3 ᠳ᠋ᠤᠭ᠋ᠠᠷ ᠰᠠᠷ᠎ᠠ ᠵᠢᠨ 12᠎ᠤᠨ ᠡᠳᠦᠷ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ᠎ᠠᠴᠠ ᠲᠤᠰᠬᠠᠭᠰᠠᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠬᠥᠬᠡᠬᠤᠲᠠ᠎ᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠤᠤ ᠭᠠᠩ ᠲᠤᠰ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃
ᠬᠤᠷᠠᠯ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ᠎ᠳᠤ ᠬᠡᠯᠡᠭᠰᠡᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠵᠤ᠂ 《ᠬᠥᠯᠦᠨ ᠨᠠᠭᠤᠷ᠂ ᠤᠯᠠᠭ᠋ᠠᠨᠰᠤᠬᠠᠢ᠂ ᠳᠠᠭ᠎ᠠ ᠵᠢᠨ ᠨᠠᠭᠤᠷ》᠎ᠤᠨ ᠠᠮᠢ ᠠᠬᠤᠢ ᠵᠢ ᠶᠡᠷᠦᠩᠬᠡᠶ᠋ᠢᠯᠡᠨ ᠵᠠᠰᠠᠬᠤ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ᠎ᠠᠴᠠ ᠲᠤᠰᠬᠠᠭᠰᠠᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠠᠬᠢᠭᠤᠯᠬᠤ᠂ ᠪᠣᠬᠢᠷᠲᠤᠯ᠎ᠢ ᠰᠡᠷᠬᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠳᠥᠷᠪᠡᠨ ᠶᠡᠭᠡ ᠲᠤᠰᠬᠠᠢ ᠲᠥᠷᠥᠯ᠎ᠤᠨ ᠴᠡᠭᠴᠡᠯᠡᠨ ᠵᠠᠰᠠᠬᠤ ᠠᠵᠢᠯᠯᠠᠭ᠎ᠠ ᠵᠢ ᠰᠠᠶ᠋ᠢᠳᠤᠷ ᠬᠢᠬᠦ᠂ ᠲᠡᠮᠡᠭᠡᠴᠢ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠡᠷᠭᠡ ᠭᠤᠣᠯᠳᠠᠯᠭ᠎ᠠ᠎ᠲᠠᠢ ᠠᠵᠢᠯ᠎ᠢ ᠰᠤᠳᠤᠯᠤᠨ ᠪᠠᠶ᠋ᠢᠷᠢᠯᠠᠭᠤᠯᠵᠠᠢ᠃
ᠪᠤᠤ ᠭᠠᠩ ᠴᠢᠬᠤᠯᠠᠴᠢᠯᠠᠬᠤ᠎ᠳᠤ᠎ᠪᠠᠨ᠂ ᠶᠠᠷᠦᠩᠬᠡᠢ ᠱᠦᠵᠢ ᠰᠢ ᠵᠢᠨ ᠫᠢᠩ᠎ᠤᠨ ᠲᠤᠰ ᠤᠳᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠦᠡᠭᠭᠡᠷᠡᠭᠰᠡᠨ᠎ᠤ ᠥᠪᠥᠷ ᠮᠤᠩᠭᠤᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠪᠣᠯᠤᠨ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ᠎ᠲᠠᠢ᠎ᠨᠢ ᠨᠢᠭᠲᠠ ᠤᠶᠠᠯᠳᠤᠭᠤᠯᠵᠤ᠂ ᠮᠠᠨ᠎ᠤ ᠣᠷᠣᠨ᠎ᠤ ᠪᠦᠬᠦ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠤᠭᠳᠠᠭ᠋ᠠᠯᠳᠠ ᠵᠢ ᠭᠦᠨᠵᠡᠭᠡᠢ ᠲᠠᠨᠢᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠭᠤᠣᠯᠳᠠᠯᠭ᠎ᠠ᠂ ᠲᠤᠳᠠᠭᠤᠳᠠᠯ ᠪᠠ ᠪᠠᠭᠤᠷᠠᠢ ᠵᠦᠢ᠍ᠯ᠎ᠤᠨ ᠲᠣᠭᠤᠷᠢᠨ᠎ᠳᠤ ᠲᠤᠭᠳᠠᠯ ᠬᠦᠴᠦᠨ ᠵᠶ᠋ᠠᠨ ᠪᠠᠷᠢᠮᠳᠠᠯᠠᠨ᠂ ᠪᠡᠷᠬᠡ ᠵᠢ ᠳᠠᠪᠠᠨ ᠬᠦᠴᠢᠷ᠎ᠢ ᠲᠤᠭᠤᠯᠵᠤ᠂ ᠰᠢᠰᠲ᠋ᠧᠮ᠎ᠲᠠᠢ᠎ᠪᠠᠷ ᠵᠠᠰᠠᠵᠤ᠂ ᠪᠤᠳᠠᠳᠤ ᠠᠵᠢᠯᠯᠠᠭ᠎ᠠ᠎ᠪᠠᠷ ᠵᠶ᠋ᠠᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠬᠠᠯᠬᠠᠪᠴᠢ ᠵᠢ ᠴᠤᠭᠴᠠᠯᠠᠨ ᠪᠠᠳᠤᠵᠢᠭᠤᠯᠬᠤ ᠬᠡᠷᠡᠭᠲᠡᠢ; ᠡᠯ᠎ᠡ ᠵᠦᠢ᠍ᠯ᠎ᠤᠨ ᠴᠡᠭᠴᠡᠯᠡᠨ ᠰᠠᠶ᠋ᠢᠵᠢᠷᠠᠭᠤᠯᠬᠤ ᠲᠥᠰᠦᠯ᠂ ᠬᠡᠷᠡᠭᠵᠢᠭᠦᠯᠬᠦ ᠲᠥᠰᠦᠯ᠂ ᠠᠵᠢᠯ᠎ᠤᠨ ᠬᠤᠪᠢᠶᠠᠷᠢᠯᠠᠯᠳᠠ ᠵᠢᠨ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ ᠬᠦᠯᠢᠶᠡᠬᠦ ᠦᠭᠡᠢ ᠲᠦᠰᠢᠬᠦ ᠦᠭᠡᠢ᠎ᠪᠠᠷ ᠳᠠᠷᠤᠢ᠎ᠳᠤ᠎ᠨᠢ ᠬᠦᠳᠡᠯᠦᠯᠴᠡᠨ ᠲᠠᠷᠤᠢ᠎ᠳᠤ᠎ᠨᠢ ᠵᠠᠰᠠᠵᠦ᠂ ᠨᠢᠬᠡ᠎ᠠᠴᠠ ᠨᠦᠬᠦᠬᠡ ᠵᠢ ᠵᠦᠢ᠍ᠴᠢᠯᠠᠨ ᠪᠦᠬᠦ ᠲᠠᠯ᠎ᠠ᠎ᠪᠠᠷ ᠴᠡᠭᠴᠡᠯᠡᠨ ᠰᠠᠶ᠋ᠢᠵᠢᠷᠠᠭᠤᠯᠵᠤ᠂ ᠴᠡᠭᠴᠡᠯᠡᠨ ᠰᠠᠶ᠋ᠢᠵᠢᠷᠠᠭᠤᠯᠬᠤ ᠡᠭᠦᠷᠭᠡ᠎ᠪᠠᠨ ᠲᠤᠭᠳᠠᠭᠰᠠᠨ ᠴᠠᠭ᠎ᠲᠠᠭᠠᠨ ᠴᠢᠨᠠᠷ᠎ᠢ ᠪᠠᠳᠤᠯᠠᠨ ᠰᠠᠶ᠋ᠢᠳᠤᠷ ᠪᠡᠶᠡᠯᠡᠬᠦᠯᠬᠦ ᠵᠢ ᠪᠠᠳᠤᠯᠠᠬᠤ ᠬᠡᠷᠡᠭᠳᠠᠢ; ᠠᠶ᠋ᠢᠮᠠᠭ ᠬᠤᠲᠠ ᠪᠣᠯᠤᠨ ᠬᠠᠮᠢᠶ᠎ᠠ ᠪᠦᠬᠦᠢ ᠲᠢᠩᠬᠢᠮ ᠲᠣᠪᠴᠢᠶᠠᠨ᠎ᠤ ᠬᠠᠷᠢᠭᠤᠴᠠᠯᠭ᠎ᠠ ᠵᠢ ᠪᠤᠳᠠᠳᠠᠶ᠋ᠢᠵᠢᠭᠤᠯᠵᠤ᠂ ᠭᠤᠣᠯᠳᠠᠯᠭ᠎ᠠ᠎ᠲᠠᠢ ᠡᠭᠦᠷᠭᠡ ᠵᠢ ᠨᠢᠭᠡ ᠴᠤᠭᠴᠠ᠎ᠪᠠᠷ ᠦᠬᠡᠷᠡᠴᠢᠯᠡᠨ ᠰᠠᠶ᠋ᠢᠵᠢᠷᠠᠭᠤᠯᠵᠤ ᠨᠢᠬᠡ ᠴᠤᠭᠴᠠ᠎ᠪᠠᠷ ᠨᠠᠶ᠋ᠢᠳᠠᠪᠤᠷᠢᠵᠢᠭᠤᠯᠵᠤ᠂ ᠰᠠᠷ᠎ᠠ ᠪᠤᠯᠭ᠋ᠠᠨ ᠲᠣᠬᠢᠷᠠᠭᠤᠯᠤᠯᠲᠠ ᠬᠢᠵᠤ ᠤᠯᠠᠷᠢᠯ ᠪᠤᠯᠭ᠋ᠠᠨ ᠮᠡᠳᠡᠭᠳᠡᠬᠦ ᠳᠦᠷᠢᠮ᠎ᠢ ᠳᠤᠬᠳᠠᠭ᠋ᠠᠵᠦ᠂ 《ᠰᠤᠨᠢᠨ᠂ ᠷᠠᠳᠢᠣ᠋ ᠲᠧᠯᠸᠢᠰ᠂ ᠰᠦᠯᠵᠢᠶ᠎ᠡ》 ᠵᠢᠨ ᠤᠬᠠᠭᠤᠯᠭ᠎ᠠ ᠮᠡᠳᠡᠬᠡᠯᠡᠯ᠎ᠤᠨ ᠠᠵᠢᠯ᠎ᠢ ᠨᠠᠷᠢᠨ ᠬᠢᠨᠠᠮᠠᠭ᠋ᠠᠢ ᠰᠠᠶ᠋ᠢᠳᠤᠷ ᠬᠢᠵᠦ᠂ ᠰᠠᠶ᠋ᠢᠨ ᠰᠠᠶ᠋ᠢᠬᠠᠨ ᠠᠵᠢᠯ᠎ᠤᠨ ᠣᠷᠴᠢᠨ᠎ᠢ ᠴᠢᠷᠮᠠᠶ᠋ᠢᠨ ᠡᠭᠦᠳᠬᠦ ᠬᠡᠷᠡᠭᠲᠡᠢ ᠭᠡᠪᠠ᠃