠠᠰᠤᠨ᠎ᠤ ᠲᠦᠷᠢᠮ᠎ᠤᠨ ᠰᠢᠰᠲ᠋ᠧᠮᠵᠢ ᠵᠢ ᠪᠠᠷᠢᠮᠲᠠᠯᠠᠨ ᠪᠦᠷᠢᠨᠰᠢᠭᠦᠯᠵᠦ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠣᠲᠣ ᠦᠶ᠎ᠡ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠵᠢ ᠵᠢ ᠪᠠᠶ᠋ᠢᠭᠤᠯᠬᠤ ᠲᠤᠬᠠᠶ ᠬᠡᠷᠡᠭᠵᠢᠭᠦᠯᠬᠦ ᠲᠥᠰᠦᠯ》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠠᠷᠪᠠᠨ ᠬᠣᠶᠠᠳᠤᠭ᠋ᠠᠷ ᠬᠤᠷᠠᠯᠳᠤᠭ᠋ᠠᠨ ᠵᠶ᠋ᠠᠷ ᠬᠢᠨᠠᠨ ᠵᠥᠪᠯᠡᠵᠦ ᠪᠠᠲᠤᠯᠠᠭᠰᠠᠨ᠎ᠤ ᠳᠠᠷᠠᠭ᠎ᠠ᠂ ᠡᠨᠡ ᠵᠢᠯ᠎ᠤᠨ 6 ᠳ᠋ᠤᠭ᠋ᠠᠷ ᠰᠠᠷ᠎ᠠ ᠵᠢᠨ 4᠎ᠤ ᠡᠳᠦᠷ᠎ᠠᠴᠠ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠠᠩ ᠬᠤᠶ ᠢᠦᠶ ᠲᠠᠨᠢᠯᠴᠠᠭᠤᠯᠬᠤ᠎ᠳᠤ᠎ᠪᠠᠨ᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ 2020 ᠣᠨ᠎ᠤ ᠠᠵᠢᠯ᠎ᠤᠨ 《ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠤᠰᠬᠠᠶ ᠳᠤᠭᠤᠶ᠋ᠢᠯᠠᠩ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠤᠰᠬᠠᠶ ᠳᠤᠭᠤᠶ᠋ᠢᠯᠠᠩ ᠪᠠ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠲᠤᠰᠬᠠᠶ ᠳᠤᠭᠤᠶ᠋ᠢᠯᠠᠩ᠎ᠤᠨ 2020 ᠣᠨ᠎ᠤ ᠭᠣᠤᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢᠨ ᠨᠠᠷᠢᠨ ᠲᠠᠩᠰᠠ ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠭᠣᠤᠯ ᠤᠳᠤᠷᠢᠳᠤᠯᠭ᠎ᠠ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠵᠢᠨ ᠴᠤᠬᠤᠯᠠᠪᠤᠷᠢ ᠵᠢᠨ ᠱᠠᠭ᠋ᠠᠷᠳᠠᠯᠭ᠎ᠠ ᠶᠤᠰᠤᠭ᠋ᠠᠷ᠂ 《ᠤᠳᠤ ᠦᠶ᠎ᠡ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲᠸᠮᠵᠢ ᠵᠢ ᠪᠠᠶ᠋ᠢᠭᠤᠯᠬᠤ ᠲᠤᠬᠠᠢ ᠬᠡᠷᠡᠭᠵᠢᠭᠦᠯᠬᠦ ᠲᠥᠰᠦᠯ》᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠤᠭᠤᠷᠪᠢᠨ ᠲᠣᠭᠲᠠᠭ᠋ᠠᠪᠠ᠃ ᠤᠷᠢᠳ ᠬᠣᠵᠢᠳ 5 ᠤᠳᠠᠭ᠎ᠠ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ 25 ᠰᠠᠯᠠᠭ᠎ᠠ ᠮᠥᠴᠢᠷ᠂ 12 ᠠᠶ᠋ᠢᠮᠠᠭ ᠬᠤᠳᠠ ᠵᠢᠨ ᠵᠠᠰᠠᠭ᠎ᠤᠨ ᠣᠷᠳᠣᠨ᠎ᠤ ᠰᠠᠨᠠᠯ᠎ᠢ ᠬᠤᠷᠢᠶᠠᠭᠰᠠᠨ ᠪᠥᠭᠡᠳ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠫᠤᠷᠲᠸᠯ ᠰᠦᠯᠵᠢᠶ᠎ᠡ᠎ᠪᠠᠷ ᠢᠯᠡ᠎ᠪᠠᠷ ᠤᠯᠠᠨ ᠨᠡᠶ᠋ᠢᠲᠡ ᠵᠢᠨ ᠰᠠᠨᠠᠯ᠎ᠢ ᠬᠤᠷᠢᠶᠠᠪᠠ᠃
《ᠬᠡᠷᠡᠭᠵᠢᠭᠦᠯᠬᠦ ᠲᠥᠰᠦᠯ》᠎ᠤᠨ ᠬᠠᠮᠤᠭ᠎ᠤᠨ ᠢᠯᠡᠷᠬᠡᠶ ᠣᠨᠴᠠᠯᠢᠭ ᠪᠣᠯ ᠳᠠᠷᠤᠶ ᠣᠷᠴᠢᠨ ᠲᠣᠭᠣᠷᠢᠨ᠎ᠤ ᠵᠠᠰᠠᠯᠲᠠ ᠵᠢᠨ ᠲᠠᠯ᠎ᠠ ᠵᠢᠨ ᠳᠦᠷᠢᠮ᠎ᠤᠨ ᠰᠢᠰᠲᠸᠮᠵᠢ ᠵᠢ ᠬᠦᠴᠦᠯᠡᠨ ᠪᠠᠶ᠋ᠢᠭᠤᠯᠵᠤ᠂ ᠬᠢᠨᠠᠨ ᠬᠠᠮᠢᠶᠠᠷᠬᠤ ᠰᠢᠰᠲᠸᠮᠵᠢ᠂ ᠬᠠᠤᠯᠢ ᠴᠠᠭ᠋ᠠᠵᠠ ᠵᠢᠨ ᠰᠢᠰᠲᠸᠮᠵᠢ᠂ ᠬᠢᠨᠠᠨ ᠬᠡᠮᠵᠢᠯᠳᠡ ᠵᠢᠨ ᠰᠢᠰᠲᠸᠮᠵᠢ᠂ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠰᠢᠰᠲᠸᠮᠵᠢ ᠵᠡᠷᠭᠡ ᠪᠦᠬᠦ ᠲᠠᠯ᠎ᠠ ᠵᠢ ᠬᠠᠮᠤᠷᠤᠭᠰᠠᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠵᠢᠱ᠌ᠢᠶᠡᠯᠡᠪᠡᠯ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ ᠲᠦᠷᠢᠮ᠎ᠢ ᠪᠦᠷᠢᠨᠰᠢᠭᠦᠯᠦᠨ ᠨᠠᠶ᠋ᠢᠳᠠᠪᠤᠷᠢᠵᠢᠭᠤᠯᠵᠤ᠂ ᠠᠮᠢ ᠠᠬᠤᠶ ᠣᠷᠴᠢᠨ ᠲᠤᠭᠤᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ ᠵᠢ ᠪᠠᠶ᠋ᠢᠴᠠᠭ᠋ᠠᠬᠤ ᠠᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠵᠠᠷᠭᠤ᠎ᠲᠠᠢ ᠪᠦᠲᠦᠮᠵᠢᠲᠡᠶ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ 《ᠲᠠᠪᠤ ᠵᠢ ᠨᠢᠭᠡ ᠴᠤᠭᠴᠠᠵᠢᠭᠤᠯᠬᠤ》 ᠲᠤᠰᠬᠠᠶ᠋ᠢᠵᠢᠭᠰᠠᠨ ᠰᠢᠭᠦᠨ ᠲᠠᠰᠤᠯᠬᠤ ᠰᠢᠰᠲᠸᠮᠵᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠠᠵᠤ ᠠᠬᠤᠶ᠋ᠢᠯᠠᠯ᠎ᠤᠨ ᠣᠷᠴᠢᠨ ᠲᠤᠭᠤᠷᠢᠨ᠎ᠤ ᠪᠣᠬᠢᠷᠲᠤᠯ ᠬᠢᠭᠡᠳ ᠬᠠᠮᠠᠭ᠋ᠠᠯᠠᠯᠲᠠ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠲᠦᠷᠢᠮ᠎ᠢ ᠪᠠᠶ᠋ᠢᠭᠤᠯᠬᠤ ᠵᠡᠷᠭᠡ ᠪᠣᠯᠤᠨ᠎ᠠ᠃ ᠡᠲᠡᠭᠡᠷ ᠬᠡᠯᠪᠡᠷᠢᠵᠢᠭᠰᠡᠨ ᠪᠥᠭᠡᠳ ᠲᠣᠳᠣᠷᠬᠠᠶ ᠲᠦᠷᠢᠮ᠎ᠨᠢ ᠥᠪᠥᠷ ᠮᠣᠩᠭᠣᠯ᠎ᠤᠨ ᠣᠷᠴᠢᠨ ᠲᠤᠭᠤᠷᠢᠨ᠎ᠤ ᠵᠠᠰᠠᠯᠲᠠ ᠵᠢᠨ ᠠᠵᠢᠯ᠎ᠢ ᠳᠦᠷᠢᠮᠵᠢᠭᠦᠯᠬᠦ᠂ ᠬᠠᠤᠯᠢᠵᠢᠭᠤᠯᠬᠤ᠂ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠴᠢᠭᠯᠡᠯ ᠵᠶ᠋ᠠᠷ ᠤᠷᠤᠭᠰᠢᠯᠠᠭᠤᠯᠤᠭᠰᠠᠨ ᠪᠠᠶ᠋ᠢᠨ᠎ᠠ᠃ ᠡᠨᠡ ᠬᠦ᠌ 《ᠬᠡᠷᠡᠭᠵᠢᠭᠦᠯᠬᠦ ᠲᠥᠰᠦᠯ》᠎ᠨᠢ ᠮᠠᠨ᠎ᠤ ᠣᠷᠣᠨ᠎ᠤ ᠣᠷᠴᠢᠨ ᠲᠣᠭᠣᠷᠢᠨ᠎ᠤ ᠵᠠᠰᠠᠯᠲᠠ ᠬᠢᠭᠡᠳ ᠬᠠᠮᠠᠭ᠋ᠠᠯᠠᠯᠲᠠ ᠵᠢᠨ ᠠᠵᠢᠯ᠎ᠤᠨ ᠳᠤᠮᠳᠠ ᠴᠢᠬᠤᠯᠠ 《ᠶᠡᠷᠦᠩᠬᠡᠶ ᠭᠠᠷᠳᠠᠴᠠ》 ᠵᠢᠨ ᠲᠦᠷᠢᠮ᠎ᠤᠨ ᠦᠢ᠍ᠯᠡᠳᠦᠯ ᠪᠠ ᠦᠢ᠍ᠯᠡᠳᠦᠯᠭᠡ ᠵᠢᠨ ᠴᠢᠳᠠᠮᠵᠢ ᠵᠢ ᠪᠠᠳᠠᠷᠠᠭᠤᠯᠬᠤ ᠵᠢ ᠤᠷᠢᠳᠴᠢᠯᠠᠨ ᠮᠡᠳᠡᠵᠦ ᠪᠣᠯᠤᠨ᠎ᠠ᠃
ᠡᠭᠦᠨ᠎ᠠᠴᠠ ᠭᠠᠳᠠᠨ᠎ᠠ᠂ 《ᠬᠡᠷᠡᠭᠵᠢᠭᠦᠯᠬᠦ ᠲᠥᠰᠦᠯ》᠎ᠳᠤ ᠪᠠᠰᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠤᠨ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠦᠢ᠍ᠯᠡᠳᠪᠦᠷᠢᠯᠡᠯ᠎ᠢ ᠪᠣᠬᠢᠷᠲᠤᠯ ᠥᠬᠡᠶ ᠪᠣᠯᠭ᠋ᠠᠬᠤ ᠪᠠ ᠵᠠᠰᠠᠬᠤ ᠵᠠᠭᠪᠤᠷ᠎ᠢ ᠲᠠᠰ ᠳᠡᠪᠰᠢᠭᠦᠯᠦᠨ ᠰᠢᠯᠢᠳᠡᠭᠵᠢᠭᠦᠯᠬᠦ ᠵᠢ ᠳᠥᠯᠭᠢᠨ ᠠᠬᠢᠭᠤᠯᠤᠨ᠎ᠠ ᠭᠡᠵᠦ ᠳᠤᠷᠠᠳᠤᠨ ᠭᠠᠷᠭ᠋ᠠᠵᠠᠶ᠃ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠭᠳᠡᠭᠦᠯᠬᠦ᠂ ᠦᠯᠡᠭᠦᠳᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠠᠷᠢᠯᠭ᠋ᠠᠬᠤ᠂ ᠡᠨᠧᠷᠭᠢ ᠵᠢᠨ ᠬᠣᠷᠣᠭᠳᠠᠭᠤᠯᠤᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ ᠲᠦᠷᠦᠯ ᠵᠦᠢ᠍ᠯ᠎ᠢ ᠴᠢᠩᠭ᠎ᠠ ᠬᠢᠵᠠᠭ᠋ᠠᠷᠯᠠᠭᠰᠠᠨ ᠰᠠᠭᠤᠷᠢᠨ ᠳᠡᠭᠡᠷ᠎ᠡ᠂ ᠡᠨᠧᠷᠭᠢ ᠵᠢᠨ ᠬᠡᠷᠡᠭᠯᠡᠭᠡ ᠵᠢᠨ ᠪᠦᠲᠦᠴᠡ ᠵᠢ ᠲᠣᠬᠢᠷᠠᠭᠤᠯᠤᠨ᠂ 《ᠣᠷᠴᠢᠨ ᠲᠤᠭᠤᠷᠢᠨ᠎ᠢ ᠦᠩᠵᠢᠭᠦᠯᠦᠨ ᠰᠡᠷᠭᠦᠭᠡᠬᠦ + ᠨᠡᠭᠡᠭᠡᠯᠳᠡ ᠬᠢᠵᠦ ᠪᠠᠶ᠋ᠢᠭᠤᠯᠬᠤ》 ᠵᠠᠭᠪᠤᠷ᠎ᠢ ᠬᠡᠷᠡᠭᠯᠡᠬᠦ ᠵᠢ ᠵᠣᠷᠢᠭᠵᠢᠭᠤᠯᠵᠤ᠂ ᠠᠵᠢᠯᠯᠠᠭ᠋ᠠᠨ᠎ᠢ ᠬᠠᠮᠠᠭ᠋ᠠᠯᠠᠬᠤ ᠲᠣᠭᠲᠠᠴᠠ᠎ᠳᠤ ᠰᠢᠨ᠎ᠡ ᠵᠢ ᠡᠭᠦᠳᠴᠦ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠨᠣᠷᠮ᠎ᠠ ᠪᠠ ᠦᠢ᠍ᠯᠡᠳᠬᠦᠨ᠎ᠢ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠬᠡᠮᠵᠢᠶ᠎ᠡ ᠵᠢ ᠲᠠᠰᠣᠷᠠᠯᠳᠠ ᠥᠭᠡᠢ ᠳᠡᠭᠡᠭᠰᠢᠯᠡᠭᠦᠯᠵᠦ᠂ ᠪᠣᠬᠢᠷᠲᠤᠯ ᠥᠭᠡᠢ ᠦᠢ᠍ᠯᠡᠳᠬᠦᠨ᠂ ᠪᠣᠬᠢᠷᠲᠤᠯ ᠥᠭᠡᠢ ᠠᠵᠤ ᠠᠬᠤᠶ᠋ᠢᠯᠠᠯ᠂ ᠪᠣᠬᠢᠷᠲᠤᠯ ᠥᠭᠡᠢ ᠬᠦᠷᠢᠶᠡᠯᠡᠩ ᠲᠣᠭᠣᠷᠢᠭ᠎ᠢ ᠡᠭᠦᠳᠦᠨ ᠪᠠᠶ᠋ᠢᠭᠤᠯᠬᠤ ᠵᠢ ᠲᠥᠯᠬᠢᠨ ᠠᠬᠢᠭᠤᠯᠤᠨ᠎ᠠ᠃ 《ᠬᠡᠷᠡᠭᠵᠢᠭᠦᠯᠬᠦ ᠲᠥᠰᠦᠯ》᠎ᠳᠤ ᠰᠢᠨ᠎ᠡ ᠵᠢ ᠡᠭᠦᠳᠬᠦ ᠵᠢ ᠣᠷᠴᠢᠨ ᠲᠣᠭᠣᠷᠢᠨ᠎ᠤ ᠵᠠᠰᠠᠯᠲᠠ ᠵᠢᠨ ᠰᠢᠪᠲᠤᠯᠤᠯᠲᠠ ᠵᠢᠨ ᠴᠡᠭ ᠪᠣᠯᠭ᠋ᠠᠵᠤ᠂ ᠣᠯᠠᠨ ᠲᠠᠯ᠎ᠠ᠎ᠪᠠᠷ ᠬᠠᠮᠵᠢᠯᠴᠠᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠳᠤᠮᠳᠠ ᠮᠡᠷᠭᠡᠵᠢᠯ᠎ᠤᠨ ᠦᠵᠡᠭᠦᠯᠵᠦ ᠪᠤᠯᠬᠤᠢ᠌ᠴᠠ ᠨᠡᠶ᠋ᠢᠯᠡᠮᠡᠯ ᠬᠦᠴᠦᠨ᠎ᠤ ᠦᠢ᠍ᠯᠡᠳᠦᠯ᠎ᠢ ᠪᠠᠳᠠᠷᠠᠭᠤᠯᠵᠤ᠂ ᠰᠢᠨ᠎ᠡ ᠵᠢ ᠡᠭᠦᠳᠬᠦ᠎ᠪᠠᠷ ᠮᠠᠨ᠎ᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠨᠠᠩ ᠰᠢᠨᠵᠢᠯᠡᠬᠦ ᠤᠬᠠᠭ᠋ᠠᠨᠴᠢ ᠪᠥᠭᠡᠳ ᠵᠦᠶ ᠵᠣᠬᠢᠰᠲᠠᠶ ᠠᠵᠢᠯᠯᠠᠭ᠋ᠠᠨ᠎ᠤ ᠵᠦᠭᠯᠡᠭᠦᠷ ᠬᠠᠩᠭ᠋ᠠᠨ᠎ᠠ᠃
ᠣᠷᠴᠢᠨ ᠲᠤᠭᠤᠷᠢᠨ᠎ᠤ ᠵᠠᠰᠠᠯᠲᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠲᠠᠯ᠎ᠠ᠎ᠪᠠᠷ᠂ 《ᠬᠡᠷᠡᠭᠵᠢᠭᠦᠯᠬᠦ ᠲᠥᠰᠦᠯ》᠎ᠳᠤ ᠣᠷᠴᠢᠨ ᠲᠤᠭᠤᠷᠢᠨ᠎ᠤ ᠵᠠᠰᠠᠯᠲᠠ ᠵᠢᠨ ᠤᠳᠤᠷᠢᠳᠬᠤ ᠬᠠᠷᠢᠭᠤᠴᠠᠯᠭ᠎ᠠ᠂ ᠠᠵᠤ ᠠᠬᠤᠶ᠋ᠢᠯᠠᠯ᠎ᠤᠨ ᠬᠠᠷᠢᠭᠤᠴᠠᠯᠭ᠎ᠠ ᠬᠢᠭᠡᠳ ᠪᠥᠬᠥ ᠠᠷᠠᠳ ᠵᠶ᠋ᠠᠷ ᠵᠶ᠋ᠠᠨ ᠣᠷᠣᠯᠴᠠᠬᠤ ᠡᠭᠦᠷᠭᠡ ᠵᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠵᠶ᠋ᠠᠷ ᠶᠡᠷᠦᠩᠬᠡᠶ ᠬᠠᠷᠢᠭᠤᠴᠠᠯᠭ᠎ᠠ ᠪᠣᠯᠭ᠋ᠠᠨ᠂ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠨᠤᠭᠤᠳ ᠨᠠᠶ᠋ᠢᠳᠠᠪᠤᠷᠢᠵᠢᠭᠤᠯᠤᠯᠲᠠ ᠵᠢ ᠠᠳᠬᠤᠬᠤ᠎ᠪᠠᠷ ᠬᠣᠷᠸ᠎ᠠ ᠬᠠᠷᠢᠭᠤᠴᠠᠯᠭ᠎ᠠ ᠵᠢᠨ ᠬᠤᠪᠢᠶᠠᠷᠢᠯᠠᠯ ᠪᠣᠯᠭ᠋ᠠᠵᠤ᠂ ᠬᠠᠷᠠᠯᠲᠠ᠎ᠪᠠᠷ ᠦᠨᠡᠯᠡᠵᠦ ᠰᠢᠯᠭ᠋ᠠᠨ ᠬᠢᠨᠠᠬᠤ ᠠᠷᠭ᠎ᠠ ᠮᠠᠶᠢᠭ᠎ᠢ ᠴᠢᠩᠭ᠋ᠠᠷᠠᠭᠤᠯᠤᠨ᠂ ᠠᠵᠤ ᠠᠬᠤᠶ᠋ᠢᠯᠠᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠣᠷᠴᠢᠨ ᠲᠣᠭᠣᠷᠢᠨ᠎ᠢ ᠵᠠᠰᠠᠬᠤ ᠪᠥᠬᠥ ᠠᠷᠠᠳ᠎ᠤᠨ ᠠᠵᠢᠯᠯᠠᠭ᠋ᠠᠨ᠎ᠤ ᠰᠢᠰᠲ᠋ᠧᠮᠵᠢ ᠵᠢ ᠲᠡᠭᠦᠯᠳᠡᠷᠵᠢᠭᠦᠯᠦᠨ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠵᠤ᠂ ᠡᠯ᠎ᠡ ᠵᠦᠢ᠍ᠯ᠎ᠤᠨ ᠨᠡᠶ᠋ᠢᠭᠡᠮ᠎ᠤᠨ ᠪᠦᠯᠬᠦᠮ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠳᠤᠮᠳᠠᠬᠢ ᠢᠳᠡᠪᠬᠢ ᠦᠢ᠍ᠯᠡᠳᠦᠯ᠎ᠢ ᠪᠠᠳᠠᠷᠠᠭᠤᠯᠤᠨ᠎ᠠ᠃ ᠡᠶ᠋ᠢᠮᠦᠷᠬᠦᠦ ᠡᠷᠬᠡ ᠬᠠᠷᠢᠭᠤᠴᠠᠯᠭ᠎ᠠ ᠲᠣᠳᠣᠷᠬᠠᠢ ᠬᠠᠷᠢᠭᠤᠴᠠᠯᠭ᠎ᠠ ᠵᠢᠨ ᠬᠤᠪᠢᠶᠠᠷᠢᠯᠠᠯ᠂ ᠭᠤᠷᠪᠠᠨ ᠶᠡᠬᠡ ᠭᠣᠣᠯ ᠴᠣᠭᠴᠠ᠎ᠳᠤ ᠬᠣᠯᠪᠣᠭᠳᠠᠬᠤ ᠬᠠᠷᠢᠭᠤᠴᠠᠯᠭ᠎ᠠ ᠵᠢᠨ ᠬᠡᠯᠪᠡᠷᠢᠵᠢᠯ᠎ᠨᠢ ᠵᠠᠰᠠᠭ᠎ᠤᠨ ᠣᠷᠳᠣᠨ᠎ᠤ ᠳᠠᠭ᠋ᠠᠭᠤᠯᠭ᠎ᠠ ᠳᠣᠣᠷᠠᠬᠢ ᠤᠯᠠᠨ ᠭᠣᠣᠯ ᠴᠣᠭᠴᠠ ᠵᠢᠨ ᠬᠠᠮᠵᠢᠯᠴᠠᠨ ᠬᠥᠳᠡᠯᠦᠯᠴᠡᠭᠰᠡᠨ ᠣᠷᠴᠢᠨ ᠲᠣᠭᠣᠷᠢᠨ᠎ᠤ ᠵᠠᠰᠠᠯᠲᠠ ᠵᠢᠨ ᠠᠵᠢᠯ᠎ᠳᠤ ᠨᠠᠶ᠋ᠢᠳᠠᠪᠤᠷᠢᠵᠢᠭᠤᠯᠵᠤ ᠪᠤᠯᠬᠤᠢ᠌ᠴᠠ᠂ ᠬᠡᠷᠡᠭᠵᠢᠭᠦᠯᠵᠦ ᠪᠤᠯᠬᠤᠢ᠌ᠴᠠ ᠬᠡᠷᠡᠭᠵᠢᠭᠦᠯᠬᠦ ᠲᠥᠰᠦᠯ᠎ᠢ ᠣᠯᠵᠤ ᠥᠭᠴᠡᠢ᠃
《ᠬᠡᠷᠡᠭᠵᠢᠭᠦᠯᠬᠦ ᠲᠥᠰᠦᠯ》᠎ᠢ ᠲᠤᠭᠳᠠᠭ᠋ᠠᠭᠰᠠᠨ ᠪᠠ ᠨᠠᠶ᠋ᠢᠳᠠᠪᠤᠷᠢᠵᠢᠭᠤᠯᠬᠤ ᠪᠤᠯ᠂ ᠮᠠᠨ᠎ᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲᠸᠮᠵᠢ ᠬᠢᠭᠡᠳ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠭᠦᠨᠵᠡᠭᠡᠶ᠋ᠢᠷᠡᠨ ᠬᠥᠭᠵᠢᠬᠦ ᠵᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠵᠤ᠂ ᠪᠦᠷᠢᠨ ᠲᠡᠭᠦᠯᠳᠡᠷ ᠰᠢᠰᠲ᠋ᠧᠮ᠎ᠲᠠᠢ ᠲᠦᠷᠢᠮ᠎ᠤᠨ ᠰᠢᠰᠲᠸᠮ᠎ᠢ ᠪᠠᠶ᠋ᠢᠭᠤᠯᠬᠤ᠂ ᠪᠦᠲᠦᠮᠵᠢᠲᠡᠢ᠎ᠪᠠᠷ ᠰᠢᠨ᠎ᠡ ᠵᠢ ᠡᠭᠦᠳᠬᠦ ᠠᠷᠭ᠎ᠠ ᠪᠠᠷᠢᠯ᠎ᠢ ᠬᠡᠷᠡᠭᠵᠢᠭᠦᠯᠬᠦ ᠵᠢᠴᠢ ᠡᠭᠦᠷᠭᠡ ᠬᠠᠷᠢᠭᠤᠴᠠᠯᠭ᠎ᠠ ᠲᠣᠳᠣᠷᠬᠠᠢ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠳᠠᠮᠵᠢᠭᠤᠯᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠵᠢ ᠦᠷᠭᠦᠯᠵᠢᠯᠡᠨ ᠠᠬᠢᠭᠤᠯᠬᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠢ ᠪᠦᠳᠦᠬᠡᠨ ᠪᠠᠶ᠋ᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃