ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
ᠶᠡᠷᠦᠩᠬᠡᠢ ᠱᠦᠵᠢ᠎ᠠᠴᠠ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠲᠤ ᠲᠠᠯᠪᠢᠭᠰᠠᠨ ᠬᠦᠰᠡᠯ ᠨᠠᠶ᠋ᠢᠳᠠᠯᠭ᠎ᠠ
ᠨᠡᠶ᠋ᠢᠲᠡᠯᠡᠭᠰᠡᠨ ᠴᠠᠭ᠄ 2021-03-16

   3 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠦᠳᠡ ᠵᠢᠨ ᠬᠤᠶ᠋ᠢᠨ᠎ᠠ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠪᠠ᠃ ᠶᠡᠷᠦᠩᠬᠡᠢ ᠱᠦᠵᠢ᠎ᠠᠴᠠ ᠥᠪᠥᠷ ᠮᠣᠩᠭᠤᠯ᠎ᠤᠨ ᠨᠥᠬᠦᠳ ᠲᠣᠭᠲᠠᠭᠤᠨ ᠵᠶ᠋ᠠᠷ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠬᠦ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ᠎ᠤ ᠬᠠᠯᠬᠠᠪᠴᠢ ᠪᠣᠯᠭ᠋ᠠᠨ ᠪᠥᠲᠦᠭᠡᠨ ᠪᠠᠶ᠋ᠢᠭᠤᠯᠬᠤ ᠶᠣᠰᠤ᠎ᠪᠠᠷ ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠣᠯᠭ᠋ᠠᠨ ᠪᠥᠲᠦᠭᠡᠨ ᠪᠠᠶ᠋ᠢᠭᠤᠯᠵᠤ᠂ ᠮᠠᠨ᠎ᠤ ᠤᠯᠤᠰ᠎ᠤᠨ ᠵᠶ᠋ᠠᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠴᠣᠭᠴᠠᠯᠠᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠳᠣᠭᠲᠠᠭ᠋ᠠᠵᠤ᠂ ᠭᠠᠳᠠᠭ᠋ᠠᠳᠤ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ᠂ ᠳᠣᠲᠣᠭ᠋ᠠᠳᠤ᠎ᠳᠤ᠎ᠪᠠᠨ ᠳᠠᠬᠢᠨ ᠡᠭᠦᠰᠬᠦ ᠵᠢ ᠰᠡᠷᠭᠡᠶ᠋ᠢᠯᠡᠬᠦ ᠠᠵᠢᠯ᠎ᠢ ᠥᠴᠦᠬᠡᠨ ᠴᠤ᠌ ᠰᠤᠯᠠᠷᠠᠭᠤᠯᠤᠯ ᠦᠭᠡᠢ ᠰᠠᠶ᠋ᠢᠲᠤᠷ ᠬᠢᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠯᠠᠯ᠎ᠳᠤ ᠥᠪᠥᠷ ᠮᠣᠩᠭᠤᠯ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠵᠦ᠂ ᠰᠢᠯᠢᠳᠡᠭ ᠬᠢᠷᠢ ᠪᠦᠲᠦᠮᠵᠢ᠎ᠪᠠᠷ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠶ᠎ᠡ᠃

ᠢᠷᠡᠯᠲᠡ᠄ ᠦᠪᠦᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠠᠵᠢᠯ᠎ᠢ ᠲᠦᠷᠭᠡᠳᠬᠡᠨ ᠠᠬᠢᠭᠤᠯᠬᠤ ᠲᠥᠰᠦᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠴᠢᠯᠠᠭᠤᠨ ᠲᠤᠰᠤ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠭᠤᠯᠠᠶ ᠵᠢᠨ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠲᠥᠯᠥᠪᠵᠢᠭᠦᠯᠭᠡ》 ᠵᠢᠨ ᠲᠠᠶ᠋ᠢᠯᠤᠮᠵᠢ
ᠵᠢᠷᠤᠭᠳᠤ ᠲᠠᠢ᠌ᠯᠤᠮᠵᠢ᠄ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 〈ᠠᠷᠪᠠᠨ ᠲᠦᠷᠪᠡᠳᠦᠭᠡᠷ ᠲᠠᠪᠤᠨ ᠵᠢᠯ〉᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ᠎ᠤ ᠠᠮᠤᠷ ᠲᠦᠪᠰᠢᠨ᠎ᠤ ᠪᠠᠳᠤᠯᠠᠭ᠎ᠠ ᠵᠢᠨ ᠲᠦᠯᠦᠪᠵᠢᠭᠦᠯᠭᠡ》 ᠵᠢᠨ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ
ᠵᠢᠷᠤᠭᠳᠤ ᠲᠠᠢ᠌ᠯᠤᠮᠵᠢ᠄ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠤᠬᠢᠷᠳᠤᠯ ᠦᠭᠡᠢ ᠨᠡᠭᠦᠷᠡᠰᠦᠳᠦ᠋ᠷᠦᠭᠴᠢᠳᠤ ᠪᠠᠭ᠋ᠠᠳᠠᠢ ᠡᠷᠬᠢᠯᠳᠡᠳᠤ ᠠᠵᠤ ᠠᠬᠤᠢ ᠵᠢᠨ ᠲᠤᠭᠳᠠᠯᠴᠠᠭ᠎ᠠ ᠵᠢ ᠲᠦᠷᠭᠡᠳᠭᠡᠨ ᠪᠠᠢ᠌ᠭᠤᠯᠤᠨ ᠲᠡᠭᠦᠯᠳᠡᠷᠵᠢᠭᠦᠯᠬᠦ ᠲᠤᠬᠠᠢ ᠪᠤᠳᠠᠳᠠᠢ ᠠᠷᠭ᠎ᠠ ᠬᠡᠮᠵᠢᠶ᠎ᠡ》 ᠵᠢᠨ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ
 
             蒙ICP备05000248号