ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
ᠦᠰᠦᠭ ᠪᠢᠴᠢᠭ ᠵᠶ᠋ᠠᠷ ᠲᠠᠢ᠌ᠯᠬᠤᠢ᠄ ᠠᠮᠤ ᠲᠣᠰᠣᠨ᠎ᠤ ᠲᠠᠷᠢᠮᠠᠯ᠎ᠤᠨ ᠨᠢᠭᠡᠴᠢ ᠲᠠᠯᠠᠪᠠᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠨᠡᠮᠡᠭᠳᠡᠭᠦᠯᠬᠦ ᠵᠢ ᠬᠡᠷᠬᠢᠨ ᠠᠬᠢᠭᠤᠯᠬᠤ ᠪᠤᠢ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ)
ᠨᠡᠶ᠋ᠢᠲᠡᠯᠡᠭᠰᠡᠨ ᠴᠠᠭ᠄ 2024-07-12

      ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠤ᠎ᠪᠠᠨ 《ᠰᠠᠶ᠋ᠢᠨ ᠡᠭᠦᠯᠳᠡᠷ᠂ ᠰᠠᠶ᠋ᠢᠨ ᠲᠣᠬᠢᠶᠠᠯ᠂ ᠰᠠᠶ᠋ᠢᠨ ᠠᠷᠭ᠎ᠠ ᠵᠢ ᠳᠡᠯᠭᠡᠷᠡᠭᠦᠯᠬᠦ᠎ᠪᠠᠨ ᠡᠷᠴᠢᠮᠵᠢᠭᠦᠯᠵᠦ᠂ ᠨᠠᠷᠢᠯᠢᠭ ᠲᠠᠷᠢᠵᠤ ᠨᠢᠮᠪᠠᠢ ᠠᠷᠠᠴᠢᠯᠠᠬᠤ᠎ᠳᠤ ᠬᠦᠴᠦ ᠲᠠᠯᠪᠢᠨ᠂ ᠠᠮᠤ ᠪᠤᠳᠠᠭ᠋ᠠᠨ᠎ᠤ ᠨᠢᠭᠡᠴᠢ ᠲᠠᠯᠠᠪᠠᠢ ᠵᠢᠨ ᠤᠨᠠᠯᠲᠠ ᠪᠠ ᠴᠢᠨᠠᠷ᠎ᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠭ᠋ᠠᠳ ᠴᠤ᠌ ᠪᠠᠶᠠᠵᠢᠵᠤ ᠳᠡᠢ᠌ᠯᠬᠦ ᠪᠣᠯᠭ᠋ᠠᠨ᠎ᠠ》 ᠭᠡᠵᠡᠢ᠃ ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ 《ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠭᠣᠣᠯᠳᠠᠯᠭ᠎ᠠ ᠵᠢ ᠨᠢᠭᠡᠴᠢ ᠲᠠᠯᠠᠪᠠᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠨᠡᠮᠡᠭᠳᠡᠭᠦᠯᠬᠦ ᠳᠡᠭᠡᠷ᠎ᠡ ᠲᠠᠯᠪᠢᠬᠤ ᠬᠡᠷᠡᠭᠲᠡᠢ》 《ᠠᠮᠤ ᠪᠤᠳᠠᠭ᠋ᠠᠨ᠎ᠤ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠬᠦ ᠬᠡᠷᠡᠭᠲᠡᠢ》 ᠭᠡᠵᠦ ᠳᠤᠷᠠᠳᠤᠨ ᠭᠠᠷᠭ᠋ᠠᠵᠠᠢ᠃
      ᠨᠢᠳᠤᠨᠤᠨ᠂ ᠰᠢᠷ᠎ᠠ ᠪᠤᠷᠴᠠᠭ᠂ ᠡᠷᠳᠡᠨᠢ ᠰᠢᠰᠢ ᠬᠣᠶᠠᠷ ᠶᠡᠬᠡ ᠲᠠᠷᠢᠮᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠮᠠᠨ᠎ᠤ ᠤᠯᠤᠰ ᠠᠮᠤ ᠲᠣᠰᠣ ᠵᠡᠷᠭᠡ ᠭᠣᠣᠯ ᠪᠣᠯᠬᠤ ᠲᠠᠷᠢᠮᠠᠯ᠎ᠤᠨ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠠᠵᠢᠯᠯᠠᠭ᠎ᠠ ᠵᠢ ᠡᠬᠢᠯᠡᠭᠦᠯᠦᠭᠡᠳ᠂ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ᠃ ᠭᠣᠣᠯᠳᠠᠯᠭ᠎ᠠ᠎ᠲᠠᠢ ᠰᠢᠶᠠᠨ᠎ᠤ ᠰᠢᠷ᠎ᠠ ᠪᠤᠷᠴᠠᠭ᠂ ᠡᠷᠳᠡᠨᠢ ᠰᠢᠰᠢ ᠵᠢᠨ ᠮᠦ᠍ ᠪᠦᠷᠢ ᠵᠢᠨ ᠤᠨᠠᠯᠲᠠ ᠵᠢ ᠲᠤᠰ ᠲᠤᠰ 19.9 ᠺᠢᠯᠣᠭ᠌ᠷᠠᠮ᠂ 72.6 ᠺᠢᠯᠣᠭ᠌ᠷᠠᠮ ᠨᠡᠮᠡᠭᠳᠡᠭᠦᠯᠵᠦ᠂ ᠤᠨᠠᠯᠲᠠ ᠵᠢ ᠨᠡᠮᠡᠭᠳᠡᠭᠦᠯᠬᠦ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ ᠵᠢ 73%᠎ᠠᠴᠠ ᠳᠠᠪᠠᠭᠤᠯᠵᠤ᠂ ᠪᠦᠬᠦ ᠤᠯᠤᠰ᠎ᠤᠨ ᠠᠮᠤ ᠪᠤᠳᠠᠭ᠋ᠠᠨ᠎ᠤ ᠮᠦ᠍ ᠪᠦᠷᠢ ᠵᠢᠨ ᠤᠨᠠᠯᠲᠠ ᠵᠢ ᠳᠠᠶ᠋ᠢᠴᠢᠯᠠᠨ 2.9 ᠺᠢᠯᠣᠭ᠌ᠷᠠᠮ ᠨᠡᠮᠡᠭᠳᠡᠭᠦᠯᠪᠡ᠃
      ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠠᠷᠢᠮᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠨᠠᠮ᠎ᠤᠨ ᠬᠣᠷᠢᠶᠠᠨ᠎ᠤ ᠱᠦᠵᠢ ᠯᠢᠦ ᠯᠦ᠍ ᠰᠢᠶᠠᠩ ᠢᠯᠡᠷᠬᠡᠢ᠌ᠯᠡᠬᠦ᠎ᠳᠤ᠎ᠪᠠᠨ᠂ ᠲᠠᠷᠢᠶᠠᠨ ᠭᠠᠵᠠᠷ ᠬᠢᠭᠡᠳ ᠤᠰᠤᠨ᠎ᠤ ᠡᠬᠢ ᠪᠠᠶᠠᠯᠢᠭ᠎ᠤᠨ ᠬᠢᠵᠠᠭ᠋ᠠᠷᠯᠠᠯ᠎ᠠᠴᠠ ᠪᠣᠯᠵᠤ᠂ ᠣᠳᠣᠬᠠᠨ᠎ᠳᠤ ᠮᠠᠨ᠎ᠤ ᠤᠯᠤᠰ᠎ᠤᠨ ᠲᠠᠯᠠᠪᠠᠢ ᠵᠢ ᠥᠷᠭᠡᠳᠬᠡᠬᠦ᠎ᠳᠤ ᠲᠦᠰᠢᠭᠯᠡᠨ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠣᠷᠣᠨ ᠵᠠᠢ ᠨᠡᠯᠢᠶᠡᠳ ᠬᠢᠵᠠᠭ᠋ᠠᠷ᠎ᠲᠠᠢ ᠪᠠᠢ᠌ᠨ᠎ᠠ᠂ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠭᠣᠣᠯ ᠠᠷᠭ᠎ᠠ ᠵᠠᠮ ᠪᠣᠯ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ᠎ᠳᠤ ᠲᠦᠰᠢᠭᠯᠡᠨ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠶᠠᠪᠤᠳᠠᠯ ᠶᠤᠮ ᠭᠡᠯ᠎ᠡ᠃
      ᠶᠡᠷᠦᠩᠬᠡᠢ᠎ᠳᠤ᠎ᠨᠢ ᠠᠪᠴᠤ ᠦᠵᠡᠪᠡᠯ᠂ ᠮᠠᠨ᠎ᠤ ᠤᠯᠤᠰ᠎ᠤᠨ ᠠᠮᠤ ᠲᠣᠰᠣᠨ᠎ᠤ ᠲᠠᠷᠢᠮᠠᠯ᠎ᠤᠨ ᠨᠢᠭᠡᠴᠢ ᠲᠠᠯᠠᠪᠠᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠨᠡᠮᠡᠭᠳᠡᠭᠦᠯᠬᠦ ᠲᠠᠯ᠎ᠠ᠎ᠪᠠᠷ ᠮᠥᠨ ᠨᠡᠯᠢᠶᠡᠳ ᠶᠡᠬᠡ ᠨᠢᠭᠤᠭᠳᠠᠮᠠᠯ ᠬᠦᠴᠦᠨ ᠪᠤᠢ᠃ ᠮᠡᠷᠭᠡᠵᠢᠯᠲᠡᠳ᠎ᠤᠨ ᠵᠢᠭ᠋ᠠᠵᠤ ᠭᠠᠷᠭ᠋ᠠᠭᠰᠠᠨ ᠵᠶ᠋ᠠᠷ᠂ ᠳᠡᠯᠡᠬᠡᠢ ᠵᠢᠨ ᠲᠡᠷᠢᠭᠦᠨ᠎ᠤ ᠲᠦᠪᠰᠢᠨ᠎ᠲᠠᠢ ᠬᠠᠷᠢᠴᠠᠭᠤᠯᠪᠠᠯ᠂ ᠮᠠᠨ᠎ᠤ ᠤᠯᠤᠰ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ᠎ᠤᠨ ᠳᠤᠮᠳᠠᠴᠢ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠣᠷᠣᠨ ᠵᠠᠢ᠎ᠲᠠᠢ ᠪᠠᠢ᠌ᠭᠰᠠᠭ᠋ᠠᠷ᠃ ᠠᠳᠠᠯᠢ ᠪᠤᠰᠤ ᠭᠠᠵᠠᠷ ᠣᠷᠣᠨ᠎ᠳᠤ᠂ ᠲᠠᠷᠢᠮᠠᠯ᠎ᠤᠨ ᠳᠦᠷᠢᠮ᠂ ᠲᠠᠷᠢᠵᠤ ᠤᠷᠭᠤᠭᠤᠯᠬᠤ ᠵᠠᠭᠪᠤᠷ᠂ ᠮᠡᠷᠭᠡᠵᠢᠯ ᠵᠶ᠋ᠠᠨ ᠪᠣᠳᠠᠲᠠᠢ᠌ᠵᠢᠭᠤᠯᠤᠭᠰᠠᠨ ᠨᠣᠷᠮ᠎ᠠ ᠵᠡᠷᠭᠡ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠤ᠂ ᠮᠥᠨ ᠠᠳᠠᠯᠢᠬᠠᠨ ᠵᠶ᠋ᠠᠷ ᠨᠢᠭᠡᠴᠢ ᠲᠠᠯᠠᠪᠠᠢ ᠵᠢᠨ ᠤᠨᠠᠯᠲᠠ ᠵᠢᠨ ᠵᠥᠷᠢᠶ᠎ᠡ ᠢᠯᠡᠳᠲᠡ ᠣᠷᠣᠰᠢᠵᠤ ᠪᠠᠢ᠌ᠨ᠎ᠠ᠃
      ᠡᠨᠡ ᠵᠢᠯ᠂ ᠮᠠᠨ᠎ᠤ ᠤᠯᠤᠰ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠰᠢᠨ᠎ᠡ ᠨᠢᠭᠡ ᠡᠭᠡᠯᠵᠢᠨ᠎ᠤ ᠠᠵᠢᠯᠯᠠᠭ᠎ᠠ ᠵᠢ ᠯᠠᠪᠳᠠᠭᠤᠨ ᠵᠶ᠋ᠠᠷ ᠠᠬᠢᠭᠤᠯᠬᠤ ᠪᠣᠯᠣᠨ᠎ᠠ᠃ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠲᠠᠷᠢᠮᠠᠯ᠎ᠤᠨ ᠦᠢ᠍ᠯᠡᠰ᠎ᠤᠨ ᠬᠠᠮᠢᠶᠠᠷᠤᠯᠲᠠ ᠵᠢᠨ ᠵᠤᠷᠭ᠋ᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ ᠪᠣᠯ᠂ ᠨᠢᠭᠡᠴᠢ ᠲᠠᠯᠠᠪᠠᠢ ᠵᠢᠨ ᠤᠨᠠᠯᠲᠠ ᠭᠡᠬᠦ ᠡᠨᠡ ᠬᠦ᠌ ᠵᠠᠩᠭᠢᠯᠠᠭ᠎ᠠ ᠵᠢᠨ ᠬᠤᠪᠢᠰᠤᠭᠴᠢ ᠬᠡᠮᠵᠢᠭᠳᠡᠬᠦᠨ᠎ᠳᠤ ᠴᠢᠭᠯᠡᠭᠦᠯᠦᠨ᠂ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭ᠎ᠲᠠᠢ ᠮᠡᠷᠭᠡᠵᠢᠯ᠎ᠤᠨ ᠨᠢᠭᠡ ᠪᠦᠯᠦᠭ ᠵᠠᠭᠪᠤᠷ᠎ᠤᠳ᠎ᠢ ᠦᠷᠭᠦᠯᠵᠢᠯᠡᠨ ᠬᠤᠷᠠᠮᠳᠤᠭᠤᠯᠵᠤ᠂ ᠤᠨᠠᠯᠲᠠ ᠪᠠ ᠦᠷ᠎ᠡ ᠠᠰᠢᠭ᠎ᠢ ᠨᠡᠮᠡᠭᠳᠡᠭᠦᠯᠬᠦ ᠨᠢᠭᠡ ᠪᠦᠯᠦᠭ ᠵᠠᠩᠭᠢᠯᠠᠭ᠎ᠠ ᠵᠢᠨ ᠮᠡᠷᠭᠡᠵᠢᠯ᠎ᠤᠳ᠎ᠢ ᠦᠷᠭᠦᠯᠵᠢᠯᠡᠨ ᠳᠡᠯᠭᠡᠷᠡᠭᠦᠯᠵᠦ᠂ ᠶᠡᠬᠡ ᠬᠡᠪᠴᠢᠶᠡᠲᠦ ᠪᠦᠬᠦᠯᠢ ᠪᠠᠢ᠌ᠭᠤᠯᠤᠮᠵᠢ ᠵᠢᠨ ᠳᠦᠷᠢᠮᠲᠦ ᠥᠨᠳᠥᠷ ᠤᠨᠠᠯᠲᠠ᠎ᠲᠠᠢ ᠨᠢᠭᠡ ᠪᠦᠯᠦᠭ ᠨᠡᠢ᠌ᠲᠡᠯᠢᠭ ᠵᠢᠱ᠌ᠢᠶ᠎ᠡ᠎ᠨᠦᠭᠦᠳ᠎ᠢ ᠦᠷᠭᠦᠯᠵᠢᠯᠡᠨ ᠠᠭᠤᠳᠠᠯᠵᠤ᠂ ᠠᠮᠤ ᠲᠣᠰᠣᠨ᠎ᠤ ᠨᠢᠭᠡᠴᠢ ᠲᠠᠯᠠᠪᠠᠢ ᠵᠢᠨ ᠤᠨᠠᠯᠲᠠ ᠵᠢᠨ ᠨᠢᠭᠤᠭᠳᠠᠮᠠᠯ ᠬᠦᠴᠦᠨ᠎ᠢ ᠪᠦᠬᠦ ᠲᠠᠯ᠎ᠠ᠎ᠪᠠᠷ᠂ ᠪᠦᠬᠦ ᠶᠠᠪᠤᠴᠠ᠎ᠳᠤ ᠠᠭᠤᠳᠠᠯᠤᠨ᠂ 《ᠤᠯᠠᠨ ᠮᠡᠷᠭᠡᠵᠢᠯ᠎ᠢ ᠬᠤᠷᠠᠮᠳᠤᠭᠤᠯᠵᠤ᠂ ᠶᠡᠬᠡ ᠬᠡᠪᠴᠢᠶ᠎ᠡ᠎ᠪᠠᠷ ᠲᠦᠭᠡᠮᠡᠯᠵᠢᠭᠦᠯᠬᠦ》 ᠲᠡᠩᠴᠡᠭᠦᠷᠢᠲᠡᠢ ᠤᠨᠠᠯᠲᠠ ᠵᠢ ᠨᠡᠮᠡᠭᠳᠡᠭᠦᠯᠬᠦ ᠪᠠᠢ᠌ᠷᠢᠰᠢᠯ᠎ᠢ ᠲᠦᠷᠭᠡᠨ ᠪᠦᠷᠢᠯᠳᠦᠭᠦᠯᠦᠨ᠎ᠡ᠃
      — ᠭᠣᠣᠯᠳᠠᠯᠭ᠎ᠠ᠎ᠲᠠᠢ ᠣᠷᠣᠨ ᠪᠦᠰᠡ ᠵᠢ ᠠᠳᠬᠤᠨ᠎ᠠ᠃ ᠰᠢᠷ᠎ᠠ ᠪᠤᠷᠴᠠᠭ᠂ ᠡᠷᠳᠡᠨᠢ ᠰᠢᠰᠢ᠂ ᠪᠤᠭᠤᠳᠠᠢ᠂ ᠰᠢᠯᠢᠮᠳᠡᠭ ᠵᠡᠷᠭᠡ ᠳᠦᠷᠪᠡᠨ ᠲᠠᠷᠢᠮᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠤ ᠲᠣᠰᠣᠨ᠎ᠤ ᠭᠣᠣᠯ ᠭᠠᠷᠤᠯᠲᠠ ᠵᠢᠨ ᠰᠢᠶᠠᠨ᠎ᠳᠤ ᠪᠦᠬᠦᠯᠢ ᠪᠠᠢ᠌ᠭᠤᠯᠤᠮᠵᠢ ᠵᠢᠨ ᠳᠦᠷᠢᠮ ᠵᠶ᠋ᠠᠷ ᠠᠬᠢᠭᠤᠯᠤᠨ᠂ ᠨᠢᠭᠡᠴᠢ ᠲᠠᠯᠠᠪᠠᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠨᠡᠮᠡᠭᠳᠡᠭᠦᠯᠬᠦ ᠵᠢ ᠦᠷᠭᠦᠯᠵᠢᠯᠡᠨ ᠭᠦᠨᠵᠡᠭᠡᠢ ᠠᠬᠢᠭᠤᠯᠤᠨ᠎ᠠ᠃
      — ᠵᠢᠱ᠌ᠢᠶ᠎ᠡ ᠦᠵᠡᠭᠦᠯᠵᠦ ᠳᠠᠢ᠌ᠴᠢᠯᠠᠬᠤ ᠵᠢ ᠠᠳᠬᠤᠨ᠎ᠠ᠃ ᠪᠦᠬᠦᠯᠢ ᠪᠠᠢ᠌ᠭᠤᠯᠤᠮᠵᠢ ᠵᠢᠨ ᠳᠦᠷᠢᠮ ᠵᠶ᠋ᠠᠷ ᠰᠢᠶᠠᠨ ᠬᠢᠭᠡᠳ ᠭᠣᠣᠯᠳᠠᠯᠭ᠎ᠠ᠎ᠲᠠᠢ ᠲᠠᠷᠢᠮᠠᠯ᠎ᠢ ᠠᠬᠢᠭᠤᠯᠬᠤ ᠵᠢᠨ ᠲᠣᠭᠣᠷᠢᠨ᠎ᠳᠤ᠂ 《ᠭᠣᠣᠯᠯᠠᠭᠴᠢ ᠳᠦᠷᠦᠯ ᠵᠦᠢ᠍ᠯ᠂ ᠭᠣᠣᠯ ᠳᠡᠯᠭᠡᠷᠡᠭᠦᠯᠬᠦ ᠮᠡᠷᠭᠡᠵᠢᠯ᠂ ᠭᠣᠣᠯ ᠮᠠᠰᠢᠨ᠎ᠤ ᠬᠡᠯᠪᠡᠷᠢ》 ᠵᠢ ᠲᠤᠪᠤᠶ᠋ᠢᠯᠭ᠋ᠠᠵᠦ᠂ ᠮᠡᠷᠭᠡᠵᠢᠯ᠎ᠤᠨ ᠪᠣᠯᠪᠠᠰᠤᠷᠠᠯ᠂ ᠵᠢᠯᠣᠭᠣᠳᠤᠯᠭ᠎ᠠ ᠦᠢ᠍ᠯᠡᠴᠢᠯᠡᠭᠡ ᠵᠡᠷᠭᠡ ᠵᠢ ᠵᠣᠬᠢᠶᠠᠨ ᠪᠠᠢ᠌ᠭᠤᠯᠵᠤ ᠥᠷᠨᠢᠭᠦᠯᠦᠨ᠎ᠡ; ᠨᠢᠭᠡ ᠪᠦᠯᠦᠭ ᠬᠡᠪᠴᠢᠶᠡᠵᠢᠭᠦᠯᠦᠨ ᠲᠠᠷᠢᠬᠤ ᠭᠣᠣᠯ ᠴᠣᠭᠴᠠ ᠪᠠ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠭᠣᠣᠯ ᠴᠣᠭᠴᠠ ᠵᠢ ᠪᠣᠢ᠌ᠵᠢᠭᠤᠯᠬᠤ ᠵᠢ ᠲᠡᠳᠬᠦᠨ ᠳᠡᠮᠵᠢᠵᠦ᠂ ᠴᠡᠭ ᠵᠶ᠋ᠠᠷ ᠨᠡᠢ᠌ᠳᠡᠮ᠎ᠢ ᠳᠠᠶ᠋ᠢᠴᠢᠯᠠᠨ ᠨᠢᠭᠡᠴᠢ ᠲᠠᠯᠠᠪᠠᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠨᠡᠮᠡᠭᠳᠡᠭᠦᠯᠬᠦ ᠵᠢ ᠠᠬᠢᠭᠤᠯᠤᠨ᠎ᠠ᠃
      — ᠮᠡᠷᠭᠡᠵᠢᠯ᠎ᠢ ᠪᠣᠳᠠᠲᠠᠢ᠌ᠵᠢᠭᠤᠯᠬᠤ ᠵᠢ ᠠᠳᠬᠤᠨ᠎ᠠ᠃ ᠮᠡᠷᠭᠡᠵᠢᠯᠲᠡᠳ᠎ᠤᠨ ᠪᠦᠯᠬᠦᠮ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠪᠤᠷᠢ ᠠᠩᠭᠢ ᠵᠢ ᠵᠣᠬᠢᠶᠠᠨ ᠪᠠᠢ᠌ᠭᠤᠯᠵᠤ᠂ ᠴᠢᠬᠤᠯᠠ ᠲᠠᠷᠢᠶᠠᠯᠠᠩ᠎ᠤᠨ ᠴᠠᠭ᠎ᠤᠨ ᠵᠠᠩᠭᠢᠯᠠᠭ᠎ᠠ ᠵᠢᠨ ᠴᠡᠭ᠎ᠢ ᠴᠢᠩᠭ᠎ᠠ ᠠᠩᠬᠠᠷᠴᠤ᠂ ᠭᠣᠭᠴᠣᠭ᠎ᠠ ᠪᠠ ᠳᠦᠷᠦᠯ ᠵᠦᠢ᠍ᠯ ᠬᠤᠪᠢᠶᠠᠨ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠤᠨ᠎ᠠ; ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠳᠠᠪᠠᠭᠤᠯᠢᠭ᠎ᠢ ᠪᠠᠳᠠᠷᠠᠭᠤᠯᠵᠤ᠂ ᠲᠠᠷᠢᠮᠠᠯ ᠪᠠ ᠣᠷᠣᠨ ᠪᠦᠰᠡ ᠬᠤᠪᠢᠶᠠᠨ ᠪᠣᠯᠪᠠᠰᠤᠷᠠᠭᠤᠯᠬᠤ ᠲᠥᠯᠥᠪᠯᠡᠭᠡ ᠵᠢ ᠲᠣᠭᠲᠠᠭ᠋ᠠᠨ᠂ ᠵᠠᠩᠭᠢᠯᠠᠭ᠎ᠠ ᠵᠢᠨ ᠮᠡᠷᠭᠡᠵᠢᠯ᠎ᠢ ᠪᠣᠳᠠᠲᠠᠢ᠌ᠵᠢᠭᠤᠯᠬᠤ ᠨᠤᠷᠮ᠎ᠠ ᠵᠢ ᠳᠡᠭᠡᠭᠰᠢᠯᠡᠭᠦᠯᠦᠨ᠎ᠡ᠃
      ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠪᠣᠯ ᠨᠢᠭᠡ ᠵᠦᠢ᠍ᠯ᠎ᠤᠨ ᠰᠢᠰᠲ᠋ᠧᠮᠲᠦ ᠢᠨᠵᠧᠨᠧᠷᠢᠩ ᠮᠥᠨ᠃ ᠡᠨᠡ ᠵᠢᠯ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠨᠢ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠲᠤᠷᠠᠨ᠂ ᠠᠮᠤ ᠪᠤᠳᠠᠭ᠋ᠠᠨ᠎ᠤ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠢᠨᠵᠧᠨᠧᠷᠢᠩ᠂ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠪᠦᠲᠦᠮᠵᠢᠲᠡᠢ ᠠᠵᠢᠯᠯᠠᠭ᠎ᠠ᠂ ᠠᠮᠤ ᠲᠣᠰᠣᠨ᠎ᠤ ᠬᠡᠪᠴᠢᠶᠡᠲᠦ ᠲᠠᠷᠢᠮᠠᠯ᠎ᠤᠨ ᠭᠣᠣᠯ ᠴᠣᠭᠴᠠ ᠵᠢᠨ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠠᠵᠢᠯᠯᠠᠭ᠎ᠠ ᠵᠡᠷᠭᠡ ᠵᠢᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠯ᠎ᠡ ᠭᠠᠵᠠᠷ᠎ᠤᠨ ᠨᠢᠭᠡᠴᠢ ᠲᠠᠯᠠᠪᠠᠢ ᠵᠢᠨ ᠤᠨᠠᠯᠲᠠ᠎ᠪᠠᠨ ᠶᠡᠬᠡ ᠬᠡᠪᠴᠢᠶ᠎ᠡ᠎ᠪᠠᠷ ᠨᠡᠮᠡᠭᠳᠡᠭᠦᠯᠬᠦ ᠵᠢ᠎ᠨᠢ ᠳᠡᠮᠵᠢᠨ᠎ᠡ᠃ ᠡᠭᠦᠨ᠎ᠤ ᠬᠠᠮᠲᠤ᠂ ᠲᠠᠷᠢᠶᠠᠯᠠᠩ ᠬᠥᠳᠡᠭᠡ ᠲᠣᠰᠬᠤᠨ᠎ᠤ ᠰᠢᠰᠲ᠋ᠧᠮᠲᠦ ᠬᠦᠴᠦᠨ᠎ᠢ ᠨᠡᠢ᠌ᠳᠬᠡᠵᠦ ᠶᠡᠬᠡ ᠬᠠᠮᠵᠢᠯᠴᠠᠭ᠎ᠠ᠂ ᠶᠡᠬᠡ ᠪᠡᠷᠬᠡ ᠰᠢᠢ᠍ᠳᠪᠦᠷᠢᠯᠡᠯᠲᠡ ᠵᠢ ᠥᠷᠨᠢᠭᠦᠯᠦᠨ᠂ ᠡᠬᠢ ᠪᠠᠶᠠᠯᠢᠭ ᠪᠠ ᠬᠦᠴᠦᠨ ᠵᠶ᠋ᠠᠨ ᠲᠥᠪᠯᠡᠷᠡᠭᠦᠯᠵᠦ ᠪᠠᠶ᠋ᠢᠭ᠋ᠠᠳ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠠᠷ ᠲᠠᠢ᠌ᠯᠬᠤᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ》᠎ᠤᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠦᠷ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠬ᠎ᠠ ᠳᠡᠯᠡᠬᠡᠬᠦᠷ᠎ᠤᠨ ᠬᠢᠨᠠᠨ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭᠳᠡᠯ
ᠳ᠋ᠦᠩᠰᠢᠭᠤᠷ ᠰᠢᠬᠠᠮ ᠤᠯᠠᠨ ᠲᠦᠮᠡᠨ᠎ᠳᠤ ᠠᠰᠢᠭ ᠬᠦᠷᠲᠡᠭᠡᠵᠦ᠂ ᠬᠥᠮᠥᠨ ᠳᠤᠮᠳᠠᠴᠢ ᠵᠢᠨ ᠳᠠᠷᠤᠭ᠋ᠠᠰᠤ ᠵᠢ ᠪᠠᠷᠤᠭ 8000 ᠲᠥᠭᠥᠷᠢᠭ ᠬᠥᠩᠭᠡᠯᠡᠪᠡ – ᠬᠦᠨᠳᠦ ᠡᠪᠡᠳᠴᠢᠨ᠎ᠤ ᠳᠠᠭ᠋ᠠᠳᠬᠠᠯ᠎ᠢ ᠬᠡᠷᠬᠢᠨ ᠳᠠᠩᠰᠠ ᠲᠠᠢ᠌ᠯᠬᠤ ᠪᠤᠢ
ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠠᠵᠢᠯᠯᠠᠭ᠎ᠠ ᠵᠢ ᠬᠡᠷᠬᠢᠨ ᠬᠡᠷᠡᠭᠵᠢᠭᠦᠯᠬᠦ ᠪᠤᠢ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ)
ᠦᠰᠦᠭ ᠪᠢᠴᠢᠭ ᠵᠶ᠋ᠠᠷ ᠥᠭᠦᠯᠡᠬᠦᠢ᠄ 《ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠠᠵᠢᠯ᠎ᠢ ᠦᠷᠭᠦᠯᠵᠢᠯᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠢ᠌ᠯᠤᠮᠵᠢ
 
             蒙ICP备05000248号