ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
ᠪᠦᠬᠦ ᠣᠷᠣᠨ᠎ᠤ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠯᠲᠠ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠲᠤᠬᠠᠢ ᠸᠢᠳᠢᠤ᠋ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2020-11-30

     11 ᠳ᠋ᠦ᠍ᠭᠡᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠯᠲᠠ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠲᠤᠬᠠᠢ ᠸᠢᠳᠢᠤ᠋ ᠬᠤᠷᠠᠯ   ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠱᠣᠤ ᠴᠦᠨ ᠲᠤᠰ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠭᠠᠩ ᠲᠤᠰ ᠬᠤᠷᠠᠯ᠎ᠢ ᠡᠷᠭᠢᠯᠡᠪᠡ᠃
      ᠬᠤᠷᠠᠯ᠎ᠠᠴᠠ ᠵᠢᠭ᠋ᠠᠬᠤ᠎ᠳᠤ᠎ᠪᠠᠨ᠂ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ ᠪᠣᠯ ᠨᠠᠮ᠎ᠤᠨ ᠲᠥᠪ ᠬᠤᠷᠢᠶᠠᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠶᠡᠭᠡ ᠲᠦᠷᠢᠮ᠎ᠤᠨ ᠲᠣᠬᠢᠷᠠᠭᠤᠯᠤᠯᠲᠠ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠳ ᠲᠥᠪ᠎ᠤᠨ ᠱᠠᠭ᠋ᠠᠷᠳᠠᠯᠭ᠎ᠠ᠎ᠯᠤᠭ᠎ᠠ ᠴᠢᠩᠭ᠎ᠠ ᠬᠠᠷᠢᠴᠠᠭᠤᠯᠵᠤ᠂ ᠨᠢᠭᠡᠨᠲᠡ ᠴᠡᠭᠴᠡᠯᠡᠨ ᠰᠠᠶ᠋ᠢᠵᠢᠷᠠᠭᠤᠯᠤᠭᠰᠠᠨ ᠠᠰᠠᠭᠤᠳᠠᠯ᠎ᠢ ᠨᠢᠭᠡᠳ ᠨᠢᠭᠡ᠎ᠪᠠᠷ ᠳᠠᠬᠢᠵᠤ ᠪᠠᠶ᠋ᠢᠴᠠᠭ᠋ᠠᠨ ᠬᠢᠨᠠᠨ ᠬᠠᠷᠭᠤᠭᠤᠯᠵᠤ᠂ ᠶᠠᠭ ᠴᠡᠭᠴᠡᠯᠡᠨ ᠰᠠᠶ᠋ᠢᠵᠢᠷᠠᠭᠤᠯᠵᠤ ᠪᠠᠶ᠋ᠢᠭ᠎ᠠ ᠠᠰᠠᠭᠤᠳᠠᠯ᠎ᠢ ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠵᠢᠯ᠎ᠤᠨ ᠡᠴᠦᠰ᠎ᠠᠴᠠ ᠡᠮᠦᠨ᠎ᠡ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ᠎ᠠᠴᠠ ᠬᠠᠷᠢᠭᠤ ᠲᠤᠰᠬᠠᠭᠰᠠᠨ ᠠᠰᠠᠭᠤᠳᠠᠯ᠎ᠢ ᠪᠦᠬᠦᠨ᠎ᠢ ᠰᠢᠢ᠍ᠳᠪᠦᠷᠢᠯᠡᠵᠦ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ ᠪᠠ 《ᠪᠤᠴᠠᠵᠤ ᠪᠠᠶ᠋ᠢᠴᠠᠭ᠋ᠠᠨ ᠦᠵᠡᠬᠦ》 ᠠᠵᠢᠯᠯᠠᠭ᠎ᠠ ᠵᠢᠨ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠬᠦ ᠬᠡᠷᠡᠭᠲᠡᠢ ᠭᠡᠪᠡ᠃
      ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠎ᠨᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ᠎ᠳᠤ ᠡᠷᠬᠡᠪᠰᠢ ᠳᠠᠪᠠᠭ᠍ᠤ ᠪᠣᠭᠤᠮᠲᠠ ᠪᠣᠯᠤᠨ᠎ᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠡᠷᠡᠰ ᠭᠤᠶ᠋ᠢᠪᠢᠰᠢ ᠥᠬᠡᠶ ᠲᠤᠭᠤᠰᠢᠯᠠᠭᠤᠯᠤᠨ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠬᠤ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠤᠤᠯᠳᠠᠯᠭ᠎ᠠ᠎ᠲᠠᠢ ᠡᠭᠦᠷᠭᠡ᠂ ᠭᠤᠤᠯᠳᠠᠯᠭ᠎ᠠ᠎ᠲᠠᠢ ᠭᠠᠵᠠᠷ ᠣᠷᠣᠨ᠂ ᠭᠤᠤᠯᠳᠠᠯᠭ᠎ᠠ᠎ᠲᠠᠢ ᠴᠠᠭ ᠮᠦᠴᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠷᠢᠨ ᠢᠯᠠᠯᠲᠠ ᠤᠯᠬᠤ ᠦᠭᠡᠢ ᠪᠣᠯ ᠴᠡᠷᠢᠭ ᠵᠶ᠋ᠠᠨ ᠶᠠᠭ᠋ᠠᠬᠢᠭᠰᠠᠨ ᠴᠤ᠌ ᠬᠤᠷᠢᠶᠠᠬᠤ ᠦᠭᠡᠢ ᠢᠲᠡᠭᠡᠯ ᠵᠣᠷᠢᠭ ᠵᠶ᠋ᠠᠷ ᠪᠣᠬᠢᠷᠲᠤᠯ᠎ᠢ ᠰᠡᠷᠭᠡᠶ᠋ᠢᠯᠡᠨ ᠵᠠᠰᠠᠬᠤ ᠡᠨᠡ ᠬᠦ᠌ ᠬᠠᠲᠠᠭᠤ ᠳᠠᠶ᠋ᠢᠯᠠᠯᠳᠤᠭ᠋ᠠᠨ᠎ᠤ ᠢᠯᠠᠯᠲᠠ ᠵᠢ ᠵᠠᠪᠠᠯ ᠣᠯᠬᠤ ᠬᠡᠷᠡᠭᠲᠡᠢ ᠭᠡᠪᠡ᠃

   
 

ᠢᠷᠡᠯᠲᠡ᠄ ᠥᠪᠥᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠦᠬᠦ ᠤᠷᠤᠨ᠎ᠤ ᠪᠤᠬᠢᠷᠳᠦᠯ᠎ᠢ ᠰᠡᠷᠭᠡᠶ᠋ᠢᠯᠡᠨ ᠵᠡᠰᠠᠬᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠢ ᠠᠬᠢᠭᠤᠯᠬᠤ ᠠᠵᠢᠯ᠎ᠤᠨ ᠲᠧᠯᠸᠢᠰ ᠤᠳᠠᠰᠤᠳᠤ ᠬᠤᠷᠠᠯ ᠬᠤᠷᠠᠯᠳᠤᠪᠠ
ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ᠎ᠠᠴᠠ ᠲᠤᠰᠬᠠᠭᠰᠠᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠪᠠ
ᠪᠦᠬᠦ ᠤᠷᠤᠨ᠎ᠤ ᠠᠭ᠋ᠠᠷ ᠪᠤᠯᠤᠨ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠬᠤ ᠠᠵᠢᠯ᠎ᠤᠨ ᠬᠤᠷᠡᠯ ᠬᠤᠷᠡᠯᠳᠤᠪᠡ ᠹᠦ᠋᠎ᠲᠠᠢ ᠽᠧᠩ ᠶᠠᠷᠢᠶ᠎ᠡ ᠲᠠᠯᠪᠢᠵᠤ ᠴᠠᠩ ᠵᠢᠶᠦ᠋ᠨ ᠵᠧᠩ ᠲᠤᠰ ᠬᠤᠷᠠᠯ᠎ᠢ ᠡᠷᠬᠢᠯᠡᠵᠡᠢ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠦᠬᠦ ᠤᠷᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠪᠦᠬᠦ ᠤᠷᠤᠨ᠎ᠤ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠬᠤ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠲᠤᠪᠠ
 
             蒙ICP备05000248号