ᠥᠪᠥᠷ ᠵᠠᠰᠠᠭ ᠠᠯᠪᠠᠨ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ 2021 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠣᠭᠤᠰᠢᠯᠠᠭᠤᠯᠣᠨ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠤᠨ᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠶᠠᠪᠤᠴᠠ᠎ᠳᠤ ᠨᠤᠲᠤᠭ ᠪᠡᠯᠴᠢᠭᠡᠷ᠎ᠤᠨ ᠠᠮᠢ ᠠᠬᠤᠶ ᠵᠢ ᠰᠦᠢ᠍ᠣᠡᠭᠡᠭᠰᠡᠨ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠵᠢᠯᠣᠭᠤᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠣ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠣᠭ᠋ᠠᠷ᠂ ᠲᠦᠷᠪᠡᠳᠣᠭᠡᠷ᠂ ᠲᠠᠪᠣᠳᠣᠭ᠋ᠠᠷ ᠪᠦᠭᠦᠳᠡ ᠬᠤᠷᠡᠯ᠎ᠤᠨ ᠵᠣᠷᠢᠭ ᠰᠠᠨᠠᠭ᠎ᠠ ᠵᠢ ᠪᠦᠭᠦ ᠳᠠᠯ᠎ᠡ᠎ᠪᠠᠷ ᠲᠣᠭᠤᠰᠢᠯᠠᠭᠤᠯᠣᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠲᠣᠭᠤᠰᠢᠯᠠᠭᠤᠯᠵᠣ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠭᠤᠶ᠋ᠢᠪᠢᠰᠢ ᠦᠭᠡᠢ ᠡᠷᠡᠰ ᠲᠣᠭᠤᠰᠢᠯᠠᠭᠤᠯᠵᠣ᠂ ᠠᠮᠢ ᠠᠬᠤᠶ ᠵᠢ ᠣᠷᠢᠣᠡ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠵᠢᠨ ᠤᠳᠤᠷᠢᠳᠤᠮᠵᠢ ᠵᠢ ᠪᠠᠳᠣ ᠪᠣᠢ ᠪᠣᠯᠭ᠋ᠠᠨ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠠᠵᠢᠯᠯᠠᠭ᠋ᠠᠨ᠎ᠤ ᠤᠬᠠᠮᠰᠠᠷ ᠵᠶ᠋ᠠᠷ ᠠᠭᠤᠷᠬᠠᠢ ᠵᠢᠨ ᠡᠬᠢ ᠪᠠᠶᠠᠯᠢᠭ᠎ᠢ ᠨᠡᠬᠡᠭᠡᠭᠦ᠎ᠳᠤ ᠨᠤᠲᠤᠭ ᠪᠡᠯᠴᠢᠭᠡᠷ ᠲᠠᠲᠠᠪᠤᠷᠢᠯᠠᠨ ᠡᠵᠡᠯᠡᠵᠦ ᠬᠡᠷᠡᠭᠯᠡᠬᠦ ᠦᠢ᠍ᠯᠡ ᠠᠵᠢᠯᠯᠠᠭ᠎ᠠ ᠵᠢ ᠴᠢᠩᠭ᠎ᠠ ᠵᠢᠷᠣᠮᠵᠢᠭᠤᠯᠵᠣ᠂ ᠨᠢᠭᠡ᠎ᠠᠴᠠ ᠨᠥᠭᠦᠭᠡ ᠵᠢ ᠮᠡᠳᠡᠵᠣ᠂ ᠠᠯᠳᠠᠰᠢ ᠭᠠᠷᠬᠤ ᠵᠢ ᠬᠤᠷᠢᠭᠯᠠᠨ᠂ ᠳᠦᠷᠢᠮ ᠲᠣᠭᠲᠠᠴᠠ ᠵᠢᠨ ᠲᠠᠯ᠎ᠠ᠎ᠠᠴᠠ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠬᠦᠷᠢᠶᠡᠨ᠎ᠳᠠᠬᠢ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠠᠵᠢᠯ᠎ᠢ ᠦᠨᠡᠨ ᠬᠦ᠌ ᠴᠢᠩᠭ᠋ᠠᠣᠡᠬᠠᠵᠣ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ᠎ᠪᠠᠨ ᠦᠷᠭᠦᠯᠵᠢᠯᠡᠨ ᠪᠠᠬᠢᠵᠢᠭᠦᠯᠵᠣ᠂ ᠡᠬᠡ ᠤᠯᠤᠰ᠎ᠤᠨ ᠤᠮᠠᠷᠠᠲᠤ ᠬᠢᠯᠢ᠎ᠳᠤ ᠲᠦᠮᠡᠨ ᠭᠠᠵᠠᠷ᠎ᠤᠨ ᠨᠣᠮᠢᠨ ᠨᠣᠭᠤᠭ᠋ᠠᠨ ᠤᠷᠲᠤ ᠴᠠᠭ᠋ᠠᠨ ᠬᠡᠷᠡᠮ᠎ᠢ ᠴᠣᠭᠴᠠᠯᠠᠨ᠎ᠠ᠃
ᠬᠤᠶᠠᠷ᠂ ᠭᠤᠣᠯ ᠡᠭᠦᠷᠭᠡ
(ᠨᠢᠭᠡ) ᠨᠤᠲᠤᠭ ᠪᠡᠯᠴᠢᠭᠡᠷ᠎ᠲᠠᠬᠢ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ᠎ᠪᠠᠷ ᠰᠢᠨ᠎ᠡ ᠲᠥᠷᠥᠯ ᠵᠦᠢ᠍ᠯ ᠪᠠᠶ᠋ᠢᠭᠤᠯᠬᠤ ᠵᠢ ᠴᠢᠩᠭ᠎ᠠ ᠬᠢᠵᠠᠭ᠋ᠠᠷᠯᠠᠨ᠎ᠠ᠃ ᠨᠤᠲᠤᠭ ᠪᠡᠯᠴᠢᠭᠡᠷ᠎ᠤᠨ ᠠᠮᠢ ᠠᠬᠤᠶ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠤᠯᠠᠭ᠋ᠠᠨ ᠱᠤᠭᠤᠮ᠎ᠤᠨ ᠳᠣᠲᠣᠷ᠎ᠠ ᠳᠤᠷ᠎ᠠ᠎ᠪᠠᠷ ᠮᠠᠯᠲᠠᠬᠤ᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠲᠥᠷᠥᠯ ᠵᠦᠢ᠍ᠯ᠎ᠢ ᠰᠢᠨ᠎ᠡ᠎ᠪᠠᠷ ᠭᠠᠷᠭ᠋ᠠᠬᠤ ᠵᠢ ᠴᠢᠩᠭ᠎ᠠ ᠬᠤᠷᠢᠭᠯᠠᠨ᠎ᠠ᠂ ᠪᠣᠰᠣᠣᠨ ᠨᠤᠲᠤᠭ ᠪᠡᠯᠴᠢᠭᠡᠷ᠎ᠲᠤ ᠬᠠᠤᠯᠢ ᠲᠣᠭᠲᠠᠭ᠋ᠠᠯ ᠶᠣᠰᠣᠭ᠋ᠠᠷ ᠵᠥᠪᠰᠢᠶᠡᠷᠡᠭᠦᠯᠦᠭᠰᠡᠨ ᠤᠯᠤᠰ᠎ᠤᠨ ᠡᠨᠧᠷᠭᠢ ᠵᠢᠨ ᠪᠠᠶ᠋ᠢᠯᠳᠤᠬᠤ ᠪᠣᠳᠣᠯᠭ᠎ᠠ ᠵᠢᠨ ᠠᠮᠤᠷ ᠲᠦᠪᠰᠢᠨ᠎ᠢ ᠪᠠᠲᠤᠯᠠᠬᠤ ᠲᠥᠷᠥᠯ ᠵᠦᠢ᠍ᠯ᠎ᠠᠴᠠ ᠭᠠᠳᠠᠨ᠎ᠠ᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠲᠥᠷᠥᠯ ᠵᠦᠢ᠍ᠯ᠎ᠢ ᠰᠢᠨ᠎ᠡ᠎ᠪᠠᠷ ᠭᠠᠷᠭ᠋ᠠᠵᠤ ᠪᠣᠯᠬᠤ ᠦᠭᠡᠶ᠃ ᠰᠢᠨ᠎ᠡ᠎ᠪᠠᠷ ᠭᠠᠷᠭ᠋ᠠᠭᠰᠠᠨ ᠠᠭᠤᠷᠬᠠᠢ ᠵᠢᠨ ᠡᠬᠢ ᠪᠠᠶᠠᠯᠢᠭ᠎ᠢ ᠨᠡᠬᠡᠭᠡᠭᠦ ᠲᠥᠷᠥᠯ ᠵᠦᠢ᠍ᠯ᠎ᠨᠢ ᠡᠬᠢᠨ᠎ᠤ ᠬᠤᠭᠤᠴᠠᠭ᠋ᠠᠨ᠎ᠤ ᠠᠵᠢᠯ ᠦᠷᠨᠢᠬᠦᠯᠬᠦ᠎ᠳᠤ᠎ᠪᠠᠨ᠂ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠵᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ 《ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠵᠢᠷᠤᠮᠵᠢᠯ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠣᠭᠲᠠᠭ᠋ᠠᠯ》 ᠵᠡᠷᠭᠡ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠣᠷᠢᠣᠨ ᠵᠶ᠋ᠠᠷ ᠤᠷᠢᠳᠴᠢᠯᠠᠨ ᠬᠢᠨᠠᠵᠤ᠂ ᠳᠠᠷᠠᠭ᠎ᠠ᠎ᠨᠢ ᠲᠥᠷᠥᠯ ᠵᠦᠢ᠍ᠯ᠎ᠢ ᠲᠣᠭᠳᠠᠭ᠋ᠠᠨ᠂ ᠰᠡᠭᠦᠯᠡᠷ᠎ᠨᠢ ᠪᠦᠲᠦᠭᠡᠨ ᠪᠠᠶ᠋ᠢᠭᠤᠯᠬᠤ ᠡᠬᠢ ᠡᠭᠦᠰᠦᠯ᠎ᠠᠴᠠ᠎ᠨᠢ ᠡᠵᠡᠮᠳᠡᠬᠦ ᠵᠠᠷᠴᠢᠮ᠎ᠢ ᠨᠠᠶ᠋ᠢᠳᠠᠪᠣᠷᠢᠵᠢᠭᠤᠯᠵᠣ ᠪᠣᠳᠠᠳᠠᠶ᠋ᠢᠵᠢᠭᠤᠯᠬᠤ ᠬᠡᠷᠡᠭᠲᠡᠶ᠃ ᠠᠭᠤᠷᠬᠠᠢ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠬᠤ᠎ᠳᠤ ᠨᠤᠲᠤᠭ ᠪᠡᠯᠴᠢᠭᠡᠷ᠎ᠢ ᠦᠨᠡᠨ ᠬᠦ᠌ ᠲᠦᠷ ᠴᠠᠭ ᠡᠵᠡᠯᠡᠨ ᠬᠡᠷᠡᠭᠯᠡᠬᠦ ᠴᠢᠬᠤᠯᠠᠳᠠᠢ ᠪᠣᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠭᠲᠠᠭ᠋ᠠᠭᠰᠠᠨ ᠡᠷᠬᠡ ᠮᠡᠳᠡᠯ᠎ᠢ ᠦᠨᠳᠦᠰᠦᠯᠡᠨ ᠱᠠᠲᠤ ᠬᠤᠪᠢᠶᠠᠵᠣ ᠬᠢᠨᠠᠨ ᠵᠥᠪᠰᠢᠶᠡᠷᠡᠨ᠎ᠡ᠃ ᠲᠦᠷ ᠴᠠᠭ ᠡᠵᠡᠯᠡᠨ ᠬᠡᠷᠡᠭᠯᠡᠬᠦ ᠨᠤᠲᠤᠭ ᠪᠡᠯᠴᠢᠭᠡᠷ᠎ᠲᠤ ᠦᠨᠢᠳᠡ ᠵᠢᠨ ᠴᠢᠨᠠᠷᠲᠠᠶ ᠪᠠᠷᠢᠯᠭ᠎ᠠ ᠪᠠ ᠪᠠᠷᠢᠯᠭ᠎ᠠ ᠵᠢᠨ ᠪᠣᠰᠣᠳ ᠵᠦᠢ᠍ᠯᠡᠰ᠎ᠢ ᠪᠠᠷᠢᠵᠤ ᠪᠣᠯᠬᠤ ᠦᠭᠡᠶ᠂ ᠬᠡᠷᠡᠭᠯᠡᠬᠦ ᠬᠤᠭᠤᠴᠠᠭ᠎ᠠ ᠵᠢ᠎ᠨᠢ ᠬᠤᠶᠠᠷ ᠵᠢᠯ᠎ᠠᠴᠠ ᠬᠡᠳᠣᠷᠡᠭᠦᠯᠵᠣ ᠪᠣᠯᠬᠤ ᠦᠭᠡᠶ᠂ ᠡᠵᠡᠯᠡᠨ ᠬᠡᠷᠡᠭᠯᠡᠬᠦ ᠬᠤᠭᠤᠴᠠᠭ᠎ᠠ᠎ᠨᠢ ᠲᠣᠯᠣᠭᠰᠠᠨᠤ ᠳᠠᠷᠠᠭ᠎ᠠ᠂ ᠨᠤᠲᠤᠭ ᠪᠡᠯᠴᠢᠭᠡᠷ᠎ᠢ ᠬᠡᠷᠡᠭᠯᠡᠵᠦ ᠪᠠᠶ᠋ᠢᠭ᠎ᠠ ᠨᠢᠭᠡᠴᠢ᠎ᠨᠢ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠢᠨ ᠬᠠᠮᠲᠤ ᠴᠠᠭ ᠲᠤᠬᠠᠶ᠎ᠳᠤᠨᠢ ᠪᠤᠴᠠᠭ᠋ᠠᠬᠤ ᠬᠡᠷᠡᠭᠲᠡᠶ᠃ (ᠬᠠᠷᠢᠭᠤᠴᠠᠬᠤ ᠨᠢᠭᠡᠴᠢ᠄ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠢᠨᠠᠨ ᠬᠠᠮᠢᠶᠠᠷᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ)
(ᠬᠤᠶᠠᠷ) ᠨᠤᠲᠤᠭ ᠪᠡᠯᠴᠢᠭᠡᠷ ᠳᠡᠭᠡᠷ᠎ᠡ ᠨᠢᠭᠡᠨᠲᠡ ᠪᠠᠶ᠋ᠢᠭᠤᠯᠤᠭᠰᠠᠨ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠲᠥᠷᠥᠯ ᠵᠦᠢ᠍ᠯ᠎ᠢ ᠴᠢᠩᠭ᠎ᠠ ᠵᠢᠷᠣᠮᠵᠢᠭᠤᠯᠣᠨ᠎ᠡ᠃ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠨᠤᠲᠤᠭ ᠪᠡᠯᠴᠢᠭᠡᠷ ᠳᠡᠭᠡᠷ᠎ᠡ ᠨᠢᠭᠡᠨᠲᠡ ᠪᠠᠶ᠋ᠢᠭᠤᠯᠤᠭᠰᠠᠨ ᠪᠠ ᠪᠠᠶ᠋ᠢᠭᠤᠯᠵᠤ ᠪᠠᠶ᠋ᠢᠭ᠎ᠠ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠲᠥᠷᠥᠯ ᠵᠦᠢ᠍ᠯ᠎ᠳᠤ᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠪᠠ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭ᠋ᠠᠷ ᠲᠣᠭᠲᠠᠭ᠋ᠠᠭᠰᠠᠨ ᠠᠭᠤᠷᠬᠠᠶ ᠵᠢᠨ ᠣᠷᠣᠨ᠎ᠤ ᠬᠡᠪᠴᠢᠶᠡᠨ᠎ᠠᠴᠠ ᠭᠠᠳᠠᠭᠤᠷ ᠬᠠᠪᠲᠠᠭ᠋ᠠᠶ ᠲᠠᠯᠠᠪᠠᠶ᠎ᠪᠠᠨ ᠦᠷᠬᠡᠳᠬᠡᠨ ᠨᠡᠮᠡᠭᠳᠡᠭᠦᠯᠵᠦ ᠪᠣᠯᠬᠤ ᠦᠭᠡᠶ᠂ ᠵᠥᠪᠰᠢᠶᠡᠷᠡᠭᠦᠯᠦᠭᠡᠳᠦᠶ᠎ᠪᠠᠷ ᠠᠭᠤᠷᠬᠠᠢ ᠵᠢᠨ ᠬᠤᠳᠳᠤᠭ ᠮᠠᠯᠲᠠᠵᠤ ᠨᠡᠭᠡᠭᠡᠵᠣ ᠪᠠᠶ᠋ᠢᠭᠰᠠᠨ ᠵᠶ᠋ᠠᠨ ᠵᠠᠳᠠᠭ᠋ᠠᠶ ᠮᠠᠯᠲᠠᠬᠤ ᠪᠣᠯᠭ᠋ᠠᠨ ᠬᠤᠪᠢᠷᠠᠭᠤᠯᠵᠤ ᠪᠣᠯᠬᠤ ᠦᠭᠡᠶ᠂ ᠨᠣᠳᠤᠭ ᠪᠡᠯᠴᠢᠭᠡᠷ᠎ᠢ ᠡᠵᠡᠯᠡᠨ ᠬᠡᠷᠩᠯᠡᠭᠰᠡᠨ ᠰᠢᠭ᠋ᠠᠷᠤ ᠢᠯᠭ᠋ᠠᠷᠠᠭᠤᠯᠬᠤ ᠲᠠᠯᠠᠪᠠᠶ᠂ ᠢᠯᠭ᠋ᠠᠳᠠᠰᠣ ᠵᠢᠨ ᠲᠠᠯᠠᠪᠠᠶ᠂ ᠨᠡᠭᠦᠷᠡᠰᠦᠨ ᠴᠢᠯᠠᠭᠤ ᠣᠪᠣᠭ᠋ᠠᠯᠠᠬᠤ ᠲᠠᠯᠠᠪᠠᠶ᠂ ᠲᠠᠯᠠᠪᠠᠶ ᠵᠢᠨ ᠲᠣᠭᠤᠷᠢᠭ᠎ᠲᠠᠬᠢ ᠵᠠᠮ᠎ᠤᠨ ᠲᠠᠯᠠᠪᠠᠶ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃ ᠨᠤᠲᠤᠭ ᠪᠡᠯᠴᠢᠭᠡᠷ᠎ᠢ ᠦᠷᠭᠦᠯᠵᠢᠯᠡᠨ ᠡᠵᠡᠯᠡᠨ ᠬᠡᠷᠡᠭᠯᠡᠬᠦ᠎ᠪᠠᠷ ᠭᠤᠶᠤᠴᠢᠯᠠᠪᠠᠯ᠂ ᠠᠭᠤᠷᠬᠠᠶ ᠵᠢᠨ ᠬᠦᠷᠣᠰᠣ ᠭᠠᠵᠠᠷ᠎ᠤᠨ ᠣᠷᠴᠢᠨ ᠲᠣᠭᠤᠷᠢᠨ᠎ᠢ ᠬᠠᠮᠠᠭ᠋ᠠᠯᠠᠬᠤ ᠪᠠ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠤᠤᠯ᠎ᠤᠨ ᠬᠡᠷᠩᠯᠡᠵᠣ ᠪᠠᠶ᠋ᠢᠭᠰᠠᠨ ᠠᠭᠤᠷᠬᠠᠶ ᠵᠢᠨ ᠭᠠᠵᠠᠷ᠎ᠲᠤ ᠵᠣᠬᠢᠬᠤ ᠵᠠᠰᠠᠯᠲᠠ ᠬᠢᠭᠰᠡᠨ᠎ᠤ ᠳᠠᠷᠠᠭ᠎ᠠ᠂ ᠨᠤᠲᠤᠭ ᠪᠡᠯᠴᠢᠭᠡᠷ᠎ᠢ ᠬᠡᠷᠡᠭᠯᠡᠬᠦ᠎ᠪᠠᠷ ᠭᠤᠶᠤᠴᠢᠯᠠᠵᠤ ᠪᠣᠯᠤᠨ᠎ᠠ᠂ ᠡᠬᠢ ᠪᠠᠶᠠᠯᠢᠭ᠎ᠨᠢ ᠰᠢᠪᠬᠠᠷᠴᠣ ᠦᠢ᠍ᠯᠡᠴᠢᠯᠡᠭᠡᠨ᠎ᠤ ᠬᠤᠭᠤᠴᠠᠭ᠎ᠠ᠎ᠨᠢ ᠳᠠᠭᠤᠰᠤᠭᠰᠠᠨ᠎ᠤ ᠳᠠᠷᠠᠭ᠎ᠠ ᠪᠤᠴᠠᠭ᠋ᠠᠬᠤ ᠵᠢᠨ ᠬᠠᠮᠲᠤ ᠤᠷᠭᠤᠮᠠᠯ᠎ᠤᠨ ᠬᠤᠴᠢᠯᠭ᠎ᠠ ᠵᠢ᠎ᠨᠢ ᠰᠡᠷᠭᠦᠭᠡᠭᠦ ᠬᠡᠷᠩᠳᠠᠢ᠃ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠣᠰᠬᠠᠶ᠋ᠢᠯᠠᠨ ᠴᠡᠭᠴᠡᠯᠡᠨ ᠵᠠᠰᠠᠬᠤ ᠪᠠ ᠠᠭᠤᠷᠬᠠᠶ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠲᠣᠰᠬᠠᠶ᠋ᠢᠯᠠᠨ ᠴᠡᠭᠴᠡᠯᠡᠨ ᠵᠠᠰᠠᠬᠤ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠨᠢᠭᠡᠨᠲᠡ ᠪᠠᠶ᠋ᠢᠭᠤᠯᠤᠭᠰᠠᠨ ᠨᠡᠭᠦᠷᠡᠰᠦᠨ ᠠᠭᠤᠷᠬᠠᠶ ᠵᠡᠷᠭᠡ ᠠᠭᠤᠷᠬᠠᠶ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠦᠯᠡᠳᠡᠭᠳᠡᠯ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠨ᠎ᠡ᠃ (ᠬᠠᠷᠢᠭᠤᠴᠠᠬᠤ ᠨᠢᠭᠡᠴᠢ᠄ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠢᠨᠡᠨ ᠬᠠᠮᠢᠶᠠᠷᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ)
(ᠭᠤᠷᠪᠠ) ᠠᠭᠤᠷᠬᠠᠶ ᠵᠢᠨ ᠣᠷᠴᠢᠨ ᠲᠣᠭᠤᠷᠢᠨ᠎ᠢ ᠶᠡᠷᠦᠩᠬᠡᠶ᠋ᠢᠯᠡᠨ ᠵᠠᠰᠠᠬᠤ ᠵᠢ ᠴᠢᠩᠳᠠᠯᠠᠨ᠎ᠠ᠃ 《ᠬᠡᠨ ᠰᠦᠢ᠍ᠣᠡᠭᠡᠪᠡᠯ ᠲᠡᠷᠡ ᠵᠠᠰᠠᠬᠤ》 ᠵᠠᠷᠴᠢᠮ ᠶᠣᠰᠣᠭ᠋ᠠᠷ᠂ ᠠᠭᠤᠷᠬᠠᠶ ᠵᠢᠨ ᠠᠮᠢ ᠠᠬᠤᠶ ᠣᠷᠴᠢᠨ ᠲᠣᠭᠤᠷᠢᠨ᠎ᠢ ᠬᠠᠮᠠᠭ᠋ᠠᠯᠠᠬᠤ ᠬᠢᠭᠡᠳ ᠰᠡᠷᠭᠦᠭᠡᠨ ᠵᠠᠰᠠᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠠᠮᠢ ᠠᠬᠤᠶ ᠵᠢ ᠦᠩᠵᠢᠭᠦᠯᠣᠨ ᠰᠡᠷᠭᠦᠭᠡᠭᠦ ᠠᠵᠢᠯ᠎ᠢ ᠥᠷᠨᠢᠭᠦᠯᠵᠦ᠂ ᠬᠠᠶᠠᠭᠳᠠᠮᠠᠯ ᠠᠭᠤᠷᠬᠠᠶ᠂ ᠢᠪᠡᠷᠡᠵᠦ ᠨᠤᠷᠠᠭᠰᠠᠨ ᠠᠭᠤᠷᠬᠠᠢ ᠵᠢᠨ ᠭᠠᠵᠡᠷ ᠪᠠ ᠨᠡᠭᠦᠷᠡᠰᠦᠨ ᠠᠭᠤᠷᠬᠠᠶ (ᠨᠡᠭᠦᠷᠡᠰᠦᠨ ᠴᠢᠯᠠᠭᠤ) ᠵᠢᠨ ᠨᠣᠴᠣᠵᠣ ᠪᠠᠶ᠋ᠢᠭ᠎ᠠ ᠭᠠᠵᠡᠷ᠎ᠢ ᠵᠠᠰᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠶ ᠰᠢᠭᠤᠶ ᠨᠣᠳᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠭᠦ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠠᠭᠤᠷᠬᠠᠶ ᠵᠢᠨ ᠬᠦᠷᠣᠰᠣ ᠭᠠᠵᠠᠷ᠎ᠤᠨ ᠣᠷᠴᠢᠨ ᠲᠣᠭᠤᠷᠢᠨ᠎ᠢ ᠬᠠᠮᠠᠭ᠋ᠠᠯᠠᠬᠤ ᠬᠢᠭᠡᠳ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠲᠥᠰᠦᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠡᠵᠡᠯᠡᠨ ᠬᠡᠷᠩᠯᠡᠭᠳᠡᠭᠰᠡᠨ ᠨᠤᠲᠤᠭ ᠪᠡᠯᠴᠢᠭᠡᠷ᠎ᠲᠠᠬᠢ ᠠᠭᠤᠷᠬᠠᠶ ᠵᠢᠨ ᠣᠷᠴᠢᠨ ᠲᠣᠭᠤᠷᠢᠨ᠎ᠤ ᠶᠡᠷᠦᠩᠬᠡᠶ᠋ᠢᠯᠡᠨ ᠵᠠᠰᠠᠬᠤ ᠠᠵᠢᠯ᠎ᠢ ᠦᠨᠡᠨ ᠬᠦ᠌ ᠰᠠᠶ᠋ᠢᠲᠤᠷ ᠬᠢᠯᠭᠡᠨ᠎ᠠ᠃ ᠬᠠᠷᠢᠭᠤᠴᠠᠬᠤ ᠭᠤᠤᠯ ᠴᠣᠭᠴᠠ ᠦᠭᠡᠶ ᠠᠭᠤᠷᠬᠠᠶ᠎ᠳᠤ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠨ ᠰᠠᠶ᠋ᠢᠵᠢᠷᠠᠭᠤᠯᠬᠤ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠭᠦᠢ᠍ᠴᠡᠳᠬᠡᠵᠦ᠂ ᠪᠦᠬᠦ ᠲᠠᠯ᠎ᠠ᠎ᠪᠠᠷ ᠪᠠᠶ᠋ᠢᠴᠠᠭ᠋ᠠᠨ ᠬᠢᠨᠠᠵᠣ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠲᠥᠷᠥᠯ᠂ ᠲᠣᠭᠤᠷᠢᠭ᠂ ᠱᠠᠲᠤ ᠬᠤᠪᠢᠶᠠᠵᠣ ᠪᠠᠶ᠋ᠢᠭ᠋ᠠᠣᠨ ᠵᠣᠬᠢᠶᠠᠨ ᠪᠠᠶ᠋ᠢᠭᠤᠯᠵᠣ ᠬᠡᠷᠡᠭᠵᠢᠭᠦᠯᠬᠦ ᠬᠡᠷᠡᠭᠲᠡᠶ᠃ ᠠᠵᠤ ᠠᠬᠤᠶ᠋ᠢᠯᠠᠯ᠎ᠢ ᠵᠣᠷᠢᠬ᠍ᠵᠢᠭᠤᠯᠵᠤ ᠪᠠᠶ᠋ᠢᠭ᠋ᠠᠳ ᠡᠵᠡᠨ ᠦᠭᠡᠢ ᠠᠭᠤᠷᠬᠠᠶ ᠵᠢ ᠰᠡᠷᠭᠦᠭᠡᠨ ᠵᠠᠰᠠᠬᠤ ᠵᠢᠨ ᠬᠠᠮᠲᠤ᠂ ᠰᠡᠷᠭᠦᠭᠡᠨ ᠵᠠᠰᠠᠭᠰᠠᠨ᠎ᠤ ᠳᠠᠷᠠᠭ᠋ᠠᠬᠢ ᠭᠠᠵᠠᠷ ᠰᠢᠷᠣᠶ ᠵᠢ ᠬᠠᠤᠯᠢ ᠪᠠ ᠲᠣᠭᠳᠠᠭ᠋ᠠᠯ ᠶᠣᠰᠣᠭ᠋ᠠᠷ᠂ ᠰᠢᠨᠵᠢᠯᠡᠬᠦ ᠤᠬᠠᠭ᠋ᠠᠨᠴᠢ ᠪᠦᠭᠡᠣᠨ ᠵᠦᠢ ᠵᠣᠬᠢᠰᠲᠠᠶ᠎ᠪᠠᠷ ᠠᠰᠢᠭᠯᠠᠬᠤ ᠪᠣᠯᠭ᠋ᠠᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠢ ᠤᠷᠴᠢᠨ ᠲᠤᠭᠤᠷᠢᠨ᠎ᠤ ᠰᠠᠯᠠᠭ᠎ᠠ ᠮᠦᠴᠢᠷ᠎ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ᠎ᠲᠠᠢ ᠬᠠᠮᠵᠢᠯᠴᠠᠨ᠂ ᠪᠤᠬᠢᠷᠳᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠲᠤᠭᠲᠠᠭ᠋ᠠᠵᠤ᠂ ᠪᠤᠬᠢᠷᠳᠤᠯ ᠦᠭᠡᠢ ᠠᠭᠤᠷᠬᠠᠢ ᠵᠢᠨ ᠪᠠᠷᠢᠮᠵᠢᠶᠡᠨ᠎ᠤ ᠲᠣᠭᠲᠠᠯᠴᠠᠭ᠎ᠠ ᠵᠢ ᠪᠦᠷᠢᠨᠰᠢᠭᠦᠯᠦᠨ᠂ ᠠᠭᠤᠷᠬᠠᠢ ᠵᠢᠨ ᠠᠮᠢ ᠠᠬᠤᠢ ᠤᠷᠴᠢᠨ ᠲᠤᠭᠤᠷᠢᠨ᠎ᠤ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ (ᠬᠠᠷᠢᠭᠤᠴᠠᠬᠤ ᠨᠢᠭᠡᠴᠢ᠄ ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠬᠢᠨᠠᠨ ᠬᠠᠮᠢᠶᠠᠷᠬᠤ ᠨᠢᠭᠡᠴᠢ᠄ ᠦᠪᠡᠷᠳᠡᠬᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠭᠦᠭᠵᠢᠬᠦᠯᠦᠯᠳᠡ ᠪᠠ ᠦᠬᠡᠷᠡᠴᠢᠯᠡᠯᠳᠡ ᠵᠢᠨ ᠵᠦᠪᠯᠡᠯ᠂ ᠠᠮᠢ ᠠᠬᠤᠶ ᠤᠷᠴᠢᠨ ᠲᠤᠭᠤᠷᠢᠨ᠎ᠤ ᠲᠢᠩᠬᠢᠮ᠂ ᠤᠰᠤᠨ ᠠᠰᠢᠨᠨᠯᠠᠯᠳᠠ ᠵᠢᠨ ᠲᠢᠩᠬᠢᠮ᠂ ᠠᠵᠦ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠡᠨᠧᠷᠬᠢ ᠵᠢᠨ ᠲᠤᠪᠴᠢᠶ᠎ᠠ᠂ ᠤᠶ ᠰᠢᠭᠤᠢ ᠪᠠ ᠨᠣᠳᠤᠭ ᠪᠡᠯᠴᠢᠭᠡᠷ᠎ᠤᠨ ᠲᠤᠪᠴᠢᠶ᠎ᠠ ᠵᠡᠷᠬᠡ ᠰᠠᠯᠠᠭ᠎ᠠ ᠮᠦᠴᠢᠷ)
(ᠳᠥᠷᠪᠡ) ᠨᠤᠲᠤᠭ ᠪᠡᠯᠴᠢᠭᠡᠷ᠎ᠲᠠᠬᠢ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠭᠦ ᠵᠢ ᠴᠢᠩᠭ᠎ᠠ ᠬᠢᠨᠠᠨ ᠬᠠᠮᠢᠶᠠᠷᠬᠤ ᠬᠡᠷᠡᠭᠲᠡᠶ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠨᠤᠲᠤᠭ ᠪᠡᠯᠴᠢᠭᠡᠷ᠎ᠲᠠᠬᠢ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠠᠵᠢᠯ᠎ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠲᠣᠳᠣᠷᠬᠠᠢ ᠲᠣᠭᠳᠠᠭ᠋ᠠᠨ᠂ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠡᠨᠧᠷᠭᠢ᠂ ᠣᠶ ᠰᠢᠭᠤᠶ ᠨᠣᠳᠤᠭ ᠪᠡᠯᠴᠢᠭᠡᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ᠎ᠤᠳ᠎ᠢ ᠰᠢᠮᠳᠠᠭᠤᠯᠵᠤ ᠪᠠᠶ᠋ᠢᠭ᠋ᠠᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠨᠤᠲᠤᠭ ᠪᠡᠯᠴᠢᠭᠡᠷ᠎ᠲᠠᠬᠢ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢᠨ ᠠᠵᠢᠯ ᠶᠠᠪᠣᠳᠠᠯ᠎ᠤᠨ ᠲᠤᠮᠳᠠᠬᠢ ᠪᠠ ᠠᠵᠢᠯ ᠶᠠᠪᠣᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠬᠢᠨᠠᠯᠲᠠ ᠬᠠᠮᠢᠶᠠᠷᠤᠯᠲᠠ ᠵᠢᠨ ᠨᠡᠶ᠋ᠢᠯᠡᠮᠡᠯ ᠬᠦᠴᠦᠨ᠎ᠢ ᠦᠨᠡᠡ ᠬᠦ᠌ ᠪᠣᠶ ᠪᠣᠯᠭ᠋ᠠᠬᠤ ᠬᠡᠷᠡᠭᠲᠡᠶ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠠᠭᠤᠷᠬᠠᠶ ᠵᠢᠨ ᠬᠦᠷᠣᠰᠣ ᠭᠠᠵᠠᠷ᠎ᠤᠨ ᠣᠷᠴᠢᠨ ᠲᠣᠭᠤᠷᠢᠨ᠎ᠢ ᠵᠠᠰᠠᠬᠤ ᠠᠵᠢᠯ᠎ᠳᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠣᠬᠢᠷᠲᠤᠯ ᠦᠭᠡᠶ ᠠᠭᠤᠷᠬᠠᠶ ᠵᠢ ᠶᠡᠷᠦᠩᠬᠡᠶ᠋ᠢᠯᠡᠨ ᠵᠠᠰᠠᠬᠤ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠣᠷᠢᠵᠢᠭᠤᠯᠣᠨᠠ᠃ ᠠᠮᠢ ᠠᠬᠤᠶ ᠣᠷᠴᠢᠨ ᠲᠣᠭᠤᠷᠢᠨ᠎ᠤ ᠰᠠᠯᠠᠭ᠎ᠠ ᠮᠥᠴᠢᠷ᠎ᠨᠢ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠣᠷᠴᠢᠨ ᠲᠣᠭᠤᠷᠢᠨ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠭᠤᠷᠬᠠᠶ ᠵᠢᠨ 《ᠭᠤᠷᠪᠠᠨ ᠬᠠᠶᠠᠭᠳᠠᠮᠠᠯ》᠎ᠢ ᠵᠠᠰᠠᠬᠤ ᠵᠢᠴᠢ ᠪᠠᠷᠢᠮᠵᠢᠶ᠎ᠠ᠎ᠪᠠᠷ ᠪᠣᠬᠢᠷ ᠪᠣᠳᠠᠰ᠎ᠢ ᠭᠠᠳᠠᠭᠰᠢᠯᠠᠭᠤᠯᠬᠤ᠎ᠳᠤ ᠬᠢᠨᠠᠨ ᠬᠠᠮᠢᠶᠠᠷᠬᠤ ᠠᠵᠢᠯ᠎ᠢ ᠴᠢᠩᠭ᠋ᠠᠷᠠᠭᠤᠯᠣᠨ᠎ᠠ᠃ ᠣᠶ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠨᠢ ᠠᠭᠤᠷᠬᠠᠶ ᠵᠢᠨ ᠣᠷᠣᠨ᠎ᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠲᠣᠭᠤᠷᠢᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠣ᠂ ᠡᠳᠦᠷ ᠲᠤᠲᠤᠮ᠎ᠤᠨ ᠬᠢᠨᠠᠨ ᠬᠠᠮᠢᠶᠠᠷᠬᠤ ᠠᠵᠢᠯ᠎ᠢ ᠰᠠᠶ᠋ᠢᠲᠤᠷ ᠬᠢᠨ᠎ᠡ᠃ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠨᠢ ᠨᠤᠲᠤᠭ ᠪᠡᠯᠴᠢᠭᠡᠷ᠎ᠲᠠᠬᠢ ᠠᠭᠤᠷᠬᠠᠶ ᠵᠢᠨ ᠣᠷᠣᠨ᠎ᠤ ᠤᠰᠤᠨ᠎ᠤ ᠡᠬᠢ ᠰᠣᠷᠪᠣᠯᠵᠢ ᠵᠢᠨ ᠬᠠᠮᠠᠭ᠋ᠠᠯᠠᠯᠳᠠ᠎ᠳᠤ ᠬᠢᠨᠠᠨ ᠬᠠᠮᠢᠶᠠᠷᠬᠤ ᠠᠵᠢᠯ᠎ᠢ ᠬᠠᠤᠯᠢ ᠪᠠ ᠲᠣᠭᠲᠠᠭ᠋ᠠᠯ ᠶᠣᠰᠣᠭ᠋ᠠᠷ ᠴᠢᠩᠭ᠋ᠠᠣᠡᠬᠠᠨᠠ᠃ 《ᠣᠭᠲᠠᠷᠭᠤᠶ᠎ᠠᠴᠠ ᠦᠵᠡᠬᠦ᠂ ᠭᠠᠵᠠᠷ᠎ᠲᠤᠨᠢ ᠭᠦᠷᠴᠣ ᠪᠠᠶ᠋ᠢᠴᠠᠭ᠋ᠠᠬᠤ》 ᠵᠡᠷᠭᠡ ᠣᠳᠣ ᠦᠶ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠪᠦᠬᠦᠨ᠎ᠢ ᠬᠠᠮᠤᠷᠤᠭᠰᠠᠨ ᠬᠡᠯᠪᠡᠷᠢ ᠪᠦᠭᠦᠢ ᠬᠢᠨᠠᠯᠲᠠ ᠲᠠᠯᠪᠢᠵᠣ ᠪᠠᠶ᠋ᠢᠴᠠᠭ᠋ᠠᠬᠤ ᠵᠢ ᠥᠷᠨᠢᠭᠦᠯᠵᠦ᠂ ᠪᠦᠬᠦ ᠲᠠᠯ᠎ᠠ᠎ᠪᠠᠷ ᠬᠢᠨᠠᠨ ᠬᠡᠮᠵᠢᠵᠦ ᠬᠢᠨᠠᠨ ᠬᠠᠮᠢᠶᠠᠷᠬᠤ ᠵᠢ ᠪᠡᠶᠡᠯᠡᠭᠦᠯᠦᠨ᠂ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠬᠠᠤᠯᠢ ᠪᠠ ᠲᠣᠭᠲᠠᠭ᠋ᠠᠯ ᠶᠣᠰᠣᠭ᠋ᠠᠷ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠭᠥᠭᠵᠢᠭᠦᠯᠣᠨᠡ᠃ ᠡᠳᠦᠷ ᠲᠤᠲᠤᠮ᠎ᠤᠨ ᠬᠢᠨᠠᠨ ᠬᠠᠮᠢᠶᠠᠷᠬᠤ᠎ᠪᠠᠷ ᠳᠠᠮᠵᠢᠨ ᠢᠯᠡᠷᠡᠭᠦᠯᠤᠭ᠌ᠰᠡᠨ ᠠᠰᠠᠭᠤᠳᠠᠯ᠎ᠳᠤ ᠠᠵᠢᠯ᠎ᠤᠨ ᠡᠭᠡ ᠳᠠᠩᠰᠠ ᠪᠠᠶ᠋ᠢᠭᠤᠯᠵᠤ᠂ ᠴᠡᠭᠴᠡᠯᠡᠵᠣ ᠦᠭᠡᠷᠡᠴᠢᠯᠡᠭᠰᠡᠨ ᠪᠠᠶ᠋ᠢᠪᠡᠯ ᠬᠠᠷᠭᠤᠭᠤᠯᠵᠣ ᠬᠠᠰᠤᠬᠤ ᠳᠦᠷᠢᠮ᠎ᠢ ᠬᠡᠷᠩᠵᠢᠭᠦᠯᠣᠨ᠎ᠡ᠃ (ᠬᠠᠷᠢᠭᠤᠴᠠᠬᠤ ᠨᠢᠭᠡᠴᠢ᠄ ᠡᠯ᠎ᠠ ᠠᠶ᠋ᠢᠮᠠᠭ᠎ᠤᠨ ᠵᠠᠬᠢᠷᠭ᠎ᠠ᠂ ᠬᠤᠳᠡ ᠵᠢᠨ ᠠᠷᠡᠳ᠎ᠤᠨ ᠵᠠᠰᠠᠭ᠎ᠤᠨ ᠣᠷᠳᠣᠨ᠂ ᠬᠢᠨᠡᠨ ᠬᠠᠮᠢᠶᠡᠷᠬᠤ ᠨᠢᠭᠡᠴᠢ᠄ ᠦᠪᠡᠷᠳᠡᠭᠡᠨ ᠵᠠᠰᠠᠬᠤ ᠣᠷᠣᠨ᠎ᠤ ᠣᠶ ᠰᠢᠭᠤᠶ ᠪᠠ ᠨᠣᠳᠤᠭ ᠪᠡᠯᠴᠢᠭᠡᠷ᠎ᠤᠨ ᠲᠤᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠳᠢᠩᠬᠢᠮ᠂ ᠬᠦᠭᠵᠢᠬᠦᠯᠥᠯᠳᠡ ᠪᠠ ᠦᠭᠡᠷᠡᠴᠢᠯᠡᠯᠳᠡ ᠵᠢᠨ ᠵᠦᠪᠯᠡᠯ᠂ ᠠᠮᠢ ᠠᠬᠤᠢ ᠣᠷᠴᠢᠨ ᠲᠤᠭᠤᠷᠢᠨ᠎ᠤ ᠳᠢᠩᠬᠢᠮ᠂ ᠣᠰᠣᠨ ᠠᠰᠢᠠᠠᠯᠠᠯᠳᠡ ᠵᠢᠨ ᠳᠢᠩᠬᠢᠮ᠂ ᠡᠨᠧᠷᠬᠢ ᠵᠢᠨ ᠲᠤᠪᠴᠢᠶ᠎ᠠ ᠵᠡᠷᠭᠡ ᠰᠠᠯᠠᠭ᠎ᠠ ᠮᠦᠴᠢᠷ)
(ᠲᠠᠪᠤ) ᠠᠭᠤᠷᠬᠠᠶ ᠵᠢᠨ ᠡᠬᠢ ᠪᠠᠶᠠᠯᠢᠭ᠎ᠢ ᠨᠡᠭᠡᠭᠡᠬᠦ ᠲᠠᠯ᠎ᠠ᠎ᠳᠠᠬᠢ ᠬᠠᠤᠯᠢ᠎ᠠᠴᠠ ᠵᠥᠷᠢᠴᠡᠨ ᠨᠤᠲᠤᠭ ᠪᠡᠯᠴᠢᠭᠡᠷ᠎ᠢ ᠡᠵᠡᠯᠡᠵᠣ ᠬᠡᠷᠩᠯᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠬᠦᠨ᠎ᠡ᠃ ᠡᠯ᠎ᠡ ᠱᠠᠲᠤᠨ᠎ᠤ ᠶᠡᠷᠦᠩᠬᠡᠶ᠋ᠢᠯᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠢ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠣ᠂ ᠬᠠᠤᠯᠢ ᠵᠢ ᠵᠠᠪᠠᠯ ᠵᠢᠷᠤᠮᠯᠠᠬᠤ᠂ ᠬᠠᠤᠯᠢ ᠵᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ᠎ᠠᠴᠠ ᠵᠦᠷᠢᠴᠡᠪᠡᠯ ᠵᠠᠪᠠᠯ ᠨᠡᠬᠡᠮᠵᠢᠯᠡᠬᠦ ᠵᠠᠷᠴᠢᠮ᠎ᠢ ᠪᠠᠷᠢᠮᠲᠠᠯᠠᠨ᠂ ᠵᠦᠪᠰᠢᠶᠡᠷᠡᠭᠦᠯᠤᠭ᠌ᠰᠡᠨ ᠦᠭᠡᠢ ᠪᠠᠶ᠋ᠢᠵᠣ ᠣᠷᠢᠣᠡ ᠵᠶ᠋ᠠᠷ ᠪᠠᠶ᠋ᠢᠭᠤᠯᠬᠤ᠂ ᠵᠦᠪᠰᠢᠶᠡᠷᠡᠭᠰᠡᠨ ᠬᠡᠮᠵᠢᠶᠠᠨ᠎ᠠᠴᠠ ᠢᠯᠡᠭᠦᠦ ᠡᠵᠡᠯᠡᠬᠦ᠂ ᠲᠦᠷ ᠴᠠᠭ ᠬᠡᠷᠩᠯᠡᠭᠦ ᠨᠡᠷ᠎ᠡ᠎ᠪᠠᠷ ᠨᠤᠲᠤᠭ ᠪᠡᠯᠴᠢᠭᠡᠷ᠎ᠢ ᠤᠷᠲᠤ ᠬᠤᠭᠤᠴᠠᠭ᠎ᠠ᠎ᠪᠠᠷ ᠡᠵᠡᠯᠡᠨ ᠬᠡᠷᠡᠭᠯᠡᠬᠦ ᠵᠡᠷᠭᠡ ᠬᠠᠤᠯᠢ ᠪᠠ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠪᠠ ᠲᠣᠭᠲᠠᠭ᠋ᠠᠯ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠣᠡᠪᠣᠷᠢᠯᠡᠨᠡ᠃ ᠴᠡᠭᠴᠡᠯᠡᠨ ᠰᠠᠶ᠋ᠢᠵᠢᠷᠠᠭᠤᠯᠬᠤ ᠡᠭᠦᠷᠭᠡ᠎ᠪᠠᠨ ᠭᠦᠢ᠍ᠴᠡᠳᠬᠡᠬᠦ ᠦᠭᠡᠶ᠂ ᠨᠤᠲᠤᠭ ᠪᠡᠯᠴᠢᠭᠡᠷ᠎ᠢ ᠳᠤᠷ᠎ᠠ᠎ᠪᠠᠷ ᠡᠵᠡᠯᠡᠨ ᠬᠡᠷᠡᠭᠯᠡᠵᠦ ᠪᠠᠶ᠋ᠢᠭ᠎ᠠ ᠠᠵᠤ ᠠᠬᠤᠶ᠋ᠢᠯᠠᠯ᠎ᠢ ᠦᠨᠡᠨᠴᠢ ᠢᠲᠡᠭᠡᠮᠵᠢ ᠵᠢᠨ ᠲᠣᠭᠲᠠᠯᠴᠠᠭ᠎ᠠ ᠵᠢᠨ 《ᠬᠠᠷ᠎ᠠ ᠳᠠᠩᠰᠡᠨ》᠎ᠳᠤ ᠬᠠᠤᠯᠢ ᠶᠣᠰᠣᠭ᠋ᠠᠷ ᠵᠢᠭᠰᠠᠭ᠋ᠠᠨ ᠣᠷᠣᠭᠤᠯᠤᠨ᠎ᠠ᠃ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠶᠠᠪᠤᠴᠠ᠎ᠳᠤ ᠬᠠᠤᠯᠢ᠎ᠠᠴᠠ ᠵᠥᠷᠢᠴᠡᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠭᠡᠳ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠡ᠃ (ᠬᠠᠷᠢᠭᠤᠴᠠᠬᠤ ᠨᠢᠭᠡᠴᠢ᠄ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠢᠨᠠᠨ ᠬᠠᠮᠢᠶᠠᠷᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠣᠶ ᠰᠢᠭᠤᠶ ᠪᠠ ᠨᠣᠳᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ)
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠵᠣ ᠣᠳᠣᠷᠢᠣᠡᠬᠤ᠎ᠪᠠᠨ ᠴᠢᠩᠭ᠋ᠠᠷᠠᠭᠤᠯᠬᠤ ᠬᠡᠷᠡᠭᠲᠡᠶ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠣᠬᠢᠶᠠᠨ ᠪᠠᠶ᠋ᠢᠭᠤᠯᠵᠣ ᠣᠳᠣᠷᠢᠣᠡᠬᠤ᠎ᠪᠠᠨ ᠴᠢᠩᠭ᠋ᠠᠷᠠᠭᠤᠯᠵᠣ᠂ ᠨᠤᠲᠤᠭ ᠪᠡᠯᠴᠢᠭᠡᠷ᠎ᠢ ᠬᠠᠤᠯᠢ ᠶᠣᠰᠣᠭ᠋ᠠᠷ ᠬᠠᠮᠠᠭ᠋ᠠᠯᠠᠵᠤ ᠬᠠᠮᠢᠶᠠᠷᠬᠤ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠣᠡᠭᠡᠨ᠂ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠬᠤᠭᠤᠷᠣᠨᠳᠣᠬᠢ ᠬᠠᠷᠢᠴᠠᠭ᠎ᠠ ᠵᠢ ᠵᠥᠪ ᠵᠶ᠋ᠠᠷ ᠰᠢᠢ᠍ᠳᠪᠦᠷᠢᠯᠡᠵᠦ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠢᠮᠠᠭᠲᠠ ᠪᠠᠳᠣᠯᠠᠨ᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠭᠦ ᠠᠵᠢᠯ᠎ᠳᠠᠬᠢ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠵᠦ᠂ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠬᠤ ᠪᠠ ᠠᠭᠤᠷᠬᠠᠶ ᠵᠢ ᠶᠡᠷᠦᠩᠬᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠦᠨ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠬᠢᠨᠠᠨ ᠬᠠᠮᠢᠶᠠᠷᠬᠤ ᠠᠵᠢᠯ᠎ᠤᠨ ᠲᠣᠭᠲᠠᠴᠠ ᠵᠢ ᠪᠠᠶ᠋ᠢᠭᠤᠯᠵᠣ᠂ ᠨᠣᠳᠤᠭ ᠪᠡᠯᠴᠢᠭᠡᠷ᠎ᠤᠨ ᠠᠮᠢ ᠠᠬᠤᠢ ᠵᠢᠨ ᠠᠮᠣᠷ ᠲᠦᠪᠰᠢᠨ᠎ᠢ ᠦᠨᠡᠨ ᠬᠦ᠌ ᠪᠠᠳᠣᠯᠠᠬᠤ ᠬᠡᠷᠩᠳᠠᠢ᠃
(ᠬᠤᠶᠠᠷ) ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠣᠶ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ ᠵᠶ᠋ᠠᠷ ᠲᠦᠷᠦᠭᠦᠯᠡᠭᠦᠯᠦᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠤᠰᠤᠨ ᠠᠰᠢᠭᠯᠠᠯᠲᠠ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ᠂ ᠡᠨᠧᠷᠭᠢ ᠵᠡᠷᠭᠡ ᠰᠠᠯᠠᠭ᠎ᠠ ᠮᠥᠴᠢᠷ ᠵᠶ᠋ᠠᠷ ᠪᠦᠷᠢᠯᠳᠦᠬᠦᠨ ᠨᠢᠭᠡᠴᠢ ᠪᠣᠯᠭ᠋ᠠᠭᠰᠠᠨ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠬᠦᠷᠢᠶᠡᠨ᠎ᠳᠠᠬᠢ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠶ᠋ᠢᠭᠤᠯᠬᠤ ᠬᠡᠷᠩᠳᠠᠢ᠂ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠴᠤ᠌ ᠯᠠᠪᠯᠠᠯᠲᠠ ᠪᠣᠯᠭ᠋ᠠᠨ ᠵᠣᠬᠢᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠢ᠎ᠨᠢ ᠮᠡᠳᠡᠭᠡ ᠵᠠᠩᠭᠢ᠎ᠪᠠᠨ ᠬᠠᠷᠢᠯᠴᠠᠨ ᠨᠡᠪᠲᠡᠷᠡᠯᠴᠡᠵᠦ᠂ ᠬᠠᠷᠢᠯᠴᠠᠨ ᠬᠠᠮᠵᠢᠯᠴᠠᠵᠤ᠂ ᠠᠵᠢᠯ᠎ᠤᠨ ᠨᠡᠶ᠋ᠢᠯᠡᠮᠡᠯ ᠬᠦᠴᠦᠨ᠎ᠢ ᠪᠣᠶ ᠪᠣᠯᠭ᠋ᠠᠨ᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠭᠦ ᠬᠦᠷᠢᠶᠡᠨ᠎ᠳᠠᠬᠢ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠤᠨ ᠴᠢᠬᠤᠯᠠ ᠶᠡᠭᠡ ᠵᠦᠢ᠍ᠯᠡᠰ᠎ᠲᠤ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠴᠤ᠂ ᠠᠶ᠋ᠢᠮᠠᠭ ᠬᠤᠲᠠ ᠵᠢᠨ ᠳᠠᠷᠠᠭ᠎ᠠ ᠨᠢᠭᠡ ᠵᠢᠯ᠎ᠤᠨ ᠠᠵᠢᠯ᠎ᠤᠨ ᠲᠥᠯᠥᠪᠯᠡᠭᠡ ᠵᠢᠴᠢ ᠱᠠᠲᠤ ᠦᠶ᠎ᠠ ᠵᠢᠨ ᠴᠢᠨᠠᠷᠲᠠᠶ ᠡᠭᠦᠷᠭᠡ ᠵᠢ ᠬᠢᠨᠠᠨ ᠲᠣᠭᠲᠠᠭ᠋ᠠᠬᠤ ᠵᠢᠨ ᠬᠠᠮᠲᠤ᠂ ᠬᠡᠷᠡᠭᠵᠢᠭᠦᠯᠦᠭᠰᠡᠨ ᠪᠠᠶ᠋ᠢᠳᠠᠯ᠎ᠳᠤᠨᠢ ᠬᠢᠨᠠᠯᠲᠠ ᠲᠠᠯᠪᠢᠨ ᠪᠠᠶ᠋ᠢᠴᠠᠭ᠋ᠠᠵᠤ᠂ ᠬᠤᠯᠪᠣᠭ᠋ᠠᠯᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠵᠣ ᠥᠷᠨᠢᠭᠦᠯᠬᠦ ᠬᠡᠷᠩᠳᠠᠢ᠃
(ᠭᠤᠷᠪᠠ) ᠮᠥᠷᠳᠡᠵᠦ ᠦᠷ᠎ᠡ ᠪᠦᠲᠦᠮᠵᠢ ᠵᠢ᠎ᠨᠢ ᠲᠣᠯᠭ᠋ᠠᠨ ᠠᠰᠠᠭᠤᠬᠤ ᠵᠢ ᠴᠢᠩᠭ᠋ᠠᠷᠠᠭᠤᠯᠬᠤ ᠬᠡᠷᠩᠳᠠᠢ᠃ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠬᠤ᠂ ᠰᠢᠯᠭ᠋ᠠᠨ ᠦᠨᠡᠯᠡᠬᠦ᠂ ᠱᠠᠩᠨᠠᠵᠤ ᠲᠣᠷᠭ᠋ᠠᠬᠤ ᠵᠡᠷᠭᠡ ᠠᠵᠢᠯ᠎ᠤᠨ ᠲᠣᠭᠲᠠᠴᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 《ᠨᠢᠭᠡ ᠠᠵᠢᠯ᠎ᠤᠨ ᠪᠠᠶ᠋ᠢᠷᠢ᠎ᠳᠤ ᠬᠤᠶᠠᠷ ᠬᠠᠷᠢᠭᠤᠴᠠᠯᠭ᠎ᠠ᠎ᠲᠠᠢ》 《ᠬᠠᠷᠢᠭᠤᠴᠠᠯᠭ᠎ᠠ ᠠᠯᠳᠠᠪᠡᠯ ᠬᠠᠷᠢᠭᠤᠴᠠᠯᠭ᠎ᠠ ᠨᠡᠬᠡᠮᠵᠢᠯᠡᠬᠦ》 ᠳᠦᠷᠢᠮ᠎ᠢ ᠴᠢᠩᠭ᠎ᠠ ᠬᠡᠷᠡᠭᠵᠢᠭᠦᠯᠵᠦ᠂ ᠠᠵᠢᠯ᠎ᠨᠢ ᠨᠠᠶ᠋ᠢᠳᠠᠪᠣᠷᠢ ᠦᠭᠡᠢ᠂ ᠬᠠᠷᠢᠭᠤᠴᠠᠯᠭ᠎ᠠ᠎ᠪᠠᠨ ᠠᠯᠳᠠᠵᠤ ᠲᠤᠰᠢᠶᠠᠯ ᠵᠶ᠋ᠠᠨ ᠭᠤᠲᠤᠭ᠋ᠠᠭᠰᠠᠨ ᠪᠠᠶ᠋ᠢᠪᠠᠯ᠂ ᠬᠠᠮᠢᠶ᠎ᠠ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠭᠦ ᠬᠡᠷᠡᠭᠲᠡᠶ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠷ᠎ᠡ ᠨᠢᠭᠡ ᠵᠢᠯ᠎ᠤᠨ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠭᠦ ᠠᠵᠢᠯ᠎ᠳᠠᠬᠢ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠪᠠᠶ᠋ᠢᠳᠠᠯ ᠵᠢᠴᠢ ᠳᠠᠷᠠᠭ᠎ᠠ ᠨᠢᠭᠡ ᠵᠢᠯ᠎ᠤᠨ ᠠᠵᠢᠯ᠎ᠤᠨ ᠲᠥᠯᠥᠪᠯᠡᠭᠡ᠎ᠪᠠᠨ ᠵᠢᠯ ᠪᠦᠷᠢ ᠵᠢᠨ 2 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠶ᠃