9 ᠳ᠋ᠤᠭᠡᠷ ᠰᠠᠷ᠎ᠠ ᠵᠢᠨ 11᠎ᠤ ᠡᠳᠦᠷ᠂ ᠪᠦᠬᠦ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ ᠬᠤᠷᠠᠯ ᠤᠷᠳᠤᠰ ᠬᠤᠳᠠ ᠵᠢᠨ ᠤᠳᠤᠭ ᠬᠤᠰᠢᠭᠤᠨ᠎ᠳᠤ ᠬᠤᠷᠠᠯᠳᠤᠪᠠ᠃ ᠬᠤᠷᠠᠯ᠎ᠠᠴᠠ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ ᠮᠠᠨ᠎ᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠳ᠋ᠦᠩᠨᠡᠵᠦ᠂ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠭᠠᠩ ᠲᠤᠰ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃
ᠪᠦᠦ ᠭᠠᠩ ᠵᠢᠭ᠋ᠠᠬᠤ᠎ᠳᠤ᠎ᠪᠠᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠡᠵᠡᠮᠰᠢᠵᠦ᠂ ᠤᠯᠤᠰ ᠲᠦᠷᠦ ᠵᠢᠨ ᠵᠣᠭᠰᠣᠴᠠ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠢᠮᠠᠭᠲᠠ 《ᠤᠯᠤᠰ᠎ᠤᠨ ᠶᠡᠭᠡ ᠶᠠᠪᠤᠳᠠᠯ》᠎ᠢ ᠰᠡᠳᠭᠢᠯ᠎ᠳᠡᠭᠡᠨ ᠪᠤᠳᠤᠵᠤ᠂ ᠪᠣᠬᠢᠷᠲᠤᠯ ᠦᠭᠡᠢ ᠠᠭᠤᠷᠬᠠᠢ ᠵᠢᠨ ᠪᠦᠳᠦᠭᠡᠨ ᠪᠠᠶ᠋ᠢᠭᠤᠯᠤᠯᠲᠠ ᠵᠢ ᠡᠷᠡᠰ ᠪᠠᠲᠤ ᠤᠬᠠᠮᠰᠠᠷ᠎ᠠᠴᠠ᠎ᠪᠠᠨ ᠰᠠᠶ᠋ᠢᠲᠤᠷ ᠠᠳᠬᠤᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠭᠤᠷᠬᠠᠶ ᠵᠢᠨ ᠠᠮᠢ ᠠᠬᠤᠶ ᠣᠷᠴᠢᠨ ᠲᠣᠭᠤᠷᠢᠨ᠎ᠤ ᠠᠰᠠᠭᠤᠳᠠᠯ᠎ᠢ ᠡᠬᠢ ᠡᠭᠦᠰᠦᠯ᠎ᠠᠴᠠ᠎ᠨᠢ ᠪᠠᠭ᠋ᠠᠰᠬᠠᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠵᠦ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠦᠨᠡᠨ᠎ᠠᠴᠠ ᠵᠥᠪ᠎ᠢ ᠡᠷᠢᠵᠦ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠵᠢ ᠠᠬᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ ᠵᠡᠷᠭᠡ ᠭᠤᠤᠯᠳᠠᠯᠭ᠎ᠠ᠎ᠲᠠᠢ ᠭᠠᠵᠠᠷ ᠣᠷᠣᠨ᠎ᠢ ᠴᠢᠩᠭ᠎ᠠ ᠠᠩᠬᠠᠷᠴᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ ᠭᠡᠪᠡ᠃
ᠪᠦᠦ ᠭᠠᠩ ᠴᠢᠬᠤᠯᠠᠴᠢᠯᠠᠬᠤ᠎ᠳᠤ᠎ᠪᠠᠨ᠂ ᠪᠣᠬᠢᠷᠲᠤᠯ ᠦᠭᠡᠢ ᠠᠭᠤᠷᠬᠠᠢ ᠵᠢᠨ ᠪᠦᠳᠦᠭᠡᠨ ᠪᠠᠶ᠋ᠢᠭᠤᠯᠤᠯᠲᠠ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠵᠣᠬᠢᠴᠠᠩᠭᠤᠢ ᠨᠢᠭᠡᠳᠦᠯᠲᠡᠢ᠂ ᠬᠦᠴᠦ᠎ᠪᠠᠨ ᠬᠠᠮᠲᠤᠳᠬᠠᠨ ᠪᠣᠭᠤᠮᠲᠠ ᠰᠢᠪᠲᠤᠯᠬᠤ ᠬᠡᠷᠡᠭᠲᠡᠢ ᠪᠠᠶ᠋ᠢᠵᠦ᠂ ᠵᠠᠩᠭᠢᠯᠠᠭ᠎ᠠ᠎ᠨᠢ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ᠎ᠲᠤ ᠪᠤᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠣᠷᠣᠨ ᠨᠤᠲᠤᠭ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ᠂ ᠠᠵᠤ ᠠᠬᠤᠶ᠋ᠢᠯᠠᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠂ ᠡᠯ᠎ᠡ ᠵᠦᠢ᠍ᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠴᠠᠭ ᠲᠤᠬᠠᠶ᠎ᠳᠤᠨᠢ ᠴᠢᠨᠠᠷ ᠰᠠᠶ᠋ᠢᠲᠠᠶ ᠪᠡᠶᠡᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠬᠦ ᠬᠦᠴᠦᠨ ᠵᠶ᠋ᠠᠷ ᠵᠶ᠋ᠠᠨ ᠪᠠᠬᠢᠵᠢᠭᠦᠯᠬᠦ ᠬᠡᠷᠡᠭᠲᠡᠶ ᠭᠡᠪᠡ᠃
ᠬᠤᠷᠠᠯ᠎ᠤᠨ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠣᠲᠤᠭ ᠬᠤᠰᠢᠭᠤ ᠪᠣᠯᠤᠨ ᠦᠬᠠᠶ ᠬᠤᠲᠠ ᠵᠢᠨ ᠬᠠᠶ᠋ᠢᠨᠠᠨ ᠲᠣᠭᠤᠷᠢᠭ᠎ᠲᠤ ᠠᠭᠤᠷᠬᠠᠶ ᠵᠢᠨ ᠣᠷᠣᠨ᠎ᠤ ᠵᠠᠯᠭ᠋ᠠᠯᠳᠤᠭᠰᠠᠨ ᠵᠠᠰᠠᠯᠲᠠ᠂ ᠵᠠᠳᠠᠭ᠋ᠠᠶ ᠮᠠᠯᠲᠠᠭᠲᠠᠬᠰᠠᠨ ᠨᠦᠬᠡ ᠪᠣᠯᠤᠨ ᠰᠢᠷᠣᠶ ᠤᠪᠤᠭ᠋ᠠᠯᠠᠭᠰᠠᠨ ᠲᠠᠯᠠᠪᠠᠢ ᠵᠢᠨ ᠵᠠᠰᠠᠯᠲᠠ᠂ ᠤᠶᠤᠨᠴᠢ ᠠᠭᠤᠷᠬᠠᠶ ᠵᠡᠷᠭᠡ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠲᠣᠭᠤᠷᠢᠨ ᠦᠵᠡᠪᠡ᠃