ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠵᠢᠷᠤᠮᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠲᠦᠪᠰᠢᠨ᠎ᠢ ᠳᠡᠭᠡᠭᠰᠢᠯᠡᠭᠦᠯᠦᠨ᠎ᠡ
ᠬᠢᠷᠢ ᠬᠡᠮ᠎ᠢ ᠵᠢᠷᠤᠮᠵᠢᠭᠤᠯᠬᠤ
ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠬᠢᠬᠦ ᠪᠠᠢ᠌ᠭᠤᠯᠤᠮᠵᠢ ᠡᠷᠬᠡᠪᠰᠢ ᠵᠣᠬᠢᠬᠤ ᠬᠢᠷᠢ ᠬᠡᠮ᠎ᠲᠠᠢ ᠪᠠᠢ᠌ᠵᠤ᠂ ᠬᠢᠷᠢ ᠬᠡᠮ᠎ᠤᠨ ᠬᠦᠷᠢᠶ᠎ᠡ ᠬᠡᠪᠴᠢᠶ᠎ᠡ ᠵᠢ ᠴᠢᠩᠭ᠎ᠠ ᠵᠢᠷᠤᠮᠯᠠᠨ ᠲᠤᠬᠠᠢ᠌ᠯᠠᠭᠰᠠᠨ ᠠᠵᠢᠯ ᠵᠶ᠋ᠠᠨ ᠥᠷᠨᠢᠭᠦᠯᠬᠦ ᠬᠡᠷᠡᠭᠲᠡᠶ᠃
ᠲᠣᠳᠣᠷᠬᠠᠢ ᠱᠠᠭ᠋ᠠᠷᠳᠠᠯᠭ᠎ᠠ
ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠡᠷᠭᠢᠯᠡᠵᠦ ᠪᠠᠢ᠌ᠭ᠎ᠠ ᠪᠠᠢ᠌ᠭᠤᠯᠤᠮᠵᠢ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ᠂ ᠪᠦᠷᠢᠨ ᠲᠡᠭᠦᠯᠳᠡᠷ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠤᠨ᠂ ᠠᠵᠢᠯᠲᠠᠨ᠎ᠤ ᠪᠣᠯᠪᠠᠰᠤᠷᠠᠯ᠎ᠢ ᠴᠢᠩᠭ᠋ᠠᠳᠬᠠᠵᠤ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ ᠪᠠ ᠨᠠᠶ᠋ᠢᠳᠠᠪᠤᠷᠢᠲᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃
ᠪᠠᠢ᠌ᠴᠠᠭ᠋ᠠᠯᠲᠠ ᠬᠢᠬᠦ
ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠯᠲᠠ ᠬᠢᠵᠦ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠠᠵᠢᠯᠯᠠᠭ᠎ᠠ ᠵᠢ ᠡᠷᠡᠰ ᠬᠣᠷᠢᠭᠯᠠᠨ᠎ᠠ᠃
《ᠠᠷᠭ᠎ᠠ》 ᠵᠢ ᠬᠡᠷᠡᠭᠵᠢᠭᠦᠯᠦᠭᠰᠡᠨ᠎ᠨᠢ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠨ᠎ᠠ᠃