8 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ 2015 ᠣᠨ᠎ᠤ ᠳᠣᠣᠷ᠎ᠠ ᠬᠠᠭ᠋ᠠᠰ ᠵᠢᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠪᠠᠭ᠋ᠠᠰᠬᠠᠬᠤ ᠠᠵᠢᠯ᠎ᠤᠨ ᠬᠤᠷᠠᠯᠳᠤᠭ᠋ᠠᠨ ᠤᠯᠠᠭ᠋ᠠᠨᠬᠠᠳᠠ ᠬᠤᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠤᠷᠢᠨ᠎ᠢ ᠬᠠᠮᠠᠭ᠋ᠠᠯᠠᠬᠤ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ ᠹᠧᠩ᠂ ᠤᠯᠠᠭ᠋ᠠᠨᠬᠠᠳᠠ ᠬᠤᠲᠠ ᠵᠢᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠬᠤᠲᠠ ᠵᠢᠨ ᠳᠡᠳ᠋ ᠳᠠᠷᠤᠭ᠎ᠠ ᠶᠠᠩ ᠸᠠᠨ ᠲᠤᠤ ᠲᠤᠰ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃
ᠶᠠᠩ ᠸᠠᠨ ᠲᠤᠤ ᠵᠢᠭ᠋ᠠᠬᠤ᠎ᠳᠤ᠎ᠪᠠᠨ᠂ ᠣᠶ᠋ᠢᠷ᠎ᠠ ᠵᠢᠨ ᠵᠢᠯ᠎ᠳᠤ ᠤᠯᠠᠭ᠋ᠠᠨᠬᠠᠳᠠ ᠬᠤᠲᠠ ᠠᠮᠢ ᠠᠬᠤᠶ᠎ᠪᠠᠷ ᠬᠤᠲᠠ᠎ᠪᠠᠨ ᠪᠠᠶ᠋ᠢᠭᠤᠯᠬᠤ᠂ ᠠᠵᠤ ᠦᠢ᠍ᠯᠡᠳᠪᠦᠷᠢ᠎ᠪᠠᠷ ᠬᠤᠲᠠ᠎ᠪᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠬᠤᠲᠠ᠎ᠪᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠠᠵᠤ ᠦᠢ᠍ᠯᠡᠳᠪᠦᠷᠢᠵᠢᠯᠲᠡ᠂ ᠬᠤᠲᠠ ᠪᠠᠯᠭ᠋ᠠᠰᠣᠵᠢᠯᠳᠡ ᠪᠣᠯᠣᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰᠵᠢᠯᠲᠡ ᠠᠬᠢᠴᠠ ᠵᠢ ᠲᠥᠷᠭᠡᠳᠬᠡᠨ ᠲᠦᠯᠬᠢᠨ ᠠᠬᠢᠭᠤᠯᠵᠤ᠂ ᠠᠵᠤ ᠠᠬᠤᠶ ᠨᠡᠶ᠋ᠢᠭᠡᠮ ᠲᠦᠷᠭᠡᠨ ᠬᠥᠭᠵᠢᠪᠡ᠃ ᠤᠯᠠᠭ᠋ᠠᠨᠬᠠᠳᠠ ᠪᠣᠯ ᠪᠡᠭᠡᠵᠢᠩ ᠲᠢᠶᠠᠨᠵᠢᠨ ᠯᠢᠶᠣᠤᠨᠢᠩ ᠮᠦᠭᠳᠡᠨ ᠭᠠᠵᠠᠷ ᠣᠷᠣᠨ᠎ᠤ ᠴᠢᠬᠤᠯᠠ ᠠᠮᠢ ᠠᠬᠤᠶ ᠵᠢᠨ ᠬᠠᠯᠬᠠᠪᠴᠢ ᠪᠣᠯᠬᠤ ᠪᠦᠭᠡᠳ ᠠᠮᠢ ᠠᠬᠤᠶ ᠵᠢᠨ ᠣᠷᠣᠨ ᠪᠠᠶ᠋ᠢᠷᠢ᠎ᠪᠠᠷ ᠮᠠᠰᠢ ᠴᠢᠬᠤᠯᠠ ᠪᠠᠶ᠋ᠢᠳᠠᠭ᠃ ᠣᠯᠠᠨ ᠵᠢᠯ᠎ᠤᠨ ᠲᠤᠷᠰᠢ᠂ ᠤᠯᠠᠭ᠋ᠠᠨᠬᠠᠳᠠ ᠬᠤᠲᠠ ᠵᠢᠨ ᠨᠠᠮ᠎ᠤᠨ ᠬᠤᠷᠢᠶ᠎ᠠ᠂ ᠬᠤᠲᠠ ᠵᠢᠨ ᠵᠠᠰᠠᠭ᠎ᠤᠨ ᠣᠷᠳᠣᠨ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠶ ᠬᠡᠮᠵᠢᠶ᠎ᠡ ᠵᠢᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯ᠎ᠢ ᠣᠷᠴᠢᠨ ᠲᠣᠭᠤᠷᠢᠨ᠎ᠢ ᠬᠠᠮᠠᠭ᠋ᠠᠯᠠᠬᠤ ᠠᠵᠢᠯ᠎ᠤᠨ ᠭᠤᠣᠯ ᠡᠭᠦᠷᠭᠡ ᠪᠣᠯᠭ᠋ᠠᠨ ᠠᠳᠬᠤᠬᠤ ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠤᠷᠢᠨ᠎ᠢ ᠬᠠᠮᠠᠭ᠋ᠠᠯᠠᠬᠤ ᠲᠢᠩᠬᠢᠮ᠎ᠤᠨ ᠬᠠᠯᠠᠮᠵᠢᠯᠠᠯ ᠳᠡᠮᠵᠢᠯᠭᠡ ᠳᠣᠣᠷ᠎ᠠ᠂ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠤᠷᠢᠳ ᠬᠤᠵᠢᠳ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠣᠯᠭᠤᠭᠰᠠᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠵᠢ ᠪᠠᠭ᠋ᠠᠰᠬᠠᠬᠤ᠎ᠳᠤ ᠲᠣᠪᠤᠶ᠋ᠢᠮ᠎ᠠ ᠠᠮᠵᠢᠯᠲᠠ ᠪᠦᠲᠦᠮᠵᠢ ᠣᠯᠤᠭᠰᠠᠨ ᠱᠠᠩᠨᠠᠯ᠂ ᠪᠦᠬᠦ ᠤᠯᠤᠰ᠎ᠤᠨ ᠡᠨᠧᠷᠭᠢ ᠠᠷᠪᠢᠯᠠᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠵᠢ ᠪᠠᠭ᠋ᠠᠰᠬᠠᠬᠤ ᠲᠡᠷᠢᠭᠦᠨ᠎ᠤ ᠨᠢᠭᠡᠴᠡ ᠵᠡᠷᠭᠡ ᠣᠯᠠᠨ ᠱᠠᠩᠨᠠᠯ ᠬᠥᠬᠢᠭᠦᠯᠦᠯ᠎ᠢ ᠬᠦᠷᠲᠡᠪᠡ ᠭᠡᠪᠡ᠃ ᠶᠠᠩ ᠸᠠᠨ ᠲᠤᠤ ᠬᠡᠯᠡᠬᠦ᠎ᠳᠤ᠎ᠪᠠᠨ᠂ ᠡᠨᠡ ᠤᠳᠠᠭ᠋ᠠᠨ᠎ᠤ ᠬᠤᠷᠠᠯᠳᠤᠭ᠋ᠠᠨ ᠮᠠᠨ᠎ᠤ ᠬᠤᠲᠠ᠎ᠳᠤ ᠬᠤᠷᠠᠯᠳᠤᠭᠰᠠᠨ᠎ᠨᠢ ᠤᠯᠠᠭ᠋ᠠᠨᠬᠠᠳᠠ ᠬᠤᠲᠠ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠠᠵᠢᠯ᠎ᠳᠠᠬᠢ ᠵᠣᠷᠢᠭᠵᠢᠭᠤᠯᠤᠯ ᠪᠠ ᠰᠢᠮᠳᠠᠭᠤᠯᠤᠯ ᠪᠣᠯᠣᠨ᠎ᠠ᠂ ᠪᠢᠳᠡ ᠡᠨᠡ ᠤᠳᠠᠭ᠋ᠠᠨ᠎ᠤ ᠬᠤᠷᠠᠯ ᠵᠶ᠋ᠠᠷ ᠰᠢᠨ᠎ᠡ ᠡᠬᠢᠯᠡᠯᠲᠡ ᠪᠣᠯᠭ᠋ᠠᠵᠤ᠂ ᠲᠤᠰ ᠤᠳᠠᠭ᠋ᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠬ᠎ᠠ ᠳᠡᠭᠦᠦ ᠠᠶ᠋ᠢᠮᠠᠭ ᠬᠤᠲᠠ ᠵᠢᠨ ᠲᠤᠷᠰᠢᠯᠭ᠎ᠠ ᠪᠣᠯᠣᠨ ᠠᠷᠭ᠎ᠠ ᠬᠡᠮᠵᠢᠶ᠎ᠡ ᠵᠢ ᠰᠤᠷᠤᠯᠴᠠᠨ ᠲᠣᠯᠢᠳᠠᠵᠤ᠂ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠪᠠᠭ᠋ᠠᠰᠬᠠᠬᠤ ᠠᠵᠢᠯ᠎ᠤᠨ ᠵᠣᠬᠢᠶᠠᠨ ᠪᠠᠶ᠋ᠢᠭᠤᠯᠤᠯᠲᠠ ᠤᠳᠤᠷᠢᠳᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠲᠠᠰᠤᠷᠠᠯᠲᠠ ᠦᠭᠡᠶ ᠲᠣᠭᠲᠠᠴᠠ ᠵᠢᠨ ᠰᠢᠨ᠎ᠡ ᠵᠢ ᠡᠭᠦᠳᠴᠦ᠂ ᠰᠡᠳᠭᠢᠮᠵᠢ᠎ᠪᠠᠨ ᠥᠷᠭᠡᠳᠬᠡᠵᠦ᠂ ᠯᠠᠪᠳᠠᠭᠤᠨ ᠪᠠᠲᠤᠲᠠᠶ ᠠᠵᠢᠯᠯᠠᠵᠤ᠂ 《12 · 5》 ᠵᠢᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠪᠠᠭ᠋ᠠᠰᠬᠠᠬᠤ ᠡᠯ᠎ᠡ ᠲᠥᠷᠥᠯ᠎ᠤᠨ ᠡᠭᠦᠷᠭᠡᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃
ᠬᠤᠷᠠᠯ᠎ᠳᠤ᠂ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠤᠨ ᠤᠯᠤᠰ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠵᠢ ᠪᠠᠭ᠋ᠠᠰᠬᠠᠬᠤ ᠬᠢᠨᠠᠨ ᠪᠠᠶ᠋ᠢᠴᠠᠭ᠋ᠠᠵᠤ ᠬᠠᠷᠭᠤᠭᠤᠯᠤᠨ ᠪᠣᠳᠣᠭᠰᠠᠨ ᠪᠠᠶ᠋ᠢᠳᠠᠯ ᠵᠢᠴᠢ ᠡᠯ᠎ᠡ ᠠᠶ᠋ᠢᠮᠠᠭ ᠬᠤᠲᠠ ᠵᠢᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠢ ᠨᠡᠪᠲᠡᠷᠡᠭᠦᠯᠪᠡ᠃ ᠤᠯᠠᠭ᠋ᠠᠨᠬᠠᠳᠠ ᠬᠤᠲᠠ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠪᠣᠯᠣᠨ ᠤᠯᠠᠭ᠋ᠠᠨᠬᠠᠳᠠ ᠬᠤᠲᠠ ᠵᠢᠨ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢᠨ ᠵᠥᠪᠯᠡᠯ ᠬᠤᠷᠠᠯ ᠳᠡᠭᠡᠷ᠎ᠡ ᠲᠤᠷᠰᠢᠯᠭ᠎ᠠ᠎ᠪᠠᠨ ᠰᠤᠯᠢᠯᠴᠠᠭᠤᠯᠪᠠ᠃