ᠥᠪᠥᠷ ᠵᠠᠰᠠᠭ ᠲᠠᠷᠬᠠᠭ᠋ᠠᠭᠰᠠᠨ [2020] 20 ᠳ᠋ᠤᠭ᠋ᠠᠷ ᠲᠣᠭ᠋ᠠᠲᠤ 2020 ᠣᠨ᠎ᠤ 12 ᠳ᠋ᠤᠭ᠋ᠠᠷ ᠰᠠᠷ᠎ᠠ ᠵᠢᠨ 4᠎ᠤ ᠡᠳᠦᠷ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠭᠡ
ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ
ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ ᠠᠵᠢᠯ᠎ᠢ ᠵᠢᠷᠤᠮᠵᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠤᠰᠠᠳᠠ᠂ 《ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠲᠦᠷ ᠬᠡᠷᠡᠭᠵᠢᠭᠦᠯᠬᠦ ᠳᠦᠷᠢᠮ》᠎ᠢ ᠦᠨᠳᠦᠰᠦᠯᠡᠨ᠂ ᠲᠤᠰ ᠲᠣᠭᠲᠠᠭ᠋ᠠᠯ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ (ᠳᠣᠷᠣᠭᠰᠢ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠪᠠᠶ᠋ᠢᠭᠤᠯᠭ᠎ᠠ ᠭᠡᠵᠦ ᠲᠣᠪᠴᠢᠯᠠᠨ᠎ᠠ)᠎ᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ ᠠᠵᠢᠯ᠎ᠳᠤ ᠲᠤᠰ ᠲᠣᠭᠲᠠᠭ᠋ᠠᠯ᠎ᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ᠎ᠳᠤ ᠡᠷᠬᠡᠪᠰᠢ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠪᠠ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠤᠳᠤᠷᠢᠳᠬᠤ ᠭᠤᠤᠯᠯᠠᠭᠴᠢ ᠦᠢ᠍ᠯᠡᠳᠦᠯ᠎ᠢ ᠪᠠᠳᠠᠷᠠᠭᠤᠯᠤᠨ᠂ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠪᠥᠬᠦ ᠶᠠᠪᠤᠴᠠ᠎ᠳᠤ ᠨᠠᠮ᠎ᠤᠨ ᠤᠳᠤᠷᠢᠳᠤᠯᠭ᠎ᠠ ᠵᠢ ᠲᠤᠭᠤᠰᠢᠯᠠᠭᠤᠯᠬᠤ ᠬᠡᠷᠡᠭᠲᠡᠶ᠃
ᠳᠥᠷᠪᠡᠳᠦᠭᠡᠷ ᠵᠦᠢ᠍ᠯ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠶ᠋ᠢᠭᠤᠯᠭ᠎ᠠ ᠨᠢᠭᠡᠳᠦᠯᠲᠡᠶ ᠤᠳᠤᠷᠢᠳᠤᠭᠰᠠᠨ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠵᠦ ᠬᠠᠷᠢᠭᠤᠴᠠᠭᠰᠠᠨ᠂ ᠬᠠᠮᠢᠶ᠎ᠠ ᠪᠥᠬᠦᠶ ᠨᠢᠭᠡᠴᠢ ᠲᠤᠰᠠᠯᠠᠵᠤ ᠬᠠᠮᠵᠢᠯᠴᠠᠭᠰᠠᠨ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠃
ᠲᠠᠪᠤᠳᠤᠭ᠋ᠠᠷ ᠵᠦᠢ᠍ᠯ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠬᠡᠷᠡᠭᠵᠢᠭᠦᠯᠬᠦ ᠵᠢ ᠬᠠᠷᠢᠭᠤᠴᠠᠬᠤ ᠨᠢᠭᠡᠴᠢ (ᠳᠣᠷᠣᠭᠰᠢ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ ᠨᠢᠭᠡᠴᠢ ᠭᠡᠵᠦ ᠲᠣᠪᠴᠢᠯᠠᠨ᠎ᠠ)᠎ᠪᠠᠨ ᠲᠣᠳᠣᠷᠬᠠᠢ ᠲᠣᠭᠲᠠᠭ᠋ᠠᠵᠤ᠂ ᠰᠢᠢ᠍ᠳᠪᠦᠷᠢᠲᠦ ᠪᠤᠳᠤᠯᠭ᠎ᠠ ᠵᠢᠨ ᠵᠦᠢ᠍ᠯᠡᠰ᠎ᠢ ᠬᠤᠶᠠᠷ ᠵᠢᠴᠢ ᠲᠡᠭᠦᠨ᠎ᠠᠴᠠ ᠣᠯᠠᠨ ᠨᠢᠭᠡᠴᠢ ᠬᠡᠷᠡᠭᠵᠢᠭᠦᠯᠬᠦ ᠴᠢᠬᠤᠯᠠᠲᠠᠶ ᠪᠠᠶ᠋ᠢᠪᠠᠯ᠂ ᠲᠦᠷᠦᠭᠦᠯᠡᠨ ᠬᠡᠷᠡᠭᠵᠢᠭᠦᠯᠬᠦ ᠨᠢᠭᠡᠴᠢ ᠵᠢ ᠲᠣᠳᠣᠷᠬᠠᠢ ᠲᠣᠭᠲᠠᠭ᠋ᠠᠬᠤ ᠬᠡᠷᠡᠭᠲᠡᠶ᠃
ᠵᠢᠷᠭᠤᠳᠤᠭ᠋ᠠᠷ ᠵᠦᠢ᠍ᠯ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠨᠢ ᠲᠣᠰ ᠨᠢᠭᠡᠴᠢ (ᠲᠣᠰ ᠰᠢᠰᠲ᠋ᠧᠮ) ᠵᠢᠨ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠬᠡᠷᠡᠭᠵᠢᠭᠦᠯᠬᠦ ᠠᠵᠢᠯ᠎ᠢ ᠪᠣᠳᠠᠲᠠᠶ ᠬᠠᠷᠢᠭᠤᠴᠠᠬᠤ ᠬᠡᠷᠡᠭᠲᠡᠢ᠃
ᠳᠣᠯᠣᠳᠤᠭ᠋ᠠᠷ ᠵᠦᠢ᠍ᠯ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠮᠢᠶ᠎ᠠ ᠪᠥᠬᠦᠶ ᠰᠠᠯᠠᠭ᠎ᠠ ᠮᠥᠴᠢᠷ᠎ᠢ ᠵᠣᠬᠢᠴᠠᠭᠤᠯᠵᠤ ᠪᠠᠶ᠋ᠢᠭ᠋ᠠᠳ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠬᠡᠷᠡᠭᠵᠢᠭᠦᠯᠬᠦ ᠠᠵᠢᠯ᠎ᠢ ᠨᠠᠶ᠋ᠢᠳᠠᠪᠤᠷᠢᠵᠢᠭᠤᠯᠬᠤ ᠬᠡᠷᠡᠭᠲᠡᠶ᠃
ᠨᠠᠢ᠍ᠮᠠᠳᠤᠭ᠋ᠠᠷ ᠵᠦᠢ᠍ᠯ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ ᠵᠶ᠋ᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠮᠳᠠᠭᠤᠯᠤᠨ ᠪᠠᠶ᠋ᠢᠴᠠᠭ᠋ᠠᠬᠤ ᠠᠵᠢᠯ᠎ᠤᠨ ᠬᠡᠪᠴᠢᠶᠡᠨ᠎ᠳᠤ ᠣᠷᠣᠭᠤᠯᠵᠤ᠂ ᠪᠠᠶ᠋ᠢᠩᠭᠤᠵᠢᠭᠰᠠᠨ ᠮᠦᠷᠳᠡᠨ ᠪᠠᠶ᠋ᠢᠴᠠᠭ᠋ᠠᠯᠲᠠ ᠵᠢ ᠬᠡᠷᠡᠭᠵᠢᠭᠦᠯᠦᠨ᠂ ᠬᠡᠷᠡᠭᠵᠢᠭᠦᠯᠬᠦ ᠠᠬᠢᠴᠠ᠂ ᠦᠷ᠎ᠡ ᠪᠦᠲᠦᠮᠵᠢ ᠵᠢᠴᠢ ᠣᠷᠣᠰᠢᠵᠤ ᠪᠠᠶ᠋ᠢᠭ᠎ᠠ ᠠᠰᠠᠭᠤᠳᠠᠯ᠎ᠢ ᠴᠠᠭ ᠲᠤᠬᠠᠶ᠎ᠳᠤᠨᠢ ᠡᠵᠡᠮᠰᠢᠬᠦ ᠬᠡᠷᠡᠭᠲᠡᠢ᠃
ᠶᠢᠰᠦᠳᠦᠭᠡᠷ ᠵᠦᠢ᠍ᠯ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ ᠨᠢᠭᠡᠴᠢ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠪᠦᠬᠦ ᠲᠠᠯ᠎ᠠ᠎ᠪᠠᠷ᠂ ᠴᠠᠭ ᠲᠤᠬᠠᠢᠳᠤᠨᠢ᠂ ᠵᠥᠪ ᠣᠨᠣᠪᠴᠢᠲᠠᠢ ᠬᠠᠤᠯᠢ ᠶᠣᠰᠤᠭ᠋ᠠᠷ ᠬᠡᠷᠡᠭᠵᠢᠭᠦᠯᠬᠦ ᠵᠢᠨ ᠬᠠᠮᠲᠤ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠪᠠᠶ᠋ᠢᠭᠤᠯᠭ᠎ᠠ᠎ᠳᠤ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ ᠵᠶ᠋ᠠᠨ ᠮᠡᠳᠡᠭᠦᠯᠬᠦ ᠬᠡᠷᠡᠭᠲᠡᠶ᠃
ᠠᠷᠪᠠᠳᠤᠭ᠋ᠠᠷ ᠵᠦᠢ᠍ᠯ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠪᠣᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ ᠨᠢᠭᠡᠳᠦᠭᠡᠷ ᠬᠠᠷᠢᠭᠤᠴᠠᠯᠭ᠋ᠠᠲᠠᠨ ᠮᠦᠨ᠂ ᠪᠤᠰᠤᠳ ᠬᠠᠷᠢᠭᠤᠴᠠᠯᠭ᠋ᠠᠲᠠᠨ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠲᠠᠯ᠎ᠠ ᠵᠢᠨ ᠵᠣᠬᠢᠬᠤ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠶ᠋ᠢᠭᠤᠯᠭ᠎ᠠ ᠪᠠ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠯ᠎ᠠ᠎ᠪᠠᠷ᠎ᠬᠢ ᠬᠤᠯᠪᠣᠭᠳᠠᠯ ᠪᠥᠬᠦᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠢᠮ᠎ᠢ ᠵᠠᠰᠠᠭ᠎ᠤᠨ ᠣᠷᠳᠣᠨ᠎ᠤ ᠣᠨᠣᠯ᠎ᠤᠨ ᠰᠤᠷᠤᠯᠴᠠᠯᠭ᠎ᠠ ᠵᠢᠨ ᠭᠤᠤᠯ ᠳᠤᠭᠤᠶ᠋ᠢᠯᠠᠩ᠎ᠤᠨ ᠰᠤᠷᠤᠯᠴᠠᠬᠤ ᠪᠤᠶᠤ ᠬᠠᠤᠯᠢ ᠲᠦᠷᠢᠮ᠎ᠢ ᠤᠬᠠᠭᠤᠯᠵᠤ ᠪᠣᠯᠪᠠᠰᠤᠷᠠᠭᠤᠯᠬᠤ ᠠᠭᠤᠯᠭ᠎ᠠ᠎ᠳᠤ ᠣᠷᠣᠭᠤᠯᠬᠤ ᠬᠡᠷᠡᠭᠲᠡᠶ᠃
ᠠᠷᠪᠠᠨ ᠬᠤᠶᠠᠳᠤᠭ᠋ᠠᠷ ᠵᠦᠢ᠍ᠯ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ ᠵᠢᠨ ᠭᠤᠤᠯ ᠬᠠᠷᠢᠭᠤᠴᠠᠯᠭ᠋ᠠᠲᠠᠨ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠭᠰᠡᠨ ᠪᠠᠶ᠋ᠢᠳᠠᠯ ᠵᠶ᠋ᠠᠨ ᠵᠢᠯ᠎ᠤᠨ ᠡᠴᠦᠰ᠎ᠤᠨ ᠲᠤᠰᠢᠶᠠᠯ᠎ᠤᠨ ᠮᠡᠳᠡᠭᠦᠯᠦᠯᠲᠡ᠎ᠳᠤ ᠣᠷᠣᠭᠤᠯᠬᠤ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ ᠵᠶ᠋ᠠᠷ᠎ᠨᠢ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠨᠢᠭᠡᠴᠢ ᠵᠢᠴᠢ ᠲᠡᠳᠡᠭᠡᠷ᠎ᠤᠨ ᠬᠠᠷᠢᠭᠤᠴᠠᠯᠭ᠋ᠠᠲᠠᠨ ᠨᠠᠷ᠎ᠢ ᠰᠢᠯᠭ᠋ᠠᠨ ᠬᠢᠨᠠᠵᠤ ᠦᠨᠡᠯᠡᠬᠦ ᠵᠢᠨ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠶ᠃
ᠠᠷᠪᠠᠨ ᠭᠤᠷᠪᠠᠳᠤᠭ᠋ᠠᠷ ᠵᠦᠢ᠍ᠯ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯ ᠬᠤᠷᠠᠯᠳᠤᠭᠤᠯᠵᠤ᠂ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠬᠡᠷᠡᠭᠵᠢᠭᠦᠯᠬᠦ ᠠᠵᠢᠯ᠎ᠢ ᠲᠤᠰᠬᠠᠶ ᠰᠡᠳᠦᠪ ᠵᠶ᠋ᠠᠷ ᠰᠤᠳᠤᠯᠬᠤ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ ᠬᠠᠤᠯᠢ ᠶᠣᠰᠣᠭ᠋ᠠᠷ ᠭᠠᠷᠭ᠋ᠠᠭᠰᠠᠨ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠪᠣᠯ ᠬᠠᠤᠯᠢ᠎ᠪᠠᠷ ᠲᠣᠭᠲᠠᠭ᠋ᠠᠭᠰᠠᠨ ᠵᠢᠷᠤᠮ᠎ᠢ ᠳᠠᠮᠵᠢᠭᠰᠠᠨ ᠥᠬᠡᠶ ᠪᠠᠶ᠋ᠢᠪᠠᠯ ᠳᠤᠷ᠎ᠠ᠎ᠪᠠᠷ ᠬᠤᠪᠢᠷᠠᠭ᠋ᠠᠬᠤ ᠪᠤᠶᠤ ᠬᠡᠷᠡᠭᠵᠢᠭᠦᠯᠬᠦ ᠵᠢ᠎ᠨᠢ ᠵᠣᠭᠰᠣᠭ᠋ᠠᠵᠤ ᠪᠣᠯᠬᠤ ᠥᠬᠡᠶ᠃
ᠠᠷᠪᠠᠨ ᠲᠠᠪᠤᠳᠤᠭ᠋ᠠᠷ ᠵᠦᠢ᠍ᠯ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ ᠨᠢᠭᠡᠴᠢ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠣᠷᠣᠰᠢᠵᠤ ᠪᠠᠶ᠋ᠢᠭ᠎ᠠ ᠠᠰᠠᠭᠤᠳᠠᠯ᠂ ᠪᠤᠰᠤᠳᠴᠢ ᠪᠠᠶ᠋ᠢᠳᠠᠯ᠎ᠠᠴᠠ ᠪᠣᠯᠵᠤ ᠴᠢᠬᠤᠯᠠ ᠶᠡᠭᠡ ᠬᠤᠪᠢᠷᠠᠯᠲᠠ ᠭᠠᠷᠤᠭᠰᠠᠨ᠂ ᠡᠰᠡᠬᠦᠯ᠎ᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ ᠳᠠᠭ᠋ᠠᠭ᠋ᠠᠬᠤ ᠠᠷᠭ᠎ᠠ ᠦᠭᠡᠢ ᠬᠦᠴᠦᠨ ᠡᠭᠦᠰᠦᠭᠰᠡᠨ ᠵᠡᠷᠭᠡ ᠰᠢᠢ᠍ᠳᠪᠦᠷᠢᠲᠦ ᠪᠣᠳᠣᠯᠭ᠎ᠠ᠎ᠳᠤ ᠲᠣᠭᠲᠠᠭ᠋ᠠᠭᠰᠠᠨ ᠬᠠᠷᠠᠯᠲᠠ ᠵᠢᠨ ᠪᠡᠶᠡᠯᠡᠭᠳᠡᠬᠦ ᠵᠢ ᠬᠦᠨᠳᠦ ᠨᠣᠴᠢᠲᠠᠶ ᠨᠥᠯᠥᠭᠡᠯᠡᠭᠰᠡᠨᠢ ᠣᠯᠵᠤ ᠮᠡᠳᠡᠪᠡᠯ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠭᠰᠠᠨ ᠪᠠᠶ᠋ᠢᠭᠤᠯᠭ᠎ᠠ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃ ᠠᠷᠪᠠᠨ ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠎ᠠ ᠦᠨᠡᠯᠡᠨ ᠵᠢᠱ᠌ᠢᠯᠲᠡ ᠬᠢᠬᠦ᠎ᠳᠤ᠂ ᠪᠣᠳᠠᠲᠠᠶ ᠦᠨᠡᠯᠡᠨ ᠵᠢᠱ᠌ᠢᠬᠦ ᠠᠵᠢᠯ᠎ᠢ ᠡᠭᠦᠷᠭᠡᠯᠡᠭᠰᠡᠨ ᠨᠢᠭᠡᠴᠢ᠎ᠨᠢ ᠰᠢᠢ᠍ᠳᠪᠦᠷᠢᠲᠦ ᠪᠣᠳᠣᠯᠭ᠎ᠠ ᠲᠣᠭᠲᠠᠭ᠋ᠠᠭᠰᠠᠨ ᠪᠠᠶ᠋ᠢᠭᠤᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠋ᠠᠬᠢ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠦᠭᠰᠡᠨ ᠪᠥᠬᠦ ᠶᠠᠪᠤᠴᠠ ᠵᠢ᠎ᠨᠢ ᠲᠡᠮᠳᠡᠭᠯᠡᠬᠦ ᠲᠥᠷᠢᠮ᠎ᠢ ᠪᠠᠶ᠋ᠢᠭᠤᠯᠤᠨ ᠪᠥᠷᠢᠨᠰᠢᠬᠦᠯᠵᠤ᠂ ᠳᠠᠩᠰᠠ ᠡᠪᠬᠡᠮᠡᠯ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠠᠬᠢ ᠮᠠᠲ᠋ᠧᠷᠢᠶᠠᠯ᠎ᠤᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠬᠠᠳᠠᠭ᠋ᠠᠯᠠᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ ᠨᠢᠭᠡᠴᠢ᠎ᠨᠢ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ ᠵᠶ᠋ᠠᠨ ᠰᠣᠨᠢᠨ ᠰᠡᠳᠬᠦᠯ᠂ ᠵᠠᠰᠠᠭ᠎ᠤᠨ ᠣᠷᠳᠣᠨ᠎ᠤ ᠰᠦᠯᠵᠢᠶ᠎ᠡ ᠵᠡᠷᠭᠡ᠎ᠪᠠᠷ ᠳᠠᠮᠵᠢᠭᠤᠯᠤᠨ ᠨᠡᠶ᠋ᠢᠭᠡᠮ᠎ᠳᠤ ᠬᠠᠤᠯᠢ ᠶᠣᠰᠣᠭ᠋ᠠᠷ ᠢᠯᠡ ᠪᠣᠯᠭ᠋ᠠᠬᠤ ᠬᠡᠷᠡᠭᠲᠡᠢ᠂ ᠢᠯᠡ ᠪᠣᠯᠭ᠋ᠠᠵᠤ ᠪᠣᠯᠬᠤ ᠦᠭᠡᠢ᠎ᠨᠢ ᠡᠭᠦᠨ᠎ᠳᠤ ᠪᠠᠭᠲᠠᠬᠤ ᠦᠭᠡᠢ᠃
ᠠᠷᠪᠠ ᠶᠢᠰᠦᠳᠦᠭᠡᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ᠎ᠳᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠪᠠ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠢᠨᠠᠯᠲᠠ ᠲᠠᠯᠪᠢᠯᠳᠠ ᠵᠢ ᠰᠠᠨᠠᠭ᠋ᠠᠴᠢᠯᠠᠭ᠎ᠠ᠎ᠠᠴᠠ᠎ᠪᠠᠨ ᠬᠥᠯᠢᠶᠡᠬᠦ ᠬᠡᠷᠡᠭᠲᠡᠶ᠃
ᠬᠤᠷᠢᠳᠤᠭ᠋ᠠᠷ ᠵᠦᠢ᠍ᠯ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶ᠋ᠢᠨ᠎ᠠ ᠭᠡᠵᠦ ᠦᠵᠡᠪᠡᠯ᠂ ᠵᠠᠬᠢᠳᠠᠯ ᠴᠢᠮᠡᠭᠡ᠂ ᠤᠲᠠᠰᠤ᠂ ᠡᠯᠧᠺᠳ᠋ᠷᠣᠨ ᠰᠢᠤᠳᠠᠨ᠎ᠤ ᠵᠦᠢ᠍ᠯ ᠵᠡᠷᠭᠡ ᠠᠷᠭ᠎ᠠ ᠮᠠᠶᠢᠭ ᠵᠶ᠋ᠠᠷ ᠢᠯᠡᠴᠢᠯᠡᠨ ᠮᠡᠳᠡᠭᠦᠯᠵᠦ᠂ ᠵᠠᠭ᠋ᠠᠯᠳᠤᠵᠤ ᠪᠣᠯᠤᠨ᠎ᠠ᠂ ᠬᠤᠯᠪᠣᠭᠳᠠᠯ ᠪᠦᠬᠦᠢ ᠪᠠᠶ᠋ᠢᠭᠤᠯᠭ᠎ᠠ᠎ᠨᠢ ᠴᠠᠭ ᠲᠤᠬᠠᠶ᠎ᠳᠤᠨᠢ ᠬᠦᠯᠢᠶᠡᠨ ᠠᠪᠴᠤ ᠭᠦᠢ᠍ᠴᠡᠳᠭᠡᠬᠦ ᠵᠢᠨ ᠬᠠᠮᠲᠤ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃
ᠬᠤᠷᠢᠨ ᠨᠢᠭᠡᠳᠦᠭᠡᠷ ᠵᠦᠢ᠍ᠯ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠳᠤ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠭᠰᠠᠨ ᠪᠠᠶ᠋ᠢᠭᠤᠯᠭ᠎ᠠ᠎ᠨᠢ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠤᠭᠤᠯᠬᠤ ᠬᠡᠷᠡᠭᠲᠡᠶ; ᠵᠠᠯᠠᠷᠠᠭᠤᠯᠬᠤ ᠵᠢ ᠲᠡᠪᠴᠢᠭᠰᠡᠨ ᠪᠠᠶ᠋ᠢᠪᠠᠯ᠂ ᠲᠡᠳᠡᠭᠡᠷ᠎ᠤᠨ ᠭᠤᠤᠯ ᠬᠠᠷᠢᠭᠤᠴᠠᠯᠭ᠋ᠠᠲᠠᠨ᠎ᠲᠠᠢ᠎ᠨᠢ ᠪᠣᠯᠵᠣᠨ ᠶᠠᠷᠢᠯᠴᠠᠬᠤ ᠵᠢᠨ ᠬᠠᠮᠲᠤ᠂ ᠰᠢᠢ᠍ᠳᠪᠦᠷᠢᠲᠦ ᠪᠤᠳᠤᠯᠭ᠎ᠠ ᠬᠡᠷᠡᠭᠵᠢᠭᠦᠯᠬᠦ ᠨᠢᠭᠡᠴᠢ ᠵᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠲᠤᠰᠢᠶᠠᠯᠲᠠᠨ᠎ᠤ ᠵᠠᠰᠠᠭ᠎ᠤᠨ ᠶᠠᠪᠤᠳᠠᠯ᠎ᠤᠨ ᠰᠢᠢ᠍ᠳᠭᠡᠯ᠎ᠤᠨ ᠬᠠᠤᠯᠢ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠠᠶ᠋ᠢᠳᠠᠯ᠎ᠳᠤ ᠨᠡᠶ᠋ᠢᠴᠡᠭᠰᠡᠨ ᠪᠠᠶ᠋ᠢᠪᠠᠯ᠂ ᠬᠠᠷᠢᠭᠤᠴᠠᠯᠭ᠎ᠠ᠎ᠲᠠᠢ ᠤᠳᠤᠷᠢᠳᠬᠤ ᠬᠦᠮᠦᠰ ᠪᠠ ᠰᠢᠭᠤᠳ ᠬᠠᠷᠢᠭᠤᠴᠠᠯᠭ᠋ᠠᠲᠠᠨ᠎ᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
(ᠨᠢᠭᠡ) ᠲᠦᠷᠦᠭᠦᠯᠡᠨ ᠬᠢᠬᠦ᠂ ᠬᠠᠮᠵᠢᠯᠴᠠᠬᠤ ᠵᠡᠷᠭᠡ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠎ᠨᠢ ᠰᠤᠯᠠ ᠪᠠᠶ᠋ᠢᠬᠤ;
(ᠬᠤᠶᠠᠷ) ᠬᠡᠷᠡᠭᠵᠢᠭᠦᠯᠬᠦ ᠵᠢ ᠲᠡᠪᠴᠢᠭᠰᠡᠨ᠂ ᠲᠦᠯᠬᠢᠯᠴᠡᠭᠰᠡᠨ ᠪᠠ ᠬᠤᠶ᠋ᠢᠰᠢᠯᠠᠭᠤᠯᠤᠭᠰᠠᠨ ᠪᠠᠶ᠋ᠢᠬᠤ;
(ᠭᠤᠷᠪᠠ) ᠴᠢᠬᠤᠯᠠ ᠶᠡᠭᠡ ᠠᠰᠠᠭᠤᠳᠠᠯ᠎ᠢ ᠣᠯᠵᠤ ᠮᠡᠳᠡᠭᠡᠳ ᠨᠢᠭᠤᠵᠤ ᠥᠯᠥ ᠮᠡᠳᠡᠭᠦᠯᠬᠦ᠂ ᠬᠤᠳᠠᠯ ᠵᠶ᠋ᠠᠷ ᠮᠡᠳᠡᠭᠦᠯᠬᠦ ᠪᠤᠶᠤ ᠣᠷᠬᠢᠭᠳᠠᠭᠤᠯᠤᠭᠰᠠᠨ ᠪᠠᠶ᠋ᠢᠬᠤ;
(ᠳᠥᠷᠪᠡ) ᠬᠠᠷᠢᠭᠤᠴᠠᠯᠭ᠎ᠠ ᠠᠯᠳᠠᠵᠤ ᠲᠤᠰᠢᠶᠠᠯ ᠵᠶ᠋ᠠᠨ ᠭᠤᠲᠤᠭ᠋ᠠᠭᠰᠠᠨ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ ᠪᠠᠶ᠋ᠢᠬᠤ;
(ᠲᠠᠪᠤ) ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠪᠤᠰᠤᠳ ᠪᠠᠶ᠋ᠢᠳᠠᠯ᠃
ᠬᠤᠷᠢᠨ ᠬᠤᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠬᠡᠷᠡᠭᠵᠢᠭᠦᠯᠬᠦ ᠶᠠᠪᠤᠴᠠ᠎ᠳᠤ ᠬᠠᠷᠢᠭᠤᠴᠠᠯᠭ᠎ᠠ ᠨᠡᠬᠡᠮᠵᠢᠯᠡᠵᠦ ᠰᠢᠢ᠍ᠳᠪᠦᠷᠢᠯᠡᠭᠰᠡᠨ ᠲᠣᠭᠲᠠᠭ᠋ᠠᠯ᠎ᠢ ᠬᠦᠯᠢᠶᠡᠬᠦ ᠥᠭᠡᠢ ᠪᠣᠯ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠲᠠᠬᠢᠨ ᠬᠢᠨᠠᠬᠤ᠂ ᠭᠤᠮᠣᠳᠠᠯ ᠲᠣᠭ᠋ᠠᠴᠢᠬᠤ᠎ᠪᠠᠷ ᠳᠤᠷᠠᠳᠴᠤ ᠪᠣᠯᠤᠨ᠎ᠠ᠃
ᠬᠤᠷᠢᠨ ᠭᠤᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠰᠤᠮᠤ ᠰᠢᠶᠠᠩ ᠪᠠᠯᠭ᠋ᠠᠰᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ᠎ᠳᠤ᠂ ᠲᠣᠰ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠬᠦᠯᠬᠦ ᠬᠡᠷᠡᠭᠳᠡᠢ᠃
ᠬᠤᠷᠢᠨ ᠳᠥᠷᠪᠡᠳᠦᠭᠡᠷ ᠵᠦᠢ᠍ᠯ ᠲᠣᠰ ᠲᠣᠭᠲᠠᠭ᠋ᠠᠯ᠎ᠢ 2021 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃