10 ᠳ᠋ᠤᠭ᠋ᠠᠷ ᠰᠠᠷ᠎ᠠ ᠵᠢᠨ 12᠎ᠤᠨ ᠦᠳᠡ ᠵᠢᠨ ᠬᠤᠶ᠋ᠢᠨ᠎ᠠ᠂ ᠦᠪᠡᠷᠳᠡᠬᠡᠨ ᠵᠠᠰᠠᠬᠤ ᠤᠷᠤᠨ ᠪᠦᠬᠦ ᠤᠷᠤᠨ᠎ᠤ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠬᠤ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠲᠦᠷᠦ ᠵᠢᠨ ᠶᠠᠪᠤᠲᠠᠯ᠎ᠤᠨ ᠬᠤᠷᠢᠶᠠᠨ᠎ᠤ 《ᠤᠰᠤᠨ᠎ᠤ ᠪᠤᠬᠢᠷᠳᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ ᠵᠢᠨ ᠲᠦᠯᠤᠪᠯᠡᠭᠡ》 ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠪᠡᠷᠳᠡᠬᠡᠨ ᠵᠠᠰᠠᠬᠤ ᠤᠷᠤᠨ᠎ᠤ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠬᠤ ᠠᠵᠢᠯ᠎ᠢ ᠪᠠᠶ᠋ᠢᠷᠢᠯᠠᠭᠤᠯᠪᠠ᠃
ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ᠎ᠤ ᠲᠡᠳ᠋ ᠲᠡᠷᠢᠬᠦᠯᠡᠭᠴᠢ ᠹᠦ᠋᠎ᠲᠠᠢ ᠽᠧᠩ ᠲᠤᠰ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ᠎ᠤ ᠲᠡᠳ᠋ ᠲᠡᠷᠢᠬᠦᠯᠡᠭᠴᠢ ᠴᠠᠩ ᠵᠢᠶᠦ᠋ᠨ ᠵᠧᠩ ᠲᠤᠰ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃
ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠤᠳᠤᠬᠠᠨ ᠪᠠ ᠬᠤᠶ᠋ᠢᠰᠢᠳᠠ ᠵᠢᠨ ᠨᠢᠬᠡ ᠬᠤᠭᠤᠴᠠᠭ᠋ᠠᠨ᠎ᠳᠤ᠂ ᠡᠯ᠎ᠠ ᠱᠠᠳᠤ ᠡᠯ᠎ᠠ ᠰᠠᠯᠠᠭ᠎ᠠ ᠮᠦᠴᠢᠷ᠎ᠤᠨ᠎ᠬᠢᠨ ᠠᠵᠤ ᠤᠢ᠍ᠢ᠍ᠯᠡᠳᠪᠤᠷᠢ᠂ ᠬᠤᠳᠠ ᠪᠠᠯᠭ᠋ᠠᠰᠤᠨ᠎ᠤ ᠠᠮᠢᠳᠤᠷᠠᠯ ᠪᠤᠯᠤᠨ ᠲᠠᠷᠢᠶᠠᠯᠠᠩ ᠲᠠᠷᠢᠶᠠᠯᠠᠬᠤ ᠤᠷᠤᠨ ᠵᠡᠷᠬᠡ ᠲᠠᠯ᠎ᠠ᠎ᠪᠠᠷ᠎ᠬᠢ ᠭᠤᠤᠯ ᠪᠤᠬᠢᠷᠳᠤᠯ ᠪᠤᠳᠠᠰ ᠭᠠᠲᠠᠭᠰᠢᠯᠠᠭᠤᠯᠬᠤ ᠵᠢ ᠪᠦᠬᠦ ᠲᠠᠯ᠎ᠠ᠎ᠪᠠᠷ ᠬᠢᠵᠠᠭ᠋ᠠᠷᠯᠠᠵᠤ᠂ ᠤᠷᠤᠨ ᠵᠠᠢ ᠵᠢᠨ ᠪᠠᠶ᠋ᠢᠷᠢᠰᠢᠯ᠎ᠢ ᠰᠢᠯᠢᠳᠡᠭᠵᠢᠬᠦᠯᠵᠤ᠂ ᠠᠵᠤ ᠠᠬᠤᠢ ᠵᠢᠨ ᠪᠦᠳᠤᠴᠠ ᠵᠢᠨ ᠬᠡᠯᠪᠡᠷᠢ ᠵᠢ ᠬᠤᠪᠢᠷᠠᠭᠤᠯᠵᠤ ᠲᠡᠰ ᠲᠡᠪᠰᠢᠬᠦᠯᠬᠦ ᠵᠢ ᠴᠢᠷᠮᠠᠶ᠋ᠢᠨ ᠠᠬᠢᠭᠤᠯᠬᠤ ᠭᠡᠷᠡᠭᠳᠠᠢ; ᠤᠰᠤᠨ᠎ᠤ ᠡᠬᠢ ᠰᠤᠷᠪᠤᠯᠵᠢ ᠵᠢᠨ ᠬᠠᠮᠤᠬ᠎ᠤᠨ ᠴᠢᠩᠭ᠎ᠠ ᠬᠠᠮᠢᠶᠠᠷᠤᠯᠳᠠ ᠵᠢ ᠭᠡᠷᠡᠭᠵᠢᠬᠦᠯᠵᠤ᠂ ᠤᠰᠤᠨ᠎ᠤ ᠡᠬᠢ ᠪᠠᠶᠠᠯᠢᠬ᠎ᠢ ᠠᠷᠪᠢᠯᠠᠨ ᠬᠠᠮᠠᠭ᠋ᠠᠯᠠᠬᠤ ᠭᠡᠷᠡᠭᠳᠠᠢ; ᠤᠰᠤᠨ᠎ᠤ ᠪᠤᠬᠢᠷᠳᠤᠯ᠎ᠢ ᠰᠡᠷᠬᠡᠶ᠋ᠢᠯᠡᠬᠦ ᠰᠢᠨ᠎ᠠ ᠲᠤᠬᠳᠠᠴᠠ ᠵᠢ ᠪᠠᠶ᠋ᠢᠭᠤᠯᠵᠤ᠂ ᠤᠤᠭᠤᠬᠤ ᠤᠰᠤᠨ᠎ᠤ ᠡᠬᠢ ᠡᠬᠦᠰᠤᠯ ᠪᠤᠯᠤᠨ ᠤᠰᠤᠨ᠎ᠤ ᠠᠮᠢ ᠠᠬᠤᠢ ᠵᠢᠨ ᠤᠷᠴᠢᠨ ᠲᠤᠭᠤᠷᠢᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠭᠡᠷᠡᠭᠳᠠᠢ; ᠭᠠᠶ᠋ᠢᠯᠢ ᠰᠦᠢ᠍ᠳᠭᠡᠯ᠎ᠤᠨ ᠲᠦᠷᠤ ᠵᠢᠨ ᠪᠤᠳᠤᠯᠭ᠎ᠠ ᠵᠢ ᠲᠡᠬᠦᠯᠳᠡᠷᠵᠢᠬᠦᠯᠵᠤ᠂ ᠵᠤᠷᠢᠬ᠍ᠵᠢᠭᠤᠯᠬᠤ ᠲᠤᠭᠳᠠᠴᠠ ᠵᠢ ᠪᠠᠶ᠋ᠢᠭᠤᠯᠤᠨ᠂ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠬᠤ ᠰᠢᠨᠵᠢᠯᠡᠬᠦ ᠤᠬᠠᠭ᠋ᠠᠨ ᠮᠡᠷᠬᠡᠵᠢᠯ᠎ᠤᠨ ᠲᠤᠯᠭ᠋ᠠᠭᠤᠷᠢᠯᠠᠬᠤ ᠬᠦᠴᠤᠨ᠎ᠢ ᠴᠢᠩᠭ᠋ᠠᠳᠬᠠᠬᠤ ᠭᠡᠷᠡᠭᠳᠠᠢ; ᠤᠷᠴᠢᠨ ᠲᠤᠭᠤᠷᠢᠨ᠎ᠤ ᠬᠠᠤᠯᠢ ᠬᠡᠷᠡᠭᠵᠢᠬᠦᠯᠬᠦ ᠬᠢᠨᠠᠯᠳᠠ ᠲᠠᠯᠪᠢᠬᠤ ᠵᠢ ᠴᠢᠨᠠᠬᠰᠢᠳᠠ ᠴᠢᠩᠭ᠋ᠠᠳᠬᠠᠵᠤ᠂ ᠤᠷᠴᠢᠨ ᠲᠤᠭᠤᠷᠢᠨ᠎ᠤ ᠬᠠᠤᠯᠢ᠎ᠠᠴᠠ ᠵᠦᠷᠢᠴᠡᠭᠰᠡᠨ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠴᠤ᠂ ᠭᠤᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠬᠤ 《ᠠᠷᠪᠠᠨ ᠬᠤᠶᠠᠳᠤᠭ᠋ᠠᠷ ᠲᠠᠪᠤᠨ ᠵᠢᠯ》᠎ᠤᠨ ᠲᠦᠯᠤᠪᠵᠢᠬᠦᠯᠬᠡ ᠵᠢᠨ ᠲᠦᠷᠤᠯ ᠵᠦᠢ᠍ᠯ᠎ᠢ ᠨᠠᠶ᠋ᠢᠳᠠᠪᠤᠷᠢᠵᠢᠭᠤᠯᠬᠤ ᠭᠡᠷᠡᠭᠳᠠᠢ ᠬᠡᠵᠠᠢ᠃
ᠬᠤᠷᠠᠯ᠎ᠠᠴᠠ᠂ ᠡᠯ᠎ᠠ ᠲᠠᠭ᠋ᠠᠭᠤᠯᠬᠤ ᠰᠠᠯᠠᠭ᠎ᠠ ᠮᠦᠴᠢᠷ᠎ᠤᠨ᠎ᠬᠢᠨ ᠠᠵᠢᠯ᠎ᠤᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠵᠢᠯ᠎ᠤᠨ ᠡᠴᠤᠰ᠎ᠠᠴᠠ ᠡᠮᠤᠨ᠎ᠠ 《ᠤᠰᠤᠨ᠎ᠤ ᠪᠤᠬᠢᠷᠳᠤᠯ᠎ᠢ ᠰᠡᠷᠬᠡᠶ᠋ᠢᠯᠠᠨ ᠵᠠᠰᠠᠬᠤ ᠠᠵᠢᠯᠯᠠᠭ᠎ᠠ ᠵᠢᠨ ᠲᠦᠯᠤᠪᠯᠡᠭᠡ》᠎ᠳᠠᠬᠢ ᠮᠠᠨ᠎ᠤ ᠤᠷᠤᠨ᠎ᠳᠤ ᠬᠤᠯᠪᠤᠬᠳᠠᠬᠤ ᠰᠠᠭᠤᠭ᠋ᠠᠯᠢ ᠠᠷᠠᠳ᠎ᠤᠨ ᠤᠰᠤᠨ᠎ᠤ ᠱᠠᠳᠤᠯᠢᠭ ᠦᠨ᠎ᠠ ᠬᠠᠩᠰᠢ ᠵᠢᠨ ᠲᠦᠷᠢᠮ ᠵᠡᠷᠬᠡ 6 ᠵᠦᠢ᠍ᠯ᠎ᠤᠨ ᠠᠵᠢᠯ᠎ᠤᠨ ᠡᠬᠦᠷᠬᠡ ᠵᠢ ᠪᠡᠶᠡᠯᠡᠬᠦᠯᠬᠦ ᠵᠢ ᠪᠠᠳᠤᠯᠠᠬᠤ ᠭᠡᠷᠡᠭᠳᠠᠢ᠃ 2016 ᠣᠨ᠎ᠳᠤ ᠪᠡᠶᠡᠯᠡᠬᠦᠯᠬᠦ᠎ᠪᠠᠷ ᠱᠠᠭ᠋ᠠᠷᠳᠠᠬᠰᠠᠨ ᠭᠤᠤᠯ ᠠᠵᠢᠯ᠎ᠢ ᠡᠷᠳᠡᠬᠡᠨ ᠰᠡᠳᠤᠵᠤ᠂ ᠤᠷᠢᠳᠴᠢᠯᠠᠨ ᠪᠠᠶ᠋ᠢᠷᠢᠯᠠᠭᠤᠯᠵᠤ᠂ ᠲᠤᠭᠳᠠᠬᠰᠠᠨ ᠴᠠᠭ᠎ᠲᠠᠭᠠᠨ ᠪᠡᠶᠡᠯᠡᠬᠦᠯᠬᠦ ᠵᠢ ᠪᠠᠳᠤᠯᠠᠬᠤ ᠭᠡᠷᠡᠭᠳᠠᠢ᠃ ᠰᠢᠯᠭ᠋ᠠᠨ ᠪᠠᠶ᠋ᠢᠴᠠᠭ᠋ᠠᠵᠤ ᠦᠨᠡᠯᠡᠬᠦ ᠰᠢᠰᠲ᠋ᠧᠮᠵᠢ ᠵᠢ ᠲᠡᠬᠦᠯᠳᠡᠷᠵᠢᠬᠦᠯᠵᠤ᠂ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠬᠤ ᠠᠵᠢᠯ᠎ᠤᠨ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠦᠨᠡᠨ ᠪᠤᠳᠠᠳᠠᠢ ᠠᠳᠬᠤᠵᠤ᠂ ᠬᠦᠴᠢᠷ᠎ᠢ ᠲᠤᠭᠤᠯᠵᠤ ᠪᠡᠷᠬᠡ ᠵᠢ ᠲᠠᠪᠠᠵᠤ᠂ ᠠᠮᠢ ᠠᠬᠤᠢ ᠰᠠᠶ᠋ᠢᠨ ᠰᠠᠶ᠋ᠢᠬᠠᠨ ᠡᠬᠡ ᠤᠯᠤᠰ᠎ᠤᠨ ᠤᠮᠠᠷᠠᠳᠤ ᠵᠢᠨ ᠦᠵᠡᠮᠵᠢ ᠵᠢᠨ ᠤᠷᠤᠨ᠎ᠢ ᠪᠠᠶ᠋ᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃