ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
ᠦᠰᠦᠭ ᠪᠢᠴᠢᠭ ᠵᠶ᠋ᠠᠷ ᠲᠠᠢ᠌ᠯᠬᠤᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-07-12

      2024 ᠣᠨ᠎ᠤ 3 ᠳ᠋ᠤᠭ᠋ᠠᠷ ᠰᠠᠷ᠎ᠠ ᠵᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ》 (ᠳᠣᠷᠣᠭᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠵᠤ᠂ ᠨᠠᠢ᠌ᠳᠠ 4 ᠪᠦᠯᠦᠭ 72 ᠵᠦᠢ᠍ᠯ ᠬᠤᠪᠢᠶᠠᠵᠤ᠂ ᠭᠣᠣᠯᠳᠠᠭᠤ ᠶᠡᠷᠦᠩᠬᠡᠢ ᠱᠠᠭ᠋ᠠᠷᠳᠠᠯᠭ᠎ᠠ᠂ ᠭᠣᠣᠯ ᠡᠭᠦᠷᠭᠡ᠂ ᠳ᠋ᠢᠵᠢᠲ᠋ᠠᠯᠴᠢᠯᠠᠭᠰᠠᠨ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠢ᠌ᠴᠢᠯᠠᠬᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠳᠥᠷᠪᠡᠨ ᠲᠠᠯ᠎ᠠ᠎ᠪᠠᠷ ᠲᠣᠳᠣᠷᠬᠠᠢ᠌ᠯᠠᠨ ᠥᠭᠦᠯᠡᠪᠡ᠃ ᠡᠨᠡ᠎ᠨᠢ ᠣᠳᠣᠬᠠᠨ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ 《ᠶᠠᠭᠤ ᠬᠢᠬᠦ᠂ ᠶᠠᠭ᠋ᠠᠬᠢᠵᠤ ᠬᠢᠬᠦ》 ᠲᠤᠬᠠᠢ ᠰᠢᠰᠲ᠋ᠧᠮ᠎ᠲᠠᠢ ᠲᠥᠯᠥᠪᠯᠡᠭᠡ ᠪᠠ ᠲᠣᠬᠢᠷᠠᠭᠤᠯᠤᠯᠲᠠ ᠪᠠᠢ᠌ᠷᠢᠯᠠᠭᠤᠯᠤᠯᠲᠠ ᠪᠣᠯᠣᠨ᠎ᠠ᠂ ᠡᠳᠦᠭᠡ ᠨᠡᠢ᠌ᠲᠡᠯᠡᠭᠰᠡᠨ ᠠᠬᠤᠢ ᠪᠠᠶ᠋ᠢᠳᠠᠯ ᠪᠠ ᠠᠭᠤᠯᠭ᠎ᠠ᠎ᠳᠤ ᠳᠣᠣᠷᠠᠬᠢ ᠮᠡᠲᠦ ᠲᠠᠢ᠌ᠯᠤᠮᠵᠢ ᠬᠢᠪᠡ᠄
      ᠨᠢᠭᠡ᠂ 《ᠬᠡᠷᠡᠭᠵᠢᠭᠦᠯᠬᠦ ᠲᠥᠰᠥᠯ》᠎ᠢ ᠲᠣᠭᠲᠠᠭ᠋ᠠᠭᠰᠠᠨ ᠦᠨᠳᠦᠰᠦᠯᠡᠯ᠎ᠨᠢ ᠶᠠᠭᠤ ᠪᠤᠢ?
      2022 ᠣᠨ᠎ᠤ 6 ᠳ᠋ᠤᠭ᠋ᠠᠷ ᠰᠠᠷ᠎ᠠ ᠵᠢᠨ 6᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶ᠎ᠠ 《ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠢᠯᠤᠭᠣᠳᠬᠤ ᠰᠠᠨᠠᠯ》 (ᠲᠥᠷᠥ ᠲᠠᠷᠬᠠᠭ᠋ᠠᠭᠰᠠᠨ 〔2022〕14 ᠳ᠋ᠦ᠍ᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠨ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈14·5〉 ᠵᠢᠨ ᠮᠡᠳᠡᠭᠡ ᠵᠠᠩᠭᠢᠴᠢᠯᠠᠯᠲᠠ ᠵᠢᠨ ᠬᠥᠭᠵᠢᠯᠲᠡ ᠵᠢᠨ ᠲᠥᠯᠥᠪᠯᠡᠭᠡ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠥᠰᠥᠯ (2021 — 2023 ᠣᠨ)》 ᠵᠡᠷᠭᠡ ᠪᠢᠴᠢᠭ ᠮᠠᠲ᠋ᠧᠷᠢᠶᠠᠯ᠎ᠤᠳ᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ》᠎ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠷ᠎ᠡ᠎ᠪᠠᠷ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃
      ᠬᠣᠶᠠᠷ᠂ 《ᠬᠡᠷᠡᠭᠵᠢᠭᠦᠯᠬᠦ ᠲᠥᠰᠥᠯ》᠎ᠤᠨ ᠦᠨᠳᠦᠰᠦᠨ ᠪᠣᠷᠣ ᠲᠥᠯᠥᠪ ᠪᠠ ᠭᠣᠣᠯ ᠠᠭᠤᠯᠭ᠎ᠠ᠎ᠨᠢ ᠶᠠᠭᠤ ᠪᠤᠢ?
      《ᠬᠡᠷᠡᠭᠵᠢᠭᠦᠯᠬᠦ ᠲᠥᠰᠥᠯ》᠎ᠢ ᠨᠠᠢ᠌ᠳᠠ 4 ᠬᠡᠰᠡᠭ ᠬᠤᠪᠢᠶᠠᠵᠤ᠂ ᠲᠣᠰ ᠲᠣᠰ ᠶᠡᠷᠦᠩᠬᠡᠢ ᠱᠠᠭ᠋ᠠᠷᠳᠠᠯᠭ᠎ᠠ᠂ ᠭᠣᠣᠯ ᠡᠭᠦᠷᠭᠡ᠂ ᠳ᠋ᠢᠵᠢᠲ᠋ᠠᠯᠴᠢᠯᠠᠭᠰᠠᠨ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠢ᠌ᠴᠢᠯᠠᠬᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠣᠯᠣᠨ᠎ᠠ᠃ ᠤᠯᠤᠰ᠎ᠤᠨ ᠵᠢᠯᠤᠭᠣᠳᠬᠤ ᠰᠠᠨᠠᠯ᠎ᠤᠨ ᠶᠣᠰᠣᠭ᠋ᠠᠷ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠵᠦᠢ᠍ᠯ ᠳᠠᠷᠠᠭ᠋ᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠨᠡᠢ᠌ᠴᠡᠭᠰᠡᠨ 72 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠳᠤᠷᠠᠳᠬᠤ ᠵᠢᠨ ᠬᠠᠮᠲᠤ ᠵᠣᠬᠢᠴᠠᠭᠰᠠᠨ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠤᠨ ᠬᠦᠰᠦᠨᠦᠭᠲᠦ ᠵᠢ ᠲᠣᠭᠲᠠᠭ᠋ᠠᠵᠤ᠂ ᠬᠡᠷᠡᠭᠵᠢᠭᠦᠯᠬᠦ ᠲᠥᠰᠥᠯ᠎ᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠪᠠ᠃
      ᠨᠢᠭᠡᠳᠦᠭᠡᠷ ᠬᠡᠰᠡᠭ ᠶᠡᠷᠦᠩᠬᠡᠢ ᠱᠠᠭ᠋ᠠᠷᠳᠠᠯᠭ᠎ᠠ᠃ ᠵᠢᠯᠤᠭᠣᠳᠬᠤ ᠦᠵᠡᠯ ᠰᠠᠨᠠᠭ᠎ᠠ ᠵᠢ ᠲᠣᠳᠣᠷᠬᠠᠢ᠌ᠯᠠᠵᠤ᠂ 2025 ᠣᠨ ᠪᠠ 2035 ᠣᠨ ᠪᠣᠯᠲᠠᠯᠠᠬᠢ ᠶᠡᠷᠦᠩᠬᠡᠢ ᠬᠠᠷᠠᠯᠲᠠ ᠵᠢ ᠳᠤᠷᠠᠳᠪᠠ᠃
      ᠬᠣᠶᠠᠳᠤᠭ᠋ᠠᠷ ᠬᠡᠰᠡᠭ ᠭᠣᠣᠯ ᠡᠭᠦᠷᠭᠡ᠃ ᠵᠠᠰᠠᠭ᠎ᠤᠨ ᠣᠷᠳᠣᠨ᠎ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ᠂ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠳᠦᠷᠢᠮ ᠲᠣᠭᠲᠠᠭ᠋ᠠᠯ᠎ᠢ ᠲᠡᠭᠦᠯᠳᠡᠷᠵᠢᠭᠦᠯᠬᠦ᠂ ᠳ᠋ᠠᠢ᠌ᠲ᠋ᠠ ᠵᠢᠨ ᠡᠬᠢ ᠪᠠᠶᠠᠯᠢᠭ᠎ᠢ ᠬᠤᠪᠢᠶᠠᠯᠴᠠᠨ ᠨᠡᠭᠡᠭᠡᠯᠲᠡ᠎ᠲᠠᠢ ᠪᠣᠯᠭ᠋ᠠᠬᠤ ᠵᠢ ᠠᠬᠢᠭᠤᠯᠬᠤ᠂ ᠲᠠᠪᠴᠠᠩ᠎ᠤᠨ ᠲᠤᠰᠠᠯᠠᠮᠵᠢ ᠵᠢᠨ ᠴᠢᠳᠠᠪᠤᠷᠢ ᠵᠢ ᠴᠢᠩᠭ᠋ᠠᠳᠬᠠᠬᠤ᠂ ᠳ᠋ᠢᠵᠢᠲ᠋ᠠᠯ ᠵᠠᠰᠠᠭ᠎ᠤᠨ ᠣᠷᠳᠣᠨ᠎ᠤ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠲᠠᠪᠤᠨ ᠲᠠᠯ᠎ᠠ ᠵᠢᠨ ᠡᠭᠦᠷᠭᠡ ᠵᠢ ᠲᠣᠳᠣᠷᠬᠠᠢ᠌ᠯᠠᠪᠠ᠃
      ᠭᠤᠷᠪᠠᠳᠤᠭ᠋ᠠᠷ ᠬᠡᠰᠡᠭ ᠳ᠋ᠢᠵᠢᠲ᠋ᠠᠯᠴᠢᠯᠠᠭᠰᠠᠨ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠢ᠌ᠴᠢᠯᠠᠬᠤ᠃ ᠳ᠋ᠢᠵᠢᠲ᠋ᠠᠯ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠢ᠌ᠭᠡᠮ᠎ᠤᠨ ᠪᠠᠢ᠌ᠭᠤᠯᠤᠯᠲᠠ ᠵᠢ ᠬᠥᠲᠥᠯᠥᠨ ᠳᠠᠭ᠋ᠠᠭᠤᠯᠬᠤ᠂ ᠰᠠᠶ᠋ᠢᠨ ᠰᠠᠢ᠌ᠬᠠᠨ ᠳ᠋ᠢᠵᠢᠲ᠋ᠠᠯ ᠠᠮᠢ ᠠᠬᠤᠢ ᠵᠢ ᠪᠤᠢ ᠪᠣᠯᠭ᠋ᠠᠬᠤ ᠭᠤᠷᠪᠠᠨ ᠲᠠᠯ᠎ᠠ ᠵᠢᠨ ᠭᠣᠣᠯᠳᠠᠯᠭ᠎ᠠ᠎ᠲᠠᠢ ᠠᠵᠢᠯ᠎ᠢ ᠲᠣᠳᠣᠷᠬᠠᠢ᠌ᠯᠠᠪᠠ᠃
      ᠳᠥᠷᠪᠡᠳᠦᠭᠡᠷ ᠬᠡᠰᠡᠭ ᠪᠠᠲᠤᠯᠠᠭ᠎ᠠ ᠵᠢᠨ ᠠᠷᠭ᠎ᠠ ᠬᠡᠮᠵᠢᠶ᠎ᠡ᠃ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠬᠤ᠂ ᠠᠬᠢᠭᠤᠯᠬᠤ ᠲᠣᠭᠲᠠᠴᠠ ᠵᠢ ᠪᠦᠷᠢᠨᠰᠢᠭᠦᠯᠬᠦ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠂ ᠬᠢᠨᠠᠨ ᠰᠢᠯᠭ᠋ᠠᠯᠲᠠ ᠦᠨᠡᠨᠯᠡᠨ ᠵᠢᠱ᠌ᠢᠯᠲᠡ ᠵᠢ ᠴᠢᠩᠭ᠋ᠠᠳᠬᠠᠬᠤ ᠵᠡᠷᠭᠡ ᠳᠥᠷᠪᠡᠨ ᠲᠠᠯ᠎ᠠ ᠵᠢᠨ ᠪᠣᠳᠠᠲᠠᠢ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃
      ᠭᠤᠷᠪᠠ᠂ 《ᠬᠡᠷᠡᠭᠵᠢᠭᠦᠯᠬᠦ ᠲᠥᠰᠥᠯ》᠎ᠤᠨ ᠭᠣᠣᠯ ᠡᠭᠦᠷᠭᠡ᠎ᠨᠢ ᠶᠠᠭᠤ ᠪᠤᠢ?
      (ᠨᠢᠭᠡ) ᠵᠠᠰᠠᠭ᠎ᠤᠨ ᠣᠷᠳᠣᠨ᠎ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠪᠠ ᠥᠪᠡᠷᠲᠡᠭᠡᠨ ᠵᠠᠰᠠᠬᠤ ᠣᠷᠣᠨ᠎ᠤ ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠦᠨᠳᠦᠰᠦᠯᠡᠨ᠂ ᠠᠵᠤ ᠠᠬᠤᠢ ᠵᠢᠨ ᠲᠣᠬᠢᠷᠠᠭᠤᠯᠬᠤ ᠴᠢᠳᠠᠪᠤᠷᠢ᠂ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠬᠤ ᠴᠢᠳᠠᠪᠤᠷᠢ᠂ ᠨᠡᠢ᠌ᠭᠡᠮ᠎ᠤᠨ ᠬᠠᠮᠢᠶᠠᠷᠤᠯᠲᠠ ᠵᠢᠨ ᠴᠢᠳᠠᠪᠤᠷᠢ᠂ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠴᠢᠳᠠᠪᠤᠷᠢ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠴᠢᠳᠠᠪᠤᠷᠢ᠂ ᠵᠠᠰᠠᠭ᠎ᠤᠨ ᠶᠠᠪᠤᠳᠠᠯ᠎ᠤᠨ ᠠᠵᠢᠯᠯᠠᠭ᠋ᠠᠨ᠎ᠤ ᠬᠦᠴᠦᠨ ᠴᠢᠳᠠᠪᠤᠷᠢ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ 26 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠪᠠ᠃
      (ᠬᠣᠶᠠᠷ) ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠳᠦᠷᠢᠮ ᠲᠣᠭᠲᠠᠭ᠋ᠠᠯ᠎ᠢ ᠲᠡᠭᠦᠯᠳᠡᠷᠵᠢᠭᠦᠯᠦᠨ᠎ᠡ᠃ ᠳᠦᠷᠢᠮ᠎ᠢ ᠤᠷᠢᠳ ᠵᠶ᠋ᠠᠷ ᠬᠡᠷᠡᠭᠵᠢᠭᠦᠯᠬᠦ ᠵᠠᠷᠴᠢᠮ ᠵᠶ᠋ᠠᠷ᠂ ᠳ᠋ᠢᠵᠢᠲ᠋ᠠᠯᠴᠢᠯᠠᠭᠰᠠᠨ ᠥᠭᠡᠷᠡᠴᠢᠯᠡᠯᠲᠡ᠎ᠪᠠᠷ ᠳᠦᠷᠢᠮ᠎ᠤᠨ ᠰᠢᠨᠡᠴᠢᠯᠡᠯᠲᠡ ᠵᠢ ᠠᠬᠢᠭᠤᠯᠵᠤ᠂ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠪᠠ ᠠᠵᠢᠯᠯᠠᠭ᠋ᠠᠨ᠎ᠤ ᠪᠦᠬᠦᠯᠢ ᠴᠣᠭᠴᠠ᠎ᠪᠠᠷ ᠬᠠᠮᠵᠢᠯᠴᠠᠭᠰᠠᠨ᠂ ᠣᠶᠤᠨᠲᠤ ᠥᠨᠳᠥᠷ ᠪᠦᠲᠦᠮᠵᠢᠲᠡᠢ᠂ ᠲᠣᠭᠲᠠᠭᠤᠨ ᠡᠮᠬᠢ ᠵᠢᠷᠤᠮ᠎ᠲᠠᠢ ᠪᠠᠶ᠋ᠢᠬᠤ ᠵᠢ ᠪᠠᠲᠤᠯᠠᠵᠤ᠂ ᠵᠠᠰᠠᠭ᠎ᠤᠨ ᠣᠷᠳᠣᠨ᠎ᠤ ᠵᠠᠰᠠᠯᠲᠠ ᠵᠢᠨ ᠠᠷᠭ᠎ᠠ ᠬᠡᠯᠪᠡᠷᠢ ᠵᠢᠨ ᠬᠤᠪᠢᠰᠤᠯᠲᠠ ᠪᠣᠯᠣᠨ ᠵᠠᠰᠠᠯᠲᠠ ᠵᠢᠨ ᠴᠢᠳᠠᠪᠤᠷᠢ ᠵᠢᠨ ᠳᠡᠭᠡᠭᠰᠢᠯᠡᠯᠲᠡ ᠵᠢ ᠪᠡᠶᠡᠯᠡᠭᠦᠯᠬᠦ ᠵᠡᠷᠭᠡ ᠲᠠᠯ᠎ᠠ᠎ᠪᠠᠷ ᠪᠣᠳᠠᠲᠠᠢ ᠱᠠᠭ᠋ᠠᠷᠳᠠᠯᠭ᠎ᠠ ᠳᠤᠷᠠᠳᠴᠤ᠂ 5 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠵᠠᠢ᠃
      (ᠭᠤᠷᠪᠠ) ᠳ᠋ᠠᠢ᠌ᠲ᠋ᠠ ᠵᠢᠨ ᠡᠬᠢ ᠪᠠᠶᠠᠯᠢᠭ᠎ᠢ ᠬᠤᠪᠢᠶᠠᠯᠴᠠᠨ ᠨᠡᠭᠡᠭᠡᠯᠲᠡ᠎ᠲᠠᠢ ᠪᠣᠯᠭ᠋ᠠᠬᠤ ᠵᠢ ᠠᠬᠢᠭᠤᠯᠤᠨ᠎ᠠ᠃ ᠳ᠋ᠠᠢ᠌ᠲ᠋ᠠ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠂ ᠵᠠᠰᠠᠭ᠎ᠤᠨ ᠶᠠᠪᠤᠳᠠᠯ᠎ᠤᠨ ᠲᠣᠮᠣ ᠳ᠋ᠠᠢ᠌ᠲ᠋ᠠ ᠵᠢᠨ ᠰᠠᠭᠤᠷᠢ ᠲᠤᠰᠠᠯᠠᠮᠵᠢ ᠵᠢᠨ ᠴᠢᠳᠠᠪᠤᠷᠢ ᠵᠢ ᠴᠢᠩᠭ᠋ᠠᠳᠬᠠᠬᠤ᠂ ᠳ᠋ᠠᠢ᠌ᠲ᠋ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠬᠤ᠂ ᠵᠠᠰᠠᠭ᠎ᠤᠨ ᠶᠠᠪᠤᠳᠠᠯ᠎ᠤᠨ ᠳ᠋ᠠᠢ᠌ᠲ᠋ᠠ ᠵᠢᠨ ᠭᠠᠷᠴᠠᠭ᠎ᠤᠨ ᠲᠣᠳᠣᠷᠬᠠᠢ ᠬᠠᠭᠤᠳᠠᠰᠤᠴᠢᠯᠠᠭᠰᠠᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ᠂ ᠳ᠋ᠠᠢ᠌ᠲ᠋ᠠ ᠬᠤᠪᠢᠶᠠᠯᠴᠠᠬᠤ ᠲᠦᠪᠰᠢᠨ᠎ᠢ ᠳᠡᠭᠡᠭᠰᠢᠯᠡᠭᠦᠯᠬᠦ᠂ ᠤᠯᠠᠨ ᠨᠠᠢ᠌ᠳᠠ ᠵᠢᠨ ᠳ᠋ᠠᠢ᠌ᠲ᠋ᠠ ᠵᠢ ᠨᠡᠭᠡᠭᠡᠨ ᠠᠰᠢᠭᠯᠠᠬᠤ ᠴᠢᠳᠠᠪᠤᠷᠢ ᠵᠢ ᠳᠡᠭᠡᠭᠰᠢᠯᠡᠭᠦᠯᠬᠦ᠂ ᠳ᠋ᠠᠢ᠌ᠲ᠋ᠠ ᠵᠢ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠬᠤ ᠵᠡᠷᠭᠡ ᠲᠠᠯ᠎ᠠ᠎ᠪᠠᠷ 7 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠵᠠᠢ᠃
      (ᠳᠥᠷᠪᠡ) ᠲᠠᠪᠴᠠᠩ᠎ᠤᠨ ᠲᠤᠰᠠᠯᠠᠮᠵᠢ ᠵᠢᠨ ᠴᠢᠳᠠᠪᠤᠷᠢ ᠵᠢ ᠴᠢᠩᠭ᠋ᠠᠷᠠᠭᠤᠯᠤᠨ᠎ᠠ᠃ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠡᠭᠦᠯᠡᠨ ᠲᠠᠪᠴᠠᠩ᠎ᠤᠨ ᠲᠣᠭᠲᠠᠯᠴᠠᠭ᠎ᠠ ᠵᠢ ᠪᠠᠢ᠌ᠭᠤᠯᠬᠤ᠂ ᠡᠷᠴᠢᠮᠵᠢᠭᠦᠯᠦᠭᠰᠡᠨ ᠵᠠᠰᠠᠭ᠎ᠤᠨ ᠶᠠᠪᠤᠳᠠᠯ᠎ᠤᠨ ᠡᠭᠦᠯᠡᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠢ᠌ᠭᠤᠯᠬᠤ᠂ ᠡᠷᠴᠢᠮᠵᠢᠭᠦᠯᠦᠭᠰᠡᠨ ᠨᠠᠢ᠌ᠳᠠᠪᠤᠷᠢᠲᠠᠢ ᠡᠯᠧᠺᠲᠷᠣᠨ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢ ᠪᠠᠢ᠌ᠭᠤᠯᠬᠤ᠂ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ᠎ᠤᠨ ᠲᠤᠰᠬᠠᠢ ᠰᠦᠯᠵᠢᠶ᠎ᠡ ᠵᠢ ᠡᠮᠬᠢᠯᠡᠨ ᠨᠡᠶ᠋ᠢᠯᠡᠭᠦᠯᠬᠦ ᠵᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠢ᠌ᠲᠡᠴᠢ ᠴᠢᠨᠠᠷᠲᠠᠢ ᠬᠡᠷᠡᠭᠯᠡᠭᠡᠨ᠎ᠤ ᠡᠷᠴᠢᠮᠵᠢᠭᠦᠯᠦᠭᠰᠡᠨ ᠪᠠᠢ᠌ᠭᠤᠯᠤᠯᠲᠠ ᠵᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠢ᠌ᠲᠡᠴᠢ ᠴᠢᠨᠠᠷᠲᠠᠢ ᠮᠡᠷᠭᠡᠵᠢᠯ᠎ᠤᠨ ᠬᠡᠷᠡᠭᠯᠡᠯᠲᠡ ᠵᠢ ᠠᠬᠢᠭᠤᠯᠬᠤ ᠵᠡᠷᠭᠡ ᠲᠠᠯ᠎ᠠ᠎ᠪᠠᠷ 6 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠪᠠ᠃
      (ᠲᠠᠪᠤ) ᠳ᠋ᠢᠵᠢᠲ᠋ᠠᠯ ᠵᠠᠰᠠᠭ᠎ᠤᠨ ᠣᠷᠳᠣᠨ᠎ᠤ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠨ᠎ᠠ᠃ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠬᠦ᠂ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠬᠤ᠂ ᠤᠯᠤᠰ᠎ᠤᠨ ᠨᠢᠭᠤᠴᠠ᠎ᠳᠤ ᠬᠣᠯᠪᠣᠭᠳᠠᠬᠤ ᠰᠢᠰᠲ᠋ᠧᠮ᠎ᠤᠨ ᠬᠠᠮᠢᠶ᠎ᠠ ᠪᠦᠬᠦᠢ ᠳᠦᠷᠢᠮ᠎ᠢ ᠨᠠᠢ᠌ᠳᠠᠪᠤᠷᠢᠵᠢᠭᠤᠯᠬᠤ᠂ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠮᠢᠶ᠎ᠠ ᠪᠦᠬᠦᠢ ᠳᠦᠷᠢᠮ᠎ᠢ ᠨᠠᠢ᠌ᠳᠠᠪᠤᠷᠢᠵᠢᠭᠤᠯᠬᠤ᠂ ᠰᠦᠯᠵᠢᠶᠡᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠪᠠᠢ᠌ᠭᠤᠯᠬᠤ᠂ ᠳ᠋ᠠᠢ᠌ᠲ᠋ᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠪᠠᠢ᠌ᠭᠤᠯᠬᠤ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢ ᠴᠢᠩᠭ᠋ᠠᠳᠬᠠᠬᠤ᠂ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ᠂ ᠠᠮᠤᠷ ᠲᠦᠪᠰᠢᠨ᠎ᠤ ᠦᠨᠡᠯᠡᠨ ᠵᠢᠱ᠌ᠢᠯᠲᠡ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ 9 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠪᠠ᠃
      ᠳᠥᠷᠪᠡ᠂ 《ᠬᠡᠷᠡᠭᠵᠢᠭᠦᠯᠬᠦ ᠲᠥᠰᠥᠯ》᠎ᠢ ᠪᠣᠳᠠᠲᠠᠢ᠌ᠵᠢᠭᠤᠯᠤᠨ ᠦᠷ᠎ᠡ ᠪᠦᠲᠦᠮᠵᠢ ᠣᠯᠬᠤ ᠵᠢ ᠬᠡᠷᠬᠢᠨ ᠪᠠᠲᠤᠯᠠᠬᠤ ᠪᠤᠢ?
      《ᠬᠡᠷᠡᠭᠵᠢᠭᠦᠯᠬᠦ ᠲᠥᠰᠥᠯ》᠎ᠨᠢ ᠨᠠᠮ᠎ᠤᠨ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠳᠠᠬᠢ ᠤᠳᠤᠷᠢᠳᠤᠯᠭ᠎ᠠ ᠵᠢ ᠴᠢᠩᠭ᠋ᠠᠳᠬᠠᠬᠤ ᠵᠢᠨ ᠲᠣᠭᠣᠷᠢᠨ᠎ᠳᠤ᠂ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ᠂ ᠤᠳᠤᠷᠢᠳᠬᠤ ᠲᠣᠭᠲᠠᠴᠠ ᠵᠢ ᠪᠦᠷᠢᠨᠰᠢᠭᠦᠯᠬᠦ᠂ ᠠᠬᠢᠭᠤᠯᠬᠤ ᠲᠣᠭᠲᠠᠴᠠ ᠵᠢ ᠪᠠᠢ᠌ᠭᠤᠯᠬᠤ᠂  ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ ᠪᠠ ᠤᠷ᠎ᠠ ᠮᠡᠷᠭᠡᠰᠢᠯ᠎ᠤᠨ ᠬᠥᠮᠦᠵᠢᠯ᠎ᠢ ᠴᠢᠩᠭ᠋ᠠᠳᠬᠠᠬᠤ᠂ ᠺᠠᠳ᠋ᠷ᠎ᠤᠨ ᠪᠣᠯᠪᠠᠰᠤᠷᠠᠯ᠎ᠢ ᠴᠢᠩᠭ᠋ᠠᠳᠬᠠᠬᠤ᠂ ᠤᠨᠤᠯ᠎ᠤᠨ ᠰᠤᠳᠤᠯᠭ᠋ᠠᠨ᠎ᠢ ᠴᠢᠩᠭ᠋ᠠᠳᠬᠠᠬᠤ᠂ ᠬᠢᠨᠠᠨ ᠰᠢᠯᠭ᠋ᠠᠬᠤ ᠲᠣᠭᠲᠠᠴᠠ ᠵᠢ ᠪᠠᠢ᠌ᠭᠤᠯᠬᠤ᠂ ᠦᠨᠡᠯᠡᠨ ᠵᠢᠱ᠌ᠢᠬᠦ ᠲᠣᠭᠲᠠᠯᠴᠠᠭ᠎ᠠ ᠵᠢ ᠪᠦᠷᠢᠯᠳᠦᠭᠦᠯᠬᠦ 9 ᠵᠦᠢ᠍ᠯ᠎ᠤᠨ ᠠᠷᠭ᠎ᠠ ᠪᠠᠷᠢᠯ᠎ᠢ ᠳᠤᠷᠠᠳᠤᠨ ᠭᠠᠷᠭ᠋ᠠᠵᠤ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠌ᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠦᠷ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠬ᠎ᠠ ᠳᠡᠯᠡᠬᠡᠬᠦᠷ᠎ᠤᠨ ᠬᠢᠨᠠᠨ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭᠳᠡᠯ
ᠳ᠋ᠦᠩᠰᠢᠭᠤᠷ ᠰᠢᠬᠠᠮ ᠤᠯᠠᠨ ᠲᠦᠮᠡᠨ᠎ᠳᠤ ᠠᠰᠢᠭ ᠬᠦᠷᠲᠡᠭᠡᠵᠦ᠂ ᠬᠥᠮᠥᠨ ᠳᠤᠮᠳᠠᠴᠢ ᠵᠢᠨ ᠳᠠᠷᠤᠭ᠋ᠠᠰᠤ ᠵᠢ ᠪᠠᠷᠤᠭ 8000 ᠲᠥᠭᠥᠷᠢᠭ ᠬᠥᠩᠭᠡᠯᠡᠪᠡ – ᠬᠦᠨᠳᠦ ᠡᠪᠡᠳᠴᠢᠨ᠎ᠤ ᠳᠠᠭ᠋ᠠᠳᠬᠠᠯ᠎ᠢ ᠬᠡᠷᠬᠢᠨ ᠳᠠᠩᠰᠠ ᠲᠠᠢ᠌ᠯᠬᠤ ᠪᠤᠢ
ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠠᠵᠢᠯᠯᠠᠭ᠎ᠠ ᠵᠢ ᠬᠡᠷᠬᠢᠨ ᠬᠡᠷᠡᠭᠵᠢᠭᠦᠯᠬᠦ ᠪᠤᠢ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ)
ᠦᠰᠦᠭ ᠪᠢᠴᠢᠭ ᠵᠶ᠋ᠠᠷ ᠥᠭᠦᠯᠡᠬᠦᠢ᠄ 《ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠠᠵᠢᠯ᠎ᠢ ᠦᠷᠭᠦᠯᠵᠢᠯᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠢ᠌ᠯᠤᠮᠵᠢ
ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠬᠡᠷᠬᠢᠨ ᠴᠢᠩᠭ᠋ᠠᠳᠬᠠᠬᠤ ᠪᠤᠢ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠶ᠎ᠠ)
 
             蒙ICP备05000248号