ᠲᠥᠷᠥ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠥᠷᠥ ᠮᠥᠨ᠃ ᠶᠡᠷᠦᠩᠬᠡᠢ ᠱᠦᠵᠢ ᠰᠢ ᠵᠢᠨ ᠫᠢᠩ᠂ ᠠᠷᠠᠳ ᠢᠷᠭᠡᠳ᠎ᠢ ᠰᠠᠶ᠋ᠢᠨ ᠰᠠᠢ᠌ᠬᠠᠨ ᠠᠮᠢᠳᠤᠷᠠᠭᠤᠯᠬᠤ ᠪᠣᠯ ᠮᠠᠨ᠎ᠤ ᠠᠯᠢᠪᠠ ᠠᠵᠢᠯ᠎ᠤᠨ ᠡᠭᠦᠰᠬᠡᠯ ᠪᠠ ᠲᠡᠭᠦᠰᠬᠡᠯ ᠮᠥᠨ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠠᠯᠢᠪᠠ ᠦᠢ᠍ᠯᠡ ᠠᠵᠢᠯᠯᠠᠭ᠎ᠠ᠂ ᠤᠯᠠᠨ ᠲᠦᠮᠡᠨ᠎ᠤ ᠡᠷᠬᠡ ᠠᠰᠢᠭ᠎ᠲᠤ ᠬᠠᠯᠳᠠᠭᠰᠠᠨ ᠠᠰᠠᠭᠤᠳᠠᠯ᠎ᠢ ᠣᠭᠲᠣ ᠬᠠᠶ᠋ᠢᠬᠤᠷᠬᠤ ᠦᠭᠡᠢ᠂ ᠣᠢ᠌ᠰᠢᠶᠠᠬᠤ ᠴᠤ᠌ ᠦᠭᠡᠢ ᠦᠵᠡᠭᠳᠡᠯ᠎ᠢ ᠡᠷᠬᠡᠪᠰᠢ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠡᠷᠡᠰ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠠᠷᠠᠳ ᠢᠷᠭᠡᠳ᠎ᠢ ᠰᠠᠶ᠋ᠢᠨ ᠰᠠᠢ᠌ᠬᠠᠨ ᠠᠮᠢᠳᠤᠷᠠᠭᠤᠯᠬᠤ ᠪᠣᠯ ᠮᠠᠨ᠎ᠤ ᠠᠯᠢᠪᠠ ᠠᠵᠢᠯ᠎ᠤᠨ ᠡᠭᠦᠰᠬᠡᠯ ᠪᠠ ᠲᠡᠭᠦᠰᠬᠡᠯ ᠮᠥᠨ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠠᠯᠢᠪᠠ ᠦᠢ᠍ᠯᠡ ᠠᠵᠢᠯᠯᠠᠭ᠎ᠠ ᠵᠢ ᠡᠷᠬᠡᠪᠰᠢ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠡᠷᠡᠰ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠲᠤᠰ ᠤᠳᠠᠭ᠎ᠠ 《ᠳᠦᠷᠢᠮ》᠎ᠳᠤ ᠵᠠᠰᠠᠪᠤᠷᠢ ᠣᠷᠣᠭᠤᠯᠬᠤ᠎ᠳᠠᠭᠠᠨ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶᠠᠨ᠎ᠤ ᠤᠯᠠᠨ ᠲᠦᠮᠡᠨ᠎ᠤ ᠠᠰᠢᠭ ᠲᠤᠰᠠ ᠵᠢ ᠦᠨᠡᠨᠬᠦ ᠬᠠᠮᠠᠭ᠋ᠠᠯᠠᠬᠤ ᠴᠢᠬᠤᠯᠠ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠨᠠᠢ᠌ᠳᠠ ᠵᠢᠨ ᠲᠥᠯᠥᠭᠡ ᠨᠠᠮ ᠪᠠᠢ᠌ᠭᠤᠯᠬᠤ᠂ ᠠᠷᠠᠳ᠎ᠤᠨ ᠲᠥᠯᠥᠭᠡ ᠲᠥᠷᠥ ᠪᠠᠷᠢᠬᠤ ᠵᠢ ᠪᠠᠷᠢᠮᠲᠠᠯᠠᠵᠤ᠂ ᠠᠷᠠᠳ ᠤᠯᠠᠨ᠎ᠤ ᠲᠤᠯᠭ᠋ᠠᠮ ᠬᠦᠴᠢᠷ ᠵᠣᠪᠠᠭᠤᠷᠢᠲᠠᠢ ᠪᠠᠶ᠋ᠢᠬᠤ ᠠᠰᠠᠭᠤᠳᠠᠯ᠎ᠢ ᠬᠦᠴᠦᠯᠡᠨ ᠰᠠᠶ᠋ᠢᠲᠤᠷ ᠰᠢᠢ᠍ᠳᠪᠦᠷᠢᠯᠡᠬᠦ᠎ᠳᠤ ᠰᠠᠭᠤᠷᠢᠯᠠᠵᠤ᠂ ᠤᠯᠠᠨ ᠲᠦᠮᠡᠨ᠎ᠠᠴᠠ ᠬᠥᠨᠳᠡᠢ᠌ᠷᠡᠬᠦ ᠠᠶᠤᠯ ᠲᠦᠭᠰᠢᠭᠦᠷᠢ ᠵᠢ ᠢᠯᠠᠨ ᠳᠠᠪᠠᠵᠤ᠂ ᠤᠯᠠᠨ ᠲᠦᠮᠡᠨ᠎ᠤ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠤᠯᠠᠨ ᠲᠦᠮᠡᠨ᠎ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠵᠢ ᠢᠮᠠᠭᠲᠠ ᠰᠡᠳᠬᠢᠯ᠎ᠳᠡᠭᠡᠨ ᠪᠤᠳᠤᠬᠤ ᠵᠢ ᠠᠬᠢᠭᠤᠯᠵᠤ᠂ ᠠᠷᠠᠳ ᠤᠯᠠᠨ᠎ᠤ ᠰᠠᠢ᠍ᠢ᠍ᠨ ᠰᠠᠢ᠌ᠬᠠᠨ ᠠᠮᠢᠳᠤᠷᠠᠯ᠎ᠤᠨ ᠲᠤᠬᠠᠢ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠨᠢᠭᠡ᠎ᠳᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠦᠷᠢᠶᠡᠨ᠎ᠳᠠᠬᠢ ᠰᠠᠬᠢᠯᠭ᠎ᠠ ᠪᠠᠲᠤ ᠵᠢ ᠵᠥᠷᠢᠴᠡᠭᠰᠡᠨ ᠠᠵᠢᠯᠯᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠢ ᠳ᠋ᠦᠩᠨᠡᠵᠦ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷ᠎ᠡ᠂ ᠮᠠᠨ᠎ᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠦᠬᠦ ᠲᠠᠯ᠎ᠠ ᠵᠢᠨ ᠢᠯᠠᠯᠲᠠ ᠵᠢ ᠣᠯᠵᠤ᠂ ᠲᠡᠦᠬᠡ ᠵᠢᠨ ᠬᠠᠭᠤᠳᠠᠰᠤ᠎ᠳᠤ ᠬᠢᠯᠠᠯᠵᠠᠭᠰᠠᠨ ᠪᠠᠰᠠ ᠨᠢᠭᠡᠨ ᠬᠥᠮᠥᠨ᠎ᠤ ᠶᠢᠷᠲᠢᠨᠴᠦ ᠵᠢᠨ ᠭᠠᠶ᠋ᠢᠬᠠᠮᠰᠢᠭ᠎ᠢ ᠡᠭᠦᠳᠴᠡᠢ ᠭᠡᠵᠦ ᠨᠡᠢ᠌ᠲᠡᠯᠡᠪᠡ᠃ ᠶᠠᠳᠠᠭᠤ᠎ᠠᠴᠠ ᠠᠩᠭᠢᠵᠢᠷᠠᠭᠤᠯᠬᠤ᠎ᠨᠢ ᠡᠴᠦᠰ᠎ᠤᠨ ᠴᠡᠭ ᠪᠢᠰᠢ᠂ ᠬᠠᠷᠢᠨ ᠲᠡᠮᠡᠴᠡᠯ᠎ᠤᠨ ᠰᠢᠨ᠎ᠡ ᠭᠠᠷᠤᠭ᠎ᠠ ᠪᠣᠯᠣᠨ᠎ᠠ᠃ ᠪᠢᠳᠡ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠠᠴᠠ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠡᠢ᠌ᠰᠢ ᠰᠢᠯᠵᠢᠪᠡ᠂ ᠡᠨᠡ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠴᠢᠬᠤᠯᠠ ᠶᠡᠬᠡ ᠡᠭᠦᠷᠭᠡ ᠪᠣᠯᠣᠨ᠎ᠠ᠃ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ᠎ᠳᠤ ᠪᠠᠢ᠌ᠨ᠎ᠠ᠂ ᠨᠠᠮ᠎ᠤᠨ ᠲᠥᠪ ᠬᠣᠷᠢᠶ᠎ᠠ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠪᠦᠬᠦ ᠨᠠᠮ᠎ᠤᠨ ᠬᠦᠴᠦᠨ᠎ᠢ ᠲᠠᠢ᠍ᠢ᠍ᠴᠢᠯᠠᠨ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃ 《ᠳᠦᠷᠢᠮ》᠎ᠨᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠲᠤᠬᠠᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠵᠤ᠂ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠨ ᠶᠠᠳᠠᠭᠤ ᠵᠢ ᠲᠡᠳᠬᠦᠬᠦ ᠬᠦᠷᠢᠶᠡᠨ᠎ᠳᠠᠬᠢ ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠠᠵᠢᠯᠯᠠᠭ᠎ᠠ᠎ᠳᠤ ᠲᠣᠬᠢᠷᠠᠭᠤᠯᠤᠯᠲᠠ ᠬᠢᠵᠦ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠦᠷᠢᠶᠡᠨ᠎ᠳᠠᠬᠢ ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠬᠡᠷᠡᠭ᠎ᠢ ᠬᠦᠨᠳᠦ᠎ᠪᠠᠷ ᠰᠢᠢ᠍ᠳᠬᠡᠬᠦ ᠪᠤᠶᠤ ᠬᠦᠨᠳᠦᠷᠡᠭᠦᠯᠦᠨ ᠰᠢᠢ᠍ᠳᠬᠡᠬᠦ ᠪᠠᠶ᠋ᠢᠳᠠᠯ ᠪᠣᠯᠭ᠋ᠠᠵᠤ᠂ ᠨᠠᠮ᠎ᠤᠨ ᠭᠡᠰᠢᠭᠦᠨ᠂ ᠺᠠᠳ᠋ᠷᠴᠤᠳ᠎ᠤᠨ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠳᠤ ᠦᠢ᠍ᠯᠡᠴᠢᠯᠡᠬᠦ ᠳᠤᠮᠳᠠ ᠬᠠᠷᠢᠭᠤᠴᠠᠯᠭ᠎ᠠ ᠵᠢ ᠡᠭᠦᠷᠭᠡᠯᠡᠵᠦ᠂ ᠴᠢᠬᠤᠯᠠᠣᠢ᠌ᠯᠠᠨ ᠠᠳᠬᠤᠬᠤ ᠵᠢ ᠠᠬᠢᠭᠤᠯᠵᠤ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠂ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠢ᠌ᠭᠤᠯᠬᠤ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠨᠡᠢ᠌ᠲᠡᠯᠡᠵᠡᠢ᠃
ᠬᠣᠶᠠᠷ᠎ᠲᠤ ᠨᠡᠢ᠌ᠭᠡᠮ᠎ᠤᠨ ᠠᠪᠤᠷᠠᠨ ᠲᠤᠰᠠᠯᠠᠬᠤ ᠬᠦᠷᠢᠶᠡᠨ᠎ᠳᠠᠬᠢ ᠰᠠᠬᠢᠯᠭ᠎ᠠ ᠪᠠᠲᠤ᠎ᠠᠴᠠ ᠵᠥᠷᠢᠴᠡᠭᠰᠡᠨ ᠠᠵᠢᠯᠯᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠶᠡᠷᠦᠩᠬᠡᠢ ᠱᠦᠵᠢ ᠰᠢ ᠵᠢᠨ ᠫᠢᠩ᠂ ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ ᠦᠭᠡᠢ᠂ ᠪᠢᠳᠡ ᠬᠦᠴᠢᠷᠳᠡᠯᠲᠡᠢ ᠤᠯᠠᠨ ᠲᠦᠮᠡᠨ᠎ᠢ ᠣᠨᠴᠠᠭ᠋ᠠᠢ ᠠᠩᠬᠠᠷᠤᠨ ᠬᠠᠯᠠᠮᠵᠢᠯᠠᠵᠤ᠂ ᠣᠨᠴᠠᠭ᠋ᠠᠢ ᠬᠠᠢ᠌ᠷᠠᠯᠠᠨ ᠬᠠᠯᠠᠮᠵᠢᠯᠠᠵᠤ᠂ ᠲᠡᠳᠡᠨ᠎ᠢ ᠬᠠᠪᠰᠤᠷᠤᠨ ᠬᠦᠴᠢᠷ ᠵᠣᠪᠠᠭᠤᠷᠢ ᠵᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠶ᠃ ᠪᠦᠬᠦ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠤᠯᠤᠭᠰᠠᠨᠤ ᠳᠠᠷᠠᠭ᠎ᠠ᠂ ᠮᠠᠨ᠎ᠤ ᠨᠠᠮ ᠤᠯᠠᠨ ᠲᠦᠮᠡᠨ᠎ᠳᠤ ᠨᠡᠩ ᠴᠢᠨᠠᠷ ᠰᠠᠢ᠌ᠲᠠᠢ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠬᠠᠩᠭ᠋ᠠᠬᠤ ᠵᠢ ᠠᠩᠬᠠᠷᠴᠤ᠂ ᠨᠡᠢ᠌ᠭᠡᠮ᠎ᠤᠨ ᠠᠪᠤᠷᠠᠨ ᠲᠤᠰᠠᠯᠠᠬᠤ ᠰᠢᠰᠲ᠋ᠧᠮ᠎ᠢ ᠴᠢᠨᠠᠭᠰᠢᠳᠠ ᠪᠦᠷᠢᠨᠰᠢᠭᠦᠯᠵᠦ᠂ ᠠᠷᠠᠳ ᠢᠷᠭᠡᠳ᠎ᠤᠨ ᠦᠨᠳᠦᠰᠦᠨ ᠠᠮᠢᠳᠤᠷᠠᠯ᠎ᠢ ᠪᠠᠲᠤᠯᠠᠵᠤ᠂ ᠨᠡᠢ᠌ᠭᠡᠮ᠎ᠤᠨ ᠡᠷᠬᠡ ᠲᠡᠭᠰᠢ ᠵᠢ ᠠᠬᠢᠭᠤᠯᠵᠤ᠂ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭ᠋ᠠᠯᠠᠪᠠ᠃ ᠨᠡᠢ᠌ᠭᠡᠮ᠎ᠤᠨ ᠠᠪᠤᠷᠠᠨ ᠲᠤᠰᠠᠯᠠᠯᠲᠠ᠎ᠨᠢ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ ᠪᠠ ᠢᠳᠡᠵᠦ ᠡᠮᠦᠰᠬᠦ᠎ᠳᠤ ᠬᠣᠯᠪᠣᠭᠳᠠᠵᠤ᠂ ᠠᠷᠠᠳ᠎ᠤᠨ ᠠᠮᠢᠳᠤᠷᠠᠯ᠎ᠳᠤ ᠬᠣᠯᠪᠣᠭᠳᠠᠵᠤ᠂ ᠠᠷᠠᠳ᠎ᠤᠨ ᠰᠡᠳᠬᠢᠯ᠎ᠲᠠᠢ ᠬᠣᠯᠪᠣᠭᠳᠠᠵᠤ ᠪᠠᠢ᠌ᠳᠠᠭ᠂ ᠡᠨᠡ ᠪᠣᠯ ᠨᠢᠭᠡ ᠵᠦᠢ᠍ᠯ᠎ᠤᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤᠯᠠᠬᠤ᠂ ᠪᠠᠴᠢᠮ ᠬᠦᠴᠢᠷᠳᠡᠯ᠎ᠠᠴᠠ ᠠᠪᠤᠷᠬᠠᠸ᠋᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠲᠥᠪ ᠭᠣᠣᠯᠴᠢ ᠵᠢ ᠠᠬᠢᠭᠤᠯᠬᠤ ᠵᠢᠨ ᠰᠠᠭᠤᠷᠢ ᠴᠢᠨᠠᠷᠲᠠᠢ ᠳᠦᠷᠢᠮ᠎ᠤᠨ ᠲᠣᠬᠢᠷᠠᠭᠤᠯᠤᠯᠲᠠ ᠮᠥᠨ᠂ ᠮᠠᠨ᠎ᠤ ᠨᠠᠮ᠎ᠤᠨ ᠪᠥᠬᠥ ᠰᠡᠳᠬᠢᠯ ᠪᠥᠬᠥ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠪᠠ ᠨᠡᠢ᠌ᠭᠡᠮ ᠵᠢᠷᠤᠮ᠎ᠤᠨ ᠪᠠᠢ᠌ᠭᠤᠯᠤᠯ᠎ᠤᠨ ᠦᠨᠳᠦᠰᠦᠨ ᠰᠢᠨᠵᠢ ᠴᠢᠨᠠᠷ᠎ᠤᠨ ᠲᠥᠪᠯᠡᠷᠡᠩᠭᠦᠢ ᠢᠯᠡᠷᠡᠯ ᠮᠥᠨ᠃ ᠨᠠᠮ᠎ᠤᠨ ᠦᠢ᠍ᠯᠡᠰ᠎ᠢ ᠬᠠᠮᠢᠭ᠎ᠠ ᠬᠦᠷᠲᠡᠯ᠎ᠡ ᠠᠬᠢᠭᠤᠯᠪᠠᠯ᠂ ᠰᠠᠬᠢᠯᠭ᠎ᠠ ᠪᠠᠲᠤ ᠵᠢᠨ ᠪᠠᠲᠤᠯᠠᠭ᠎ᠠ ᠵᠢ ᠲᠡᠨᠳᠡ ᠬᠦᠷᠲᠡᠯ᠎ᠡ ᠲᠠᠭ᠋ᠠᠵᠤ ᠬᠢᠬᠦ ᠬᠡᠷᠡᠭᠲᠡᠢ᠃ 《ᠳᠦᠷᠢᠮ》᠎ᠨᠢ ᠨᠠᠮ᠎ᠤᠨ ᠦᠢ᠍ᠯᠡᠰ᠎ᠤᠨ ᠬᠥᠭᠵᠢᠯᠲᠡ᠎ᠲᠠᠢ ᠨᠢᠭᠲᠠ ᠤᠶᠠᠯᠳᠤᠭᠤᠯᠤᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠠᠬᠢ 《ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠪᠠᠷᠢᠮᠲᠠᠯᠠᠬᠤ》 ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠠᠪᠤᠷᠠᠨ ᠲᠤᠰᠠᠯᠠᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠣᠳᠣᠯᠬᠢᠯᠠᠨ᠂ ᠨᠡᠢ᠌ᠭᠡᠮ᠎ᠤᠨ ᠠᠪᠤᠷᠠᠨ ᠲᠤᠰᠠᠯᠠᠯᠲᠠ ᠵᠢᠨ ᠳᠤᠮᠳᠠ ᠲᠥᠷᠥᠯ ᠰᠠᠳᠤᠨ ᠨᠠᠢ᠌ᠵᠠ ᠨᠥᠬᠥᠳ ᠵᠶ᠋ᠡᠨ ᠬᠠᠷᠠᠭ᠋ᠠᠯᠵᠠᠬᠤ᠂ ᠲᠥᠪ ᠭᠣᠣᠯᠴᠢ ᠵᠢ ᠢᠯᠡᠳᠲᠡ ᠠᠯᠳᠠᠭᠰᠠᠨ ᠦᠢ᠍ᠯᠡ ᠠᠵᠢᠯᠯᠠᠭ᠎ᠠ᠎ᠳᠤ ᠰᠢᠢ᠍ᠳᠬᠡᠯ ᠥᠭᠬᠦ ᠲᠣᠭᠲᠠᠭ᠋ᠠᠯ᠎ᠢ ᠲᠡᠭᠦᠯᠳᠡᠷᠵᠢᠭᠦᠯᠵᠦ᠂ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠠᠷᠠᠳ ᠤᠯᠠᠨ᠎ᠤ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠡᠷᠬᠡ ᠲᠡᠭᠰᠢ᠎ᠪᠠᠷ ᠬᠠᠮᠲᠤ᠎ᠪᠠᠷ ᠡᠳ᠋ᠯᠡᠬᠦ ᠵᠢ ᠪᠠᠲᠤᠯᠠᠵᠤ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠭᠤᠷᠪᠠ᠎ᠳᠤ ᠠᠵᠢᠯ ᠵᠶ᠋ᠠᠨ ᠤᠳᠠᠭ᠋ᠠᠰᠢᠷᠠᠭᠤᠯᠬᠤ᠂ ᠬᠠᠭᠤᠷᠮᠠᠭ ᠵᠶ᠋ᠠᠷ ᠬᠢᠬᠦ ᠵᠡᠷᠭᠡ ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠰᠠᠬᠢᠯᠭ᠎ᠠ ᠪᠠᠲᠤ ᠵᠢ ᠵᠥᠷᠢᠴᠡᠭᠰᠡᠨ ᠠᠵᠢᠯᠯᠠᠭ᠎ᠠ᠎ᠳᠤ ᠴᠢᠭᠯᠡᠭᠦᠯᠪᠡ᠃ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠠᠭᠠᠨ᠂ ᠠᠷᠠᠳ ᠤᠯᠠᠨ᠎ᠤ ᠶᠠᠪᠤᠳᠠᠯ᠎ᠢ ᠥᠪᠡᠷ᠎ᠤᠨ ᠶᠠᠪᠤᠳᠠᠯ ᠵᠶ᠋ᠠᠨ ᠪᠣᠯᠭ᠋ᠠᠵᠤ᠂ ᠠᠷᠠᠳ ᠤᠯᠠᠨ᠎ᠤ ᠪᠠᠭ᠎ᠠ ᠶᠠᠪᠤᠳᠠᠯ᠎ᠢ ᠥᠪᠡᠷ᠎ᠤᠨ ᠶᠡᠬᠡ ᠶᠠᠪᠤᠳᠠᠯ ᠵᠶ᠋ᠠᠨ ᠪᠣᠯᠭ᠋ᠠᠬᠤ ᠬᠡᠷᠡᠭᠲᠡᠶ᠂ ᠭᠡᠪᠡᠴᠦ ᠵᠠᠷᠢᠮ ᠨᠠᠮ᠎ᠤᠨ ᠭᠡᠰᠢᠭᠦᠨ᠂ ᠺᠠᠳ᠋ᠷᠴᠤᠳ᠎ᠲᠤ ᠪᠠᠰᠠ ᠠᠵᠢᠯ ᠬᠢᠬᠦ ᠦᠭᠡᠢ᠂ ᠠᠵᠢᠯ᠎ᠢ ᠤᠳᠠᠭ᠋ᠠᠨ ᠬᠢᠬᠦ ᠴᠢᠨᠠᠭᠰᠢᠯᠠᠪᠠᠯ ᠬᠠᠭᠤᠷᠮᠠᠭ ᠵᠶ᠋ᠠᠷ ᠬᠢᠬᠦ ᠠᠰᠠᠭᠤᠳᠠᠯ ᠣᠷᠣᠰᠢᠵᠤ ᠪᠠᠢ᠌ᠨ᠎ᠠ᠃ ᠳᠡᠯᠡᠬᠡᠢ ᠳ᠋ᠠᠬᠢᠨ᠎ᠤ ᠬᠡᠷᠡᠭ ᠪᠦᠬᠦᠨ ᠦᠨᠡᠨ᠎ᠠᠴᠠ ᠪᠦᠲᠦᠵᠦ᠂ ᠪᠣᠳᠠᠲᠠᠢ᠎ᠠᠴᠠ ᠮᠠᠨᠳᠤᠵᠤ᠂ ᠬᠡᠢ᠌ᠰᠪᠦᠷᠢ᠎ᠠᠴᠠ ᠢᠯᠠᠭᠳᠠᠵᠤ᠂ ᠬᠤᠳᠠᠯ ᠬᠠᠭᠤᠷᠮᠠᠭ᠎ᠠᠴᠠ ᠡᠪᠳᠡᠭᠳᠡᠳᠡᠭ᠃ ᠠᠷᠠᠳ ᠤᠯᠠᠨ᠎ᠤ ᠶᠠᠪᠤᠳᠠᠯ ᠪᠣᠯ ᠲᠡᠭᠷᠢ ᠲᠤᠯᠤᠮ᠎ᠠ ᠶᠡᠬᠡ ᠶᠠᠪᠤᠳᠠᠯ ᠮᠥᠨ᠂ ᠬᠠᠰᠢ ᠶᠠᠰᠢ᠎ᠪᠠᠷ ᠬᠠᠨᠳᠤᠵᠤ ᠪᠣᠯᠬᠤ ᠦᠭᠡᠢ᠂ ᠦᠨᠡᠨ ᠬᠢᠬᠦ ᠶᠤᠮ ᠦᠦ ᠬᠤᠳᠠᠯ ᠬᠢᠬᠦ ᠶᠤᠮ ᠦᠦ᠂ ᠲᠦᠷᠭᠡᠨ ᠬᠢᠬᠦ ᠶᠤᠮ ᠦᠦ ᠤᠳᠠᠭ᠋ᠠᠨ ᠬᠢᠬᠦ ᠶᠤᠮ ᠦᠦ᠂ ᠶᠠᠮᠠᠷ ᠬᠡᠮᠵᠢᠶᠡᠨ᠎ᠳᠤ ᠬᠦᠷᠲᠡᠯ᠎ᠡ ᠬᠢᠬᠦ ᠪᠤᠢ ᠭᠡᠳᠡᠭ ᠪᠣᠯ ᠵᠣᠭᠰᠣᠯᠲᠠ ᠵᠢᠨ ᠠᠰᠠᠭᠤᠳᠠᠯ ᠮᠥᠨ᠂ ᠨᠡᠩ ᠴᠤ᠌ ᠨᠠᠮ᠎ᠤᠨ ᠭᠡᠰᠢᠭᠦᠨ ᠺᠠᠳ᠋ᠷᠴᠤᠳ᠎ᠤᠨ ᠡᠭᠦᠷᠭᠡᠲᠦ ᠰᠡᠳᠬᠢᠯᠭᠡ ᠪᠠ ᠬᠠᠷᠢᠭᠤᠴᠠᠯᠭ᠋ᠠᠲᠤ ᠰᠡᠳᠬᠢᠯᠭᠡ ᠵᠢᠨ ᠰᠢᠭᠤᠳ ᠢᠯᠡᠷᠡᠯ ᠮᠥᠨ᠃ ᠠᠵᠢᠯ ᠶᠠᠪᠤᠳᠠᠯ᠎ᠢ ᠤᠳᠠᠭ᠋ᠠᠰᠢᠷᠠᠭᠤᠯᠬᠤ᠂ ᠠᠵᠢᠯ ᠶᠠᠪᠤᠳᠠᠯ᠎ᠢ ᠬᠠᠭᠤᠷᠮᠠᠭ ᠵᠶ᠋ᠠᠷ ᠬᠢᠬᠦ ᠪᠣᠯ ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠠᠰᠠᠭᠤᠳᠠᠯ᠎ᠤᠨ ᠨᠡᠢ᠌ᠲᠡᠯᠢᠭ ᠢᠯᠡᠷᠡᠯ ᠮᠥᠨ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ》᠎ᠳᠤ 《ᠠᠵᠢᠯ ᠶᠠᠪᠤᠳᠠᠯ᠎ᠢ ᠤᠳᠠᠭ᠋ᠠᠰᠢᠷᠠᠭᠤᠯᠬᠤ᠂ ᠠᠵᠢᠯ ᠶᠠᠪᠤᠳᠠᠯ᠎ᠢ ᠬᠠᠭᠤᠷᠮᠠᠭ ᠵᠶ᠋ᠠᠷ ᠬᠢᠬᠦ》 ᠵᠡᠷᠭᠡ ᠦᠢ᠍ᠯᠡ ᠠᠵᠢᠯᠯᠠᠭ᠎ᠠ ᠵᠢ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠣᠳᠠᠲᠠᠢ ᠪᠠᠶ᠋ᠢᠳᠠᠯ ᠵᠶ᠋ᠠᠷ ᠲᠣᠭᠲᠠᠭ᠋ᠠᠵᠠᠢ᠃ 《ᠳᠦᠷᠢᠮ》᠎ᠳᠤ ᠤᠯᠠᠨ ᠲᠦᠮᠡᠨ᠎ᠤ ᠲᠤᠰᠬᠠᠯ ᠶᠡᠬᠡᠲᠡᠢ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠣᠣᠯᠳᠠᠯᠭ᠎ᠠ ᠪᠣᠯᠭ᠋ᠠᠵᠤ᠂ ᠨᠠᠮ ᠪᠣᠯᠣᠨ ᠠᠷᠠᠳ ᠤᠯᠠᠨ᠎ᠤ ᠴᠢᠰᠤ ᠮᠢᠬᠠᠨ᠎ᠤ ᠪᠠᠷᠢᠯᠳᠤᠯᠭ᠎ᠠ ᠵᠢ ᠢᠮᠠᠭᠲᠠ ᠪᠠᠷᠢᠮᠲᠠᠯᠠᠬᠤ᠎ᠳᠤ ᠰᠠᠭᠤᠷᠢᠯᠠᠨ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠤᠨ ᠲᠣᠭᠲᠠᠭ᠋ᠠᠯ᠎ᠢ ᠵᠣᠯᠭ᠋ᠠᠭᠤᠯᠵᠤ᠂ ᠠᠵᠢᠯ ᠵᠶ᠋ᠠᠨ ᠤᠳᠠᠭ᠋ᠠᠰᠢᠷᠠᠭᠤᠯᠬᠤ᠂ ᠬᠠᠭᠤᠷᠮᠠᠭ ᠵᠶ᠋ᠠᠷ ᠬᠢᠬᠦ ᠵᠡᠷᠭᠡ ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠦᠢ᠍ᠯᠡ ᠠᠵᠢᠯᠯᠠᠭ᠎ᠠ᠎ᠳᠤ ᠰᠢᠢ᠍ᠳᠬᠡᠯ ᠥᠭᠬᠦ ᠲᠣᠭᠲᠠᠭ᠋ᠠᠯ᠎ᠢ ᠲᠡᠭᠦᠯᠳᠡᠷᠵᠢᠭᠦᠯᠵᠦ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠬᠡᠵᠢᠶᠡᠳᠡ ᠮᠠᠷᠲᠠᠬᠤ ᠦᠭᠡᠢ ᠪᠠᠶ᠋ᠢᠬᠤ ᠵᠢ ᠠᠬᠢᠭᠤᠯᠵᠤ᠂ ᠤᠯᠠᠨ ᠲᠦᠮᠡᠨ᠎ᠤ ᠬᠠᠶ᠋ᠢᠷ᠎ᠠ ᠰᠡᠳᠬᠢᠯᠭᠡ ᠵᠢ ᠲᠠᠰᠤᠷᠠᠯᠳᠠ ᠦᠭᠡᠢ ᠵᠤᠵᠠᠭ᠋ᠠᠳᠬᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠤᠯᠠᠨ ᠲᠦᠮᠡᠨ᠎ᠤ ᠶᠠᠪᠤᠳᠠᠯ᠎ᠢ ᠨᠠᠷᠢᠨ ᠬᠢᠨᠠᠮᠠᠭ᠋ᠠᠢ ᠰᠠᠶ᠋ᠢᠲᠤᠷ ᠰᠢᠢ᠍ᠳᠪᠦᠷᠢᠯᠡᠵᠦ᠂ ᠤᠯᠠᠨ ᠲᠦᠮᠡᠨ᠎ᠤ ᠠᠰᠢᠭ ᠲᠤᠰᠠ ᠵᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃