ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠥᠯ (2024 ᠣᠨ᠎ᠤ ᠬᠡᠪᠯᠡᠯ)》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-09-03

      2024 ᠣᠨ᠎ᠤ 4 ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ  ᠲᠥᠰᠥᠯ (2024 ᠣᠨ᠎ᠤ ᠬᠡᠪᠯᠡᠯ)》 (ᠳᠣᠷᠣᠭᠰᠢ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠬᠤ ᠲᠣᠭᠲᠠᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃
      ᠨᠢᠭᠡ᠂ ᠶᠠᠭᠤᠨ᠎ᠳᠤ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠥᠯ》᠎ᠳᠤ ᠵᠠᠰᠠᠪᠤᠷᠢ ᠣᠷᠣᠭᠤᠯᠬᠤ ᠪᠤᠢ
      2024 ᠣᠨ᠎ᠤ 1 ᠰᠠᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠭ᠋ᠠᠬᠤ ᠲᠣᠭᠲᠠᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠵᠢᠯᠤᠭᠣᠳᠬᠤ ᠰᠠᠨᠠᠯ》 (ᠠᠭ᠋ᠠᠷ ᠮᠠᠨᠳᠠᠯ [2024] 6 ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠲᠠᠭ᠋ᠠᠬᠤ ᠳᠦᠷᠢᠮ᠎ᠢ ᠰᠢᠯᠢᠳᠡᠭᠵᠢᠭᠦᠯᠬᠦ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠬᠤ ᠠᠵᠢᠯ᠎ᠢ ᠵᠢᠷᠤᠮᠵᠢᠭᠤᠯᠬᠤ᠂ ᠣᠷᠣᠨ ᠪᠦᠰᠡ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠭᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠢ ᠴᠢᠩᠭ᠋ᠠᠳᠬᠠᠬᠤ ᠵᠡᠷᠭᠡ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠪᠠ᠃ ᠬᠠᠮᠢᠶ᠎ᠠ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠤᠰᠠᠳᠠ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠥᠯ (2020 ᠣᠨ᠎ᠤ ᠬᠡᠪᠯᠡᠯ)》᠎ᠳᠤ ᠳᠠᠬᠢᠨ ᠵᠠᠰᠠᠪᠤᠷᠢ ᠣᠷᠣᠭᠤᠯᠪᠠ᠃
      ᠬᠣᠶᠠᠷ᠂ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠥᠯ》᠎ᠳᠤ ᠶᠠᠮᠠᠷ ᠶᠠᠮᠠᠷ ᠭᠣᠣᠯ ᠠᠭᠤᠯᠭ᠎ᠠ ᠪᠠᠶ᠋ᠢᠬᠤ ᠪᠤᠢ
      《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠥᠯ》᠎ᠳᠤ ᠨᠠᠢ᠍ᠮᠠᠨ ᠬᠡᠰᠡᠭ ᠪᠠᠭᠲᠠᠨ᠎ᠠ᠃
      ᠨᠢᠭᠡᠳᠦᠭᠡᠷ ᠬᠡᠰᠡᠭ᠎ᠢ ᠶᠡᠷᠦᠩᠬᠡᠢ ᠳᠦᠷᠢᠮ ᠭᠡᠵᠦ ᠬᠤᠪᠢᠶᠠᠨ᠎ᠠ᠃ ᠨᠠᠢ᠌ᠷᠠᠭᠤᠯᠤᠨ ᠵᠣᠬᠢᠶᠠᠬᠤ ᠵᠣᠷᠢᠯᠭ᠎ᠠ᠂ ᠨᠠᠢ᠌ᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠪᠡᠯᠡᠳᠬᠡᠯ ᠲᠥᠰᠥᠯ᠎ᠤᠨ ᠰᠢᠰᠲ᠋ᠧᠮ ᠪᠠ ᠠᠵᠢᠯ᠎ᠤᠨ ᠵᠠᠷᠴᠢᠮ᠎ᠢ ᠲᠣᠳᠣᠷᠬᠠᠢ᠌ᠯᠠᠪᠠ᠃
      ᠬᠣᠶᠠᠳᠤᠭ᠋ᠠᠷ ᠬᠡᠰᠡᠭ᠎ᠨᠢ ᠵᠣᠬᠢᠶᠠᠨ ᠪᠠᠢ᠌ᠭᠤᠯᠵᠤ ᠵᠢᠯᠤᠭᠣᠳᠬᠤ ᠰᠢᠰᠲ᠋ᠧᠮ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠣᠬᠢᠶᠠᠨ ᠪᠠᠢ᠌ᠭᠤᠯᠵᠤ ᠵᠢᠯᠤᠭᠣᠳᠬᠤ ᠪᠠᠢ᠌ᠭᠤᠯᠤᠮᠵᠢ ᠵᠢᠴᠢ ᠲᠡᠭᠦᠨ᠎ᠤ ᠠᠯᠪᠠᠨ ᠭᠡᠷ᠎ᠤᠨ ᠪᠦᠷᠢᠯᠳᠦᠯ᠂ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠵᠣᠬᠢᠶᠠᠨ ᠪᠠᠢ᠌ᠭᠤᠯᠵᠤ ᠵᠢᠯᠤᠭᠣᠳᠬᠤ ᠪᠠᠢ᠌ᠭᠤᠯᠤᠮᠵᠢ ᠵᠢᠨ ᠪᠦᠷᠢᠯᠳᠦᠯ᠂ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠪᠠ᠃
      ᠭᠤᠷᠪᠠᠳᠤᠭ᠋ᠠᠷ ᠬᠡᠰᠡᠭ᠎ᠨᠢ ᠤᠷᠢᠳᠴᠢᠯᠠᠨ ᠵᠢᠱ᠌ᠢᠬᠦ ᠪᠠ ᠤᠷᠢᠳᠴᠢᠯᠠᠨ ᠰᠡᠷᠡᠮᠵᠢᠯᠡᠭᠦᠯᠬᠦ ᠪᠣᠯᠣᠨ᠎ᠠ᠃ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠬᠦ ᠵᠢ ᠲᠠᠰ ᠬᠤᠪᠢᠶᠠᠬᠤ᠂ ᠣᠷᠣᠨ ᠬᠤᠪᠢᠶᠠᠨ ᠬᠠᠮᠢᠶᠠᠷᠬᠤ᠂ ᠤᠷᠢᠳᠴᠢᠯᠠᠨ ᠰᠡᠷᠡᠮᠵᠢᠯᠡᠭᠦᠯᠬᠦ ᠵᠢ ᠨᠡᠢ᠌ᠲᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠲᠠᠰ᠎ᠢ ᠲᠣᠬᠢᠷᠠᠭᠤᠯᠬᠤ ᠪᠠ ᠬᠦᠴᠦᠨ ᠦᠭᠡᠢ ᠪᠣᠯᠭ᠋ᠠᠬᠤ᠂ ᠤᠷᠢᠳᠴᠢᠯᠠᠨ ᠰᠡᠷᠡᠮᠵᠢᠯᠡᠭᠦᠯᠬᠦ ᠵᠢ ᠬᠢᠨᠠᠨ ᠵᠥᠪᠰᠢᠶᠡᠷᠡᠬᠦ ᠲᠠᠯ᠎ᠠ᠎ᠪᠠᠷ ᠬᠠᠮᠢᠶ᠎ᠠ ᠪᠦᠬᠦᠢ ᠲᠣᠭᠲᠠᠭ᠋ᠠᠯ ᠭᠠᠷᠭ᠋ᠠᠪᠠ᠃
      ᠳᠥᠷᠪᠡᠳᠦᠭᠡᠷ ᠬᠡᠰᠡᠭ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠲᠠᠢ ᠬᠠᠮᠵᠢᠯᠴᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠲᠠᠢ ᠬᠠᠮᠵᠢᠯᠴᠠᠬᠤ ᠵᠢ ᠲᠠᠰ ᠬᠤᠪᠢᠶᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠲᠠᠢ ᠬᠠᠮᠵᠢᠯᠴᠠᠬᠤ ᠵᠢ ᠡᠬᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠲᠠᠢ ᠬᠠᠮᠵᠢᠯᠴᠠᠬᠤ ᠠᠷᠭ᠎ᠠ ᠬᠡᠮᠵᠢᠶ᠎ᠡ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠨ ᠬᠣᠯᠪᠤᠭ᠋ᠠᠯᠠᠨ ᠬᠥᠳᠡᠯᠦᠯᠴᠡᠬᠦ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠪᠠᠴᠢᠮ ᠪᠠᠶ᠋ᠢᠳᠠᠯ᠎ᠢ ᠠᠷᠭ᠋ᠠᠴᠠᠬᠤ᠎ᠲᠠᠢ ᠬᠠᠮᠵᠢᠯᠴᠠᠬᠤ ᠵᠢ ᠵᠣᠭᠰᠤᠭ᠋ᠠᠬᠤ ᠵᠢ ᠲᠣᠳᠣᠷᠬᠠᠢ᠌ᠯᠠᠵᠤ᠂ ᠤᠷᠢᠳᠴᠢᠯᠠᠨ ᠰᠡᠷᠡᠮᠵᠢᠯᠡᠭᠦᠯᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠲᠠᠢ ᠬᠠᠮᠵᠢᠯᠴᠠᠬᠤ ᠠᠷᠭ᠎ᠠ ᠬᠡᠮᠵᠢᠶ᠎ᠡ᠎ᠳᠤ ᠶᠡᠷᠦᠩᠬᠡᠢ ᠱᠠᠭ᠋ᠠᠷᠳᠠᠯᠭ᠎ᠠ ᠳᠤᠷᠠᠳᠬᠤ ᠵᠢᠨ ᠬᠠᠮᠲᠤ ᠱᠠᠲᠤ ᠬᠤᠪᠢᠶᠠᠨ ᠬᠠᠮᠵᠢᠯᠴᠠᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠪᠠ᠃
      ᠲᠠᠪᠤᠳᠤᠭ᠋ᠠᠷ ᠬᠡᠰᠡᠭ᠎ᠨᠢ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠣᠯᠣᠨ᠎ᠠ᠃ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠠᠷᠤᠳᠠᠯ᠂ ᠠᠶᠤᠯᠭᠦᠢ ᠦᠢ᠍ᠯᠡᠳᠪᠦᠷᠢᠯᠡᠯ᠂ ᠴᠢᠳᠠᠪᠤᠷᠢ ᠵᠢᠨ ᠪᠠᠢ᠌ᠭᠤᠯᠤᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠢ ᠵᠢᠵᠢᠭᠦᠷᠯᠡᠨ ᠪᠠᠲᠤᠯᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ ᠲᠣᠭᠲᠠᠭ᠋ᠠᠪᠠ᠃
      ᠵᠢᠷᠭᠤᠳᠤᠭ᠋ᠠᠷ ᠬᠡᠰᠡᠭ ᠪᠡᠯᠡᠳᠬᠡᠯ ᠲᠥᠰᠥᠯ᠎ᠤᠨ ᠬᠠᠮᠢᠶᠠᠷᠤᠯᠲᠠ ᠪᠣᠯᠣᠨ᠎ᠠ᠃ ᠪᠡᠯᠡᠳᠬᠡᠯ ᠲᠥᠰᠥᠯ᠎ᠤᠨ ᠤᠬᠠᠭᠤᠯᠭ᠎ᠠ᠂ ᠪᠣᠯᠪᠠᠰᠤᠷᠠᠯ ᠰᠣᠷᠢᠯᠲᠠ᠂ ᠪᠡᠯᠡᠳᠬᠡᠯ ᠲᠥᠰᠥᠯ᠎ᠢ ᠳᠠᠩᠰᠠᠯᠠᠬᠤ ᠵᠡᠷᠭᠡ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃
      ᠳᠣᠯᠣᠳᠤᠭ᠋ᠠᠷ ᠬᠡᠰᠡᠭ ᠬᠠᠷᠢᠭᠤᠴᠠᠯᠭ᠎ᠠ ᠨᠡᠬᠡᠮᠵᠢᠯᠡᠨ᠎ᠡ᠃ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠠᠵᠢᠯ᠎ᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠢ ᠲᠣᠳᠣᠷᠬᠠᠢ᠌ᠯᠠᠪᠠ᠃
      ᠨᠠᠢ᠍ᠮᠠᠳᠤᠭ᠋ᠠᠷ ᠬᠡᠰᠡᠭ᠎ᠨᠢ ᠳᠠᠭ᠋ᠠᠯᠳᠤᠭᠤᠯᠤᠭᠰᠠᠨ ᠳᠦᠷᠢᠮ ᠪᠣᠯᠣᠨ᠎ᠠ᠃ ᠪᠡᠯᠡᠳᠬᠡᠯ ᠲᠥᠰᠥᠯ᠎ᠢ ᠬᠡᠷᠡᠭᠵᠢᠭᠦᠯᠦᠭᠰᠡᠨ ᠴᠠᠭ ᠬᠤᠭᠤᠴᠠᠭ᠎ᠠ᠎ᠳᠤ ᠲᠣᠳᠣᠷᠬᠠᠢ᠌ᠯᠠᠯᠲᠠ ᠬᠢᠪᠡ᠃
      ᠭᠤᠷᠪᠠ᠂ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠥᠯ》᠎ᠳᠤ ᠭᠣᠣᠯᠳᠠᠭᠤ ᠶᠠᠮᠠᠷ ᠶᠠᠮᠠᠷ ᠠᠭᠤᠯᠭ᠎ᠠ᠎ᠳᠤ ᠵᠠᠰᠠᠪᠤᠷᠢ ᠣᠷᠣᠭᠤᠯᠤᠭᠰᠠᠨ ᠪᠤᠢ
      (ᠨᠢᠭᠡ) ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠪᠡ
      ᠲᠣᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ ᠤᠷᠢᠳᠴᠢᠯᠠᠨ ᠰᠡᠷᠡᠮᠵᠢᠯᠡᠭᠦᠯᠬᠦ ᠵᠢ ᠡᠬᠢᠯᠡᠭᠦᠯᠬᠦ ᠪᠠᠷᠢᠮᠵᠢᠶ᠎ᠠ ᠵᠢ ᠳᠡᠬᠡᠭᠰᠢᠯᠡᠬᠦᠯᠵᠦ᠂ ᠰᠢᠷ᠎ᠠ ᠥᠩᠭᠡ ᠵᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠵᠢ 《AQI ᠵᠢᠨ ᠡᠳᠦᠷ᠎ᠤᠨ ᠳᠤᠮᠳᠠᠴᠢ ᠬᠡᠮᠵᠢᠭᠳᠡᠯ>200᠂ 2 ᠡᠳᠦᠷ (48 ᠴᠠᠭ)᠎ᠠᠴᠠ ᠳᠡᠭᠡᠭᠰᠢ ᠦᠷᠭᠦᠯᠵᠢᠯᠡᠨ᠎ᠡ᠂ ᠲᠡᠷᠡᠴᠢᠯᠡᠨ ᠣᠬᠣᠷᠬᠠᠨ ᠬᠤᠭᠤᠴᠠᠭ᠋ᠠᠨ᠎ᠳᠤ ᠬᠦᠨᠳᠦ ᠪᠣᠬᠢᠷᠲᠤᠯ ᠭᠠᠷᠴᠤ᠂ ᠳᠡᠭᠡᠳᠦ ᠲᠠᠰ᠎ᠤᠨ ᠤᠷᠢᠳᠴᠢᠯᠠᠨ ᠰᠡᠷᠡᠮᠵᠢᠯᠡᠭᠦᠯᠬᠦ ᠨᠥᠬᠥᠴᠡᠯ᠎ᠳᠤ ᠭᠦᠷᠦᠭᠰᠡᠨ ᠦᠭᠡᠢ》 ᠦᠶ᠎ᠡ᠎ᠳᠤ 《ᠤᠷᠢᠳᠴᠢᠯᠠᠨ ᠵᠢᠱ᠌ᠢᠬᠦ ᠡᠳᠦᠷ AQI>200 ᠪᠤᠶᠤ ᠡᠳᠦᠷ᠎ᠤᠨ AQI>150 ᠦᠷᠬᠦᠯᠵᠢᠯᠡᠨ 48 ᠴᠠᠭ᠎ᠠᠴᠠ ᠳᠡᠭᠡᠭᠰᠢ ᠪᠣᠯᠭ᠋ᠠᠨ ᠲᠣᠬᠢᠷᠠᠭᠤᠯᠤᠨ᠎ᠠ᠂ ᠲᠡᠷᠡᠴᠢᠯᠡᠨ ᠳᠡᠭᠡᠳᠦ ᠲᠠᠰ᠎ᠤᠨ ᠤᠷᠢᠳᠴᠢᠯᠠᠨ ᠰᠡᠷᠡᠮᠵᠢᠯᠡᠭᠦᠯᠬᠦ ᠨᠥᠬᠥᠴᠡᠯ᠎ᠳᠤ ᠭᠦᠷᠦᠭᠰᠡᠨ ᠦᠭᠡᠢ ᠦᠶ᠎ᠡ᠎ᠳᠤ;
      ᠤᠯᠠᠪᠤᠷ ᠥᠩᠭᠡ ᠵᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠵᠢ 《AQI ᠵᠢᠨ ᠡᠳᠦᠷ᠎ᠤᠨ ᠳᠤᠮᠳᠠᠴᠢ ᠬᠡᠮᠵᠢᠭᠳᠡᠯ > 200᠂ 3 ᠡᠳᠦᠷ (72 ᠴᠠᠭ)᠎ᠠᠴᠠ ᠳᠡᠭᠡᠭᠰᠢ ᠦᠷᠭᠦᠯᠵᠢᠯᠡᠬᠦ ᠪᠣᠯᠭ᠋ᠠᠨ ᠲᠣᠬᠢᠷᠠᠭᠤᠯᠵᠤ᠂ ᠳᠡᠭᠡᠳᠦ ᠲᠠᠰ᠎ᠤᠨ ᠤᠷᠢᠳᠴᠢᠯᠠᠨ ᠰᠡᠷᠡᠮᠵᠢᠯᠡᠭᠦᠯᠬᠦ ᠨᠥᠬᠥᠴᠡᠯ᠎ᠳᠤ ᠬᠦᠷᠬᠦ ᠦᠭᠡᠢ ᠦᠶ᠎ᠡ᠎ᠳᠤ 《ᠤᠷᠢᠳᠴᠢᠯᠠᠨ ᠵᠢᠱ᠌ᠢᠬᠦ ᠡᠳᠦᠷ AQI > 200᠂ 48 ᠴᠠᠭ ᠦᠷᠭᠦᠯᠵᠢᠯᠡᠬᠦ ᠪᠤᠶᠤ ᠡᠳᠦᠷ᠎ᠤᠨ AQI > 150᠂ 72 ᠴᠠᠭ ᠵᠢᠴᠢ ᠲᠡᠭᠦᠨ᠎ᠠᠴᠠ ᠳᠡᠭᠡᠭᠰᠢ ᠦᠷᠭᠦᠯᠵᠢᠯᠡᠬᠦ ᠪᠣᠯᠭ᠋ᠠᠨ ᠲᠣᠬᠢᠷᠠᠭᠤᠯᠵᠤ᠂ ᠲᠡᠷᠡᠴᠢᠯᠡᠨ ᠳᠡᠭᠡᠳᠦ ᠲᠠᠰ᠎ᠤᠨ ᠤᠷᠢᠳᠴᠢᠯᠠᠨ ᠰᠡᠷᠡᠮᠵᠢᠯᠡᠭᠦᠯᠬᠦ ᠨᠥᠬᠥᠴᠡᠯ᠎ᠳᠤ ᠬᠦᠷᠬᠦ ᠦᠭᠡᠢ ᠦᠶ᠎ᠡ᠎ᠳᠤ;
      ᠤᠯᠠᠭ᠋ᠠᠨ ᠥᠩᠭᠡ ᠵᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠵᠢ 《AQI ᠵᠢᠨ ᠡᠳᠦᠷ᠎ᠤᠨ ᠳᠤᠮᠳᠠᠴᠢ ᠬᠡᠮᠵᠢᠭᠳᠡᠯ > 200᠂ 4 ᠡᠳᠦᠷ (96 ᠴᠠᠭ)᠎ᠠᠴᠠ ᠳᠡᠭᠡᠭᠰᠢ ᠦᠷᠭᠦᠯᠵᠢᠯᠡᠬᠦ ᠪᠣᠯᠭ᠋ᠠᠨ ᠲᠣᠬᠢᠷᠠᠭᠤᠯᠵᠤ᠂ ᠲᠡᠷᠡᠴᠢᠯᠡᠨ AQI ᠵᠢᠨ ᠡᠳᠦᠷ᠎ᠤᠨ ᠳᠤᠮᠳᠠᠴᠢ ᠬᠡᠮᠵᠢᠭᠳᠡᠯ > 300᠂ 2 ᠡᠳᠦᠷ (48 ᠴᠠᠭ)᠎ᠠᠴᠠ ᠳᠡᠭᠡᠭᠰᠢ ᠦᠷᠭᠦᠯᠵᠢᠯᠡᠨ᠎ᠡ; ᠡᠰᠡᠬᠦᠯ᠎ᠡ AQI ᠵᠢᠨ ᠡᠳᠦᠷ᠎ᠤᠨ ᠳᠤᠮᠳᠠᠴᠢ ᠬᠡᠮᠵᠢᠭᠳᠡᠯ᠎ᠨᠢ 500᠎ᠳᠤ ᠬᠦᠷᠴᠡᠢ ᠭᠡᠵᠦ ᠤᠷᠢᠳᠴᠢᠯᠠᠨ ᠵᠢᠱ᠌ᠢᠪᠡᠯ᠂ 《ᠤᠷᠢᠳᠴᠢᠯᠠᠨ ᠵᠢᠱ᠌ᠢᠬᠦ ᠡᠳᠦᠷ AQI > 200᠂ 72 ᠴᠠᠭ ᠦᠷᠭᠦᠯᠵᠢᠯᠡᠬᠦ ᠪᠥᠭᠡᠳ ᠡᠳᠦᠷ᠎ᠤᠨ AQI > 300᠂ 24 ᠴᠠᠭ ᠵᠢᠴᠢ ᠲᠡᠭᠦᠨ᠎ᠠᠴᠠ ᠳᠡᠭᠡᠭᠰᠢ ᠦᠷᠭᠦᠯᠵᠢᠯᠡᠬᠦ ᠪᠣᠯᠭ᠋ᠠᠨ ᠲᠣᠬᠢᠷᠠᠭᠤᠯᠤᠨ᠎ᠠ᠃
      ᠡᠭᠦᠨ᠎ᠤ ᠵᠡᠷᠭᠡ᠎ᠳᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠢ᠌ᠲᠡᠯᠡᠬᠦ ᠴᠠᠭ᠎ᠢ 24 ᠴᠠᠭ᠎ᠤᠨ ᠡᠮᠦᠨ᠎ᠡ ᠨᠡᠢ᠌ᠲᠡᠯᠡᠵᠦ ᠪᠠᠢ᠌ᠭᠰᠠᠨ᠎ᠠᠴᠠ 48 ᠴᠠᠭ ᠪᠣᠯᠭ᠋ᠠᠨ ᠲᠣᠬᠢᠷᠠᠭᠤᠯᠵᠤ᠂ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠤᠨ ᠪᠠᠴᠢᠮ ᠪᠠᠶ᠋ᠢᠳᠠᠯ ᠎ᠢ ᠠᠷᠭ᠋ᠠᠴᠠᠭ᠋ᠠᠬᠤ᠎ᠳᠤ ᠪᠡᠯᠡᠳᠬᠡᠬᠦ ᠴᠠᠭ᠎ᠢ ᠭᠦᠢ᠍ᠴᠡᠳ ᠬᠠᠩᠭ᠋ᠠᠵᠤ᠂ ᠬᠦᠨᠳᠦ ᠪᠣᠬᠢᠷᠲᠤᠯ᠎ᠤᠨ ᠶᠠᠪᠤᠴᠠ ᠬᠦᠷᠴᠦ ᠢᠷᠡᠬᠦ᠎ᠠᠴᠠ ᠡᠮᠦᠨ᠎ᠡ ᠡᠯ᠎ᠡ ᠵᠦᠢ᠍ᠯ᠎ᠤᠨ ᠪᠠᠴᠢᠮ ᠪᠠᠶ᠋ᠢᠳᠠᠯ᠎ᠢ ᠠᠷᠬᠠᠴᠠᠭ᠋ᠠᠬᠤ᠎ᠳᠤ ᠬᠡᠷᠡᠭᠵᠢᠭᠦᠯᠬᠦ ᠠᠷᠭ᠎ᠠ ᠬᠡᠮᠵᠢᠶ᠎ᠡ ᠵᠢ ᠪᠣᠳᠠᠲᠠᠢ ᠭᠠᠵᠠᠷ᠎ᠲᠤᠨᠢ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
      (ᠬᠣᠶᠠᠷ) ᠣᠷᠣᠨ ᠬᠤᠪᠢᠶᠠᠨ ᠬᠠᠮᠢᠶᠠᠷᠬᠤ ᠣᠷᠣᠨ ᠪᠦᠰᠡ ᠵᠢ ᠰᠢᠯᠢᠳᠡᠭᠵᠢᠭᠦᠯᠦᠨ ᠲᠣᠬᠢᠷᠠᠭᠤᠯᠪᠠ
      ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠶᠠᠪᠤᠴᠠ ᠵᠢ ᠣᠨᠣᠪᠴᠢᠲᠠᠢ ᠠᠷᠭ᠋ᠠᠴᠠᠭ᠋ᠠᠬᠤ ᠵᠢᠨ ᠲᠥᠯᠥᠭᠡ᠂ 2019 ᠣᠨ᠎ᠠᠴᠠ 2023 ᠣᠨ ᠪᠣᠯᠲᠠᠯᠠᠬᠢ ᠡᠯ᠎ᠡ ᠠᠶ᠋ᠢᠮᠠᠭ ᠬᠣᠲᠠ ᠵᠢᠨ ᠳᠤᠮᠳᠠ ᠵᠡᠷᠭᠡ᠎ᠠᠴᠠ ᠳᠡᠭᠡᠭᠰᠢᠬᠢ ᠪᠣᠬᠢᠷᠲᠤᠯ᠎ᠲᠠᠢ ᠴᠠᠭ ᠠᠭᠤᠷ ᠢᠯᠡᠷᠡᠭᠰᠡᠨ ᠤᠳᠠᠭ᠎ᠠ ᠵᠢᠴᠢ ᠨᠡᠯᠢᠶᠡᠳ ᠶᠡᠬᠡ ᠬᠡᠪᠴᠢᠶᠡᠨ᠎ᠤ ᠪᠣᠬᠢᠷᠲᠤᠯ᠎ᠤᠨ ᠶᠠᠪᠤᠴᠠ ᠵᠢᠨ ᠬᠠᠮᠢᠶ᠎ᠠ ᠪᠦᠬᠦᠢ ᠠᠶ᠋ᠢᠮᠠᠭ ᠬᠣᠲᠠ ᠬᠣᠰᠢᠭᠤ ᠰᠢᠶᠠᠨ᠎ᠢ ᠨᠥᠯᠥᠭᠡᠯᠡᠭᠰᠡᠨ ᠬᠡᠮᠵᠢᠶ᠎ᠡ ᠵᠢ ᠦᠨᠳᠦᠰᠦᠯᠡᠵᠦ᠂ ᠲᠣᠰ ᠤᠳᠠᠭ᠋ᠠᠨ᠎ᠤ ᠪᠡᠯᠡᠳᠬᠡᠯ ᠲᠥᠰᠥᠯ᠎ᠳᠤ ᠵᠠᠰᠠᠪᠤᠷᠢ ᠣᠷᠣᠭᠤᠯᠬᠤ᠎ᠳᠤ 2020 ᠣᠨ᠎ᠤ ᠬᠡᠪᠯᠡᠯ᠎ᠤᠨ ᠪᠡᠯᠡᠳᠬᠡᠯ ᠲᠥᠰᠥᠯ᠎ᠳᠠᠬᠢ 《ᠣᠷᠣᠨ ᠪᠦᠰᠡ ᠨᠢᠭᠡ᠄ ᠡᠭᠦᠨ᠎ᠳᠤ ᠬᠥᠬᠡᠬᠣᠲᠠ᠂ ᠪᠤᠭᠤᠲᠤ ᠬᠤᠳᠠ᠂ ᠪᠠᠶᠠᠨᠨᠠᠭᠤᠷ ᠬᠤᠳᠠ ᠪᠣᠯᠣᠨ ᠣᠷᠳᠣᠰ ᠬᠤᠳᠠ ᠵᠢᠨ ᠳᠠᠯᠠᠳ ᠬᠣᠰᠢᠭᠤ᠂ ᠵᠡᠭᠦᠨᠭ᠋ᠠᠷ ᠬᠣᠰᠢᠭᠤ》 ᠵᠢ ᠰᠢᠯᠢᠳᠡᠭᠵᠢᠭᠦᠯᠦᠨ 《ᠣᠷᠣᠨ ᠪᠦᠰᠡ ᠨᠢᠭᠡ᠎ᠳᠤ᠄ ᠬᠥᠬᠡᠬᠣᠲᠠ᠂ ᠪᠤᠭᠤᠲᠤ ᠬᠤᠳᠠ ᠵᠢᠨ ᠬᠥᠨᠳᠡᠯᠡᠨ ᠲᠣᠭᠣᠷᠢᠭ᠂ ᠴᠢᠩᠱ᠌ᠠᠨ ᠲᠣᠭᠣᠷᠢᠭ᠂ ᠳ᠋ᠦᠩ ᠾᠧ ᠲᠣᠭᠣᠷᠢᠭ᠂ ᠵᠢᠤᠶᠤᠸᠠᠨ ᠲᠣᠭᠣᠷᠢᠭ᠂ ᠪᠤᠭᠤᠲᠤ ᠵᠢᠨ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠂ ᠲᠦᠮᠡᠳ ᠪᠠᠷᠠᠭᠤᠨ ᠬᠣᠰᠢᠭᠤ᠂ ᠪᠠᠶᠠᠨᠨᠠᠭᠤᠷ ᠬᠤᠳᠠ ᠵᠢᠨ ᠯᠢᠨ ᠾᠧ ᠲᠣᠭᠣᠷᠢᠭ᠂ ᠦᠶᠤᠸᠠᠨ ᠰᠢᠶᠠᠨ᠂ ᠤᠷᠠᠳ᠎ᠤᠨ ᠡᠮᠦᠨᠡᠲᠦ ᠬᠣᠰᠢᠭᠤ᠂ ᠳ᠋ᠸᠨᠭ᠌ᠺᠸᠤ ᠰᠢᠶᠠᠨ ᠪᠣᠯᠣᠨ ᠣᠷᠳᠣᠰ ᠬᠤᠳᠠ ᠵᠢᠨ ᠳᠠᠯᠠᠳ ᠬᠣᠰᠢᠭᠤ᠂ ᠵᠡᠭᠦᠨᠭ᠋ᠠᠷ ᠬᠣᠰᠢᠭᠤ ᠪᠠᠭᠲᠠᠨ᠎ᠠ》 ᠭᠡᠵᠦ ᠲᠣᠭᠲᠠᠭ᠋ᠠᠵᠠᠢ᠃ ᠡᠭᠦᠨ᠎ᠤ ᠬᠠᠮᠲᠤ 《ᠣᠷᠣᠨ ᠪᠦᠰᠡ ᠭᠤᠷᠪᠠ᠄ ᠤᠯᠠᠭ᠋ᠠᠨᠬᠠᠳᠠ ᠬᠣᠲᠠ ᠵᠢᠨ ᠨᠢᠩᠴᠧᠩ ᠰᠢᠶᠠᠨ᠂ ᠶᠤᠸᠠᠨ ᠪᠦᠦ ᠱᠠᠨ ᠲᠣᠭᠣᠷᠢᠭ᠂ ᠰᠦᠩᠱ᠌ᠠᠨ ᠲᠣᠭᠣᠷᠢᠭ᠂ ᠬᠤᠩᠱ᠌ᠠᠨ ᠲᠣᠭᠣᠷᠢᠭ᠂ ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠂ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤ᠂ ᠨᠠᠢ᠍ᠮᠠᠨ ᠬᠣᠰᠢᠭᠤ᠂ ᠬᠦᠷᠢᠶ᠎ᠡ ᠬᠣᠰᠢᠭᠤ᠂ ᠺᠠᠢ᠌ᠯᠤ ᠰᠢᠶᠠᠨ᠎ᠢ ᠪᠠᠭᠲᠠᠭ᠋ᠠᠨ᠎ᠠ》 ᠭᠡᠰᠡᠨ ᠠᠭᠤᠯᠭ᠎ᠠ ᠵᠢ ᠨᠡᠮᠡᠪᠡ᠃
      (ᠭᠤᠷᠪᠠ) ᠣᠷᠣᠨ ᠪᠦᠰᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠨ ᠬᠠᠮᠲᠤᠷᠠᠨ ᠬᠥᠳᠡᠯᠦᠯᠴᠡᠬᠦ ᠳᠡᠰ ᠳᠠᠷᠠᠭ᠋ᠠᠯᠠᠯ᠎ᠢ ᠲᠡᠭᠦᠯᠳᠡᠷᠵᠢᠭᠦᠯᠪᠡ
      ᠲᠤᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ 《ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡᠨ᠎ᠤ ᠣᠷᠣᠨ ᠪᠦᠰᠡ ᠵᠢᠨ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠬᠦ ᠲᠥᠪ᠎ᠤᠨ ᠣᠷᠣᠨ ᠪᠦᠰᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠣᠯᠪᠤᠭ᠋ᠠᠯᠠᠨ ᠬᠥᠳᠡᠯᠦᠯᠴᠡᠬᠦ ᠰᠡᠷᠡᠮᠵᠢ ᠵᠢᠨ ᠳᠣᠬᠢᠶ᠎ᠠ ᠵᠢᠨ ᠮᠡᠳᠡᠭᠡ ᠵᠠᠩᠭᠢ ᠵᠢ ᠬᠦᠯᠢᠶᠡᠨ ᠠᠪᠬᠤ ᠦᠶ᠎ᠡ᠎ᠳᠤ᠂ ᠬᠣᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠢ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠤᠭᠰᠠᠨ ᠮᠡᠳᠡᠭᠡ ᠵᠠᠩᠭᠢ ᠵᠢ ᠦᠨᠳᠦᠰᠦᠯᠡᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢ᠎ᠳᠤᠨᠢ ᠨᠡᠢ᠌ᠲᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠲᠠᠰ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠴᠠᠭ᠎ᠢ ᠲᠤᠬᠠᠢ ᠵᠢᠨ ᠭᠠᠵᠠᠷ᠎ᠤᠨ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠭᠰᠡᠨ ᠦᠷ᠎ᠡ ᠳ᠋ᠦᠩ᠎ᠢ ᠦᠨᠳᠦᠰᠦᠯᠡᠨ ᠲᠣᠭᠲᠠᠭ᠋ᠠᠬᠤ ᠦᠭᠡᠢ》 ᠪᠠᠶ᠋ᠢᠬᠤ ᠵᠢ ᠱᠠᠭ᠋ᠠᠷᠳᠠᠵᠤ᠂ ᠣᠷᠣᠨ ᠪᠦᠰᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠨ ᠬᠣᠯᠪᠤᠭ᠋ᠠᠯᠠᠨ ᠬᠥᠳᠡᠯᠦᠯᠴᠡᠬᠦ ᠱᠠᠭ᠋ᠠᠷᠳᠠᠯᠭ᠎ᠠ ᠵᠢ ᠲᠡᠭᠦᠯᠳᠡᠷᠵᠢᠭᠦᠯᠪᠡ᠃
      (ᠳᠥᠷᠪᠡ) ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠨ ᠬᠠᠮᠵᠢᠯᠴᠠᠬᠤ ᠠᠷᠭ᠎ᠠ ᠬᠡᠮᠵᠢᠶ᠎ᠡ ᠵᠢ ᠵᠢᠷᠤᠮᠵᠢᠭᠤᠯᠪᠠ
      1. 《ᠣᠽᠣᠨ (O3)᠎ᠤ ᠪᠣᠬᠢᠷᠲᠤᠯ᠎ᠠᠴᠠ ᠪᠣᠯᠤᠭᠰᠠᠨ ᠬᠦᠨᠳᠦ ᠪᠣᠬᠢᠷᠲᠤᠯ᠎ᠲᠠᠢ ᠴᠠᠭ ᠠᠭᠤᠷ》᠎ᠲᠤ ᠠᠪᠬᠤ ᠴᠢᠬᠤᠯᠠᠲᠠᠢ ᠡᠷᠡᠭᠦᠯ ᠮᠠᠨᠳᠤ ᠵᠢᠨ ᠬᠠᠮᠠᠭ᠋ᠠᠯᠠᠯᠲᠠ᠂ ᠰᠠᠨᠠᠭ᠋ᠠᠴᠢᠯᠠᠭ᠎ᠠ ᠵᠢᠨ ᠴᠢᠨᠠᠷᠲᠠᠢ ᠪᠣᠬᠢᠷᠲᠤᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢᠴᠢ ᠠᠯᠪᠠᠳᠠᠯᠭ᠎ᠠ ᠵᠢᠨ ᠴᠢᠨᠠᠷᠲᠠᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠥᠬᠥᠪᠦᠷᠢᠯᠡᠪᠡ᠃
      2. ᠵᠦᠷᠢᠶᠡᠴᠢᠯᠡᠭᠰᠡᠨ ᠲᠠᠰ ᠬᠤᠪᠢᠶᠠᠬᠤ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠨᠥᠬᠥᠪᠦᠷᠢᠯᠡᠵᠦ᠂ 《ᠵᠦᠷᠢᠶᠡᠴᠢᠯᠡᠭᠰᠡᠨ ᠲᠠᠰ ᠬᠤᠪᠢᠶᠠᠭᠰᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠠᠮᠵᠢᠯᠲᠠ ᠪᠦᠲᠦᠮᠵᠢ ᠵᠢᠨ A ᠲᠠᠰ᠎ᠤᠨ ᠪᠠᠷᠢᠮᠵᠢᠶ᠎ᠠ᠎ᠳᠤ ᠬᠦᠷᠦᠭᠰᠡᠨ ᠠᠵᠤ ᠠᠬᠤᠢ᠌ᠯᠠᠯ᠎ᠳᠤ ᠵᠠᠷᠴᠢᠮ ᠳᠡᠭᠡᠷ᠎ᠡ᠎ᠪᠠᠨ ᠠᠯᠪᠠᠳᠠᠯᠭ᠎ᠠ᠎ᠪᠠᠷ ᠦᠢ᠍ᠯᠡᠳᠪᠦᠷᠢᠯᠡᠯ᠎ᠢ᠎ᠨᠢ ᠵᠣᠭᠰᠤᠭ᠋ᠠᠬᠤ ᠪᠤᠶᠤ ᠦᠢ᠍ᠯᠡᠳᠪᠦᠷᠢᠯᠡᠯ᠎ᠢ᠎ᠨᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠬᠤ ᠦᠭᠡᠢ; ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠠᠮᠵᠢᠯᠲᠠ ᠪᠦᠲᠦᠮᠵᠢ ᠵᠢᠨ B ᠳᠡᠰ᠎ᠤᠨ ᠪᠠᠷᠢᠮᠵᠢᠶ᠎ᠠ᠎ᠳᠤ ᠬᠦᠷᠦᠭᠰᠡᠨ ᠠᠵᠤ ᠠᠬᠤᠢ᠌ᠯᠠᠯ᠎ᠳᠤ ᠦᠢ᠍ᠯᠡᠳᠪᠦᠷᠢᠯᠡᠯ᠎ᠢ᠎ᠨᠢ ᠵᠣᠭᠰᠤᠭ᠋ᠠᠬᠤ ᠪᠤᠶᠤ ᠦᠢ᠍ᠯᠡᠳᠪᠦᠷᠢᠯᠡᠯ᠎ᠢ᠎ᠨᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠬᠤ ᠵᠢ ᠪᠠᠭ᠋ᠠᠰᠬᠠᠨ᠎ᠠ᠄ ᠪᠣᠬᠢᠷᠲᠤᠯ᠎ᠢ ᠵᠠᠰᠠᠬᠤ ᠬᠢᠷᠢ ᠲᠦᠪᠰᠢᠨ ᠵᠶ᠋ᠠᠷ ᠳᠣᠣᠷ᠎ᠠ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠳᠤ ᠦᠢ᠍ᠯᠡᠳᠪᠦᠷᠢᠯᠡᠯ᠎ᠢ᠎ᠨᠢ ᠵᠣᠭᠰᠤᠭ᠋ᠠᠬᠤ ᠪᠤᠶᠤ ᠦᠢ᠍ᠯᠡᠳᠪᠦᠷᠢᠯᠡᠯ᠎ᠢ᠎ᠨᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢᠨ ᠡᠷᠴᠢᠮ᠎ᠢ ᠴᠢᠩᠭ᠋ᠠᠷᠠᠭᠤᠯᠵᠤ᠂ ᠴᠢᠳᠠᠪᠤᠷᠢ᠎ᠲᠠᠢ ᠠᠵᠤ ᠠᠬᠤᠢ᠌ᠯᠠᠯ᠎ᠤᠨ ᠬᠦᠨᠳᠦ ᠪᠣᠬᠢᠷᠲᠤᠯ᠎ᠲᠠᠢ ᠴᠠᠭ ᠠᠭᠤᠷ ᠡᠭᠦᠰᠬᠦ ᠦᠶ᠎ᠡ᠎ᠳᠤ ᠤᠯᠠᠮ ᠨᠢᠭᠡ ᠠᠯᠬᠤᠮ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠠᠪᠬᠤ ᠵᠢ ᠵᠣᠷᠢᠭᠵᠢᠭᠤᠯᠤᠨ᠎ᠠ》 ᠭᠡᠵᠦ ᠲᠣᠭᠲᠠᠭ᠋ᠠᠵᠠᠢ᠃
      ᠮᠡᠳᠡᠭᠡ ᠵᠠᠩᠭᠢ ᠵᠢᠨ ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠢᠷᠤᠭᠲᠤ ᠲᠠᠢ᠌ᠯᠤᠮᠵᠢ᠄ 《2024 ᠣᠨ᠎ᠤ ᠳᠡᠭᠡᠷ᠎ᠡ ᠬᠠᠭ᠋ᠠᠰ ᠵᠢᠯ᠎ᠳᠤ᠂ ᠠᠷᠠᠳ᠎ᠤᠨ ᠠᠮᠢᠳᠤᠷᠠᠯ᠎ᠤᠨ ᠲᠤᠬᠠᠢ ᠡᠳᠡᠭᠡᠷ ᠰᠠᠢ᠌ᠨ ᠴᠢᠮᠡᠭᠡ ᠪᠣᠢ》
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠥᠭᠡᠷᠡᠴᠢᠯᠡᠯᠲᠡ ᠵᠢᠨ ᠲᠥᠰᠥᠯ》
ᠵᠢᠷᠤᠭᠲᠤ ᠲᠠᠢ᠌ᠯᠤᠮᠵᠢ᠄ 《ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》
ᠵᠢᠷᠤᠭᠲᠤ ᠲᠠᠢ᠌ᠯᠤᠮᠵᠢ᠄ 《ᠥᠭᠡᠷᠡᠴᠢᠯᠡᠯᠲᠡ ᠬᠢᠬᠦ᠎ᠳᠤ ᠭᠠᠳᠠᠨᠠᠬᠢ ᠬᠥᠮᠥᠨ ᠭᠡᠵᠦ ᠥᠯᠥ ᠪᠠᠢ᠌ᠨᠠᠮ᠂ ᠬᠥᠨᠳᠡᠯᠡᠨ᠎ᠤ ᠬᠥᠮᠥᠨ ᠥᠯᠥ ᠪᠣᠯᠣᠨᠠᠮ》
ᠵᠢᠷᠤᠭᠲᠤ ᠲᠠᠢ᠌ᠯᠤᠮᠵᠢ᠄ 《ᠬᠦᠨᠳᠦ ᠡᠪᠡᠳᠴᠢᠨ᠎ᠤ ᠳᠠᠭ᠋ᠠᠳᠬᠠᠯ᠎ᠢ ᠲᠤᠰᠬᠠᠢ᠌ᠯᠠᠨ ᠠᠪᠬᠤ ᠴᠢᠬᠤᠯᠠ ᠦᠭᠡᠢ᠂ ᠨᠢᠷᠠᠢ ᠬᠡᠦᠬᠡᠳ᠎ᠢ 〈ᠲᠥᠷᠥᠮᠡᠭᠴᠡ ᠳᠠᠭ᠋ᠠᠳᠬᠠᠯ᠎ᠲᠠᠢ ᠪᠣᠯᠭ᠋ᠠᠨ᠎ᠠ〉 ᠁ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠰᠢᠨ᠎ᠡ᠎ᠪᠠᠷ ᠨᠡᠢ᠌ᠲᠡᠯᠡᠪᠡ》
 
             蒙ICP备05000248号