1. ᠴᠠᠬᠢᠯᠳᠠᠭ ᠦᠢ᠍ᠯᠡᠰ ᠴᠣᠭᠴᠠᠯᠠᠬᠤ ᠪᠣᠯᠪᠠᠰᠤᠷᠠᠯ ᠭᠡᠵᠦ ᠶᠠᠭᠤ ᠪᠣᠶ?
ᠬᠠᠷᠢᠭᠤᠯᠲᠠ᠄ ᠴᠠᠬᠢᠯᠳᠠᠭ ᠦᠢ᠍ᠯᠡᠰ ᠴᠣᠭᠴᠠᠯᠠᠬᠤ ᠪᠣᠯᠪᠠᠰᠤᠷᠠᠯ ᠪᠣᠯ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠦᠢ᠍ᠯᠡᠰ ᠴᠣᠭᠴᠠᠯᠠᠬᠤ ᠡᠷᠡᠮᠡᠯᠵᠡᠯ ᠪᠠ ᠪᠣᠯᠪᠠᠰᠤᠷᠠᠯ ᠬᠦᠷᠲᠡᠬᠦ ᠬᠡᠷᠡᠭᠴᠡᠭᠡ᠎ᠲᠠᠢ ᠬᠤᠲᠠ ᠬᠥᠳᠡᠭᠡ ᠵᠢᠨ ᠡᠯ᠎ᠡ ᠲᠥᠷᠥᠯ᠎ᠤᠨ ᠬᠥᠳᠡᠯᠮᠦᠷᠢᠴᠢᠳ᠎ᠲᠤ ᠬᠠᠨᠳᠤᠭᠤᠯᠤᠨ ᠥᠷᠨᠢᠭᠦᠯᠦᠭᠰᠡᠨ ᠵᠢᠱ᠌ᠢᠶ᠎ᠡ ᠦᠵᠡᠭᠦᠯᠬᠦ ᠴᠢᠨᠠᠷᠲᠠᠶ ᠦᠢ᠍ᠯᠡᠰ ᠴᠣᠭᠴᠠᠯᠠᠬᠤ ᠪᠣᠯᠪᠠᠰᠤᠷᠠᠯ ᠪᠣᠯᠤᠨ᠎ᠠ᠃ ᠲᠡᠷᠡ᠎ᠨᠢ ᠦᠢ᠍ᠯᠡᠰ ᠴᠣᠭᠴᠠᠯᠠᠬᠤ ᠤᠬᠠᠮᠰᠠᠷ᠎ᠢ ᠬᠥᠭᠵᠢᠭᠡᠬᠦ᠂ ᠦᠢ᠍ᠯᠡᠰ ᠴᠣᠭᠴᠠᠯᠠᠬᠤ ᠴᠢᠳᠠᠪᠤᠷᠢ ᠵᠢ ᠳᠡᠭᠡᠭᠰᠢᠯᠡᠭᠦᠯᠬᠦ᠂ ᠠᠵᠤ ᠠᠬᠤᠶ᠋ᠢᠯᠠᠯ᠎ᠤᠨ ᠡᠵᠡᠩᠨᠡᠯᠲᠡ ᠵᠢ ᠲᠣᠭᠲᠠᠪᠤᠷᠢᠵᠢᠭᠤᠯᠬᠤ᠎ᠪᠠᠷ ᠳᠠᠮᠵᠢᠭᠤᠯᠤᠨ᠂ ᠬᠥᠳᠡᠯᠮᠦᠷᠢᠴᠢᠳ᠎ᠲᠤ ᠦᠢ᠍ᠯᠡᠰ ᠴᠣᠭᠴᠠᠯᠠᠬᠤ ᠪᠣᠯᠪᠠᠰᠤᠷᠠᠯ ᠪᠠ ᠵᠢᠯᠣᠭᠤᠳᠣᠯᠭ᠎ᠠ ᠬᠠᠩᠭ᠋ᠠᠨ᠎ᠠ᠃ 2020 ᠣᠨ᠎ᠤ ᠡᠴᠦᠰ᠎ᠲᠤ᠂ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ 《ᠴᠠᠬᠢᠯᠳᠠᠭ ᠲᠥᠯᠥᠪᠯᠡᠭᠡ》 ᠵᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 2021 ᠣᠨ᠎ᠤ 6 ᠳ᠋ᠤᠭ᠋ᠠᠷ ᠰᠠᠷ᠎ᠠ᠎ᠳᠤ ᠪᠠᠰᠠ 《ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ 〈ᠴᠠᠬᠢᠯᠳᠠᠭ ᠲᠥᠯᠥᠪᠯᠡᠭᠡ〉 ᠵᠢ ᠬᠡᠷᠡᠭᠵᠢᠭᠦᠯᠬᠦ ᠲᠤᠬᠠᠶ ᠮᠡᠳᠡᠭᠳᠡᠯ》 (ᠥᠪᠥᠷ ᠬᠥᠮᠦᠨ ᠨᠡᠶ᠋ᠢᠭᠡᠮ ᠠᠯᠪᠠᠨ ᠲᠠᠷᠬᠠᠭ᠋ᠠᠭᠰᠠᠨ [2021] 98 ᠳ᠋ᠤᠭ᠋ᠠᠷ ᠲᠣᠭ᠋ᠠᠲᠤ)᠎ᠢ ᠲᠠᠷᠬᠠᠭ᠋ᠠᠪᠠ᠃
2. ᠠᠰᠠᠭᠤᠯᠲᠠ᠄ 《ᠴᠠᠬᠢᠯᠳᠠᠭ ᠲᠥᠯᠥᠪᠯᠡᠭᠡ》 ᠵᠢᠨ ᠬᠠᠷᠠᠯᠲᠠ᠎ᠨᠢ ᠶᠠᠭᠤ ᠪᠤᠢ?
ᠬᠠᠷᠢᠭᠤᠯᠲᠠ᠄ ᠬᠠᠷᠠᠯᠲᠠ᠎ᠨᠢ ᠳᠠᠷᠤᠢ ᠵᠠᠰᠠᠭ᠎ᠤᠨ ᠣᠷᠳᠣᠨ ᠬᠥᠲᠥᠯᠦᠨ ᠵᠢᠯᠣᠭᠤᠳᠬᠤ᠂ ᠨᠡᠶ᠋ᠢᠭᠡᠮ ᠵᠶ᠋ᠠᠷ ᠵᠶ᠋ᠠᠨ ᠣᠷᠣᠯᠴᠠᠬᠤ᠂ ᠦᠢ᠍ᠯᠡᠰ ᠴᠣᠭᠴᠠᠯᠠᠭᠴᠢ ᠡᠵᠡᠨ ᠮᠡᠳᠡᠵᠦ ᠰᠣᠩᠭᠤᠭᠰᠠᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠠᠵᠢᠯ᠎ᠤᠨ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠣᠨᠣᠯᠵᠢᠬᠤᠨ᠎ᠢ ᠨᠠᠩ ᠳᠠᠪᠰᠢᠩᠭᠤᠢ ᠪᠣᠯᠭ᠋ᠠᠬᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠡᠲᠡᠭᠡᠳ᠎ᠢ ᠨᠠᠩ ᠴᠢᠯᠦᠭᠡᠯᠡᠬᠦ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠡᠬᠢ ᠪᠠᠶᠠᠯᠢᠭ᠎ᠢ ᠨᠠᠩ ᠡᠯᠪᠡᠭᠵᠢᠭᠦᠯᠬᠦ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠵᠠᠭᠪᠤᠷ᠎ᠢ ᠨᠠᠩ ᠣᠯᠠᠰᠢᠷᠠᠭᠤᠯᠬᠤ ᠵᠢ ᠴᠢᠷᠮᠠᠶ᠋ᠢᠨ ᠪᠡᠶᠡᠯᠡᠭᠦᠯᠦᠨ᠎ᠡ᠃
ᠮᠠᠨ᠎ᠤ ᠣᠷᠣᠨ᠎ᠤ ᠬᠠᠷᠠᠯᠲᠠ ᠡᠭᠦᠷᠭᠡ ᠪᠣᠯ ᠪᠥᠬᠦ ᠣᠷᠣᠨ᠎ᠤ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠶ᠋ᠢᠭᠤᠯᠤᠮᠵᠢ ᠵᠢ 250᠎ᠠᠴᠠ ᠳᠡᠭᠡᠭᠰᠢ᠎ᠳᠤ ᠬᠦᠷᠦᠭᠦᠯᠬᠦ ᠵᠢᠨ ᠬᠠᠮᠲᠤ᠂ ᠡᠭᠦᠨ᠎ᠤ ᠰᠠᠭᠤᠷᠢᠨ ᠳᠡᠭᠡᠷ᠎ᠡ ᠨᠢᠭᠡ ᠪᠦᠯᠦᠭ ᠨᠠᠩ ᠥᠨᠳᠥᠷ ᠲᠦᠪᠰᠢᠨ ᠪᠥᠬᠦᠶ᠂ ᠨᠠᠩ ᠶᠡᠭᠡ ᠨᠥᠯᠥᠭᠡᠯᠡᠬᠦ ᠬᠦᠴᠦᠨ ᠪᠦᠬᠦᠢ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠤᠶ᠋ᠢᠵᠢᠭᠤᠯᠤᠨ ᠬᠥᠭᠵᠢᠭᠦᠯᠦᠨ᠎ᠡ; ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠰᠢᠯᠢᠳᠡᠭ ᠪᠠᠭᠰᠢ ᠨᠠᠷ᠎ᠤᠨ ᠦᠢ᠍ᠯᠡᠰ ᠴᠣᠭᠴᠠᠯᠠᠬᠤ ᠪᠣᠯᠪᠠᠰᠤᠷᠠᠯ᠎ᠢ ᠵᠢᠯᠣᠭᠤᠳᠬᠤ ᠠᠵᠢᠯ᠎ᠤᠨ ᠲᠠᠰᠤᠭ ᠪᠠᠶ᠋ᠢᠭᠤᠯᠬᠤ ᠵᠢ ᠳᠡᠮᠵᠢᠨ᠎ᠡ; ᠵᠢᠯ ᠪᠦᠷᠢ ᠵᠢᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ ᠵᠢᠨ ᠣᠨ᠎ᠤ ᠪᠣᠯᠪᠠᠰᠤᠷᠠᠭᠤᠯᠬᠤ ᠬᠡᠮᠵᠢᠶ᠎ᠡ ᠵᠢ 330 ᠬᠥᠮᠦᠨ᠎ᠠᠴᠠ ᠳᠣᠤᠷ᠎ᠠ ᠪᠠᠶ᠋ᠢᠯᠭ᠋ᠠᠬᠤ ᠥᠬᠡᠶ᠂ 2021 ᠣᠨ᠎ᠳᠤ ᠦᠢ᠍ᠯᠡᠰ ᠴᠣᠭᠴᠠᠯᠠᠭᠴᠢ ᠵᠢᠨ ᠪᠣᠯᠪᠠᠰᠤᠷᠠᠯ᠎ᠢ 2 ᠲᠦᠮᠡᠨ ᠬᠥᠮᠦᠨ ᠤᠳᠠᠭ᠎ᠠ᠎ᠠᠴᠠ ᠳᠡᠭᠡᠭᠰᠢ᠎ᠳᠤ ᠬᠦᠷᠦᠭᠦᠯᠵᠦ᠂ ᠡᠨᠡ ᠵᠢᠯ᠎ᠤᠨ 7 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠪᠥᠬᠦ ᠣᠷᠣᠨ᠎ᠤ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠬᠥᠮᠦᠨ᠎ᠤ ᠲᠤᠭ᠎ᠠ ᠵᠢ ᠨᠢᠭᠡᠨᠲᠡ 1.76 ᠲᠦᠮᠡ᠎ᠳᠤ ᠬᠦᠷᠦᠭᠦᠯᠵᠦ᠂ ᠡᠭᠦᠨ᠎ᠤ ᠬᠠᠮᠲᠤ ᠬᠤᠶ᠋ᠢᠰᠢᠳᠠ ᠵᠢᠯ ᠪᠦᠷᠢ ᠵᠢᠨ ᠪᠣᠯᠪᠠᠰᠤᠷᠠᠭᠤᠯᠬᠤ ᠬᠡᠮᠵᠢᠶ᠎ᠡ ᠵᠢ ᠠᠬᠢᠭᠤᠯᠤᠨ ᠨᠡᠮᠡᠭᠳᠡᠭᠦᠯᠬᠦ᠎ᠪᠠᠷ ᠴᠢᠷᠮᠠᠶ᠋ᠢᠨ᠎ᠠ᠃
3. ᠠᠰᠠᠭᠤᠯᠲᠠ᠄ 《ᠴᠠᠬᠢᠯᠳᠠᠭ ᠲᠥᠯᠥᠪᠯᠡᠭᠡ》 ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠶ?
ᠬᠠᠷᠢᠭᠤᠯᠲᠠ᠄ ᠨᠢᠭᠡ᠎ᠳᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠠᠭᠤᠯᠭ᠎ᠠ ᠪᠠ ᠬᠠᠷᠠᠯᠲᠠ ᠵᠢ ᠲᠣᠳᠣᠷᠬᠠᠶ᠋ᠢᠯᠠᠪᠠ᠃ ᠠᠳᠠᠯᠢ ᠪᠤᠰᠤ ᠦᠢ᠍ᠯᠡᠰ ᠴᠣᠭᠴᠠᠯᠠᠬᠤ ᠱᠠᠲᠤᠨ᠎ᠳᠤ ᠴᠢᠭᠯᠡᠭᠦᠯᠦᠨ ᠦᠢ᠍ᠯᠡᠰ ᠴᠣᠭᠴᠠᠯᠠᠬᠤ ᠪᠣᠯᠪᠠᠰᠤᠷᠠᠯ᠎ᠢ ᠥᠷᠨᠢᠭᠦᠯᠪᠡ᠃ ᠦᠢ᠍ᠯᠡᠰ ᠴᠣᠭᠴᠠᠯᠠᠬᠤ᠎ᠪᠠᠷ ᠪᠡᠯᠡᠳᠬᠡᠵᠦ ᠪᠠᠶ᠋ᠢᠭ᠎ᠠ ᠪᠠ ᠦᠢ᠍ᠯᠡᠰ ᠴᠣᠭᠴᠠᠯᠠᠭᠰᠠᠨ ᠡᠬᠢᠨ᠎ᠤ ᠬᠤᠭᠤᠴᠠᠭ᠋ᠠᠨ᠎ᠤ ᠬᠥᠮᠦᠰ ᠦᠢ᠍ᠯᠡᠰ ᠴᠣᠭᠴᠠᠯᠠᠬᠤ ᠤᠬᠠᠮᠰᠠᠷ᠂ ᠠᠵᠤ ᠠᠬᠤᠶ᠋ᠢᠯᠠᠯ ᠪᠠᠶ᠋ᠢᠭᠤᠯᠬᠤ᠂ ᠰᠦᠯᠵᠢᠶ᠎ᠡ᠎ᠪᠠᠷ ᠦᠢ᠍ᠯᠡᠰ ᠴᠣᠭᠴᠠᠯᠠᠬᠤ᠂ ᠦᠢ᠍ᠯᠡᠰ ᠴᠣᠭᠴᠠᠯᠠᠬᠤ (ᠰᠣᠷᠢᠯᠲᠠ) ᠳᠠᠳᠤᠯᠭ᠎ᠠ ᠵᠡᠷᠭᠡ ᠬᠢᠴᠢᠶᠡᠯ᠎ᠤᠨ ᠪᠣᠯᠪᠠᠰᠤᠷᠠᠯ᠎ᠳᠤ ᠣᠷᠣᠯᠴᠠᠵᠤ᠂ ᠲᠥᠷᠥᠯ ᠵᠦᠢ᠍ᠯ᠎ᠤᠨ ᠰᠣᠩᠭᠤᠯᠲᠠ᠂ ᠵᠠᠬ᠎ᠠ ᠳᠡᠯᠭᠡᠭᠦᠷ᠎ᠤᠨ ᠦᠨᠡᠯᠡᠨ ᠵᠢᠱ᠌ᠢᠯᠲᠡ᠂ ᠪᠠᠯᠠ ᠮᠥᠩᠭᠦ ᠵᠢᠨ ᠵᠢᠱ᠌ᠢᠯᠲᠡ᠂ ᠦᠢ᠍ᠯᠡᠰ ᠴᠣᠭᠴᠠᠯᠠᠬᠤ ᠲᠥᠯᠥᠪᠯᠡᠭᠡ ᠵᠡᠷᠭᠡ ᠴᠢᠳᠠᠪᠤᠷᠢ᠎ᠪᠠᠨ ᠳᠡᠭᠡᠭᠰᠢᠯᠡᠭᠦᠯᠦᠨ᠎ᠡ; ᠨᠢᠭᠡᠨᠲᠡ ᠠᠮᠵᠢᠯᠲᠠ᠎ᠲᠠᠢ᠎ᠪᠠᠷ ᠦᠢ᠍ᠯᠡᠰ ᠴᠣᠭᠴᠠᠯᠠᠭᠰᠠᠨ ᠬᠥᠮᠦᠰ ᠠᠵᠤ ᠠᠬᠤᠶ᠋ᠢᠯᠠᠯ ᠵᠶ᠋ᠠᠨ ᠰᠠᠶ᠋ᠢᠵᠢᠷᠠᠭᠤᠯᠬᠤ ᠪᠠ ᠠᠵᠤ ᠠᠬᠤᠶ᠋ᠢᠯᠠᠯ ᠵᠶ᠋ᠠᠨ ᠥᠷᠭᠡᠳᠬᠡᠬᠦ ᠵᠡᠷᠭᠡ ᠬᠢᠴᠢᠶᠡᠯ ᠪᠣᠯᠪᠠᠰᠤᠷᠠᠯ᠎ᠳᠤ ᠣᠷᠣᠯᠴᠠᠵᠤ᠂ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠦᠷᠢᠨᠰᠢᠬᠦᠯᠦᠨ᠂ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠲᠣᠭᠲᠠᠭ᠋ᠠᠵᠤ᠂ ᠭᠠᠳᠠᠭ᠋ᠠᠳᠤ ᠵᠢᠨ ᠲᠦᠭᠰᠢᠭᠦᠷᠢ ᠵᠢ ᠡᠰᠡᠷᠭᠦᠴᠡᠵᠦ᠂ ᠠᠵᠤ ᠠᠬᠤᠶ᠋ᠢᠯᠠᠯ᠎ᠤᠨ ᠡᠵᠡᠩᠨᠡᠯᠲᠡ᠎ᠪᠠᠨ ᠲᠣᠭᠲᠠᠪᠤᠷᠢᠵᠢᠭᠤᠯᠤᠨ᠂ ᠠᠵᠢᠯ᠎ᠤᠨ ᠪᠠᠶ᠋ᠢᠷᠢ ᠵᠢ ᠥᠷᠭᠡᠳᠬᠡᠵᠦ ᠪᠣᠯᠤᠨ᠎ᠠ᠃ ᠪᠣᠯᠪᠠᠰᠤᠷᠠᠯ᠎ᠤᠨ ᠬᠠᠷᠠᠯᠲᠠ᠄ (1) ᠦᠢ᠍ᠯᠡᠰ ᠴᠣᠭᠴᠠᠯᠠᠬᠤ ᠲᠠᠨᠢᠨ ᠮᠡᠳᠡᠬᠦᠶ ᠵᠢᠨ ᠱᠠᠲᠤᠨ᠎ᠳᠤ ᠱᠠᠭ᠋ᠠᠷᠳᠠᠭᠳᠠᠬᠤ ᠦᠨᠳᠦᠰᠦᠨ ᠮᠡᠳᠡᠯᠭᠡ ᠵᠢ ᠡᠵᠡᠮᠰᠢᠵᠦ᠂ ᠠᠳᠠᠯᠢ ᠪᠤᠰᠤ ᠦᠢ᠍ᠯᠡᠰ ᠴᠣᠭᠴᠠᠯᠠᠬᠤ ᠱᠠᠲᠤᠨ᠎ᠤ ᠬᠥᠭᠵᠢᠯᠲᠡ ᠵᠢᠨ ᠬᠦᠴᠦᠨ ᠵᠦᠢ᠍ᠯ ᠪᠠ ᠠᠵᠤ ᠠᠬᠤᠶ᠋ᠢᠯᠠᠯ᠎ᠤᠨ ᠠᠭᠤᠯᠤᠭᠳᠠᠬᠤᠨ᠎ᠢ ᠣᠶ᠋ᠢᠯᠠᠭ᠋ᠠᠨ᠎ᠠ; (2) ᠦᠢ᠍ᠯᠡᠰ ᠴᠣᠭᠴᠠᠯᠠᠭᠴᠢ ᠵᠢᠨ ᠪᠠᠶ᠋ᠢᠪᠠᠰᠤ ᠵᠣᠬᠢᠬᠤ ᠬᠡᠪ ᠴᠢᠨᠠᠷ ᠪᠠ ᠴᠢᠳᠠᠪᠤᠷᠢ ᠵᠢ ᠲᠠᠨᠢᠨ ᠮᠡᠳᠡᠵᠦ᠂ ᠥᠪᠡᠷ᠎ᠤᠨ ᠦᠢ᠍ᠯᠡᠰ ᠴᠣᠭᠴᠠᠯᠠᠬᠤ ᠴᠢᠳᠠᠪᠤᠷᠢ ᠪᠠ ᠦᠢ᠍ᠯᠡᠰ ᠴᠣᠭᠴᠠᠯᠠᠬᠤ ᠡᠬᠢ ᠪᠠᠶᠠᠯᠢᠭ ᠵᠶ᠋ᠠᠨ ᠪᠤᠰᠤᠳᠴᠢ᠎ᠪᠠᠷ ᠦᠨᠡᠯᠡᠨ ᠵᠢᠱ᠌ᠢᠵᠦ ᠴᠢᠳᠠᠨ᠎ᠠ; (3) ᠦᠢ᠍ᠯᠡᠰ ᠴᠣᠭᠴᠠᠯᠠᠬᠤ ᠲᠥᠷᠥᠯ ᠵᠦᠢ᠍ᠯ᠎ᠢ ᠢᠯᠡᠷᠡᠭᠦᠯᠬᠦ ᠪᠠ ᠰᠢᠯᠢᠨ ᠰᠣᠩᠭᠤᠬᠤ ᠠᠷᠭ᠎ᠠ ᠵᠢ ᠬᠡᠷᠡᠭᠯᠡᠨ᠂ ᠬᠤᠳᠠᠯᠳᠤᠭ᠋ᠠᠨ᠎ᠤ ᠲᠣᠬᠢᠶᠠᠯ᠎ᠢ ᠢᠯᠭ᠋ᠠᠨ ᠲᠠᠨᠢᠬᠤ ᠴᠢᠳᠠᠪᠤᠷᠢ᠎ᠪᠠᠨ ᠳᠡᠭᠡᠭᠰᠢᠯᠡᠭᠦᠯᠬᠦ ᠵᠢᠨ ᠬᠠᠮᠲᠤ ᠥᠪᠡᠷ᠎ᠤᠨ ᠪᠡᠶ᠎ᠡ᠎ᠳᠤ᠎ᠪᠠᠨ ᠳᠣᠭᠢᠷᠬᠠᠰᠠᠨ ᠦᠢ᠍ᠯᠡᠰ ᠴᠣᠭᠴᠠᠯᠠᠬᠤ ᠲᠥᠷᠥᠯ ᠵᠦᠢ᠍ᠯ᠎ᠢ ᠪᠤᠢ ᠪᠣᠯᠭ᠋ᠠᠬᠤ ᠪᠠ ᠰᠢᠯᠢᠨ ᠰᠣᠩᠭᠤᠵᠤ ᠴᠢᠳᠠᠨ᠎ᠠ; (4) ᠪᠣᠯᠪᠠᠰᠤᠷᠠᠯ᠎ᠳᠤ ᠣᠷᠣᠯᠴᠠᠭᠰᠠᠳ᠎ᠤᠨ ᠦᠢ᠍ᠯᠡᠰ ᠴᠣᠭᠴᠠᠯᠠᠬᠤ ᠤᠬᠠᠮᠰᠠᠷ᠂ ᠦᠢ᠍ᠯᠡᠰ ᠴᠣᠭᠴᠠᠯᠠᠬᠤ ᠤᠷᠮ᠎ᠠ ᠵᠢ ᠬᠥᠭᠵᠢᠭᠡᠵᠦ᠂ ᠪᠣᠯᠪᠠᠰᠤᠷᠠᠯ᠎ᠳᠤ ᠣᠷᠣᠯᠴᠠᠭᠰᠠᠳ᠎ᠤᠨ ᠰᠢᠨ᠎ᠡ ᠵᠢ ᠡᠭᠦᠳᠬᠦ ᠰᠡᠳᠬᠢᠬᠦᠶ ᠵᠢᠴᠢ ᠦᠢ᠍ᠯᠡᠰ ᠴᠣᠭᠴᠠᠯᠠᠬᠤ ᠵᠣᠷᠢᠭ ᠰᠠᠨᠠᠭ᠎ᠠ ᠵᠢ ᠬᠥᠮᠥᠵᠢᠭᠦᠯᠦᠨ᠎ᠡ᠃
ᠬᠤᠶᠠᠷ᠎ᠲᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠳᠤ ᠣᠷᠣᠯᠴᠠᠬᠤ ᠬᠥᠮᠥᠰ᠎ᠤᠨ ᠬᠡᠪᠴᠢᠶ᠎ᠡ ᠵᠢ ᠥᠷᠭᠡᠳᠬᠡᠨ᠎ᠡ᠃ 《ᠴᠠᠬᠢᠯᠳᠠᠭ ᠲᠥᠯᠥᠪᠯᠡᠭᠡ》᠎ᠨᠢ ᠦᠢ᠍ᠯᠡᠰ ᠴᠣᠭᠴᠠᠯᠠᠬᠤ ᠡᠷᠡᠮᠡᠯᠵᠡᠯ ᠪᠠ ᠪᠣᠯᠪᠠᠰᠤᠷᠠᠯ ᠬᠦᠷᠲᠡᠬᠦ ᠬᠡᠷᠡᠭᠴᠡᠭᠡ᠎ᠲᠠᠢ ᠬᠤᠲᠠ ᠬᠥᠳᠡᠭᠡ ᠵᠢᠨ ᠡᠯ᠎ᠡ ᠲᠥᠷᠥᠯ᠎ᠤᠨ ᠬᠥᠳᠡᠯᠮᠦᠷᠢᠴᠢᠳ᠎ᠲᠤ ᠬᠠᠨᠳᠤᠭᠤᠯᠪᠠ᠃ ᠠᠮᠢᠳᠤᠷᠠᠯ᠎ᠨᠢ ᠶᠠᠳᠠᠭᠤ ᠬᠦᠴᠢᠷᠳᠡᠯᠲᠡᠶ ᠭᠡᠷ ᠪᠦᠯᠢ ᠵᠢᠨ ᠬᠡᠦᠬᠡᠳ᠂ ᠶᠠᠳᠠᠭᠤ ᠬᠥᠳᠡᠯᠮᠦᠷᠢ ᠬᠦᠴᠦ᠂ ᠬᠤᠲᠠ ᠬᠥᠳᠡᠭᠡ ᠵᠢᠨ ᠦᠷᠭᠦᠯᠵᠢᠯᠡᠨ ᠰᠤᠷᠭ᠋ᠠᠭᠤᠯᠢ᠎ᠳᠤ ᠳᠡᠪᠰᠢᠭᠰᠡᠨ ᠦᠭᠡᠢ ᠠᠩᠬ᠎ᠠ᠂ ᠥᠨᠳᠥᠷ ᠳᠤᠮᠳᠠᠳᠤ ᠵᠢᠨ ᠰᠤᠷᠤᠭᠴᠢᠳ᠂ ᠡᠯ᠎ᠡ ᠲᠥᠷᠥᠯ᠎ᠤᠨ ᠶᠡᠭᠡ ᠳᠡᠭᠡᠳᠦ ᠰᠤᠷᠭ᠋ᠠᠭᠤᠯᠢ ᠵᠢᠨ ᠣᠶᠤᠲᠠᠳ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠭᠲᠠᠨ᠎ᠠ) ᠵᠢᠨ ᠰᠤᠷᠤᠭᠴᠢᠳ᠂ ᠰᠤᠷᠭ᠋ᠠᠭᠤᠯᠢ᠎ᠠᠴᠠ᠎ᠪᠠᠨ ᠰᠠᠯᠤᠭ᠋ᠠᠳ 2 ᠵᠢᠯ ᠳᠣᠲᠣᠷ᠎ᠠ ᠠᠵᠢᠯ ᠣᠯᠤᠭ᠋ᠠᠳᠤᠶ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠬᠥᠳᠡᠭᠡ ᠲᠣᠰᠬᠤᠨ᠎ᠠᠴᠠ ᠰᠢᠯᠵᠢᠵᠦ ᠠᠵᠢᠯ ᠣᠯᠤᠭᠰᠠᠨ ᠬᠥᠳᠡᠯᠮᠦᠷᠢᠴᠢᠳ᠂ ᠨᠤᠲᠤᠭ᠎ᠲᠤ᠎ᠪᠠᠨ ᠪᠤᠴᠠᠨ ᠬᠥᠳᠡᠭᠡ᠎ᠳᠤ ᠣᠴᠢᠵᠤ ᠦᠢ᠍ᠯᠡᠰ ᠴᠣᠭᠴᠠᠯᠠᠭᠴᠢᠳ᠂ ᠬᠥᠳᠡᠭᠡ ᠲᠣᠰᠬᠤᠨ᠎ᠤ ᠦᠢ᠍ᠯᠡᠰ ᠴᠣᠭᠴᠠᠯᠠᠵᠤ ᠪᠠᠶᠠᠵᠢᠬᠤ ᠵᠢ ᠳᠠᠭ᠋ᠠᠭᠤᠯᠤᠭᠴᠢᠳ᠂ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠤ ᠠᠵᠢᠯ ᠠᠯᠳᠠᠭᠰᠠᠳ᠂ ᠠᠵᠢᠯ᠎ᠤᠨ ᠪᠠᠶ᠋ᠢᠷᠢ ᠰᠢᠯᠵᠢᠭᠰᠡᠨ ᠠᠵᠢᠯᠲᠠᠳ᠂ ᠵᠢᠵᠢᠭ ᠪᠢᠴᠢᠯ ᠠᠵᠤ ᠠᠬᠤᠶ᠋ᠢᠯᠠᠯ᠎ᠤᠨ ᠡᠵᠡᠩᠨᠡᠭᠴᠢᠳ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠦᠭᠦᠳ᠂ ᠠᠵᠢᠯ ᠤᠯᠬᠤ᠎ᠳᠤ ᠬᠦᠴᠢᠷᠲᠡᠶ ᠬᠥᠮᠦᠰ (ᠵᠡᠮᠳᠡᠭᠴᠦᠳ ᠪᠠᠭᠲᠠᠨ᠎ᠠ)᠂ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠂ ᠡᠷᠡᠭᠦᠤ ᠵᠢᠨ ᠬᠤᠭᠤᠴᠠᠭ᠎ᠠ᠎ᠨᠢ ᠳᠠᠭᠤᠰᠴᠤ ᠰᠤᠯᠠᠯᠠᠭᠳᠠᠬᠤ ᠭᠡᠵᠦ ᠪᠠᠶ᠋ᠢᠭ᠎ᠠ ᠬᠥᠮᠦᠰ ᠵᠡᠷᠭᠡ᠎ᠳᠤ ᠦᠢ᠍ᠯᠡᠰ ᠴᠣᠭᠴᠠᠯᠠᠬᠤ ᠪᠣᠯᠪᠠᠰᠤᠷᠠᠯ ᠥᠷᠨᠢᠭᠦᠯᠦᠨ᠎ᠡ᠃
ᠭᠤᠷᠪᠠ᠎ᠳᠤ᠂ ᠤᠷ᠎ᠠ ᠮᠡᠷᠭᠡᠰᠢᠯ ᠪᠣᠯᠤᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢᠨ ᠤᠶᠠᠯᠳᠤᠯ᠎ᠢ ᠠᠬᠢᠭᠤᠯᠤᠨ᠎ᠠ᠃ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠭᠲᠠᠨ᠎ᠠ) ᠵᠢᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠪᠣᠯᠪᠠᠰᠤᠷᠠᠯ᠎ᠢ ᠠᠬᠢᠭᠤᠯᠵᠤ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠬᠢᠴᠢᠶᠡᠯ᠎ᠢ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠎ᠳᠤ ᠣᠷᠣᠭᠤᠯᠤᠨ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠭᠲᠠᠨ᠎ᠠ) ᠵᠢᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ ᠵᠢᠨ ᠬᠥᠮᠥᠵᠢᠯ ᠪᠣᠯᠪᠠᠰᠤᠷᠠᠯ᠎ᠢ ᠲᠦᠷᠭᠡᠳᠬᠡᠨ᠎ᠡ᠃ ᠤᠷ᠎ᠠ ᠮᠡᠷᠭᠡᠰᠢᠯ᠎ᠤᠨ ᠮᠠᠰᠲ᠋ᠧᠷ᠎ᠤᠨ ᠠᠵᠢᠯᠯᠠᠬᠤ ᠲᠠᠰᠤᠭ ᠵᠡᠷᠭᠡ᠎ᠳᠤ ᠲᠦᠰᠢᠭᠯᠡᠨ ᠣᠯᠠᠨ ᠵᠦᠢ᠍ᠯ᠎ᠤᠨ ᠬᠡᠯᠪᠡᠷᠢ ᠵᠢᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠠᠵᠢᠯᠯᠠᠭ᠎ᠠ ᠵᠢ ᠥᠷᠨᠢᠭᠦᠯᠵᠦ᠂ ᠰᠤᠷᠤᠭᠴᠢᠳ᠎ᠤᠨ 《ᠦᠢ᠍ᠯᠡᠰ ᠲᠤᠷᠰᠢᠨ ᠴᠣᠭᠴᠠᠯᠠᠬᠤ》 ᠦᠢ᠍ᠯᠡᠳᠦᠯᠭᠡ ᠵᠢᠨ ᠠᠵᠢᠯᠯᠠᠭ᠎ᠠ ᠵᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠬᠡᠪᠴᠢᠶᠡᠨ᠎ᠳᠤ ᠣᠷᠣᠭᠤᠯᠤᠨ᠎ᠠ᠃
ᠲᠦᠷᠪᠡ᠎ᠳᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠬᠤ᠎ᠳᠤ ᠬᠦᠴᠦᠨ ᠨᠡᠮᠡᠷᠢᠯᠡᠬᠦ ᠵᠢ ᠠᠬᠢᠭᠤᠯᠤᠨ᠎ᠠ᠃ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠵᠢᠯᠣᠭᠤᠳᠤᠯᠭ᠎ᠠ ᠵᠢᠨ ᠬᠢᠴᠢᠶᠡᠯ᠎ᠢ ᠴᠢᠭᠯᠡᠯᠲᠦ ᠴᠢᠨᠠᠷᠲᠠᠶ᠎ᠪᠠᠷ ᠨᠡᠭᠡᠭᠡᠨ ᠬᠥᠭᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ ᠵᠢᠨ ᠡᠩᠨᠡᠭᠡ ᠪᠠ ᠦᠢ᠍ᠯᠡᠰ ᠴᠣᠭᠴᠠᠯᠠᠬᠤ ᠵᠢᠯᠣᠭᠤᠳᠣᠭᠴᠢ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠥᠳᠡᠭᠡ ᠲᠣᠰᠬᠤᠨ᠂ ᠬᠢᠯᠢ ᠬᠢᠵᠠᠭ᠋ᠠᠷ ᠣᠷᠣᠨ᠎ᠤ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠵᠢᠯᠣᠭᠤᠳᠣᠯᠭ᠎ᠠ ᠵᠢ ᠠᠬᠢᠭᠤᠯᠤᠨ᠎ᠠ᠃ ᠨᠤᠲᠤᠭ᠎ᠲᠤ᠎ᠪᠠᠨ ᠪᠤᠴᠠᠵᠤ ᠬᠥᠳᠡᠭᠡ᠎ᠳᠤ ᠣᠴᠢᠭᠰᠠᠳ᠂ ᠬᠥᠳᠡᠭᠡ ᠲᠣᠰᠬᠤᠨ᠎ᠤ ᠦᠢ᠍ᠯᠡᠰ ᠴᠣᠭᠴᠠᠯᠠᠵᠤ ᠪᠠᠶᠠᠵᠢᠬᠤ ᠵᠢ ᠳᠠᠭ᠋ᠠᠭᠤᠯᠤᠭᠴᠢ ᠪᠠ ᠶᠠᠳᠠᠭᠤ ᠵᠢ ᠲᠡᠳᠬᠦᠵᠦ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ ᠵᠢᠨ ᠨᠡᠶ᠋ᠢᠲᠡᠯᠢᠭ ᠦᠢ᠍ᠯᠡ ᠠᠵᠢᠯᠯᠠᠭ᠎ᠠ ᠵᠢ ᠠᠭᠤᠳᠠᠯᠤᠨ ᠤᠬᠠᠭᠤᠯᠤᠨ᠎ᠠ᠃
4. ᠠᠰᠠᠭᠤᠯᠲᠠ᠄ 《ᠴᠠᠬᠢᠯᠳᠠᠭ ᠲᠥᠯᠥᠪᠯᠡᠭᠡ》 ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠎ᠳᠤ ᠶᠠᠮᠠᠷ ᠶᠠᠮᠠᠷ ᠳᠡᠮᠵᠢᠯᠭᠡ ᠵᠢᠨ ᠪᠠᠲᠤᠯᠠᠭ᠎ᠠ ᠪᠠᠶ᠋ᠢᠬᠤ ᠪᠤᠶ?
ᠬᠠᠷᠢᠭᠤᠯᠲᠠ᠄ ᠨᠢᠭᠡ᠎ᠳᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠡᠬᠢ ᠪᠠᠶᠠᠯᠢᠭ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠎ᠡ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠨᠡᠶ᠋ᠢᠲᠡᠯᠡᠭᠰᠡᠨ 《ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》᠎ᠳᠤ ᠲᠦᠰᠢᠭᠯᠡᠨ᠂ ᠦᠢ᠍ᠯᠡᠰ ᠴᠣᠭᠴᠠᠯᠠᠬᠤ ᠣᠯᠠᠨ ᠵᠦᠢ᠍ᠯ᠎ᠤᠨ ᠪᠣᠯᠪᠠᠰᠤᠷᠠᠯ᠎ᠤᠨ ᠬᠢᠴᠢᠶᠡᠯ᠂ ᠵᠢᠭ᠋ᠠᠬᠤ ᠮᠠᠲ᠋ᠧᠷᠢᠶᠠᠯ ᠪᠠ ᠬᠡᠷᠡᠭ᠎ᠤᠨ ᠵᠢᠱ᠌ᠢᠶ᠎ᠡ ᠵᠢᠨ ᠬᠥᠮᠥᠷᠭᠡ ᠵᠢ ᠪᠠᠶ᠋ᠢᠭᠤᠯᠵᠤ᠂ ᠠᠮᠢᠳᠤᠯᠢᠭ ᠪᠥᠭᠡᠳ ᠣᠯᠠᠨ ᠬᠡᠯᠪᠡᠷᠢ ᠵᠢᠨ ᠪᠣᠯᠪᠠᠰᠤᠷᠠᠯ᠎ᠤᠨ ᠵᠠᠭᠪᠤᠷ᠎ᠢ ᠲᠡᠭᠦᠯᠳᠡᠷᠵᠢᠭᠦᠯᠦᠨ᠂ 《ᠢᠨᠲ᠋ᠧᠷ ᠰᠦᠯᠵᠢᠶ᠎ᠡ + ᠦᠢ᠍ᠯᠡᠰ ᠴᠣᠭᠴᠠᠯᠠᠬᠤ ᠪᠣᠯᠪᠠᠰᠤᠷᠠᠯ》᠎ᠢ ᠰᠦᠪᠡᠭᠴᠢᠯᠡᠵᠦ᠂ ᠰᠦᠯᠵᠢᠶ᠎ᠡ᠎ᠪᠠᠷ ᠦᠢ᠍ᠯᠡᠰ ᠴᠣᠭᠴᠠᠯᠠᠬᠤ ᠪᠣᠯᠪᠠᠰᠤᠷᠠᠯ ᠡᠷᠬᠢᠯᠡᠬᠦ ᠮᠡᠷᠭᠡᠵᠢᠯ᠎ᠤᠨ ᠲᠠᠪᠴᠠᠩ ᠵᠡᠷᠭᠡ ᠡᠬᠢ ᠪᠠᠶᠠᠯᠢᠭ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
ᠬᠤᠶᠠᠷ᠎ᠲᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠬᠥᠭᠵᠢᠯᠲᠡ ᠵᠢ ᠠᠬᠢᠭᠤᠯᠤᠨ᠎ᠠ᠃ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠨᠥᠬᠦᠴᠡᠯ᠎ᠳᠤ ᠨᠡᠶ᠋ᠢᠴᠡᠭᠰᠡᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ᠂ ᠠᠵᠢᠯ ᠣᠯᠭᠤᠵᠤ ᠦᠢ᠍ᠯᠡᠰ ᠴᠣᠭᠴᠠᠯᠠᠬᠤ ᠪᠣᠯᠪᠠᠰᠤᠷᠠᠯ (ᠪᠣᠳᠠᠲᠠᠶ ᠪᠣᠯᠪᠠᠰᠤᠷᠠᠯ)᠎ᠤᠨ ᠲᠥᠪ᠂ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠭᠲᠠᠨ᠎ᠠ)᠂ ᠶᠡᠭᠡ ᠳᠡᠭᠡᠳᠦ ᠰᠤᠷᠭ᠋ᠠᠭᠤᠯᠢ᠂ ᠦᠢ᠍ᠯᠡᠰ ᠴᠣᠭᠴᠠᠯᠠᠬᠤ ᠨᠡᠪᠴᠢᠭᠦᠯᠭᠡ ᠵᠢᠨ ᠰᠠᠭᠤᠷᠢᠨ ᠭᠠᠵᠠᠷ᠂ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠣᠷᠣᠨ ᠵᠠᠶ ᠵᠡᠷᠭᠡ ᠪᠣᠳᠠᠲᠤ ᠴᠣᠭᠴᠠ ᠵᠢᠨ ᠦᠢ᠍ᠯᠡᠰ ᠴᠣᠭᠴᠠᠯᠠᠬᠤ ᠪᠣᠯᠪᠠᠰᠤᠷᠠᠯ ᠥᠷᠨᠢᠭᠦᠯᠬᠦ ᠵᠢ ᠳᠡᠮᠵᠢᠨ᠎ᠡ; ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠪᠣᠯᠪᠠᠰᠤᠷᠠᠯ᠎ᠤᠨ ᠦᠢ᠍ᠯᠡᠴᠢᠯᠡᠭᠡ ᠵᠢ 《ᠬᠡᠷ᠎ᠲᠤ᠎ᠨᠢ ᠬᠦᠷᠭᠡᠬᠦ》 ᠵᠢ ᠵᠣᠷᠢᠭᠵᠢᠭᠤᠯᠵᠤ᠂ ᠡᠯ᠎ᠡ ᠲᠥᠷᠥᠯ᠎ᠤᠨ ᠶᠡᠭᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠭᠲᠠᠨ᠎ᠠ)᠂ ᠠᠵᠤ ᠠᠬᠤᠶ᠋ᠢᠯᠠᠯ ᠵᠡᠷᠭᠡ᠎ᠳᠤ ᠪᠣᠯᠪᠠᠰᠤᠷᠠᠯ᠎ᠤᠨ ᠬᠢᠴᠢᠶᠡᠯ᠂ ᠪᠠᠭᠰᠢ ᠵᠡᠷᠭᠡ ᠡᠬᠢ ᠪᠠᠶᠠᠯᠢᠭ ᠬᠠᠩᠭ᠋ᠠᠬᠤ ᠵᠢ ᠵᠣᠷᠢᠭᠵᠢᠭᠤᠯᠤᠨ᠎ᠠ᠃
ᠭᠤᠷᠪᠠ᠎ᠳᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ ᠵᠢᠨ ᠬᠥᠮᠥᠷᠭᠡ ᠵᠢ ᠪᠠᠶ᠋ᠢᠭᠤᠯᠤᠨ᠎ᠠ᠃ ᠦᠢ᠍ᠯᠡᠰ ᠴᠣᠭᠴᠠᠯᠠᠬᠤ ᠡᠯ᠎ᠡ ᠲᠥᠷᠥᠯ᠎ᠤᠨ ᠪᠣᠯᠪᠠᠰᠤᠷᠠᠯ᠎ᠤᠨ ᠪᠠᠭᠰᠢ ᠵᠢᠨ ᠪᠣᠯᠪᠠᠰᠤᠷᠠᠯ ᠪᠠ ᠰᠣᠯᠢᠯᠴᠠᠭ᠋ᠠᠨ᠎ᠤ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ ᠵᠢᠨ ᠪᠣᠯᠪᠠᠰᠤᠷᠠᠯ ᠪᠠ ᠵᠢᠯᠣᠭᠤᠳᠬᠤ ᠴᠢᠳᠠᠪᠤᠷᠢ ᠵᠢ ᠳᠡᠭᠡᠭᠰᠢᠯᠡᠭᠦᠯᠦᠨ᠂ ᠨᠥᠬᠦᠴᠡᠯ᠎ᠲᠠᠢ ᠭᠠᠵᠠᠷ ᠣᠷᠣᠨ᠎ᠤ ᠪᠠᠭᠰᠢ ᠬᠥᠮᠦᠵᠢᠭᠦᠯᠬᠦ ᠵᠠᠭᠪᠤᠷ᠎ᠲᠤ᠎ᠪᠠᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ᠃ 《ᠴᠠᠬᠢᠯᠳᠠᠭ ᠪᠥᠬᠦ ᠤᠯᠤᠰ᠎ᠤᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠯᠧᠺᠲ᠋ᠣᠷ᠎ᠤᠨ ᠤᠷᠤᠯᠳᠤᠭ᠋ᠠᠨ》᠎ᠢ ᠦᠷᠭᠦᠯᠵᠢᠯᠡᠨ ᠵᠣᠬᠢᠶᠠᠨ ᠪᠠᠶ᠋ᠢᠭᠤᠯᠤᠨ᠎ᠠ᠃ ᠡᠨᠡ ᠵᠢᠯ᠎ᠤᠨ 7 ᠳ᠋ᠤᠭ᠋ᠠᠷ ᠰᠠᠷ᠎ᠠ ᠵᠢᠨ 8᠎ᠤ ᠡᠳᠦᠷ ᠥᠪᠥᠷ ᠮᠣᠩᠭᠤᠯ᠎ᠤᠨ ᠬᠤᠪᠢᠶᠠᠷᠢ ᠤᠷᠤᠯᠳᠤᠭ᠋ᠠᠨ ᠨᠢᠭᠡᠨᠲᠡ ᠳᠠᠭᠤᠰᠴᠤ᠂ 8 ᠳ᠋ᠤᠭ᠋ᠠᠷ ᠰᠠᠷ᠎ᠠ ᠵᠢᠨ ᠰᠡᠭᠦᠯᠴᠢ᠎ᠪᠠᠷ ᠪᠥᠬᠦ ᠤᠯᠤᠰ᠎ᠤᠨ ᠤᠷᠤᠯᠳᠤᠭ᠋ᠠᠨ᠎ᠳᠤ ᠣᠷᠣᠯᠴᠠᠨ᠎ᠠ᠃
ᠳᠥᠷᠪᠡ᠎ᠳᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠶᠠᠰᠤ ᠴᠢᠨᠠᠷ᠎ᠢ ᠬᠢᠨᠠᠨ ᠡᠵᠡᠮᠳᠡᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠵᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠬᠠᠮᠢᠶᠠᠷᠤᠯᠲᠠ ᠵᠢ ᠲᠡᠭᠦᠯᠳᠡᠷᠵᠢᠭᠦᠯᠦᠨ᠎ᠡ᠃ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠮᠡᠳᠡᠭᠡ ᠵᠠᠩᠭᠢᠴᠢᠯᠠᠯᠲᠠ ᠵᠢᠨ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠪᠦᠬᠦᠨ᠎ᠢ ᠬᠠᠮᠤᠷᠬᠤ᠂ ᠪᠣᠯᠪᠠᠰᠤᠷᠠᠯ᠎ᠤᠨ ᠠᠵᠢᠯᠲᠠᠨ ᠪᠦᠬᠦᠨ ᠵᠶ᠋ᠠᠷ ᠵᠶ᠋ᠠᠨ ᠦᠨᠡᠨ ᠨᠡᠷ᠎ᠡ᠎ᠪᠠᠨ ᠬᠡᠷᠡᠭᠯᠡᠬᠦ᠂ ᠪᠣᠯᠪᠠᠰᠤᠷᠠᠯ᠎ᠤᠨ ᠪᠠᠯᠠ ᠮᠥᠩᠭᠦ ᠵᠢ ᠪᠦᠬᠦᠨ᠎ᠢ ᠲᠡᠮᠳᠡᠭᠯᠡᠬᠦ᠂ ᠪᠣᠯᠪᠠᠰᠤᠷᠠᠯ᠎ᠤᠨ ᠶᠠᠪᠤᠴᠠ ᠵᠢ ᠮᠥᠷᠳᠡᠵᠦ ᠪᠣᠯᠬᠤ᠂ ᠪᠣᠯᠪᠠᠰᠤᠷᠠᠯ᠎ᠤᠨ ᠶᠠᠰᠤ ᠴᠢᠨᠠᠷ᠎ᠢ ᠬᠢᠨᠠᠨ ᠡᠵᠡᠮᠳᠡᠵᠦ ᠪᠣᠯᠬᠤ ᠵᠢ ᠪᠡᠶᠡᠯᠡᠭᠦᠯᠦᠨ᠎ᠡ᠃ ᠲᠠᠪᠤ᠎ᠳᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠵᠠᠯᠭ᠋ᠠᠮᠵᠢ ᠦᠢ᠍ᠯᠡᠴᠢᠯᠡᠭᠡ ᠵᠢ ᠴᠢᠩᠭ᠋ᠠᠷᠠᠭᠤᠯᠤᠨ᠎ᠠ᠃ ᠦᠢ᠍ᠯᠡᠰ ᠴᠣᠭᠴᠠᠯᠠᠬᠤ ᠪᠣᠯᠪᠠᠰᠤᠷᠠᠯ ᠬᠢᠭᠡᠳ ᠦᠢ᠍ᠯᠡᠰ ᠴᠣᠭᠴᠠᠯᠠᠬᠤ ᠦᠢ᠍ᠯᠡᠴᠢᠯᠡᠭᠡ ᠵᠢ ᠪᠦᠲᠦᠮᠵᠢᠲᠡᠶ ᠵᠣᠯᠭ᠋ᠠᠭᠤᠯᠬᠤ ᠪᠠ ᠨᠢᠭᠡᠳᠦᠯᠲᠡᠶ ᠲᠥᠯᠥᠪᠯᠡᠨ ᠠᠬᠢᠭᠤᠯᠬᠤ ᠵᠢ ᠴᠢᠩᠭ᠋ᠠᠳᠬᠠᠵᠤ᠂ ᠪᠣᠯᠪᠠᠰᠤᠷᠠᠯ᠎ᠳᠤ ᠣᠷᠣᠯᠴᠠᠭᠰᠠᠨ ᠦᠢ᠍ᠯᠡᠰ ᠴᠣᠭᠴᠠᠯᠠᠭᠴᠢ᠎ᠳᠤ ᠦᠢ᠍ᠯᠡᠰ ᠡᠷᠬᠢᠯᠡᠬᠦ ᠵᠢᠯᠣᠭᠤᠳᠣᠯᠭ᠎ᠠ᠂ ᠦᠢ᠍ᠯᠡᠰ ᠴᠣᠭᠴᠠᠯᠠᠬᠤ ᠳᠠᠭ᠋ᠠᠭ᠋ᠠᠯᠲᠠ᠎ᠲᠠᠢ ᠵᠢᠭᠡᠯᠡᠯᠭᠡ᠂ ᠦᠢ᠍ᠯᠡᠰ ᠴᠣᠭᠴᠠᠯᠠᠬᠤ ᠨᠡᠪᠴᠢᠭᠦᠯᠭᠡ᠂ ᠦᠢ᠍ᠯᠡᠰ ᠴᠣᠭᠴᠠᠯᠠᠬᠤ ᠳᠠᠳᠤᠯᠭ᠎ᠠ᠂ ᠠᠵᠤ ᠠᠬᠤᠶ᠋ᠢᠯᠠᠯ᠎ᠤᠨ ᠯᠠᠪᠯᠠᠯᠭ᠎ᠠ ᠵᠡᠷᠭᠡ ᠵᠠᠯᠭ᠋ᠠᠮᠵᠢ ᠦᠢ᠍ᠯᠡᠴᠢᠯᠡᠭᠡ ᠵᠢ ᠬᠠᠩᠭ᠋ᠠᠨ᠎ᠠ᠃ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ᠂ ᠦᠢ᠍ᠯᠡᠰ ᠴᠣᠭᠴᠠᠯᠠᠬᠤ ᠵᠢᠯᠣᠭᠤᠳᠣᠭᠴᠢ᠂ ᠠᠵᠤ ᠠᠬᠤᠶ᠋ᠢᠯᠠᠯᠲᠠᠨ᠂ ᠪᠠᠯᠠ ᠣᠷᠣᠭᠤᠯᠤᠭᠴᠢ ᠵᠡᠷᠭᠡ ᠵᠢ ᠰᠢᠩᠭᠡᠭᠡᠨ ᠠᠪᠴᠤ ᠦᠢ᠍ᠯᠡᠰ ᠴᠣᠭᠴᠠᠯᠠᠬᠤ ᠵᠢᠯᠣᠭᠤᠳᠣᠭᠴᠢ ᠪᠠᠭᠰᠢ ᠵᠢᠨ ᠬᠥᠮᠥᠷᠭᠡ ᠪᠠᠶ᠋ᠢᠭᠤᠯᠵᠤ᠂ ᠦᠢ᠍ᠯᠡᠰ ᠴᠣᠭᠴᠠᠯᠠᠬᠤ ᠰᠢᠯᠢᠳᠡᠭ ᠵᠢᠯᠣᠭᠤᠳᠣᠭᠴᠢ ᠪᠠᠭᠰᠢ ᠵᠢᠨ ᠠᠵᠢᠯᠯᠠᠬᠤ ᠲᠠᠰᠤᠭ ᠪᠠᠶ᠋ᠢᠭᠤᠯᠬᠤ ᠵᠢ ᠰᠦᠪᠡᠭᠴᠢᠯᠡᠨ ᠳᠡᠮᠵᠢᠨ᠎ᠡ᠃
5. ᠠᠰᠠᠭᠤᠯᠲᠠ᠄ ᠮᠠᠨ᠎ᠤ ᠣᠷᠣᠨ᠎ᠤ 《ᠴᠠᠬᠢᠯᠳᠠᠭ ᠲᠥᠯᠥᠪᠯᠡᠭᠡ》᠎ᠳᠤ ᠶᠠᠮᠠᠷ ᠶᠠᠮᠠᠷ ᠪᠣᠳᠠᠲᠠᠶ ᠠᠭᠤᠯᠭ᠎ᠠ ᠪᠠ ᠬᠢᠯᠠᠰ ᠴᠡᠭ ᠪᠠᠶ᠋ᠢᠬᠤ ᠪᠣᠶ?
ᠬᠠᠷᠢᠭᠤᠯᠲᠠ᠄ ᠨᠢᠭᠡ᠎ᠳᠤ᠂ ᠭᠤᠤᠯᠳᠠᠯᠭ᠎ᠠ᠎ᠲᠠᠢ ᠬᠥᠮᠥᠰ᠎ᠢ ᠨᠢᠭᠡᠨᠲᠡ ᠦᠢ᠍ᠯᠡᠰ ᠴᠣᠭᠴᠠᠯᠠᠭᠰᠠᠨ ᠵᠢᠵᠢᠭ ᠪᠢᠴᠢᠯ ᠠᠵᠤ ᠠᠬᠤᠶ᠋ᠢᠯᠠᠯ᠎ᠤᠨ ᠡᠵᠡᠩᠨᠡᠭᠴᠢᠳ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠦᠭᠦᠳ ᠪᠠ ᠬᠥᠳᠡᠭᠡ ᠲᠣᠰᠬᠤᠨ᠎ᠤ ᠦᠢ᠍ᠯᠡᠰ ᠴᠣᠭᠴᠠᠯᠠᠵᠤ ᠪᠠᠶᠠᠵᠢᠬᠤ ᠵᠢ ᠳᠠᠭ᠋ᠠᠭᠤᠯᠤᠭᠴᠢᠳᠲᠤ ᠬᠦᠷᠲᠡᠯ᠎ᠡ ᠥᠷᠭᠡᠳᠬᠡᠨ᠎ᠡ᠃ ᠡᠨᠡ ᠬᠡᠳᠦᠨ ᠲᠥᠷᠥᠯ᠎ᠤᠨ ᠬᠥᠮᠦᠰ ᠦᠢ᠍ᠯᠡᠰ ᠴᠣᠭᠴᠠᠯᠠᠬᠤ ᠪᠣᠯᠪᠠᠰᠤᠷᠠᠯ᠎ᠳᠤ ᠣᠷᠣᠯᠴᠠᠪᠠᠯ᠂ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠤᠰᠬᠠᠶ ᠲᠠᠩᠰᠠᠨ᠎ᠤ ᠪᠠᠯᠠ ᠮᠥᠩᠭᠦ ᠵᠢᠨ ᠪᠣᠯᠪᠠᠰᠤᠷᠠᠯ᠎ᠤᠨ ᠨᠥᠬᠦᠪᠥᠷᠢ ᠵᠢ ᠭᠥᠷᠳᠡᠵᠦ ᠪᠣᠯᠤᠨ᠎ᠠ᠃ ᠲᠠᠷᠠᠭ᠋ᠠᠴᠢ ᠵᠢᠨ ᠠᠯᠬᠤᠮ᠎ᠳᠤ ᠪᠢᠳᠡ ᠡᠨᠡ ᠬᠦ᠌ ᠲᠥᠷᠥᠯ᠎ᠤᠨ ᠬᠥᠮᠥᠰ᠎ᠤᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠡᠷᠴᠢᠮ᠎ᠢ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠡᠵᠡᠩᠨᠡᠯᠲᠡ ᠵᠢ ᠲᠣᠭᠲᠠᠪᠤᠷᠢᠵᠢᠭᠤᠯᠤᠨ᠂ ᠠᠵᠤ ᠠᠬᠤᠶ᠋ᠢᠯᠠᠯ᠎ᠤᠨ ᠬᠥᠭᠵᠢᠯᠲᠡ ᠵᠢ ᠠᠬᠢᠭᠤᠯᠵᠤ᠂ ᠠᠵᠢᠯ ᠣᠯᠣᠯᠲᠠ ᠵᠢ ᠳᠠᠶ᠋ᠢᠴᠢᠯᠠᠬᠤ ᠵᠢ ᠪᠡᠶᠡᠯᠡᠭᠦᠯᠦᠨ᠎ᠡ᠃
ᠬᠤᠶᠠᠷ᠎ᠲᠤ᠂ ᠮᠡᠷᠭᠡᠵᠢᠯ ᠴᠢᠳᠠᠪᠤᠷᠢ + 《ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ》 ᠵᠠᠭᠪᠤᠷ᠎ᠢ ᠰᠦᠪᠡᠭᠴᠢᠯᠡᠵᠦ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠬᠢᠴᠢᠶᠡᠯ᠎ᠢ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠎ᠳᠤ ᠣᠷᠣᠭᠤᠯᠤᠨ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠭᠲᠠᠨ᠎ᠠ) ᠵᠢᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠪᠣᠯᠪᠠᠰᠤᠷᠠᠯ᠎ᠤᠨ ᠠᠵᠢᠯ᠎ᠢ ᠠᠬᠢᠭᠤᠯᠤᠨ᠎ᠠ;
ᠭᠤᠷᠪᠠ᠎ᠳᠤ᠂ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ ᠵᠢᠨ ᠵᠢᠯᠣᠭᠤᠳᠬᠤ ᠴᠢᠳᠠᠪᠤᠷᠢ ᠵᠢ ᠴᠢᠬᠤᠯᠠᠴᠢᠯᠠᠨ ᠳᠡᠭᠡᠭᠰᠢᠯᠡᠭᠦᠯᠦᠨ᠎ᠡ᠃ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠭᠰᠢ ᠵᠢᠨ ᠬᠥᠮᠥᠷᠭᠡ ᠪᠠ ᠵᠢᠯᠣᠭᠤᠳᠣᠭᠴᠢ ᠪᠠᠭᠰᠢ ᠵᠢᠨ ᠬᠥᠮᠥᠷᠭᠡ ᠵᠢ ᠪᠠᠶ᠋ᠢᠭᠤᠯᠬᠤ ᠵᠢᠨ ᠬᠠᠮᠲᠤ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠰᠢᠯᠢᠳᠡᠭ ᠪᠠᠭᠰᠢ᠂ ᠦᠢ᠍ᠯᠡᠰ ᠴᠣᠭᠴᠠᠯᠠᠬᠤ ᠵᠢᠯᠣᠭᠤᠳᠣᠭᠴᠢ ᠪᠠᠭᠰᠢ ᠵᠢᠨ ᠠᠵᠢᠯᠯᠠᠬᠤ ᠲᠠᠰᠤᠭ ᠪᠠᠶ᠋ᠢᠭᠤᠯᠬᠤ ᠵᠢ ᠵᠣᠷᠢᠭᠵᠢᠭᠤᠯᠤᠨ᠎ᠠ᠃
ᠳᠥᠷᠪᠡ᠎ᠳᠤ᠂ 《ᠴᠠᠬᠢᠯᠳᠠᠭ ᠪᠥᠬᠦ ᠤᠯᠤᠰ᠎ᠤᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠯᠧᠺᠲ᠋ᠣᠷ᠎ᠤᠨ ᠤᠷᠤᠯᠳᠤᠭ᠋ᠠᠨ》᠎ᠢ ᠦᠷᠭᠦᠯᠵᠢᠯᠡᠨ ᠵᠣᠬᠢᠶᠠᠨ ᠪᠠᠶ᠋ᠢᠭᠤᠯᠬᠤ ᠵᠢᠨ ᠬᠠᠮᠲᠤ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠠᠵᠢᠯ᠎ᠤᠨ ᠨᠠᠷᠠᠲᠤ ᠲᠡᠮᠳᠡᠭ᠎ᠤᠨ ᠠᠵᠢᠯᠯᠠᠭ᠎ᠠ ᠪᠣᠯᠭ᠋ᠠᠵᠤ᠂ ᠮᠡᠷᠭᠡᠵᠢᠯ ᠵᠶ᠋ᠠᠨ ᠬᠤᠪᠢᠶᠠᠯᠴᠠᠨ᠂ ᠲᠤᠷᠰᠢᠯᠭ᠎ᠠ᠎ᠪᠠᠨ ᠰᠣᠯᠢᠯᠴᠠᠵᠤ᠂ ᠪᠦᠲᠦᠭᠡᠯ ᠵᠶ᠋ᠠᠨ ᠳᠡᠯᠭᠡᠨ ᠦᠵᠡᠭᠦᠯᠵᠦ᠂ ᠠᠵᠢᠯ ᠵᠶ᠋ᠠᠨ ᠳᠠᠶ᠋ᠢᠴᠢᠯᠠᠨ᠎ᠠ᠃ ᠲᠠᠪᠤ᠎ᠳᠤ᠂ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠪᠠ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠦᠢ᠍ᠯᠡᠰ ᠴᠣᠭᠴᠠᠯᠠᠬᠤ ᠪᠣᠯᠪᠠᠰᠤᠷᠠᠯ᠎ᠳᠤ ᠣᠷᠣᠯᠴᠠᠬᠤ ᠵᠢ ᠵᠣᠷᠢᠭᠵᠢᠭᠤᠯᠤᠨ᠎ᠠ᠃ ᠡᠭᠦᠨ᠎ᠤ ᠬᠠᠮᠲᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠲᠠᠢ ᠤᠶᠠᠯᠳᠤᠭᠤᠯᠤᠨ᠂ ᠨᠢᠭᠡ ᠪᠦᠯᠦᠭ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠤᠶ᠋ᠢᠵᠢᠭᠤᠯᠤᠨ ᠬᠥᠭᠵᠢᠭᠦᠯᠦᠨ᠎ᠡ᠃
6. ᠠᠰᠠᠭᠤᠯᠲᠠ᠄ 《ᠴᠠᠬᠢᠯᠳᠠᠭ ᠲᠥᠯᠥᠪᠯᠡᠭᠡ》 ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ᠎ᠳᠤ ᠶᠠᠮᠠᠷ ᠶᠠᠮᠠᠷ ᠠᠵᠢᠯ᠎ᠤᠨ ᠱᠠᠭ᠋ᠠᠷᠳᠠᠯᠭ᠎ᠠ᠎ᠲᠠᠢ ᠪᠤᠶ?
ᠬᠠᠷᠢᠭᠤᠯᠲᠠ᠄ ᠨᠢᠭᠡ᠎ᠳᠤ᠂ ᠬᠡᠷᠡᠭᠵᠢᠭᠦᠯᠦᠯᠲᠡ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠤᠰᠬᠠᠶ ᠬᠥᠮᠦᠨ ᠵᠶ᠋ᠠᠷ ᠬᠠᠷᠢᠭᠤᠴᠠᠭᠤᠯᠵᠤ᠂ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠪᠦᠬᠦᠯᠢ ᠴᠣᠭᠴᠠ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠬᠢᠨᠠᠯᠲᠠ ᠵᠢᠯᠣᠭᠤᠳᠤᠯᠭ᠎ᠠ ᠪᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠬᠢᠴᠢᠶᠡᠯ ᠪᠠ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠭᠠᠷᠴᠠᠭ᠎ᠤᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠡᠯ᠎ᠡ ᠭᠠᠵᠠᠷ᠎ᠨᠢ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠬᠢᠴᠢᠶᠡᠯ ᠪᠠ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠭᠠᠷᠴᠠᠭ᠎ᠢ ᠴᠠᠭ ᠲᠤᠬᠠᠶ᠎ᠳᠤᠨᠢ ᠨᠡᠶ᠋ᠢᠲᠡᠯᠡᠬᠦ ᠬᠡᠷᠡᠭᠲᠡᠶ᠃ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ 《ᠴᠠᠬᠢᠯᠳᠠᠭ ᠲᠥᠯᠥᠪᠯᠡᠭᠡ》᠎ᠳᠤ ᠲᠤᠯᠭ᠋ᠠᠷᠠᠭᠰᠠᠨ ᠪᠣᠳᠠᠲᠠᠶ ᠬᠦᠴᠢᠷᠳᠡᠯ ᠪᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃
ᠬᠤᠶᠠᠷ᠎ᠲᠤ᠂ ᠪᠠᠯᠠ ᠮᠥᠩᠭᠦ ᠵᠢᠨ ᠪᠠᠲᠤᠯᠠᠭ᠎ᠠ ᠵᠢ ᠨᠠᠶ᠋ᠢᠳᠠᠪᠤᠷᠢᠵᠢᠭᠤᠯᠤᠨ᠎ᠠ᠃ 《ᠴᠠᠬᠢᠯᠳᠠᠭ ᠲᠥᠯᠥᠪᠯᠡᠭᠡ》᠎ᠳᠤ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠨᠥᠬᠦᠪᠥᠷᠢ ᠵᠢᠨ ᠵᠠᠷᠤᠳᠠᠯ᠎ᠢ ᠠᠵᠢᠯ ᠣᠯᠭᠤᠯᠲᠠ ᠵᠢᠨ ᠨᠥᠬᠦᠪᠥᠷᠢ ᠵᠢᠨ ᠪᠠᠯᠠ ᠮᠥᠩᠭᠦ ᠪᠤᠶᠤ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠤᠰᠬᠠᠶ ᠲᠠᠩᠰᠠᠨ᠎ᠤ ᠪᠠᠯᠠ ᠮᠥᠩᠭᠦ᠎ᠠᠴᠠ ᠵᠣᠬᠢᠰᠲᠠᠶ᠎ᠪᠠᠷ ᠨᠢᠭᠡᠳᠦᠯᠲᠡᠶ ᠲᠥᠯᠥᠪᠯᠡᠵᠦ ᠳᠣᠭᠢᠷᠠᠭᠤᠯᠤᠨ᠎ᠠ ᠭᠡᠵᠦ ᠲᠣᠳᠣᠷᠬᠠᠶ ᠵᠢᠭ᠋ᠠᠵᠤ ᠭᠠᠷᠭ᠋ᠠᠪᠠ᠃ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠬᠤᠭᠤᠴᠠᠭ᠋ᠠᠨ ᠳᠤ᠂ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠤᠰᠬᠠᠶ ᠳᠠᠩᠰᠠᠨ᠎ᠤ ᠪᠠᠯᠠ ᠮᠥᠩᠭᠦ ᠵᠢ ᠤᠷᠢᠳ ᠵᠶ᠋ᠠᠷ ᠬᠡᠷᠡᠭᠯᠡᠨ᠎ᠡ᠃ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠪᠣᠯᠪᠠᠰᠤᠷᠠᠯ᠎ᠤᠨ ᠨᠥᠬᠦᠪᠥᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃ ᠨᠥᠬᠦᠴᠡᠯ᠎ᠲᠠᠢ ᠭᠠᠵᠠᠷ ᠣᠷᠣᠨ᠎ᠨᠢ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠰᠦᠯᠵᠢᠶᠡᠨ ᠳᠡᠭᠡᠷᠡᠬᠢ ᠦᠢ᠍ᠯᠡᠰ ᠴᠣᠭᠴᠠᠯᠠᠬᠤ ᠪᠣᠯᠪᠠᠰᠤᠷᠠᠯ᠂ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠂ ᠬᠠᠮᠢᠶᠠᠷᠤᠯᠲᠠ ᠵᠢᠨ ᠲᠠᠪᠴᠠᠩ᠎ᠢ ᠨᠡᠭᠡᠭᠡᠨ ᠬᠥᠭᠵᠢᠭᠦᠯᠬᠦ ᠵᠡᠷᠭᠡ ᠰᠠᠭᠤᠷᠢ ᠠᠵᠢᠯ᠎ᠳᠤ ᠵᠠᠷᠤᠳᠠᠯ᠎ᠤᠨ ᠳᠡᠮᠵᠢᠯᠭᠡ ᠦᠵᠡᠭᠦᠯᠵᠦ ᠪᠣᠯᠤᠨ᠎ᠠ᠃ ᠡᠯ᠎ᠡ ᠭᠠᠵᠠᠷ᠎ᠤᠨ᠎ᠬᠢᠨ ᠪᠡᠯᠡ ᠮᠥᠩᠭᠦᠨ᠎ᠤ ᠬᠠᠮᠢᠶᠠᠷᠤᠯᠲᠠ ᠵᠢᠨ ᠳᠦᠷᠢᠮ ᠵᠶ᠋ᠠᠨ ᠲᠡᠭᠦᠯᠳᠡᠷᠵᠢᠭᠦᠯᠵᠦ᠂ ᠬᠡᠷᠡᠭᠯᠡᠯᠲᠡ ᠵᠢᠨ ᠠᠮᠤᠷ ᠲᠦᠪᠰᠢᠨ᠎ᠢ ᠪᠠᠲᠤᠯᠠᠵᠤ᠂ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠶ᠃
ᠭᠤᠷᠪᠠ᠎ᠳᠤ᠂ ᠤᠬᠠᠭᠤᠯᠤᠨ ᠬᠥᠲᠥᠯᠦᠨ ᠵᠢᠯᠣᠭᠤᠳᠬᠤ ᠵᠢ ᠴᠢᠬᠤᠯᠠᠴᠢᠯᠠᠨ᠎ᠠ᠃ ᠡᠯ᠎ᠡ ᠭᠠᠵᠠᠷ᠎ᠤᠨ᠎ᠬᠢᠨ 《ᠴᠠᠬᠢᠯᠳᠠᠭ ᠲᠥᠯᠥᠪᠯᠡᠭᠡ》 ᠵᠢᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠴᠠᠬᠢᠯᠳᠠᠭ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠨᠠᠷᠠᠲᠤ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ; ᠬᠤᠲᠠ ᠬᠥᠳᠡᠭᠡ ᠵᠢᠨ ᠡᠯ᠎ᠡ ᠲᠥᠷᠥᠯ᠎ᠤᠨ ᠬᠥᠳᠡᠯᠮᠦᠷᠢᠴᠢᠳ᠎ᠤᠨ ᠦᠢ᠍ᠯᠡᠰ ᠴᠣᠭᠴᠠᠯᠠᠬᠤ ᠪᠣᠯᠪᠠᠰᠤᠷᠠᠯ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠬᠤ ᠬᠡᠷᠡᠭᠲᠡᠢ; ᠡᠯ᠎ᠡ ᠵᠦᠢ᠍ᠯ᠎ᠤᠨ ᠤᠬᠠᠭᠤᠯᠭ᠎ᠠ ᠵᠢᠨ ᠵᠠᠭᠤᠴᠢ ᠪᠠ ᠲᠠᠪᠴᠠᠩ᠎ᠢ ᠢᠳᠡᠪᠬᠢᠲᠡᠶ᠎ᠪᠠᠷ ᠬᠡᠷᠡᠭᠯᠡᠨ᠂ ᠨᠡᠶ᠋ᠢᠲᠡᠯᠢᠭ ᠦᠢ᠍ᠯᠡ ᠠᠵᠢᠯᠯᠠᠭ᠎ᠠ ᠵᠢ ᠥᠷᠭᠡᠨ ᠵᠶ᠋ᠠᠷ ᠤᠬᠠᠭᠤᠯᠵᠤ᠂ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠤᠨ᠂ ᠠᠵᠢᠯ᠎ᠤᠨ ᠲᠤᠷᠰᠢᠯᠭ᠎ᠠ᠎ᠪᠠᠨ ᠰᠣᠯᠢᠯᠴᠠᠵᠤ᠂ ᠦᠢ᠍ᠯᠡᠰ ᠴᠣᠭᠴᠠᠯᠠᠬᠤ᠎ᠪᠠᠷ ᠠᠵᠢᠯ ᠣᠯᠣᠯᠲᠠ ᠵᠢ ᠳᠠᠶ᠋ᠢᠴᠢᠯᠠᠬᠤ ᠠᠵᠢᠯ᠎ᠢ ᠭᠦᠨᠵᠡᠭᠡᠶ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃