ᠲᠠᠷᠢᠶᠠᠴᠢᠳ᠎ᠤᠨ ᠣᠷᠣᠯᠭ᠎ᠠ ᠵᠢ ᠬᠡᠷᠬᠢᠨ ᠦᠷᠭᠦᠯᠵᠢᠯᠡᠨ ᠨᠡᠮᠡᠭᠳᠡᠭᠦᠯᠬᠦ ᠪᠤᠢ? ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠪᠠᠷᠢᠯ᠎ᠢ ᠴᠢᠩᠭ᠋ᠠᠳᠬᠠᠬᠤ ᠶᠠᠪᠤᠳᠠᠯ᠎ᠢ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠬᠤ ᠠᠵᠢᠯᠯᠠᠭ᠎ᠠ ᠥᠷᠨᠢᠭᠦᠯᠬᠦ ᠵᠢ ᠳᠤᠷᠠᠳᠪᠠ᠃
ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠲᠥᠷᠥ ᠵᠢᠨ ᠪᠣᠳᠣᠯᠭ᠎ᠠ ᠬᠢᠭᠡᠳ ᠥᠭᠡᠷᠡᠴᠢᠯᠡᠯᠲᠡ ᠵᠢᠨ ᠵᠤᠷᠭ᠋ᠠᠨ᠎ᠤ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠣᠣ ᠴᠠᠩ ᠪᠦᠦ ᠲᠠᠨᠢᠯᠴᠠᠭᠤᠯᠬᠤ᠎ᠳᠤ᠎ᠪᠠᠨ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ᠎ᠳᠤ᠎ᠪᠠᠨ ᠰᠠᠭᠤᠷᠢᠯᠠᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠭᠣᠣᠯᠳᠠᠭᠤ 4 ᠲᠠᠯ᠎ᠠ᠎ᠪᠠᠷ ᠥᠷᠭᠡᠳᠬᠡᠨ᠎ᠡ ᠭᠡᠵᠡᠢ᠃
ᠬᠥᠳᠡᠭᠡ ᠲᠣᠰᠬᠤᠨ᠎ᠤ ᠠᠵᠤ ᠦᠢ᠍ᠯᠡᠰ᠎ᠤᠨ ᠬᠠᠷᠢᠴᠠᠭᠤᠯᠤᠭᠰᠠᠨ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠳᠡᠮᠵᠢᠯᠭᠡ ᠬᠠᠮᠠᠭ᠋ᠠᠯᠠᠯᠲᠠ ᠵᠢᠨ ᠳᠦᠷᠢᠮ᠎ᠢ ᠠᠬᠢᠭᠤᠯᠤᠨ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ ᠪᠦᠷᠢᠨᠰᠢᠭᠦᠯᠦᠨ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠪᠠᠯ ᠵᠣᠭᠣᠰ ᠣᠯᠵᠤ᠂ ᠢᠯᠡᠭᠦᠦ ᠠᠰᠢᠭ ᠣᠯᠬᠤ ᠵᠢ ᠦᠨᠡᠨ ᠬᠦ᠌ ᠪᠠᠲᠤᠯᠠᠨ᠎ᠠ᠃ ᠬᠥᠳᠡᠭᠡ ᠲᠣᠰᠬᠤᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠠᠷᠢᠶᠠᠴᠢᠳ᠎ᠲᠠᠢ ᠬᠣᠯᠪᠣᠭ᠋ᠠᠯᠠᠵᠤ ᠲᠠᠷᠢᠶᠠᠴᠢᠳ᠎ᠢ ᠲᠠᠶ᠋ᠢᠴᠢᠯᠠᠨ ᠲᠠᠷᠢᠶᠠᠴᠢᠳ᠎ᠲᠤ ᠠᠰᠢᠭ ᠬᠦᠷᠲᠡᠭᠡᠬᠦ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠥᠷᠲᠡᠭ ᠨᠡᠮᠡᠭᠳᠡᠯ᠎ᠤᠨ ᠠᠰᠢᠭ ᠣᠷᠣᠯᠭ᠎ᠠ ᠵᠢ ᠬᠥᠳᠡᠭᠡ ᠲᠣᠰᠬᠤᠨ᠂ ᠲᠠᠷᠢᠶᠠᠴᠢᠳ᠎ᠲᠤ ᠨᠡᠩ ᠢᠯᠡᠭᠦᠦ ᠦᠯᠡᠳᠡᠭᠡᠨ᠎ᠡ᠃
ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠴᠢᠨᠠᠷ ᠰᠠᠢ᠌ᠲᠠᠢ ᠠᠵᠢᠯ ᠣᠯᠭᠣᠯᠲᠠ ᠵᠢ ᠠᠬᠢᠭᠤᠯᠤᠨ᠎ᠠ᠃ ᠠᠵᠢᠯ ᠣᠯᠭᠣᠯᠲᠠ ᠵᠢᠨ ᠪᠠᠭᠲᠠᠭ᠋ᠠᠮᠵᠢ᠎ᠪᠠᠷ ᠶᠡᠬᠡ ᠰᠢᠶᠠᠨ᠎ᠤ ᠬᠡᠪᠴᠢᠶᠡᠨ᠎ᠤ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠲᠠᠷᠢᠶᠠᠴᠢᠳ᠎ᠲᠤ ᠨᠡᠩ ᠤᠯᠠᠨ ᠳᠡᠷᠭᠡᠳᠡᠬᠢ ᠠᠵᠢᠯ᠎ᠤᠨ ᠵᠠᠪᠰᠢᠶᠠᠨ ᠬᠠᠩᠭ᠋ᠠᠨ᠎ᠠ᠃ ᠥᠨᠳᠥᠷ ᠬᠡᠪ ᠴᠢᠨᠠᠷ ᠪᠦᠬᠦᠢ ᠲᠠᠷᠢᠶᠠᠴᠢᠳ᠎ᠢ ᠬᠥᠮᠥᠵᠢᠭᠦᠯᠬᠦ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ᠎ᠤ ᠦᠢ᠍ᠯᠡᠰ ᠪᠣᠰᠬᠠᠬᠤ ᠵᠢ ᠳᠡᠮᠵᠢᠵᠦ᠂ ᠲᠠᠷᠢᠶᠠᠴᠢᠳ᠎ᠤᠨ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
ᠣᠲᠣ ᠦᠶ᠎ᠡ ᠵᠢᠨ ᠬᠥᠳᠡᠭᠡ ᠲᠣᠰᠬᠤᠨ᠎ᠤ ᠥᠮᠴᠢᠯᠡᠯ᠎ᠤᠨ ᠡᠷᠬᠡ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ ᠡᠷᠬᠡ ᠵᠢ ᠨᠤᠲᠠᠯᠠᠨ ᠲᠣᠭᠲᠠᠭ᠋ᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠡᠷᠬᠡ ᠣᠯᠭᠣᠬᠤ ᠵᠢ ᠯᠠᠪᠳᠠᠭᠤᠨ ᠵᠶ᠋ᠠᠷ ᠠᠬᠢᠭᠤᠯᠵᠤ᠂ ᠡᠷᠬᠡ ᠵᠢ ᠠᠮᠢᠳᠤᠯᠢᠭᠵᠢᠭᠤᠯᠬᠤ ᠵᠢ ᠡᠮᠬᠢ ᠵᠢᠷᠤᠮ᠎ᠲᠠᠢ᠎ᠪᠠᠷ ᠪᠡᠶᠡᠯᠡᠭᠦᠯᠵᠦ᠂ ᠬᠥᠳᠡᠭᠡ ᠲᠣᠰᠬᠤᠨ᠎ᠤ ᠭᠠᠵᠠᠷ ᠰᠢᠷᠣᠢ ᠵᠢᠨ ᠳᠦᠷᠢᠮ ᠪᠠ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠬᠥᠳᠡᠭᠡ ᠲᠣᠰᠬᠤᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠢ ᠵᠢ ᠬᠥᠭᠵᠢᠭᠦᠯᠵᠦ᠂ ᠬᠥᠳᠡᠭᠡ ᠲᠣᠰᠬᠤᠨ᠎ᠤ ᠥᠮᠴᠢᠯᠡᠯ᠎ᠤᠨ ᠡᠷᠬᠡ ᠵᠢ ᠰᠢᠯᠵᠢᠭᠦᠯᠦᠨ ᠠᠷᠠᠯᠵᠢᠶᠠᠯᠠᠬᠤ ᠵᠢᠷᠤᠮᠵᠢᠭᠰᠠᠨ ᠪᠠᠢ᠌ᠭᠤᠯᠤᠯᠲᠠ ᠵᠢ ᠠᠬᠢᠭᠤᠯᠵᠤ᠂ ᠲᠠᠷᠢᠶᠠᠴᠢᠳ᠎ᠲᠤ ᠨᠡᠩ ᠭᠦᠢ᠍ᠴᠡᠳ ᠡᠳ᠋ ᠬᠥᠷᠥᠩᠭᠡ ᠵᠢᠨ ᠡᠷᠬᠡ ᠠᠰᠢᠭ ᠣᠯᠭᠣᠨ᠎ᠠ᠃
ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠪᠠᠢ᠌ᠩᠭᠤᠰᠢᠭᠤᠯᠤᠨ ᠬᠠᠪᠰᠤᠷᠤᠨ ᠲᠡᠳᠬᠦᠬᠦ ᠠᠵᠢᠯ᠎ᠢ ᠴᠢᠩᠭ᠋ᠠᠳᠬᠠᠨ᠎ᠠ᠃ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠵᠢ ᠰᠠᠶ᠋ᠢᠲᠤᠷ ᠠᠵᠢᠯᠯᠠᠭᠤᠯᠵᠤ᠂ ᠬᠢᠨᠠᠨ ᠰᠢᠨᠵᠢᠯᠲᠡ ᠵᠢ ᠴᠠᠭ ᠲᠤᠬᠠᠢᠳᠤᠨᠢ ᠪᠣᠳᠠᠲᠠᠢ᠌ᠵᠢᠭᠤᠯᠵᠤ᠂ ᠬᠠᠪᠰᠤᠷᠤᠨ ᠲᠡᠳᠬᠦᠬᠦ ᠵᠢ ᠨᠠᠷᠢᠯᠢᠭ ᠣᠨᠣᠴᠠᠲᠠᠢ ᠪᠣᠳᠠᠲᠠᠢ᠌ᠵᠢᠭᠤᠯᠤᠨ᠎ᠠ᠃ ᠬᠠᠪᠰᠤᠷᠤᠨ ᠲᠡᠳᠬᠦᠬᠦ ᠠᠵᠤ ᠦᠢ᠍ᠯᠡᠰ᠎ᠤᠨ ᠬᠥᠭᠵᠢᠯᠲᠡ ᠵᠢ ᠳᠦᠷᠦᠯ ᠬᠤᠪᠢᠶᠠᠨ ᠠᠬᠢᠭᠤᠯᠵᠤ᠂ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠠᠵᠢᠯ ᠣᠯᠭᠣᠯᠲᠠ ᠵᠢᠨ ᠰᠢᠪᠲᠤᠯᠤᠯᠲᠠ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠎ᠤ ᠣᠷᠣᠯᠭ᠎ᠠ ᠵᠢ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠬᠦ᠎ᠳᠤ ᠬᠦᠴᠦᠨ ᠨᠡᠮᠡᠷᠢᠯᠡᠨ᠎ᠡ᠃ ᠡᠯ᠎ᠡ ᠲᠥᠷᠥᠯ᠎ᠤᠨ ᠨᠠᠢ᠌ᠳᠠ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ᠂ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠎ᠢ ᠰᠠᠶ᠋ᠢᠲᠤᠷ ᠠᠰᠢᠭᠯᠠᠵᠤ᠂ ᠠᠵᠢᠯ ᠣᠯᠭᠣᠬᠤ᠎ᠪᠠᠷ ᠲᠡᠳᠬᠦᠬᠦ ᠵᠢ ᠣᠷᠣᠯᠠᠭᠤᠯᠬᠤ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂ ᠬᠡᠪᠴᠢᠶᠡᠲᠦ ᠴᠢᠨᠠᠷᠲᠠᠢ ᠳᠠᠬᠢᠨ ᠶᠠᠳᠠᠭᠤᠷᠠᠬᠤ ᠵᠢᠨ ᠬᠣᠷᠢᠭ᠎ᠠ ᠱᠤᠭᠤᠮ᠎ᠢ ᠡᠷᠡᠰ ᠰᠠᠬᠢᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ᠎ᠤ ᠪᠠᠢ᠌ᠩᠭᠤᠰᠢᠭᠤᠯᠤᠨ ᠬᠠᠪᠰᠤᠷᠤᠨ ᠲᠡᠳᠬᠦᠬᠦ ᠲᠣᠭᠲᠠᠴᠠ ᠵᠢ ᠰᠤᠳᠤᠯᠤᠨ ᠰᠦᠪᠡᠭᠴᠢᠯᠡᠵᠦ᠂ ᠲᠡᠭᠦᠨ᠎ᠤ ᠳᠣᠲᠣᠭ᠋ᠠᠳᠤ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠤᠨ᠎ᠠ᠃
《ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ᠎ᠤ ᠠᠵᠢᠯ᠎ᠤᠨ ᠭᠣᠣᠯ ᠡᠭᠦᠷᠭᠡ ᠮᠥᠨ ᠪᠣᠯᠬᠣᠷ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠵᠣᠬᠢᠴᠠᠯᠳᠤᠭᠤᠯᠤᠨ ᠠᠬᠢᠭᠤᠯᠬᠤ ᠬᠡᠷᠡᠭᠲᠡᠢ᠂ ᠠᠵᠤ ᠦᠢ᠍ᠯᠡᠰ ᠵᠶ᠋ᠠᠷ ᠳᠠᠢ᠌ᠴᠢᠯᠠᠬᠤ᠂ ᠠᠵᠢᠯ ᠣᠯᠭᠣᠯᠲᠠ᠎ᠪᠠᠷ ᠳᠠᠢ᠌ᠴᠢᠯᠠᠬᠤ᠂ ᠥᠭᠡᠷᠡᠴᠢᠯᠡᠯᠲᠡ᠎ᠪᠠᠷ ᠠᠬᠢᠭᠤᠯᠬᠤ᠎ᠪᠠᠷ ᠳᠠᠮᠵᠢᠭᠤᠯᠤᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠥᠷᠭᠡᠨ ᠤᠯᠠᠨ ᠲᠠᠷᠢᠶᠠᠴᠢᠳ᠎ᠲᠤ ᠬᠦᠷᠲᠡᠭᠡᠬᠦ ᠬᠡᠷᠡᠭᠲᠡᠢ》 ᠭᠡᠵᠦ ᠵᠤᠤ ᠴᠠᠩ ᠪᠦᠦ ᠬᠡᠯᠡᠪᠡ᠃