ᠬᠥᠬᠡᠮᠥ᠋ᠷᠡᠨ᠎ᠳᠤ ᠠᠷᠪᠠᠨ ᠵᠢᠯ ᠵᠢᠭ᠋ᠠᠰᠤ ᠠᠩᠨᠠᠬᠤ ᠵᠢ ᠴᠠᠭ᠋ᠠᠵᠠᠯᠠᠭᠰᠠᠨ᠎ᠠᠴᠠ ᠨᠠᠭ᠋ᠠᠰᠢ᠂ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠎ᠤᠨ ᠰᠡᠷᠭᠦᠯᠲᠡ ᠰᠠᠢ᠌ᠵᠢᠷᠠᠪᠠ᠃ ᠡᠭᠦᠨ᠎ᠤ ᠵᠡᠷᠭᠡ᠎ᠳᠤ᠂ ᠬᠥᠬᠡᠮᠥ᠋ᠷᠡᠨ᠎ᠤ ᠭᠣᠣᠯ᠎ᠢ ᠬᠠᠰᠢᠵᠤ ᠬᠠᠰᠢᠯᠭ᠎ᠠ ᠪᠠᠷᠢᠬᠤ᠂ ᠤᠰᠤᠨ ᠵᠠᠮ᠎ᠢ ᠵᠠᠰᠠᠬᠤ᠂ ᠬᠠᠢ᠌ᠷ ᠮᠠᠯᠲᠠᠵᠤ ᠴᠢᠯᠠᠭᠤ ᠭᠠᠷᠭ᠋ᠠᠬᠤ ᠵᠡᠷᠭᠡ ᠬᠥᠮᠥᠨ ᠲᠥᠷᠥᠯᠬᠢᠲᠡᠨ᠎ᠤ ᠠᠵᠢᠯᠯᠠᠭ᠎ᠠ ᠮᠥᠨ ᠯᠡ ᠨᠡᠯᠢᠶᠡᠳ ᠤᠯᠠᠨ ᠪᠠᠢ᠌ᠵᠤ᠂ ᠮᠥᠬᠥᠬᠦ ᠰᠢᠬᠠᠭᠰᠠᠨ ᠬᠣᠪᠣᠷ ᠴᠤᠬᠠᠭ ᠪᠣᠳᠠᠰ᠎ᠤᠨ ᠳᠦᠷᠰᠦ ᠵᠢᠨ ᠣᠷᠣᠰᠢᠨ ᠠᠮᠢᠳᠤᠷᠠᠬᠤ ᠣᠷᠴᠢᠨ ᠨᠥᠬᠥᠴᠡᠯ ᠬᠠᠷᠠᠬᠠᠨ ᠦᠨᠳᠦᠰᠦᠨ᠎ᠠᠴᠠ᠎ᠪᠠᠨ ᠰᠠᠢ᠌ᠵᠢᠷᠠᠭ᠋ᠠᠳᠤᠢ ᠪᠠᠢ᠌ᠭᠰᠠᠭ᠋ᠠᠷ᠃ ᠳᠠᠷᠠᠭ᠋ᠠᠴᠢ᠎ᠪᠠᠷ᠂ ᠮᠠᠨ᠎ᠤ ᠤᠯᠤᠰ ᠭᠤᠷᠪᠠᠨ ᠲᠠᠯ᠎ᠠ ᠵᠢᠨ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠥᠬᠡᠮᠥ᠋ᠷᠡᠨ᠎ᠤ ᠮᠥᠬᠥᠬᠦ ᠰᠢᠬᠠᠭᠰᠠᠨ ᠬᠣᠪᠣᠷ ᠴᠤᠬᠠᠭ ᠪᠣᠳᠠᠰ᠎ᠤᠨ ᠳᠦᠷᠰᠦ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ᠎ᠪᠠᠷ ᠪᠤᠢ᠃
ᠡᠨᠡ ᠪᠣᠯ ᠰᠤᠷᠪᠤᠯᠵᠢᠯᠠᠭᠴᠢ ᠵᠢᠨ 2᠎ᠤᠨ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠭᠢᠯᠡᠭᠰᠡᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ ᠵᠢᠨ ᠪᠣᠳᠣᠯᠭ᠎ᠠ ᠨᠡᠢ᠌ᠲᠡᠯᠡᠬᠦ ᠵᠤᠷᠰᠢᠯᠲᠤ ᠬᠤᠷᠠᠯ᠎ᠠᠴᠠ ᠣᠢ᠌ᠯᠠᠭ᠋ᠠᠭᠰᠠᠨ ᠮᠡᠳᠡᠭᠡ ᠪᠣᠯᠣᠨ᠎ᠠ᠃
ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠰᠠᠢ᠌ᠳ ᠲᠠᠩ ᠷᠧᠨ ᠵᠢᠶᠠᠨ ᠬᠤᠷᠠᠯ ᠳᠡᠭᠡᠷ᠎ᠡ ᠢᠯᠡᠷᠬᠡᠢ᠌ᠯᠡᠬᠦ᠎ᠳᠤ᠎ᠪᠠᠨ᠂ ᠬᠥᠬᠡᠮᠥ᠋ᠷᠡᠨ᠎ᠤ ᠰᠠᠪᠠ ᠭᠠᠵᠠᠷ ᠪᠣᠯ ᠳᠡᠯᠡᠬᠡᠢ ᠳᠡᠭᠡᠷᠡᠬᠢ ᠤᠰᠤᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠷ ᠬᠠᠮᠤᠭ᠎ᠤᠨ ᠡᠯᠪᠡᠭ ᠣᠷᠣᠨ ᠪᠦᠰᠡ᠎ᠨᠦᠭᠦᠳ᠎ᠤᠨ ᠨᠢᠭᠡ ᠪᠠᠢ᠌ᠵᠤ᠂ 400 ᠭᠠᠷᠤᠢ ᠵᠢᠭ᠋ᠠᠰᠤᠨ᠎ᠤ ᠲᠥᠷᠥᠯ ᠲᠠᠷᠬᠠᠵᠤ ᠪᠠᠢ᠌ᠨ᠎ᠠ᠃ 2021 ᠣᠨ᠎ᠳᠤ ᠵᠢᠭ᠋ᠠᠰᠤ ᠠᠩᠨᠠᠬᠤ ᠵᠢ ᠴᠠᠭ᠋ᠠᠵᠠᠯᠠᠭᠰᠠᠨ᠎ᠠᠴᠠ ᠨᠠᠭ᠋ᠠᠰᠢ᠂ ᠵᠢᠭ᠋ᠠᠰᠤᠨ᠎ᠤ ᠲᠥᠷᠥᠯ᠎ᠤᠨ ᠡᠬᠢ ᠪᠠᠶᠠᠯᠢᠭ ᠡᠬᠢᠯᠡᠨ ᠰᠡᠷᠭᠦᠵᠦ᠂ 2022 ᠣᠨ᠎ᠳᠤ ᠪᠡᠯᠭᠡ ᠲᠡᠮᠳᠡᠭ᠎ᠤᠨ ᠴᠢᠨᠠᠷᠲᠠᠢ ᠪᠣᠳᠠᠰ᠎ᠤᠨ ᠳᠦᠷᠰᠦ ᠪᠣᠯᠬᠤ ᠬᠥᠬᠡᠮᠥ᠋ᠷᠡᠨ᠎ᠤ ᠭᠠᠬᠠᠢ ᠬᠠᠯᠢᠮᠤ ᠵᠢᠨ ᠳᠦᠷᠰᠦ ᠵᠢᠨ ᠰᠦᠷᠦᠭ 1249᠎ᠳᠤ ᠬᠦᠷᠴᠦ᠂ ᠲᠡᠦᠬᠡᠲᠦ ᠴᠢᠨᠠᠷᠲᠠᠢ᠎ᠪᠠᠷ ᠪᠠᠭᠤᠷᠠᠬᠤ᠎ᠪᠠᠨ ᠵᠣᠭᠰᠣᠵᠤ ᠳᠠᠬᠢᠨ ᠳᠡᠭᠡᠭᠰᠢᠯᠡᠵᠡᠢ ᠭᠡᠪᠡ᠃
《ᠭᠡᠪᠡᠴᠦ ᠡᠭᠦᠨ᠎ᠤ ᠵᠡᠷᠭᠡ᠎ᠳᠤ ᠪᠢᠳᠡ ᠪᠠᠰᠠ ᠣᠳᠣᠬᠠᠨ᠎ᠳᠤ ᠬᠥᠬᠡᠮᠥ᠋ᠷᠡᠨ᠎ᠤ ᠭᠣᠣᠯ᠎ᠢ ᠬᠠᠰᠢᠵᠤ ᠬᠠᠰᠢᠯᠭ᠎ᠠ ᠪᠠᠷᠢᠬᠤ᠂ ᠤᠰᠤᠨ ᠵᠠᠮ᠎ᠢ ᠵᠠᠰᠠᠬᠤ᠂ ᠬᠠᠢ᠌ᠷ ᠮᠠᠯᠲᠠᠵᠤ ᠴᠢᠯᠠᠭᠤ ᠭᠠᠷᠭ᠋ᠠᠬᠤ ᠵᠡᠷᠭᠡ ᠬᠥᠮᠥᠨ ᠲᠥᠷᠥᠯᠬᠢᠲᠡᠨ᠎ᠤ ᠠᠵᠢᠯᠯᠠᠭ᠎ᠠ ᠮᠥᠨ ᠬᠦ᠌ ᠨᠡᠯᠢᠶᠡᠳ ᠤᠯᠠᠨ ᠪᠠᠢ᠌ᠵᠤ᠂ ᠮᠥᠬᠥᠬᠦ ᠰᠢᠬᠠᠭᠰᠠᠨ ᠬᠣᠪᠣᠷ ᠴᠤᠬᠠᠭ ᠪᠣᠳᠠᠰ᠎ᠤᠨ ᠳᠦᠷᠰᠦ ᠵᠢᠨ ᠣᠷᠣᠰᠢᠨ ᠠᠮᠢᠳᠤᠷᠠᠬᠤ ᠣᠷᠴᠢᠨ ᠨᠥᠬᠥᠴᠡᠯ ᠪᠠᠰᠠ ᠦᠨᠳᠦᠰᠦᠨ᠎ᠠᠴᠠ᠎ᠪᠠᠨ ᠰᠠᠢ᠌ᠵᠢᠷᠠᠭ᠋ᠠᠳᠤᠢ ᠪᠥᠭᠡᠳ ᠡᠲᠡᠭᠡᠷ ᠮᠥᠬᠥᠬᠦ ᠰᠢᠬᠠᠭᠰᠠᠨ ᠪᠣᠳᠠᠰ᠎ᠤᠨ ᠳᠦᠷᠰᠦ ᠵᠢᠨ ᠥᠰᠦᠯᠲᠡ ᠵᠢᠨ ᠦᠶᠡᠯᠡᠯ᠎ᠤᠨ ᠬᠤᠭᠤᠴᠠᠭ᠎ᠠ ᠤᠷᠲᠤ᠂ ᠦᠷᠡᠵᠢᠯ᠎ᠤᠨ ᠬᠦᠴᠢᠷᠳᠡᠯ ᠶᠡᠬᠡ᠂ ᠬᠠᠮᠠᠭ᠋ᠠᠯᠠᠯᠲᠠ ᠵᠢᠨ ᠪᠠᠶ᠋ᠢᠳᠠᠯ ᠮᠥᠨ ᠬᠦ᠌ ᠲᠡᠢ᠌ᠮᠦ ᠰᠠᠶ᠋ᠢᠨ ᠪᠢᠰᠢ ᠪᠠᠶ᠋ᠢᠬᠤ ᠵᠢ ᠰᠡᠷᠭᠡᠭ ᠵᠶ᠋ᠠᠷ ᠣᠯᠵᠤ ᠬᠠᠷᠠᠬᠤ ᠬᠡᠷᠡᠭᠲᠡᠢ》 ᠭᠡᠵᠦ ᠲᠠᠩ ᠷᠧᠨ ᠵᠢᠶᠠᠨ ᠬᠡᠯᠡᠪᠡ᠃
ᠲᠠᠨᠢᠯᠴᠠᠭᠤᠯᠤᠭᠰᠠᠨ ᠵᠶ᠋ᠠᠷ᠂ ᠲᠠᠷᠠᠭ᠋ᠠᠴᠢ᠎ᠪᠠᠷ ᠮᠠᠨ᠎ᠤ ᠤᠯᠤᠰ ᠭᠤᠷᠪᠠᠨ ᠲᠠᠯ᠎ᠠ ᠵᠢᠨ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠥᠬᠡᠮᠥ᠋ᠷᠡᠨ᠎ᠤ ᠮᠥᠬᠥᠬᠦ ᠰᠢᠬᠠᠭᠰᠠᠨ ᠬᠣᠪᠣᠷ ᠴᠤᠬᠠᠭ ᠪᠣᠳᠠᠰ᠎ᠤᠨ ᠳᠦᠷᠰᠦ ᠵᠢᠨ ᠬᠠᠮᠠᠭ᠋ᠠᠯᠠᠯᠲᠠ ᠵᠢ ᠰᠠᠶ᠋ᠢᠲᠤᠷ ᠠᠳᠬᠤᠬᠤ ᠪᠣᠯᠣᠨ᠎ᠠ᠄
ᠨᠢᠭᠡ᠎ᠳᠤ ᠬᠥᠮᠥᠨ᠎ᠤ ᠬᠦᠴᠦ᠎ᠪᠠᠷ ᠡᠭᠦᠯᠳᠡᠷ ᠬᠠᠮᠠᠭ᠋ᠠᠯᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠡᠷᠬᠡ ᠰᠡᠳᠦᠪ᠎ᠢ ᠰᠢᠢ᠍ᠳᠪᠦᠷᠢᠯᠡᠬᠦ᠎ᠪᠠᠨ ᠴᠢᠩᠭ᠋ᠠᠳᠬᠠᠨ᠎ᠠ᠃ ᠣᠳᠣᠬᠠᠨ᠎ᠳᠤ ᠮᠠᠨ᠎ᠤ ᠤᠯᠤᠰ ᠨᠢᠭᠡᠨᠲᠡ ᠨᠢᠭᠡ ᠪᠦᠯᠦᠭ ᠳᠤᠮᠳᠠᠳᠤ ᠵᠢᠨ ᠬᠢᠯᠢᠮ᠎ᠡ᠂ ᠬᠥᠬᠡᠮᠥ᠋ᠷᠡᠨ᠎ᠤ ᠬᠢᠯᠢᠮ᠎ᠡ ᠵᠢᠨ ᠡᠭᠦᠯᠳᠡᠷ᠎ᠢ ᠬᠥᠮᠥᠨ᠎ᠤ ᠬᠦᠴᠦ᠎ᠪᠠᠷ ᠬᠠᠮᠠᠭ᠋ᠠᠯᠠᠬᠤ ᠲᠠᠯᠠᠪᠠᠶ ᠪᠠᠢ᠌ᠭᠤᠯᠵᠤ᠂ ᠵᠣᠬᠢᠬᠤ ᠬᠡᠪᠴᠢᠶᠡᠨ᠎ᠤ ᠡᠴᠢᠭᠡ ᠪᠡᠶ᠎ᠡ ᠡᠬᠡ ᠪᠡᠶ᠎ᠡ ᠵᠢᠨ ᠬᠥᠮᠥᠷᠭᠡ᠎ᠲᠠᠢ ᠪᠣᠯᠵᠤ᠂ ᠬᠡᠪᠴᠢᠶᠡᠵᠢᠭᠰᠡᠨ ᠬᠥᠮᠥᠨ᠎ᠤ ᠬᠦᠴᠦ᠎ᠪᠠᠷ ᠦᠷᠡᠵᠢᠭᠦᠯᠦᠨ ᠪᠣᠢ᠌ᠵᠢᠭᠤᠯᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠭᠰᠡᠨ ᠪᠠᠢ᠌ᠨ᠎ᠠ᠃ ᠳᠠᠷᠠᠭ᠋ᠠᠴᠢ᠎ᠪᠠᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠡᠷᠬᠡ ᠰᠡᠳᠦᠪ᠎ᠢ ᠰᠢᠢ᠍ᠳᠪᠦᠷᠢᠯᠡᠬᠦ᠎ᠪᠠᠨ ᠦᠷᠭᠦᠯᠵᠢᠯᠡᠨ ᠴᠢᠩᠭ᠋ᠠᠳᠬᠠᠵᠤ᠂ ᠡᠭᠦᠯᠳᠡᠷ ᠬᠠᠮᠠᠭ᠋ᠠᠯᠠᠬᠤ ᠲᠠᠯᠠᠪᠠᠢ ᠵᠢᠨ ᠬᠥᠮᠥᠨ᠎ᠤ ᠬᠦᠴᠦ᠎ᠪᠠᠷ ᠦᠷᠡᠵᠢᠭᠦᠯᠦᠨ ᠪᠣᠢ᠌ᠵᠢᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠪᠠᠶ᠋ᠢᠭ᠋ᠠᠯᠢ ᠵᠢᠨ ᠦᠷᠡᠵᠢᠯᠲᠡ᠂ ᠠᠮᠢᠳᠤᠷᠠᠯ᠎ᠤᠨ ᠣᠷᠴᠢᠨ᠎ᠢ ᠰᠡᠷᠭᠦᠭᠡᠬᠦ ᠵᠡᠷᠭᠡ ᠵᠠᠩᠭᠢᠯᠠᠭ᠎ᠠ ᠵᠢᠨ ᠮᠡᠷᠭᠡᠵᠢᠯ᠎ᠢ ᠲᠦᠷᠭᠡᠨ ᠰᠢᠪᠲᠤᠯᠬᠤ᠎ᠪᠠᠷ ᠴᠢᠷᠮᠠᠢ᠌ᠨ᠎ᠠ᠃
ᠬᠣᠶᠠᠷ᠎ᠲᠤ ᠦᠷᠡᠵᠢᠭᠦᠯᠦᠨ ᠵᠢᠷᠠᠭ᠋ᠠᠬᠠᠢ ᠲᠠᠯᠪᠢᠬᠤ ᠵᠢ ᠡᠷᠴᠢᠮᠵᠢᠭᠦᠯᠦᠨ᠎ᠡ᠃ ᠮᠥᠬᠥᠬᠦ ᠰᠢᠬᠠᠭᠰᠠᠨ ᠬᠣᠪᠣᠷ ᠴᠤᠬᠠᠭ ᠪᠣᠳᠠᠰ᠎ᠤᠨ ᠳᠦᠷᠰᠦ᠎ᠨᠢ ᠵᠥᠪᠬᠡᠨ ᠪᠠᠶ᠋ᠢᠭ᠋ᠠᠯᠢ ᠵᠢᠨ ᠦᠷᠡᠵᠢᠯᠲᠡ᠎ᠳᠤ ᠲᠦᠰᠢᠭᠯᠡᠨ ᠰᠡᠷᠭᠦᠬᠦ᠎ᠳᠤ ᠨᠡᠯᠢᠶᠡᠳ ᠬᠦᠴᠢᠷᠲᠡᠢ᠂ ᠡᠷᠬᠡᠪᠰᠢ ᠦᠷᠡᠵᠢᠭᠦᠯᠬᠦ᠎ᠪᠠᠷ ᠳᠡᠮᠵᠢᠨ ᠬᠡᠭᠡᠷ᠎ᠡ ᠵᠢᠨ ᠰᠦᠷᠦᠭᠵᠢᠯ᠎ᠢ ᠨᠥᠬᠥᠪᠦᠷᠢᠯᠡᠬᠦ ᠬᠡᠷᠡᠭᠲᠡᠢ᠃ ᠡᠨᠡ ᠵᠢᠯ᠎ᠠᠴᠠ ᠡᠬᠢᠯᠡᠨ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ ᠵᠢᠯ ᠪᠦᠷᠢ 5000 ᠲᠦᠮᠡᠨ ᠲᠥᠭᠥᠷᠢᠭ᠎ᠤᠨ ᠲᠤᠰᠬᠠᠢ ᠪᠡᠯᠡ ᠮᠥᠩᠭᠥ ᠲᠣᠬᠢᠷᠠᠭᠤᠯᠵᠤ᠂ 100 ᠲᠦᠮᠡᠨ ᠵᠢᠷᠠᠭ᠋ᠠᠬᠠᠢ ᠲᠠᠯᠪᠢᠬᠤ᠎ᠪᠠᠷ ᠴᠢᠷᠮᠠᠢ᠌ᠵᠤ᠂ ᠬᠤᠶ᠋ᠢᠰᠢᠳᠠ ᠵᠢᠨ ᠭᠤᠷᠪᠠ᠎ᠠᠴᠠ ᠲᠠᠪᠤᠨ ᠵᠢᠯ᠎ᠳᠤ ᠠᠯᠬᠤᠮ ᠠᠯᠬᠤᠮ ᠵᠶ᠋ᠠᠷ 500 ᠲᠦᠮᠡᠨ ᠵᠢᠷᠠᠭ᠋ᠠᠬᠠᠢ ᠲᠠᠯᠪᠢᠬᠤ᠎ᠪᠠᠷ ᠴᠢᠷᠮᠠᠢ᠌ᠨ᠎ᠠ᠃
ᠭᠤᠷᠪᠠ᠎ᠳᠤ ᠭᠣᠣᠯᠳᠠᠯᠭ᠎ᠠ᠎ᠲᠠᠢ ᠤᠰᠤᠨ᠎ᠤ ᠠᠮᠢᠳᠤ ᠪᠣᠳᠠᠰ᠎ᠤᠨ ᠣᠷᠣᠰᠢᠨ ᠠᠮᠢᠳᠤᠷᠠᠬᠤ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠥᠨᠳᠡᠭᠡᠯᠡᠬᠦ ᠭᠠᠵᠠᠷ᠂ ᠥᠭᠶᠥᠭᠡ ᠠᠪᠬᠤ ᠭᠠᠵᠠᠷ᠂ ᠡᠪᠦᠯᠵᠢᠶ᠎ᠡ ᠪᠠ ᠨᠡᠭᠦᠳᠡᠯᠯᠡᠬᠦ ᠵᠠᠮ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ᠎ᠤ ᠶᠠᠮᠤᠨ ᠲᠣᠬᠢᠷᠠᠮᠵᠢᠲᠠᠢ ᠤᠰᠤᠨ᠎ᠤ ᠴᠠᠷᠠᠭ᠎ᠠ ᠵᠢ ᠰᠣᠩᠭᠣᠵᠤ᠂ ᠥᠨᠳᠡᠭᠡᠯᠡᠬᠦ ᠲᠠᠯᠠᠪᠠᠶ ᠵᠢ ᠰᠡᠷᠭᠦᠭᠡᠨ ᠳᠠᠬᠢᠨ ᠪᠠᠢ᠌ᠭᠤᠯᠬᠤ ᠵᠢᠨ ᠬᠠᠮᠲᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠭᠣᠣᠯ᠎ᠢ ᠬᠠᠰᠢᠵᠤ ᠬᠠᠰᠢᠯᠭ᠎ᠠ ᠪᠠᠷᠢᠬᠤ ᠭᠠᠵᠠᠷ᠎ᠲᠤ ᠵᠢᠭ᠋ᠠᠰᠤ ᠥᠩᠭᠡᠷᠡᠬᠦ ᠪᠡᠯᠡᠳᠬᠡᠮᠵᠢ ᠪᠠᠢ᠌ᠭᠤᠯᠬᠤ ᠵᠢ ᠰᠤᠳᠤᠯᠵᠤ᠂ ᠴᠢᠬᠤᠯᠠ ᠣᠷᠣᠰᠢᠨ ᠠᠮᠢᠳᠤᠷᠠᠬᠤ ᠭᠠᠵᠠᠷ᠎ᠤᠨ ᠣᠩᠭᠣᠴᠠ ᠰᠠᠯ᠎ᠤᠨ ᠬᠤᠷᠳᠤᠴᠠ ᠵᠢ ᠬᠢᠵᠠᠭ᠋ᠠᠷᠯᠠᠬᠤ᠂ ᠠᠶᠠᠯᠠᠯ᠎ᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ ᠵᠣᠷᠢᠭᠤᠳᠠ ᠵᠢᠨ ᠨᠥᠯᠥᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ᠎ᠠ᠃