ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢ ᠡᠷᠭᠢᠯᠡᠬᠦ᠎ᠳᠡᠭᠡᠨ᠂ 《ᠳᠤᠮᠳᠠᠳᠤ ᠵᠢᠨ ᠦᠨᠳᠦᠰᠦᠲᠡᠨ᠎ᠤ ᠣᠲᠣ ᠦᠶ᠎ᠡ ᠵᠢᠨ ᠪᠣᠯᠪᠠᠰᠤᠨ᠎ᠢ ᠪᠠᠢ᠌ᠭᠤᠯᠬᠤ ᠲᠠᠯ᠎ᠠ᠎ᠠᠴᠠ ᠪᠣᠳᠣᠯᠬᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠲᠠᠰᠤᠷᠠᠯᠲᠠ ᠦᠭᠡᠢ ᠪᠦᠲᠦᠭᠡᠨ ᠪᠠᠢ᠌ᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃ ᠪᠢᠳᠠ ᠳᠤᠮᠳᠠᠳᠤ ᠵᠢᠨ ᠦᠨᠳᠦᠰᠦᠲᠡᠨ᠎ᠤ ᠲᠡᠦᠬᠡ᠎ᠠᠴᠠ ᠢᠷᠡᠭᠡᠳᠦᠢ ᠲᠡᠢ᠍ᠢ᠍ᠰᠢ ᠤᠷᠤᠭᠰᠢᠯᠠᠬᠤ᠂ ᠤᠯᠠᠮᠵᠢᠯᠠᠯ᠎ᠠᠴᠠ ᠣᠲᠣ ᠦᠶ᠎ᠡ ᠲᠡᠢ᠍ᠢ᠍ᠰᠢ ᠤᠷᠤᠭᠰᠢᠯᠠᠬᠤ᠂ ᠤᠯᠠᠨ ᠡᠰᠢᠲᠦ ᠨᠢᠭᠲᠠᠷᠠᠯ᠎ᠠᠴᠠ ᠨᠢᠭᠡ ᠴᠣᠭᠴᠠ ᠪᠣᠯᠬᠤ ᠬᠥᠭᠵᠢᠯᠲᠡ ᠵᠢᠨ ᠶᠡᠬᠡ ᠬᠠᠨᠳᠤᠰᠢ᠎ᠳᠤ ᠵᠣᠬᠢᠴᠠᠵᠤ᠂ ᠳᠤᠮᠳᠠᠳᠤ ᠵᠢᠨ ᠪᠣᠯᠪᠠᠰᠤᠨ᠎ᠤ ᠲᠣᠪᠣᠢ᠌ᠮ᠎ᠠ ᠣᠨᠴᠠᠯᠢᠭ᠎ᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠲᠠᠰᠤᠷᠠᠯᠳᠡ ᠦᠭᠡᠢ ᠴᠣᠭᠴᠠᠯᠠᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠪᠠᠲᠤ ᠪᠡᠬᠢ ᠣᠶᠤᠨ ᠰᠠᠨᠠᠭ᠋ᠠᠨ᠎ᠤ ᠪᠠ ᠰᠣᠶᠣᠯ᠎ᠤᠨ ᠰᠠᠭᠤᠷᠢ ᠵᠢ ᠲᠠᠯᠪᠢᠬᠤ ᠬᠡᠷᠡᠭᠲᠡᠢ᠃
《ᠲᠡᠦᠬᠡ ᠵᠢᠨ ᠰᠢᠨ᠎ᠡ ᠭᠠᠷᠤᠭ᠎ᠠ》 ᠵᠢ ᠭᠦᠨᠵᠡᠭᠡᠢ ᠡᠵᠡᠮᠳᠡᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠢ᠌ᠭᠤᠯᠬᠤ᠎ᠳᠤ ᠡᠷᠬᠡᠪᠰᠢ ᠰᠢᠨ᠎ᠡ ᠴᠠᠭ ᠦᠶ᠎ᠡ ᠰᠢᠨ᠎ᠡ ᠠᠶᠠᠨ ᠭᠡᠬᠦ ᠡᠨᠡᠬᠦ 《ᠲᠡᠦᠬᠡ ᠵᠢᠨ ᠰᠢᠨ᠎ᠡ ᠭᠠᠷᠤᠭ᠎ᠠ》᠎ᠳᠤ ᠰᠠᠭᠤᠷᠢᠯᠠᠬᠤ ᠬᠡᠷᠡᠭᠲᠡᠢ᠃
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠪᠠᠨ ᠢᠯᠠᠯᠲᠠ᠎ᠲᠠᠢ᠎ᠪᠠᠷ ᠪᠡᠶᠡᠯᠡᠭᠦᠯᠵᠦ᠂ ᠳᠤᠮᠳᠠᠳᠤ ᠵᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠢ᠍ᠢ᠍ᠰᠢ ᠴᠣᠭ ᠵᠣᠷᠢᠭ ᠪᠠᠳᠠᠷᠠᠩᠭᠤᠢ᠎ᠪᠠᠷ ᠤᠷᠤᠭᠰᠢᠯᠠᠵᠤ ᠪᠠᠢ᠌ᠨ᠎ᠠ᠃ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠣᠲᠣ ᠦᠶ᠎ᠡ ᠵᠢᠨ ᠪᠣᠯᠪᠠᠰᠤᠨ᠎ᠢ ᠪᠠᠢ᠌ᠭᠤᠯᠵᠤ᠂ ᠬᠥᠮᠥᠨ ᠲᠥᠷᠥᠯᠬᠢᠲᠡᠨ᠎ᠤ ᠪᠣᠯᠪᠠᠰᠤᠨ᠎ᠤ ᠰᠢᠨ᠎ᠡ ᠬᠡᠯᠪᠡᠷᠢ ᠵᠢ ᠡᠭᠦᠳᠬᠦ ᠵᠢᠨ ᠬᠠᠮᠲᠤ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠬᠥᠮᠥᠨ ᠲᠥᠷᠥᠯᠬᠢᠲᠡᠨ᠎ᠤ ᠡᠩᠬᠡ ᠲᠠᠶ᠋ᠢᠪᠤᠩ ᠬᠥᠭᠵᠢᠯᠲᠡ ᠵᠢ ᠠᠬᠢᠭᠤᠯᠬᠤ ᠬᠡᠷᠡᠭᠳᠡᠢ᠃
ᠣᠳᠣᠬᠠᠨ᠎ᠳᠤ᠂ ᠮᠠᠨ᠎ᠤ ᠤᠯᠤᠰ ᠶᠠᠭ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠰᠢᠵᠤ᠂ ᠳᠡᠯᠡᠬᠡᠢ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠴᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠬᠦᠨᠳᠦ᠂ ᠵᠥᠷᠢᠴᠡᠯ ᠪᠠ ᠲᠦᠭᠰᠢᠭᠦᠷᠢ ᠥᠷᠢᠰᠥᠯᠳᠦᠭᠡᠨ ᠤᠯᠠᠨ᠂ ᠲᠥᠷᠥ ᠵᠢ ᠵᠠᠰᠠᠵᠤ ᠵᠠᠰᠠᠭ᠎ᠢ ᠡᠷᠬᠢᠯᠡᠬᠦ ᠰᠢᠯᠭ᠋ᠠᠯᠲᠠ ᠬᠠᠲᠠᠭᠤ ᠪᠠᠢ᠍ᠢ᠍ᠬᠤ ᠵᠡᠷᠭᠡ ᠲᠠᠯ᠎ᠠ᠎ᠪᠠᠷ ᠤᠷᠢᠳ ᠡᠮᠦᠨ᠎ᠡ ᠪᠠᠢ᠌ᠭ᠎ᠠ ᠦᠭᠡᠢ ᠶᠤᠮ᠃ ᠲᠡᠦᠬᠡ ᠵᠢᠨ ᠰᠢᠨ᠎ᠡ ᠭᠠᠷᠤᠭ᠎ᠠ ᠳᠡᠭᠡᠷ᠎ᠡ᠂ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠳᠠᠯ》᠎ᠢ ᠪᠠᠭᠲᠠᠭ᠋ᠠᠵᠤ᠂ ᠦᠷᠭᠦᠯᠵᠢᠯᠡᠨ ᠬᠦᠴᠦᠯᠡᠨ ᠴᠢᠷᠮᠠᠢ᠌ᠵᠤ᠂ ᠤᠳᠠᠭ᠋ᠠᠨ ᠳᠠᠭ᠋ᠠᠭ᠋ᠠᠮᠠᠭ᠋ᠠᠢ ᠴᠢᠷᠮᠠᠢ᠌ᠨ ᠠᠵᠢᠯᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠲᠠᠰᠤᠷᠠᠯᠳᠠ ᠦᠭᠡᠢ ᠴᠣᠭᠴᠠᠯᠠᠨ ᠪᠠᠢ᠌ᠭᠤᠯᠵᠤ᠂ ᠬᠥᠮᠥᠰ᠎ᠤᠨ ᠰᠡᠳᠬᠢᠯ᠎ᠢ ᠨᠢᠭᠲᠠᠷᠠᠭᠤᠯᠬᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠣᠯᠪᠣᠭ᠋ᠠᠰᠤ ᠵᠢ ᠪᠤᠢ ᠪᠣᠯᠭ᠋ᠠᠬᠤ ᠬᠡᠷᠡᠭᠲᠡᠶ᠃
ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠭᠦᠨᠵᠡᠭᠡᠢ ᠪᠣᠢ᠌ᠵᠢᠭᠤᠯᠤᠨ ᠦᠢ᠍ᠯᠡᠳᠦᠯᠭᠡᠵᠢᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠢ᠌ᠭᠤᠯᠬᠤ᠎ᠳᠤ ᠡᠷᠬᠡᠪᠰᠢ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠭᠦᠨᠵᠡᠭᠡᠢ ᠪᠣᠢ᠌ᠵᠢᠭᠤᠯᠤᠨ ᠦᠢ᠍ᠯᠡᠳᠦᠯᠭᠡᠵᠢᠭᠦᠯᠬᠦ ᠬᠡᠷᠡᠭᠲᠡᠶ᠃
ᠨᠢᠭᠡ᠎ᠳᠤ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ ᠵᠢᠨ ᠲᠣᠭᠣᠷᠢᠨ᠎ᠳᠤ᠂ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠦᠵᠡᠯ ᠰᠠᠨᠠᠭ᠎ᠠ ᠶᠣᠰᠣ ᠰᠤᠷᠲᠠᠬᠤᠨ᠎ᠤ ᠬᠥᠮᠦᠵᠢᠯ᠂ ᠰᠣᠶᠣᠯ ᠮᠡᠳᠡᠯᠭᠡ ᠵᠢᠨ ᠬᠥᠮᠦᠵᠢᠯ᠂ ᠨᠡᠢ᠌ᠭᠡᠮ᠎ᠤᠨ ᠦᠢ᠍ᠯᠡᠳᠦᠯᠭᠡ ᠵᠢᠨ ᠬᠥᠮᠦᠵᠢᠯ᠎ᠤᠨ ᠡᠯ᠎ᠡ ᠬᠦᠷᠢᠶᠡᠨ᠎ᠳᠤ ᠠᠭᠤᠰᠬᠠᠵᠤ᠂ ᠰᠡᠬᠡᠭᠡᠷᠡᠭᠦᠯᠬᠦ ᠬᠥᠮᠦᠵᠢᠯ᠂ ᠰᠠᠭᠤᠷᠢ ᠰᠤᠷᠭ᠋ᠠᠨ ᠬᠥᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠡᠯ᠎ᠡ ᠰᠤᠷᠤᠯᠭ᠎ᠠ ᠵᠢᠨ ᠱᠠᠲᠤᠨ᠎ᠳᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠂ ᠵᠢᠭ᠋ᠠᠬᠤ ᠮᠠᠲ᠋ᠧᠷᠢᠶᠠᠯ᠎ᠢ ᠬᠡᠪᠯᠡᠭᠦᠯᠬᠦ᠂ ᠬᠢᠴᠢᠶᠡᠯ᠎ᠤᠨ ᠵᠢᠷᠤᠭ ᠲᠥᠯᠥᠪᠯᠡᠭᠡ᠂ ᠰᠤᠷᠭ᠋ᠠᠭᠤᠯᠢ ᠵᠢᠨ ᠰᠤᠷᠲᠠᠯ ᠬᠢᠴᠢᠶᠡᠯ᠎ᠤᠨ ᠰᠤᠷᠲᠠᠯ᠎ᠤᠨ ᠪᠠᠢ᠌ᠭᠤᠯᠤᠯᠲᠠ ᠵᠢᠨ ᠡᠯ᠎ᠡ ᠭᠣᠭᠴᠣᠭ᠎ᠠ᠎ᠳᠤ ᠢᠯᠡᠷᠡᠭᠦᠯᠬᠦ ᠬᠡᠷᠡᠭᠲᠡᠢ᠃
ᠬᠣᠶᠠᠷ᠎ᠲᠤ ᠣᠶᠤᠨ᠎ᠤ ᠪᠣᠯᠪᠠᠰᠤᠨ᠎ᠢ ᠡᠭᠦᠳᠦᠨ ᠪᠠᠢ᠌ᠭᠤᠯᠬᠤ᠂ ᠠᠷᠠᠳ ᠢᠷᠭᠡᠳ᠎ᠤᠨ ᠶᠣᠰᠣ ᠰᠤᠷᠲᠠᠬᠤᠨ᠎ᠤ ᠪᠠᠢ᠌ᠭᠤᠯᠤᠯᠲᠠ ᠪᠠ ᠴᠠᠭ ᠦᠶ᠎ᠡ ᠵᠢᠨ ᠰᠢᠨ᠎ᠡ ᠬᠥᠮᠥᠨ᠎ᠢ ᠬᠥᠮᠥᠵᠢᠭᠦᠯᠬᠦ ᠵᠡᠷᠭᠡ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠦᠢ᠍ᠯᠡᠳᠦᠯᠭᠡᠵᠢᠭᠦᠯᠬᠦ ᠤᠬᠠᠮᠰᠠᠷᠲᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃
ᠭᠤᠷᠪᠠ᠎ᠳᠤ ᠰᠣᠶᠣᠯ᠎ᠤᠨ ᠠᠵᠢᠯ ᠦᠢ᠍ᠯᠡᠰ ᠪᠠ ᠰᠣᠶᠣᠯ᠎ᠤᠨ ᠠᠵᠤ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠵᠦ᠂ ᠨᠡᠩ ᠤᠯᠠᠨ ᠤᠳᠬ᠎ᠠ ᠤᠷᠠᠯᠢᠭ᠎ᠤᠨ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠣᠶᠣᠯ᠎ᠤᠨ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠵᠤ᠂ ᠠᠷᠠᠳ ᠲᠦᠮᠡᠨ᠎ᠤ ᠣᠶᠤᠨ ᠰᠠᠨᠠᠭ᠋ᠠᠨ᠎ᠤ ᠬᠦᠴᠦᠨ ᠴᠢᠳᠠᠯ᠎ᠢ ᠨᠡᠮᠡᠭᠳᠡᠭᠦᠯᠬᠦ ᠬᠡᠷᠡᠭᠲᠡᠶ᠃
ᠳᠥᠷᠪᠡ᠎ᠳᠤ ᠬᠠᠮᠲᠤ ᠵᠢᠨ ᠬᠦᠰᠡᠯᠡᠩ ᠢᠲᠡᠭᠡᠯ ᠪᠢᠰᠢᠷᠡᠯ ᠵᠶ᠋ᠡᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠵᠤ᠂ ᠠᠷᠠᠳ ᠲᠦᠮᠡᠨ᠎ᠤ ᠣᠶᠤᠨ ᠰᠠᠨᠠᠭ᠋ᠠᠨ᠎ᠤ ᠶᠢᠷᠲᠢᠨᠴᠦ ᠵᠢ ᠪᠠᠶᠠᠯᠢᠭᠵᠢᠭᠤᠯᠵᠤ᠂ ᠰᠡᠳᠬᠢᠯ ᠵᠢᠷᠦᠬᠡ᠎ᠪᠠᠷ ᠵᠶ᠋ᠡᠨ 《ᠬᠥᠮᠥᠨ᠎ᠤ ᠣᠶᠤᠨ ᠰᠡᠳᠬᠢᠯ᠎ᠳᠤ ᠪᠦᠲᠦᠭᠡᠨ ᠪᠠᠢ᠌ᠭᠤᠯᠤᠯᠲᠠ ᠬᠢᠵᠦ》᠂ ᠠᠷᠠᠳ ᠤᠯᠠᠨ᠎ᠳᠤ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠦᠨᠡᠨᠬᠦ ᠮᠡᠳᠡᠷᠡᠭᠦᠯᠵᠦ᠂ ᠲᠡᠭᠦᠨ᠎ᠢ ᠰᠡᠳᠬᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠠᠭᠠᠨ ᠢᠯᠡᠷᠡᠭᠦᠯᠬᠦ ᠬᠡᠷᠡᠭᠲᠡᠢ᠃
ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠦᠴᠦᠨ᠎ᠢ ᠴᠢᠷᠮᠠᠢ᠌ᠨ ᠨᠢᠭᠲᠠᠷᠠᠭᠤᠯᠬᠤ ᠬᠡᠷᠡᠭᠳᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠬᠦᠴᠦᠷᠬᠡᠭ ᠶᠡᠬᠡ ᠪᠣᠳᠠᠰ᠎ᠤᠨ ᠬᠦᠴᠦᠨ ᠱᠠᠭ᠋ᠠᠷᠳᠠᠭᠳᠠᠬᠤ᠎ᠪᠠᠷ ᠪᠠᠷᠠᠬᠤ ᠦᠭᠡᠢ ᠪᠠᠰᠠ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠦᠴᠦᠨ ᠱᠠᠭ᠋ᠠᠷᠳᠠᠭᠳᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠣᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠢ᠌ᠭᠤᠯᠬᠤ᠎ᠳᠤ ᠡᠷᠬᠡᠪᠰᠢ ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠥᠮᠴᠢᠯᠡᠵᠦ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠳᠠᠪᠲᠠᠨ ᠪᠣᠯᠪᠠᠰᠤᠷᠠᠭᠤᠯᠵᠤ᠂ ᠱᠤᠭᠤᠬᠤ ᠪᠠ ᠳᠣᠪᠣᠶ᠋ᠢᠯᠭ᠋ᠠᠬᠤ ᠬᠡᠷᠡᠭᠲᠡᠶ᠃
ᠨᠢᠭᠡ᠎ᠳᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠳᠤᠮᠳᠠᠳᠤ ᠵᠢᠨ ᠤᠯᠠᠮᠵᠢᠯᠠᠯᠲᠤ ᠰᠣᠶᠣᠯ᠎ᠤᠨ ᠰᠢᠯᠢᠳᠡᠭ ᠤᠳᠤᠮᠰᠢᠯ ᠪᠠ ᠴᠠᠭ ᠦᠶ᠎ᠡ ᠵᠢᠨ ᠦᠨ᠎ᠡ ᠥᠷᠲᠡᠭ᠎ᠢ ᠰᠤᠳᠤᠯᠤᠨ ᠠᠭᠤᠳᠠᠯᠵᠤ᠂ ᠡᠬᠡ ᠤᠯᠤᠰ᠎ᠤᠨ ᠵᠶ᠋ᠠᠨ ᠨᠤᠲᠤᠭ ᠳᠡᠪᠢᠰᠬᠡᠷ ᠳᠡᠭᠡᠷ᠎ᠡ ᠳᠡᠯᠭᠡᠭᠳᠡᠭᠰᠡᠨ ᠰᠣᠶᠣᠯ᠎ᠤᠨ ᠥᠪ᠂ ᠰᠣᠶᠣᠯ᠎ᠤᠨ ᠰᠤᠳᠤᠷ ᠪᠢᠴᠢᠭ᠎ᠲᠤ ᠲᠡᠮᠳᠡᠭᠯᠡᠭᠰᠡᠨ ᠰᠣᠶᠣᠯ᠎ᠤᠨ ᠥᠯᠢᠭᠡᠷ᠎ᠢ ᠰᠢᠨ᠎ᠡ ᠠᠮᠢᠵᠢᠷᠠᠯ᠎ᠤᠨ ᠬᠦᠴᠦᠨ ᠪᠠᠳᠠᠷᠠᠭᠤᠯᠤᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠣᠨᠳᠣᠣᠰᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠬᠤ ᠬᠡᠷᠡᠭᠲᠡᠶ᠃
ᠬᠣᠶᠠᠷ᠎ᠲᠤ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠬᠤᠪᠢᠰᠬᠠᠯᠲᠤ ᠰᠣᠶᠣᠯ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠠᠭᠤᠳᠠᠯᠵᠤ᠂ ᠤᠯᠤᠰ ᠵᠶ᠋ᠠᠨ ᠬᠠᠢ᠌ᠷᠠᠯᠠᠬᠤ ᠦᠵᠡᠯ ᠵᠶ᠋ᠡᠷ ᠭᠣᠣᠯ ᠪᠣᠯᠭ᠋ᠠᠭᠰᠠᠨ ᠦᠨᠳᠦᠰᠦᠲᠡᠨ᠎ᠤ ᠵᠣᠷᠢᠭ ᠰᠠᠨᠠᠭ᠎ᠠ ᠪᠣᠯᠣᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠭᠣᠣᠯ ᠪᠣᠯᠭ᠋ᠠᠭᠰᠠᠨ ᠴᠠᠭ ᠦᠶ᠎ᠡ ᠵᠢᠨ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠢ᠌ᠭᠤᠯᠬᠤ ᠴᠤᠭ ᠰᠦᠯᠳᠡ ᠵᠢ ᠬᠥᠭᠵᠢᠭᠡᠬᠦ ᠬᠡᠷᠡᠭᠲᠡᠢ᠃
ᠭᠤᠷᠪᠠ᠎ᠳᠤ ᠨᠡᠢ᠌ᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ ᠵᠢᠨ ᠰᠣᠶᠣᠯ᠎ᠤᠨ ᠣᠨᠴᠠᠯᠢᠭ ᠰᠢᠨᠵᠢ᠂ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠤᠯᠤᠰ᠎ᠤᠨ ᠳᠦᠷᠢ ᠲᠥᠷᠬᠦ ᠵᠢ ᠢᠯᠡᠳᠬᠡᠬᠦ ᠰᠢᠰᠲ᠋ᠧᠮ᠎ᠢ ᠪᠠᠢ᠌ᠭᠤᠯᠬᠤ ᠪᠠ ᠬᠡᠷᠡᠭᠯᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ ᠵᠢᠨ ᠰᠣᠶᠣᠯ᠎ᠤᠨ ᠬᠠᠮᠲᠤ ᠵᠢᠨ ᠲᠠᠨᠢᠯᠲᠠ ᠵᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠶ; ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠢ᠌ᠭᠡᠮ ᠵᠢᠷᠤᠮ᠎ᠤᠨ ᠬᠥᠭᠵᠢᠯᠲᠡ ᠵᠢᠨ ᠲᠡᠦᠬᠡ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠡᠬᠡ ᠣᠷᠣᠨᠴᠢ ᠦᠵᠡᠯ᠂ ᠨᠡᠢ᠌ᠲᠡᠴᠢ ᠦᠵᠡᠯ᠂ ᠨᠡᠢ᠌ᠭᠡᠮ ᠵᠢᠷᠤᠮ᠎ᠤᠨ ᠬᠥᠮᠦᠵᠢᠯ᠎ᠢ ᠭᠦᠨᠵᠡᠭᠡᠢ᠌ᠷᠡᠭᠦᠯᠬᠦ ᠬᠡᠷᠡᠭᠲᠡᠢ; ᠤᠭ ᠦᠨᠳᠦᠰᠦ᠎ᠪᠠᠨ ᠦᠯᠦ ᠮᠠᠷᠲᠠᠵᠤ᠂ ᠭᠠᠳᠠᠭ᠋ᠠᠳᠤ ᠵᠢᠨ᠎ᠬᠢ ᠵᠢ ᠰᠢᠩᠭᠡᠬᠡᠨ ᠠᠪᠴᠤ᠂ ᠢᠷᠡᠭᠡᠳᠦᠢ᠎ᠳᠤ ᠬᠠᠨᠳᠤᠵᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠦᠨ᠎ᠡ ᠥᠷᠲᠡᠭ᠂ ᠳᠤᠮᠳᠠᠳᠤ ᠤᠯᠤᠰ᠎ᠤᠨ ᠬᠦᠴᠦᠨ᠎ᠢ ᠪᠠᠳᠠᠷᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠣᠲᠣ ᠦᠶ᠎ᠡ ᠵᠢᠨ ᠪᠣᠯᠪᠠᠰᠤᠨ᠎ᠢ ᠪᠠᠢ᠌ᠭᠤᠯᠵᠤ᠂ ᠳᠤᠮᠳᠠᠳᠤ ᠵᠢᠨ ᠰᠣᠶᠣᠯ᠎ᠤᠨ ᠭᠡᠷᠡᠯ ᠰᠠᠴᠤᠷᠠᠩᠭᠤᠢ ᠰᠢᠨ᠎ᠡ ᠠᠮᠵᠢᠯᠲᠠ ᠵᠢ ᠡᠭᠦᠳᠴᠦ᠂ ᠦᠨᠳᠦᠰᠦᠲᠡᠨ᠎ᠨᠦᠭᠦᠳ᠎ᠤᠨ ᠬᠦᠰᠡᠯᠡᠩ᠂ ᠢᠲᠡᠭᠡᠯ ᠪᠢᠰᠢᠷᠡᠯ᠂ ᠬᠠᠶ᠋ᠢᠷ᠎ᠠ ᠰᠡᠳᠬᠢᠯᠭᠡ᠂ ᠰᠣᠶᠣᠯ᠎ᠤᠨ ᠲᠠᠯ᠎ᠠ᠎ᠪᠠᠷ᠎ᠬᠢ ᠪᠦᠯᠬᠦᠮᠳᠡᠯ ᠨᠢᠭᠡᠳᠦᠯ᠎ᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠠᠬ᠎ᠠ ᠳᠡᠭᠦᠦ ᠵᠢᠨ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠵᠤᠵᠠᠭ᠋ᠠᠳᠬᠠᠬᠤ ᠬᠡᠷᠡᠭᠲᠡᠶ᠃
ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠬᠦ ᠬᠡᠷᠡᠭᠲᠡᠢ᠃ ᠦᠭᠡ ᠬᠡᠯᠡ ᠨᠡᠪᠲᠡᠷᠡᠯᠴᠡᠬᠦ ᠪᠣᠯ ᠬᠥᠮᠥᠨ ᠬᠥᠮᠥᠨ᠎ᠤ ᠬᠣᠭᠣᠷᠣᠨᠳᠤ᠎ᠪᠠᠨ ᠨᠡᠪᠲᠡᠷᠡᠯᠴᠡᠬᠦ ᠵᠢᠨ ᠴᠢᠬᠤᠯᠠ ᠵᠠᠩᠭᠢᠯᠠᠭ᠎ᠠ ᠮᠥᠨ᠃ ᠦᠭᠡ ᠬᠡᠯᠡ ᠨᠡᠪᠲᠡᠷᠡᠯᠴᠡᠬᠦ ᠦᠭᠡᠢ ᠪᠣᠯ ᠰᠡᠳᠬᠢᠯ ᠵᠶ᠋ᠡᠨ ᠨᠡᠪᠲᠡᠷᠡᠯᠴᠡᠬᠦ᠎ᠳᠤ ᠪᠡᠷᠬᠡ᠂ ᠨᠡᠪᠲᠡᠷᠡᠯᠴᠡᠬᠦ ᠦᠭᠡᠢ ᠪᠣᠯ ᠣᠢ᠌ᠯᠠᠭ᠋ᠠᠯᠴᠠᠬᠤᠳᠤ ᠪᠡᠷᠬᠡ᠂ ᠳᠠᠷᠤᠢ ᠬᠠᠮᠲᠤ ᠵᠢᠨ ᠲᠠᠨᠢᠯᠲᠠ ᠵᠢ ᠪᠦᠷᠢᠯᠳᠦᠭᠦᠯᠬᠦ᠎ᠳᠤ ᠪᠡᠷᠬᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠢ᠌ᠭᠤᠯᠬᠤ᠎ᠳᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠦᠭᠡ ᠬᠡᠯᠡᠨ᠎ᠤ ᠨᠡᠪᠲᠡᠷᠡᠯᠴᠡᠭᠡ᠎ᠪᠠᠷ ᠣᠶᠤᠨ ᠰᠠᠨᠠᠭ᠋ᠠᠨ᠎ᠤ ᠨᠡᠪᠲᠡᠷᠡᠯᠴᠡᠭᠡ᠂ ᠬᠤᠪᠢ ᠵᠠᠶᠠᠭ᠋ᠠᠨ᠎ᠤ ᠨᠡᠪᠲᠡᠷᠡᠯᠴᠡᠭᠡ ᠵᠢ ᠠᠬᠢᠭᠤᠯᠬᠤ ᠬᠡᠷᠡᠭᠲᠡᠶ᠃
ᠨᠢᠭᠡ᠎ᠳᠤ ᠰᠤᠷᠭ᠋ᠠᠭᠤᠯᠢ ᠵᠢᠨ ᠭᠣᠣᠯ ᠵᠢᠭᠰᠠᠭ᠋ᠠᠯ᠎ᠤᠨ ᠭᠠᠵᠠᠷ ᠪᠠ ᠭᠣᠣᠯ ᠠᠷᠭ᠎ᠠ ᠵᠠᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠰᠠᠨᠠᠭ᠋ᠠᠴᠢᠯᠠᠭ᠎ᠠ᠎ᠠᠴᠠ᠎ᠪᠠᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠵᠢᠷᠤᠮᠵᠢᠩᠭᠤᠢ ᠬᠡᠷᠡᠭᠯᠡᠬᠦ ᠤᠬᠠᠮᠰᠠᠷ᠎ᠲᠠᠢ ᠪᠣᠯᠬᠤ ᠵᠢ ᠠᠬᠢᠭᠤᠯᠬᠤ ᠬᠡᠷᠡᠭᠲᠡᠶ᠃
ᠬᠣᠶᠠᠷ᠎ᠲᠤ ᠨᠡᠢ᠌ᠭᠡᠮ ᠳᠠᠶᠠᠭ᠋ᠠᠷ᠎ᠲᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠰᠠᠢ᠍ᠢ᠍ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠵᠤ᠂ ᠨᠡᠢ᠌ᠲᠡᠯᠢᠭ ᠬᠡᠯᠡ ᠵᠢ ᠳᠡᠯᠭᠡᠷᠡᠭᠦᠯᠬᠦ ᠰᠠᠭᠤᠷᠢᠨ᠎ᠢ ᠪᠠᠢ᠌ᠭᠤᠯᠵᠤ᠂ 《ᠨᠡᠢ᠌ᠲᠡᠯᠢᠭ ᠬᠡᠯᠡ + ᠠᠵᠢᠯ ᠮᠡᠷᠭᠡᠵᠢᠯ᠎ᠤᠨ ᠤᠷ᠎ᠠ ᠴᠢᠳᠠᠪᠤᠷᠢ》 ᠵᠢᠨ ᠬᠥᠮᠦᠵᠢᠯ ᠪᠣᠯᠪᠠᠰᠤᠷᠠᠯ᠎ᠢ ᠥᠷᠨᠢᠭᠦᠯᠵᠦ᠂ ᠦᠭᠡ ᠬᠡᠯᠡᠨ᠎ᠤ ᠰᠠᠢ᠍ᠢ᠍ᠨ ᠰᠠᠢ᠌ᠬᠠᠨ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠶ; ᠬᠣᠯᠪᠣᠭᠳᠠᠯ ᠪᠦᠬᠦᠢ ᠬᠠᠤᠯᠢ ᠲᠣᠭᠲᠠᠭ᠋ᠠᠯ᠎ᠢ ᠪᠠᠢ᠌ᠭᠤᠯᠤᠨ ᠲᠡᠭᠦᠯᠳᠡᠷᠵᠢᠭᠦᠯᠵᠦ᠂ ᠦᠭᠡ ᠬᠡᠯᠡᠨ᠎ᠤ ᠤᠯᠤᠰ᠎ᠤᠨ ᠪᠠᠶ᠋ᠢᠳᠠᠯ᠎ᠤᠨ ᠪᠠᠢ᠌ᠴᠠᠭ᠋ᠠᠯᠲᠠ ᠵᠢ ᠴᠢᠬᠤᠯᠠᠴᠢᠯᠠᠵᠤ᠂ ᠦᠭᠡ ᠬᠡᠯᠡᠨ᠎ᠤ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠨ᠂ ᠪᠦᠬᠦ ᠨᠡᠢ᠌ᠭᠡᠮ᠎ᠤᠨ ᠦᠭᠡ ᠬᠡᠯᠡᠨ᠎ᠤ ᠵᠢᠷᠤᠮᠵᠢᠯ᠎ᠤᠨ ᠤᠬᠠᠮᠰᠠᠷ᠎ᠢ ᠳᠡᠭᠡᠭᠰᠢᠯᠡᠭᠦᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠴᠢᠨᠠᠷ ᠰᠠᠢ᠌ᠲᠠᠢ ᠳᠡᠯᠭᠡᠷᠡᠭᠦᠯᠦᠨ ᠲᠦᠭᠡᠮᠡᠯᠵᠢᠭᠦᠯᠬᠦ ᠵᠢ ᠪᠡᠶᠡᠯᠡᠭᠦᠯᠬᠦ ᠬᠡᠷᠡᠭᠲᠡᠢ᠃
ᠤᠬᠠᠭᠤᠯᠭ᠎ᠠ ᠬᠥᠮᠦᠵᠢᠯ᠎ᠤᠨ ᠬᠡᠯᠪᠡᠷᠢ ᠪᠠ ᠠᠴᠢᠶᠠᠯᠠᠪᠤᠷᠢ ᠵᠢ ᠰᠢᠨ᠎ᠡ ᠵᠢ ᠡᠭᠦᠳᠦᠨ ᠪᠠᠢ᠌ᠭᠤᠯᠬᠤ ᠬᠡᠷᠡᠭᠲᠡᠢ᠃ ᠦᠨᠳᠦᠰᠦᠲᠡᠨ᠎ᠤ ᠤᠬᠠᠭᠤᠯᠭ᠎ᠠ᠎ᠳᠤ ᠬᠣᠯᠪᠣᠭᠳᠠᠬᠤ ᠳᠠᠮᠵᠢᠭᠤᠯᠭ᠎ᠠ ᠵᠢᠨ ᠬᠡᠯᠪᠡᠷᠢ ᠵᠢᠨ ᠰᠢᠨ᠎ᠡ ᠵᠢ ᠡᠭᠦᠳᠴᠦ᠂ ᠳᠠᠮᠵᠢᠭᠤᠯᠬᠤ ᠠᠭᠤᠯᠭ᠎ᠠ ᠵᠢ ᠪᠠᠶᠠᠯᠢᠭᠵᠢᠭᠤᠯᠵᠤ᠂ ᠳᠠᠮᠵᠢᠭᠤᠯᠭ᠎ᠠ ᠵᠢᠨ ᠠᠷᠭ᠎ᠠ ᠵᠠᠮ᠎ᠢ ᠥᠷᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠥᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠨᠡᠢ᠌ᠭᠡᠮ ᠵᠢᠷᠤᠮ᠎ᠤᠨ ᠪᠠᠢ᠌ᠭᠤᠯᠤᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠬᠠᠮᠲᠤ ᠵᠢᠨ ᠬᠥᠭᠵᠢᠯᠲᠡ ᠳᠠᠪᠰᠢᠯᠲᠠ ᠵᠢᠨ ᠨᠠᠢ᠌ᠳᠠᠪᠤᠷᠢᠲᠠᠢ ᠪᠠᠲᠤᠯᠠᠭ᠎ᠠ ᠮᠥᠨ ᠭᠡᠳᠡᠭ᠎ᠢ ᠲᠣᠳᠣᠷᠬᠠᠢ ᠶᠠᠷᠢᠵᠤ᠂ ᠳᠤᠮᠳᠠᠳᠤ ᠵᠢᠨ ᠦᠨᠳᠦᠰᠦᠲᠡᠨ ᠪᠣᠯ ᠬᠦᠴᠦᠷᠬᠡᠭ ᠶᠡᠬᠡ ᠬᠠᠮᠲᠤ ᠵᠢᠨ ᠲᠠᠨᠢᠯᠲᠠ ᠪᠠ ᠨᠢᠭᠲᠠᠷᠠᠯ᠎ᠤᠨ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ ᠭᠡᠳᠡᠭ᠎ᠢ ᠲᠣᠳᠣᠷᠬᠠᠢ ᠶᠠᠷᠢᠵᠤ᠂ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ᠎ᠲᠠᠢ ᠵᠥᠪ ᠵᠠᠮ᠎ᠤᠨ ᠪᠦᠷᠢᠯᠳᠦᠭᠦᠯᠦᠭᠰᠡᠨ ᠢᠯᠡᠳᠲᠡ ᠳᠠᠪᠠᠭᠤᠯᠢᠭ ᠴᠢᠨᠠᠷ᠎ᠢ ᠲᠣᠳᠣᠷᠬᠠᠢ ᠶᠠᠷᠢᠬᠤ ᠬᠡᠷᠡᠭᠲᠡᠶ᠃
ᠨᠢᠭᠡ᠎ᠳᠤ ᠮᠦᠽᠧᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠡᠶᠡᠴᠢᠯᠡᠨ ᠣᠢ᠌ᠯᠠᠭ᠋ᠠᠬᠤ ᠣᠷᠳᠣᠨ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ ᠵᠡᠷᠭᠡ ᠤᠯᠠᠨ ᠨᠠᠢ᠌ᠳᠠ ᠵᠢᠨ ᠣᠷᠣᠨ ᠵᠠᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠬᠠᠭᠤᠯᠭ᠎ᠠ ᠬᠥᠮᠦᠵᠢᠯ᠎ᠤᠨ ᠣᠷᠣᠨ ᠵᠠᠢ ᠵᠢ ᠥᠷᠭᠡᠳᠬᠡᠵᠦ᠂ ᠬᠠᠮᠲᠤ ᠵᠢᠨ ᠲᠡᠦᠬᠡ ᠵᠢᠨ ᠳᠤᠷᠠᠰᠤᠮᠵᠢ ᠵᠢᠨ ᠬᠠᠶ᠋ᠢᠷ᠎ᠠ ᠰᠡᠳᠬᠢᠯᠭᠡ᠂ ᠬᠠᠮᠲᠤ ᠵᠢᠨ ᠲᠠᠨᠢᠯᠲᠠ ᠪᠠ ᠨᠢᠭᠲᠠᠷᠠᠯ᠎ᠤᠨ ᠥᠷᠲᠡᠭ᠎ᠢ ᠪᠠᠳᠠᠷᠠᠭᠤᠯᠵᠤ᠂ ᠠᠭᠤᠰᠬᠤ ᠮᠠᠶᠢᠭ᠎ᠤᠨ ᠪᠡᠶᠡᠴᠢᠯᠡᠨ ᠣᠢ᠌ᠯᠠᠭ᠋ᠠᠬᠤ ᠬᠡᠯᠪᠡᠷᠢ᠎ᠪᠠᠷ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃
ᠬᠣᠶᠠᠷ᠎ᠲᠤ ᠨᠠᠮ᠎ᠤᠨ ᠭᠡᠰᠢᠭᠦᠨ ᠺᠠᠳ᠋ᠷ᠂ ᠵᠠᠯᠠᠭᠤ ᠪᠠᠭ᠋ᠠᠴᠤᠳ ᠰᠤᠷᠤᠭᠴᠢᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠤᠬᠠᠭᠤᠯᠭ᠎ᠠ ᠬᠥᠮᠦᠵᠢᠯ᠎ᠤᠨ ᠴᠢᠳᠠᠪᠤᠷᠢᠲᠠᠨ᠎ᠤ ᠡᠩᠨᠡᠭᠡ ᠵᠢ ᠪᠠᠢ᠌ᠭᠤᠯᠵᠤ᠂ ᠭᠣᠣᠯ ᠰᠡᠳᠦᠪᠲᠦ ᠬᠥᠮᠦᠵᠢᠯ᠂ 《ᠲᠠᠪᠤᠨ ᠲᠡᠦᠬᠡ》 ᠵᠢᠨ ᠬᠥᠮᠦᠵᠢᠯ᠎ᠲᠠᠢ ᠤᠶᠠᠯᠳᠤᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠤᠨ᠂ ᠵᠠᠯᠠᠭᠤᠴᠤᠳ ᠪᠠᠭ᠋ᠠᠴᠤᠳ᠎ᠤᠨ 《ᠰᠠᠭᠤᠷᠢ ᠵᠢ ᠴᠣᠭᠴᠠᠯᠠᠬᠤ》 ᠢᠨᠵᠧᠨᠧᠷᠢᠩ᠎ᠢ ᠭᠦᠨᠵᠡᠭᠡᠢ᠌ᠷᠡᠭᠦᠯᠦᠨ ᠠᠬᠢᠭᠤᠯᠵᠤ᠂ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠤᠭᠣᠳᠴᠤ ᠤᠯᠤᠰ ᠭᠡᠷ᠎ᠤᠨ ᠬᠠᠶ᠋ᠢᠷ᠎ᠠ ᠰᠡᠳᠬᠢᠯᠭᠡ ᠵᠢ᠎ᠨᠢ ᠵᠤᠵᠠᠭ᠋ᠠᠳᠬᠠᠬᠤ ᠬᠡᠷᠡᠭᠲᠡᠶ᠃
ᠭᠤᠷᠪᠠ᠎ᠳᠤ ᠰᠤᠷᠭ᠋ᠠᠭᠤᠯᠢ᠂ ᠭᠡᠷ ᠪᠦᠯᠢ᠂ ᠨᠡᠢ᠌ᠭᠡᠮ ᠲᠣᠭᠣᠷᠢᠭ ᠵᠡᠷᠭᠡ ᠭᠣᠣᠯᠳᠠᠯᠭ᠎ᠠ᠎ᠲᠠᠢ ᠲᠠᠯᠠᠪᠤᠷ ᠭᠠᠵᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠤᠬᠠᠭᠤᠯᠭ᠎ᠠ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠠᠴᠢᠶᠠᠯᠠᠪᠤᠷᠢ ᠵᠢ ᠡᠭᠦᠳᠴᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠂ ᠭᠡᠷ ᠪᠦᠯᠢ ᠵᠢᠨ ᠬᠥᠮᠦᠵᠢᠯ ᠪᠠ ᠨᠡᠢ᠌ᠭᠡᠮ ᠲᠣᠭᠣᠷᠢᠭ᠎ᠤᠨ ᠪᠣᠯᠪᠠᠰᠤᠷᠠᠯ᠎ᠤᠨ ᠡᠬᠢ ᠪᠠᠶᠠᠯᠢᠭ᠎ᠢ ᠨᠡᠢ᠌ᠳᠬᠡᠵᠦ᠂ ᠤᠯᠠᠨ ᠬᠡᠯᠪᠡᠷᠢ ᠮᠠᠶᠢᠭ᠎ᠤᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠵᠦ᠂ ᠰᠣᠶᠣᠯ ᠮᠡᠳᠡᠯᠭᠡᠲᠡᠳᠤᠨ ᠰᠡᠬᠡᠭᠡᠷᠡᠭᠦᠯᠬᠦ ᠦᠢ᠍ᠯᠡᠳᠦᠯ ᠴᠢᠳᠠᠮᠵᠢ ᠵᠢ ᠪᠠᠳᠠᠷᠠᠭᠤᠯᠬᠤ ᠵᠢ ᠴᠢᠬᠤᠯᠠᠴᠢᠯᠠᠵᠤ᠂ ᠤᠯᠠᠨ ᠲᠡᠰ ᠳᠠᠪᠬᠤᠷᠭ᠎ᠠ᠂ ᠤᠯᠠᠨ ᠬᠡᠯᠪᠡᠷᠢ ᠮᠠᠶᠢᠭ᠎ᠤᠨ᠂ ᠪᠦᠬᠦᠨ᠎ᠢ ᠪᠦᠷᠬᠦᠭᠦᠯᠦᠭᠰᠡᠨ ᠤᠬᠠᠭᠤᠯᠭ᠎ᠠ ᠬᠥᠮᠦᠵᠢᠯ᠎ᠤᠨ ᠰᠢᠰᠲ᠋ᠧᠮ᠎ᠢ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠠᠵᠢᠯ᠎ᠤᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠬᠠᠷᠠᠭ᠋ᠠᠰᠤ ᠵᠢ ᠥᠷᠭᠡᠳᠬᠡᠨ᠂ ᠠᠰᠢᠭᠯᠠᠮᠵᠢ ᠵᠢ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠦᠬᠦ ᠲᠠᠯ᠎ᠠ᠎ᠪᠠᠷ ᠴᠣᠭᠴᠠᠯᠠᠨ ᠪᠠᠢ᠌ᠭᠤᠯᠬᠤ ᠬᠡᠷᠡᠭᠲᠡᠢ᠃
(ᠵᠣᠬᠢᠶᠠᠭᠴᠢ ᠪᠣᠯ ᠵᠥᠩ ᠨᠠᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠰᠤᠳᠤᠯᠤᠭᠴᠢ)