ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
ᠦᠰᠦᠭ ᠪᠢᠴᠢᠭ ᠵᠶ᠋ᠠᠷ ᠥᠭᠦᠯᠡᠬᠦᠢ᠄ 《ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠠᠵᠢᠯ᠎ᠢ ᠦᠷᠭᠦᠯᠵᠢᠯᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-07-23

      ᠨᠢᠭᠡ᠂ ᠨᠡᠢ᠌ᠲᠡᠯᠡᠭᠰᠡᠨ ᠠᠬᠤᠢ ᠪᠠᠶ᠋ᠢᠳᠠᠯ
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠣᠬᠢᠷᠲᠤᠯ ᠦᠭᠡᠢ ᠠᠭᠤᠷᠬᠠᠢ ᠵᠢᠨ ᠦᠢ᠍ᠯᠡᠰ᠎ᠢ ᠬᠥᠭᠵᠢᠭᠦᠯᠬᠦ ᠪᠠ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢ ᠤᠷᠢᠳ ᠬᠣᠵᠢᠳ ᠤᠯᠤᠰ᠎ᠤᠨ 《13 · 5》 《14 · 5》 ᠵᠢᠨ ᠬᠥᠲᠥᠯᠪᠦᠷᠢ ᠵᠢᠴᠢ 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 ᠵᠡᠷᠭᠡ ᠴᠢᠬᠤᠯᠠ ᠪᠢᠴᠢᠭ ᠮᠠᠲ᠋ᠧᠷᠢᠶᠠᠯ᠎ᠳᠤ ᠪᠢᠴᠢᠨ ᠣᠷᠣᠭᠤᠯᠪᠠ᠃ 2017 ᠣᠨ᠎ᠤ 3 ᠳ᠋ᠤᠭ᠋ᠠᠷ ᠰᠠᠷ᠎ᠠ᠎ᠳᠤ᠂ ᠤᠤᠯ᠎ᠤᠨ ᠤᠯᠤᠰ᠎ᠤᠨ ᠨᠤᠲᠤᠭ ᠳᠡᠪᠢᠰᠬᠡᠷ᠎ᠤᠨ ᠡᠬᠢ ᠪᠠᠶᠠᠯᠢᠭ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ ᠵᠡᠷᠭᠡ 6 ᠶᠠᠮᠤᠨ ᠵᠥᠪᠯᠡᠯ ᠬᠠᠮᠲᠤᠷᠠᠨ 《ᠪᠣᠬᠢᠷᠲᠤᠯ ᠦᠭᠡᠢ ᠠᠭᠤᠷᠬᠠᠢ ᠵᠢ ᠲᠦᠷᠭᠡᠪᠴᠢᠯᠡᠨ ᠪᠠᠢ᠌ᠭᠤᠯᠬᠤ ᠲᠤᠬᠠᠢ ᠬᠡᠷᠡᠭᠵᠢᠭᠦᠯᠬᠦ ᠰᠠᠨᠠᠯ》 (ᠤᠯᠤᠰ ᠨᠤᠲᠤᠭ ᠡᠬᠢ ᠲᠣᠭᠲᠠᠭ᠋ᠠᠯ [2017] 4 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃ 2020 ᠣᠨ᠎ᠤ 11 ᠳ᠋ᠦ᠍ᠭᠡᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠲᠥᠰᠥᠯ》 (ᠥᠪᠥᠷ ᠵᠠᠰᠠᠭ ᠲᠠᠷᠬᠠᠭ᠋ᠠᠭᠰᠠᠨ [2020] 18 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠰᠢᠨ᠎ᠡ᠎ᠪᠠᠷ ᠪᠠᠢ᠌ᠭᠤᠯᠬᠤ᠂ ᠦᠢ᠍ᠯᠡᠳᠪᠦᠷᠢᠯᠡᠯ᠎ᠤᠨ ᠠᠭᠤᠷᠬᠠᠢ ᠵᠢᠨ ᠪᠣᠬᠢᠷᠲᠤᠯ ᠦᠭᠡᠢ ᠪᠦᠲᠦᠭᠡᠨ ᠪᠠᠢ᠌ᠭᠤᠯᠤᠯᠲᠠ ᠵᠢ ᠡᠷᠴᠢᠮᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃ 2024 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ 《ᠪᠣᠬᠢᠷᠲᠤᠯ ᠦᠭᠡᠢ ᠠᠭᠤᠷᠬᠠᠢ ᠵᠢ ᠨᠡᠩ ᠤᠯᠠᠨ ᠪᠦᠲᠦᠭᠡᠨ ᠪᠠᠢ᠌ᠭᠤᠯᠬᠤ ᠬᠡᠷᠡᠭᠲᠡᠶ》 ᠭᠡᠵᠦ ᠱᠠᠭ᠋ᠠᠷᠳᠠᠪᠠ᠃ 2024 ᠣᠨ᠎ᠤ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠰᠢᠨ᠎ᠡ ᠵᠣᠷᠢᠭ ᠰᠠᠨᠠᠭ᠎ᠠ᠂ ᠰᠢᠨ᠎ᠡ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠣᠷᠣᠨ ᠨᠤᠲᠤᠭ᠎ᠤᠨ ᠪᠣᠬᠢᠷᠲᠤᠯ ᠦᠭᠡᠢ ᠠᠭᠤᠷᠬᠠᠢ ᠵᠢ ᠰᠢᠯᠢᠨ ᠰᠣᠩᠭᠣᠬᠤ ᠪᠠ ᠬᠢᠨᠠᠨ ᠬᠠᠮᠢᠶᠠᠷᠬᠤ ᠠᠵᠢᠯ᠎ᠢ ᠨᠠᠩ ᠰᠠᠶ᠋ᠢᠨ ᠥᠷᠨᠢᠭᠦᠯᠬᠦ ᠵᠢ ᠵᠢᠷᠤᠮᠵᠢᠭᠤᠯᠤᠨ ᠵᠢᠯᠤᠭᠣᠳᠬᠤ ᠵᠢᠨ ᠲᠥᠯᠥᠭᠡ 《ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠠᠵᠢᠯ᠎ᠢ ᠦᠷᠭᠦᠯᠵᠢᠯᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠠᠷᠠᠯᠲᠠ᠂ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠂ ᠦᠨᠡᠯᠡᠬᠦ ᠭᠦᠢ᠍ᠴᠡᠳᠬᠡᠯ ᠲᠣᠭ᠎ᠠ᠂ ᠭᠤᠶᠤᠴᠢᠯᠠᠨ ᠮᠡᠳᠡᠭᠦᠯᠵᠦ ᠦᠨᠡᠯᠡᠨ ᠵᠢᠱ᠌ᠢᠵᠦ ᠰᠢᠯᠢᠨ ᠰᠣᠩᠭᠣᠬᠤ ᠴᠤᠪᠤᠷᠠᠯ ᠪᠠ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠤᠳᠤᠷᠢᠳᠬᠤ ᠬᠠᠷᠢᠭᠤᠴᠠᠯᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠪᠠ᠃
      ᠬᠣᠶᠠᠷ᠂ ᠭᠣᠣᠯ ᠠᠭᠤᠯᠭ᠎ᠠ
      《ᠮᠡᠳᠡᠭᠳᠡᠯ》᠎ᠳᠤ 3 ᠬᠡᠰᠡᠭ ᠪᠠ 3 ᠳᠠᠭ᠋ᠠᠯᠳᠤᠭᠤᠯᠤᠯ ᠪᠠᠭᠲᠠᠨ᠎ᠠ᠃
      ᠨᠢᠭᠡᠳᠦᠭᠡᠷ ᠬᠡᠰᠡᠭ᠎ᠲᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢᠨ ᠬᠠᠷᠠᠯᠲᠠ ᠵᠢ ᠲᠣᠳᠣᠷᠬᠠᠢ᠌ᠯᠠᠵᠤ᠂ ᠡᠭᠦᠨ᠎ᠳᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠡᠲᠡᠭᠡᠳ᠂ ᠴᠠᠭ᠎ᠤᠨ ᠬᠢᠵᠠᠭ᠋ᠠᠷ ᠪᠠ ᠪᠣᠳᠠᠲᠠᠢ ᠱᠠᠭ᠋ᠠᠷᠳᠠᠯᠭ᠎ᠠ ᠵᠢ ᠪᠠᠭᠲᠠᠭ᠋ᠠᠨ᠎ᠠ;
      ᠬᠣᠶᠠᠳᠤᠭ᠋ᠠᠷ ᠬᠡᠰᠡᠭ᠎ᠨᠢ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠬᠤ ᠲᠤᠬᠠᠢ ᠪᠠᠢ᠌ᠵᠤ᠂ ᠡᠭᠦᠨ᠎ᠳᠤ ᠪᠣᠬᠢᠷᠲᠤᠯ ᠦᠭᠡᠢ ᠠᠭᠤᠷᠬᠠᠢ ᠵᠢᠨ ᠠᠵᠢᠯ ᠲᠥᠷᠥᠯ᠎ᠤᠨ ᠪᠠᠷᠢᠮᠵᠢᠶ᠎ᠠ ᠪᠠ ᠦᠨᠡᠯᠡᠬᠦ ᠭᠦᠢ᠍ᠴᠡᠳᠬᠡᠯ ᠲᠣᠭ᠎ᠠ ᠵᠢ ᠪᠠᠢ᠌ᠭᠤᠯᠤᠨ ᠪᠦᠷᠢᠨᠰᠢᠭᠦᠯᠬᠦ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠣᠨ᠎ᠤ ᠬᠠᠷᠠᠯᠲᠠᠲᠤ ᠡᠭᠦᠷᠭᠡ ᠵᠢ ᠲᠣᠭᠲᠠᠭ᠋ᠠᠬᠤ᠂ ᠪᠣᠬᠢᠷᠲᠤᠯ ᠦᠭᠡᠢ ᠠᠭᠤᠷᠬᠠᠢ ᠵᠢ ᠮᠡᠳᠡᠭᠦᠯᠵᠦ ᠰᠢᠯᠭ᠋ᠠᠷᠠᠭᠤᠯᠬᠤ ᠴᠤᠪᠤᠷᠠᠯ᠎ᠢ ᠴᠢᠩᠳᠠᠯᠠᠬᠤ᠂ ᠭᠤᠷᠪᠠᠳᠠᠭᠢ ᠡᠲᠡᠭᠡᠳ ᠦᠨᠡᠯᠡᠨ ᠵᠢᠱ᠌ᠢᠬᠦ ᠬᠠᠮᠢᠶᠠᠷᠤᠯᠲᠠ ᠵᠢ ᠴᠢᠩᠭ᠋ᠠᠳᠬᠠᠬᠤ᠂ ᠠᠭᠤᠷᠬᠠᠢ ᠵᠢᠨ ᠠᠵᠤ ᠠᠬᠤᠢ᠌ᠯᠠᠯ᠎ᠤᠨ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠢ᠌ᠭᠤᠯᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ᠂ ᠰᠢᠯᠢᠳᠡᠭ᠎ᠢ᠎ᠨᠢ ᠰᠣᠩᠭᠣᠵᠤ ᠤᠯᠤᠰ᠎ᠤᠨ ᠲᠠᠰ᠎ᠤᠨ ᠪᠣᠬᠢᠷᠲᠤᠯ ᠦᠭᠡᠢ ᠠᠭᠤᠷᠬᠠᠢ᠎ᠳᠤ ᠲᠠᠨᠢᠯᠴᠠᠭᠤᠯᠬᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠵᠡᠷᠭᠡ ᠵᠢ ᠪᠠᠭᠲᠠᠭ᠋ᠠᠨ᠎ᠠ;
      ᠭᠤᠷᠪᠠᠳᠤᠭ᠋ᠠᠷ ᠬᠡᠰᠡᠭ᠎ᠨᠢ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠲᠤᠬᠠᠢ ᠪᠠᠢ᠌ᠵᠤ᠂ ᠡᠭᠦᠨ᠎ᠳᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠰᠢᠯᠭ᠋ᠠᠨ ᠬᠢᠨᠠᠬᠤ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠵᠢ ᠪᠠᠭᠲᠠᠭ᠋ᠠᠨ᠎ᠠ᠃
      3 ᠳᠠᠭ᠋ᠠᠯᠳᠤᠭᠤᠯᠤᠯ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢ ᠦᠨᠡᠯᠡᠬᠦ ᠭᠦᠢ᠍ᠴᠡᠳᠬᠡᠯ ᠲᠣᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢ ᠭᠤᠶᠤᠴᠢᠯᠠᠨ ᠮᠡᠳᠡᠭᠦᠯᠬᠦ ᠦᠨᠡᠯᠡᠨ ᠵᠢᠱ᠌ᠢᠬᠦ ᠰᠢᠯᠢᠨ ᠰᠣᠩᠭᠣᠬᠤ ᠠᠵᠢᠯ᠎ᠤᠨ ᠴᠤᠪᠤᠷᠠᠯ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠤᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠭᠲᠠᠨ᠎ᠠ᠃
      ᠭᠤᠷᠪᠠ᠂ ᠭᠣᠣᠯ ᠣᠨᠴᠠᠯᠢᠭ
      ᠨᠢᠭᠡ᠎ᠳᠤ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠠᠵᠤ ᠠᠬᠤᠢ᠌ᠯᠠᠯ ᠭᠣᠣᠯᠯᠠᠨ ᠪᠠᠢ᠌ᠭᠤᠯᠬᠤ᠂ ᠨᠡᠢ᠌ᠭᠡᠮ ᠳᠠᠶᠠᠭ᠋ᠠᠷ ᠬᠢᠨᠠᠯᠲᠠ ᠲᠠᠯᠪᠢᠭᠰᠠᠨ ᠪᠣᠬᠢᠷᠲᠤᠯ ᠦᠭᠡᠢ ᠠᠭᠤᠷᠬᠠᠢ ᠵᠢᠨ ᠦᠢ᠍ᠯᠡᠰ᠎ᠤᠨ ᠬᠥᠭᠵᠢᠯᠲᠡ ᠵᠢᠨ ᠲᠣᠭᠲᠠᠴᠠ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠵᠶ᠋ᠠᠷ ᠲᠦᠷᠦᠭᠦᠯᠡᠭᠦᠯᠦᠨ᠂ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ 14 ᠰᠠᠯᠠᠭ᠎ᠠ ᠮᠥᠴᠢᠷ ᠪᠠ ᠨᠢᠭᠡᠴᠢ᠎ᠪᠠᠷ ᠪᠦᠷᠢᠯᠳᠦᠭᠰᠡᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠵᠣᠬᠢᠴᠠᠭᠤᠯᠬᠤ ᠲᠣᠭᠲᠠᠴᠠ ᠵᠢ ᠲᠣᠳᠣᠷᠬᠠᠢ ᠪᠠᠢ᠌ᠭᠤᠯᠵᠤ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠳᠤᠮᠳᠠᠬᠢ ᠴᠢᠬᠤᠯᠠ ᠶᠡᠬᠡ ᠵᠦᠢ᠍ᠯᠡᠰ ᠪᠠ ᠴᠢᠬᠤᠯᠠ ᠶᠡᠬᠡ ᠠᠰᠠᠭᠤᠳᠠᠯ᠎ᠢ ᠬᠠᠮᠲᠤ᠎ᠪᠠᠷ ᠰᠤᠳᠤᠯᠤᠨ ᠰᠢᠢ᠍ᠳᠪᠦᠷᠢᠯᠡᠨ᠎ᠡ᠃
      ᠬᠣᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠤᠯᠠᠨ ᠵᠢᠯ᠎ᠤᠨ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ᠂ ᠪᠣᠬᠢᠷᠲᠤᠯ ᠦᠭᠡᠢ ᠠᠭᠤᠷᠬᠠᠢ ᠵᠢ ᠭᠤᠶᠤᠴᠢᠯᠠᠨ ᠮᠡᠳᠡᠭᠦᠯᠵᠦ ᠰᠢᠯᠭ᠋ᠠᠷᠠᠭᠤᠯᠬᠤ ᠴᠤᠪᠤᠷᠠᠯ ᠪᠠ ᠱᠠᠭ᠋ᠠᠷᠳᠠᠯᠭ᠎ᠠ᠎ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠢ ᠵᠣᠬᠢᠶᠠᠨ ᠪᠠᠢ᠌ᠭᠤᠯᠵᠤ ᠬᠣᠯᠪᠤᠭ᠋ᠠᠯᠠᠨ ᠬᠢᠨᠠᠨ ᠪᠠᠢ᠌ᠴᠠᠭ᠋ᠠᠬᠤ ᠵᠢ ᠲᠣᠳᠣᠷᠬᠠᠢ ᠲᠣᠭᠲᠠᠭ᠋ᠠᠵᠤ᠂ ᠠᠶ᠋ᠢᠮᠠᠭ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠢ ᠵᠣᠬᠢᠶᠠᠨ ᠪᠠᠢ᠌ᠭᠤᠯᠵᠤ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠬᠡᠯᠪᠡᠷᠢ᠎ᠪᠠᠷ ᠭᠤᠷᠪᠠᠳᠠᠭᠢ ᠡᠲᠡᠭᠡᠳ᠎ᠤᠨ ᠦᠨᠡᠯᠡᠨ ᠵᠢᠱ᠌ᠢᠯᠲᠡ ᠵᠢ ᠥᠷᠨᠢᠭᠦᠯᠦᠨ᠎ᠡ᠃
      ᠭᠤᠷᠪᠠ᠎ᠳᠤ᠂ ᠡᠯ᠎ᠡ ᠰᠠᠯᠠᠭ᠎ᠠ ᠮᠥᠴᠢᠷ᠎ᠤᠳ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠦᠨᠳᠦᠰᠦᠯᠡᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠤᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ᠎ᠳᠠᠬᠢ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠭᠰᠠᠨ᠎ᠤ ᠬᠠᠮᠲᠤ᠂ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠦᠨᠳᠦᠰᠦᠯᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢ ᠦᠨᠡᠯᠡᠬᠦ ᠭᠦᠢ᠍ᠴᠡᠳᠬᠡᠯ ᠲᠣᠭ᠎ᠠ》 ᠵᠢᠨ ᠡᠯ᠎ᠡ ᠵᠦᠢ᠍ᠯ᠎ᠤᠨ ᠭᠦᠢ᠍ᠴᠡᠳᠬᠡᠯ ᠲᠣᠭ᠎ᠠ᠎ᠳᠤ ᠬᠢᠨᠠᠯᠲᠠ ᠬᠠᠮᠢᠶᠠᠷᠤᠯᠲᠠ ᠬᠢᠬᠦ ᠰᠠᠯᠠᠭ᠎ᠠ ᠮᠥᠴᠢᠷ᠎ᠤᠳ᠎ᠢ ᠲᠣᠳᠣᠷᠬᠠᠢ᠌ᠯᠠᠵᠤ᠂ ᠪᠣᠬᠢᠷᠲᠤᠯ ᠦᠭᠡᠢ ᠠᠭᠤᠷᠬᠠᠢ ᠵᠢ ᠠᠩᠬ᠎ᠠ ᠬᠢᠨᠠᠬᠤ᠂ ᠬᠢᠨᠠᠨ ᠪᠠᠢ᠌ᠴᠠᠭ᠋ᠠᠵᠤ ᠦᠨᠡᠯᠡᠨ ᠵᠢᠱ᠌ᠢᠬᠦ᠂ ᠬᠠᠷᠭᠤᠭᠤᠯᠤᠨ ᠪᠠᠢ᠌ᠴᠠᠭ᠋ᠠᠬᠤ ᠪᠠ ᠡᠳᠦᠷ ᠲᠤᠲᠤᠮ ᠬᠥᠳᠡᠯᠦᠩᠭᠦᠢ ᠬᠢᠨᠠᠨ ᠬᠠᠮᠢᠶᠠᠷᠬᠤ ᠵᠡᠷᠭᠡ ᠡᠯ᠎ᠡ ᠭᠣᠭᠴᠣᠭ᠎ᠠ ᠵᠢᠨ ᠠᠵᠢᠯ᠎ᠳᠤ ᠰᠠᠯᠠᠭ᠎ᠠ ᠮᠥᠴᠢᠷ᠎ᠤᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠪᠠ᠃
      ᠳᠥᠷᠪᠡ᠎ᠳᠤ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠤᠨ ᠰᠠᠭᠤᠷᠢᠨ ᠳᠡᠭᠡᠷ᠎ᠡ ᠪᠣᠬᠢᠷᠲᠤᠯ ᠦᠭᠡᠢ ᠠᠭᠤᠷᠬᠠᠢ᠎ᠳᠤ ᠬᠡᠷᠡᠭᠯᠡᠬᠦ ᠭᠠᠵᠠᠷ ᠠᠭᠤᠷᠬᠠᠢ ᠵᠢ ᠳᠡᠮᠵᠢᠬᠦ ᠪᠠ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠠᠯ᠎ᠠ᠎ᠪᠠᠷ᠎ᠬᠢ ᠨᠠᠢ᠌ᠳᠠᠪᠤᠷᠢᠵᠢᠭᠤᠯᠵᠤ ᠪᠣᠯᠬᠤ᠂ ᠪᠣᠳᠠᠲᠠᠢ ᠬᠡᠷᠡᠭᠵᠢᠭᠦᠯᠬᠦ ᠴᠢᠨᠠᠷ ᠵᠶ᠋ᠠᠷ ᠴᠢᠩᠭ᠎ᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠪᠠ᠃
      ᠲᠠᠪᠤ᠎ᠳᠤ᠂ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠳᠦᠨ ᠪᠠᠢ᠌ᠭᠤᠯᠬᠤ ᠵᠢ ᠥᠷᠨᠢᠭᠦᠯᠦᠭᠡᠳᠦᠢ ᠲᠣᠮᠣ ᠳᠤᠮᠳᠠ ᠬᠡᠯᠪᠡᠷᠢ ᠵᠢᠨ ᠠᠭᠤᠷᠬᠠᠢ ᠵᠢ ᠵᠢᠭ᠋ᠠᠨ ᠵᠢᠯᠤᠭᠣᠳᠴᠤ ᠰᠢᠮᠳᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠠᠶ᠋ᠢᠮᠠᠭ ᠬᠣᠲᠠ ᠵᠢᠨ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠤᠨ ᠣᠨ᠎ᠤ ᠰᠢᠯᠭ᠋ᠠᠨ ᠬᠢᠨᠠᠵᠤ ᠦᠨᠡᠯᠡᠬᠦ ᠲᠣᠭᠲᠠᠯᠴᠠᠭ᠎ᠠ᠎ᠳᠤ ᠣᠷᠣᠭᠤᠯᠬᠤ ᠵᠢ ᠴᠢᠬᠤᠯᠠᠴᠢᠯᠠᠪᠠ᠃
      ᠵᠢᠷᠭᠤᠭ᠎ᠠ᠎ᠳᠤ᠂ ᠪᠣᠬᠢᠷᠲᠤᠯ ᠦᠭᠡᠢ ᠠᠭᠤᠷᠬᠠᠢ ᠵᠢᠨ ᠨᠡᠷᠡᠰ᠎ᠤᠨ ᠲᠡᠮᠳᠡᠭᠯᠡᠯ᠎ᠤᠨ ᠬᠥᠳᠡᠯᠦᠩᠭᠦᠢ ᠬᠠᠮᠢᠶᠠᠷᠤᠯᠲᠠ ᠵᠢᠨ ᠠᠭᠤᠯᠭ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ 《ᠵᠡᠭᠦᠯᠲᠡ ᠬᠠᠳᠠᠬᠤ᠂ ᠬᠤᠭᠤᠴᠠᠭ᠎ᠠ ᠲᠣᠭᠲᠠᠭ᠋ᠠᠨ ᠴᠡᠭᠴᠡᠯᠡᠬᠦ᠂ ᠨᠡᠷᠡᠰ᠎ᠤᠨ ᠵᠢᠭᠰᠠᠭ᠋ᠠᠯᠲᠠ᠎ᠠᠴᠠ ᠭᠠᠷᠭ᠋ᠠᠬᠤ》 ᠪᠠᠶ᠋ᠢᠳᠠᠯ᠎ᠢ ᠨᠡᠮᠡᠪᠡ᠃ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢ ᠦᠨᠡᠯᠡᠬᠦ ᠭᠦᠢ᠍ᠴᠡᠳᠬᠡᠯ ᠲᠣᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠦᠢ᠍ᠴᠡᠳᠬᠡᠯ ᠲᠣᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠭᠣᠣᠯᠳᠠᠯᠭ᠎ᠠ᠎ᠲᠠᠢ ᠭᠦᠢ᠍ᠴᠡᠳᠬᠡᠯ ᠲᠣᠭ᠎ᠠ ᠵᠢ ᠳᠣᠪᠤᠶ᠋ᠢᠯᠭ᠋ᠠᠵᠤ᠂ ᠬᠠᠢ᠌ᠷ ᠴᠢᠯᠠᠭᠤ ᠰᠢᠷᠣᠢ ᠵᠢᠨ ᠲᠥᠷᠥᠯ᠎ᠤᠨ ᠠᠭᠤᠷᠬᠠᠢ᠎ᠳᠤ᠂ ᠲᠡᠭᠦᠨ᠎ᠤ ᠦᠢ᠍ᠯᠡᠳᠪᠦᠷᠢᠯᠡᠯ᠎ᠤᠨ ᠪᠣᠳᠠᠲᠤ ᠪᠠᠶ᠋ᠢᠳᠠᠯ᠎ᠳᠤ ᠲᠣᠬᠢᠷᠠᠬᠤ ᠪᠣᠬᠢᠷᠲᠤᠯ ᠦᠭᠡᠢ ᠠᠭᠤᠷᠬᠠᠢ ᠵᠢ ᠦᠨᠡᠯᠡᠬᠦ ᠭᠦᠢ᠍ᠴᠡᠳᠬᠡᠯ ᠲᠣᠭ᠎ᠠ ᠲᠣᠭᠲᠠᠭ᠋ᠠᠵᠤ᠂ ᠭᠦᠢ᠍ᠴᠡᠳᠬᠡᠯ ᠲᠣᠭ᠎ᠠ ᠵᠢᠨ ᠬᠡᠷᠡᠭᠯᠡᠬᠦ᠎ᠳᠤ ᠵᠣᠬᠢᠷᠠᠬᠤ ᠴᠢᠨᠠᠷ ᠪᠠ ᠬᠡᠷᠡᠭᠵᠢᠭᠦᠯᠬᠦᠢ᠌ᠴᠡ ᠴᠢᠨᠠᠷ᠎ᠢ ᠦᠨᠡᠬᠡᠷ ᠳᠡᠭᠡᠭᠰᠢᠯᠡᠭᠦᠯᠦᠨ᠂ ᠦᠨᠡᠯᠡᠬᠦ ᠭᠦᠢ᠍ᠴᠡᠳᠬᠡᠯ ᠲᠣᠭ᠎ᠠ ᠵᠢ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠪᠠ ᠳᠡᠭᠡᠭᠰᠢᠯᠡᠭᠦᠯᠬᠦ ᠴᠢᠨᠠᠷᠲᠠᠢ ᠭᠦᠢ᠍ᠴᠡᠳᠬᠡᠯ ᠲᠣᠭ᠎ᠠ ᠪᠣᠯᠭ᠋ᠠᠨ ᠲᠣᠬᠢᠷᠠᠭᠤᠯᠵᠤ᠂ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ᠎ᠪᠠᠷ ᠬᠣᠷᠢᠭ᠎ᠠ ᠱᠤᠭᠤᠮ᠎ᠤᠨ ᠱᠠᠭ᠋ᠠᠷᠳᠠᠯᠭ᠎ᠠ ᠪᠣᠯᠭ᠋ᠠᠪᠠ᠃
      ᠳᠥᠷᠪᠡ᠂ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ
      《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠬᠦᠴᠦᠨ᠎ᠲᠠᠢ ᠬᠤᠭᠤᠴᠠᠭ᠎ᠠ᠎ᠨᠢ ᠲᠠᠪᠤᠨ ᠵᠢᠯ ᠪᠣᠯᠣᠨ᠎ᠠ᠂ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠬᠤ᠎ᠠᠴᠠ ᠡᠮᠦᠨ᠎ᠡ ᠨᠢᠭᠡᠨᠲᠡ ᠳᠠᠷᠤᠮᠠᠯᠯᠠᠨ ᠲᠠᠷᠬᠠᠭ᠋ᠠᠭᠰᠠᠨ ᠪᠤᠰᠤᠳ ᠪᠢᠴᠢᠭ ᠮᠠᠲ᠋ᠧᠷᠢᠶᠠᠯ᠎ᠨᠢ ᠲᠣᠰ 《ᠮᠡᠳᠡᠭᠳᠡᠯ》᠎ᠤᠨ ᠲᠣᠭᠲᠠᠭ᠋ᠠᠯ᠎ᠯᠤᠭ᠎ᠠ ᠨᠢᠭᠡᠳᠦᠯ ᠦᠭᠡᠢ ᠪᠠᠢ᠌ᠪᠠᠯ᠂ 《ᠮᠡᠳᠡᠭᠳᠡᠯ》 ᠶᠣᠰᠣᠭ᠋ᠠᠷ ᠬᠡᠷᠡᠭᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠬᠡᠷᠬᠢᠨ ᠴᠢᠩᠭ᠋ᠠᠳᠬᠠᠬᠤ ᠪᠤᠢ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠶ᠎ᠠ)
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ》
ᠵᠢᠷᠤᠭᠲᠤ ᠲᠠᠢ᠌ᠯᠤᠮᠵᠢ᠄ 《ᠪᠥᠬᠥ ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠢ᠌ᠭᠤᠯᠤᠨ᠎ᠠ》
ᠵᠢᠷᠤᠭᠲᠤ ᠲᠠᠢ᠌ᠯᠤᠮᠵᠢ᠄ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》
ᠵᠢᠷᠤᠭᠲᠤ ᠲᠠᠢ᠌ᠯᠤᠮᠵᠢ᠄ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠦᠨ ᠵᠠᠰᠠᠭ ᠵᠠᠬᠢᠷᠭ᠋ᠠᠨ᠎ᠤ ᠴᠢᠳᠠᠮᠵᠢ ᠵᠢ ᠳᠡᠭᠡᠭᠰᠢᠯᠡᠭᠦᠯᠵᠦ 〈ᠥᠨᠳᠥᠷ ᠪᠦᠲᠦᠮᠵᠢᠲᠡᠢ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ〉 ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ》
 
             蒙ICP备05000248号