ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
ᠪᠦᠬᠦ ᠤᠷᠤᠨ᠎ᠤ ᠪᠤᠬᠢᠷᠳᠦᠯ᠎ᠢ ᠰᠡᠷᠭᠡᠶ᠋ᠢᠯᠡᠨ ᠵᠡᠰᠠᠬᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠢ ᠠᠬᠢᠭᠤᠯᠬᠤ ᠠᠵᠢᠯ᠎ᠤᠨ ᠲᠧᠯᠸᠢᠰ ᠤᠳᠠᠰᠤᠳᠤ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2020-03-09

      ᠪᠦ᠋ ᠰᠢᠶᠤᠤ ᠯᠢᠨ ᠲᠤᠰ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠡ ᠲᠠᠯᠪᠢᠪᠠ

     3 ᠳ᠋ᠤᠭ᠋ᠠᠷ ᠰᠠᠷ᠎ᠠ ᠵᠢᠨ 4᠎ᠤ ᠦᠳᠠ ᠵᠢᠨ ᠡᠮᠤᠨ᠎ᠡ᠂ ᠦᠪᠡᠷᠳᠡᠭᠡᠨ ᠵᠠᠰᠬᠠᠤ ᠤᠷᠤᠨ᠎ᠤ ᠵᠠᠰᠠᠭ᠎ᠤᠨ ᠤᠷᠳᠤᠨ ᠪᠦᠬᠦ ᠤᠷᠤᠨ᠎ᠤ ᠪᠤᠬᠢᠷᠳᠦᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠢ ᠠᠬᠢᠭᠤᠯᠬᠤ ᠠᠵᠢᠯ᠎ᠤᠨ ᠲᠧᠯᠸᠢᠰ   ᠤᠳᠠᠰᠤᠳᠤ ᠬᠤᠷᠠᠯ ᠬᠤᠷᠠᠯᠳᠤᠭᠤᠯᠵᠤ᠂ ᠪᠦᠬᠦ ᠤᠷᠤᠨ᠎ᠤ ᠪᠤᠭᠢᠷᠳᠦᠯ᠎ᠢ ᠰᠡᠷᠭᠡᠶ᠋ᠢᠯᠡᠨ ᠵᠠᠰᠬᠠᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ᠎ᠢ ᠵᠠᠳᠠᠯᠤᠨ ᠰᠤᠳᠤᠯᠵᠤ᠂ ᠲᠠᠷᠠᠭ᠋ᠠᠴᠢ ᠵᠢᠨ ᠠᠯᠬᠤᠮ᠎ᠤᠨ ᠭᠤᠤᠯᠳᠠᠯᠭ᠎ᠠ᠎ᠲᠠᠢ ᠡᠬᠦᠷᠭᠡ ᠵᠢ ᠲᠤᠬᠢᠷᠠᠭᠤᠯᠤᠨ ᠪᠠᠶ᠋ᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ᠎ᠤ ᠲᠡᠷᠢᠬᠦᠯᠡᠭᠴᠢ ᠪᠦ᠋ ᠰᠢᠶᠤᠤ ᠯᠢᠨ ᠲᠤᠰ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠡ ᠲᠠᠯᠪᠢᠪᠠ᠃
      ᠪᠦ᠋ ᠰᠢᠶᠤᠤ ᠯᠢᠨ ᠵᠢᠭ᠋ᠠᠬᠤ᠎ᠳᠤ᠎ᠪᠠᠨ᠂ ᠪᠤᠬᠢᠷᠳᠦᠯ᠎ᠢ ᠰᠡᠷᠭᠡᠶ᠋ᠢᠯᠡᠨ ᠵᠠᠰᠬᠠᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠤ ᠢᠯᠠᠯᠳᠠ ᠵᠢ ᠤᠯᠵᠤ ᠲᠠᠶ᠋ᠢᠯᠬᠦ ᠡᠰᠡᠬᠦ᠎ᠨᠢ ᠮᠠᠨ᠎ᠤ ᠤᠯᠤᠰ᠎ᠤᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠳᠦᠭᠡᠨ ᠪᠠᠶ᠋ᠢᠭᠤᠯᠤᠯᠳᠠ᠎ᠲᠠᠢ ᠬᠤᠯᠪᠤᠬᠳᠠᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠡ᠎ᠪᠠᠷ ᠪᠠᠶᠡᠯᠡᠬᠦᠯᠬᠦ ᠠᠵᠢᠯ᠎ᠤᠨ ᠶᠠᠰᠤ ᠴᠢᠨᠠᠷ᠎ᠲᠠᠢ ᠬᠤᠯᠪᠤᠬᠳᠠᠨ᠎ᠡ᠃ ᠡᠯ᠎ᠡ ᠱᠠᠳᠤ ᠡᠯ᠎ᠡ ᠰᠠᠯᠠᠭ᠎ᠠ ᠮᠦᠴᠢᠷ᠎ᠤᠨ᠎ᠬᠢᠨ 《ᠲᠦᠷᠪᠡᠨ ᠤᠬᠠᠮᠰᠠᠷ》᠂ 《ᠬᠤᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠬᠦᠯᠬᠦ ᠤᠯᠤᠰ ᠲᠦᠷᠦ ᠵᠢᠨ ᠦᠨᠳᠤᠷᠴᠠ᠎ᠳᠤ ᠵᠤᠬᠰᠤᠵᠤ᠂ ᠪᠤᠬᠢᠷᠳᠦᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠤ ᠢᠯᠠᠯᠳᠠ ᠵᠢ ᠤᠯᠬᠤ ᠵᠢᠨ ᠲᠦᠢ᠍ᠯ᠎ᠤᠨ ᠴᠢᠬᠤᠯᠠ ᠴᠢᠨᠠᠷ᠎ᠢ ᠬᠦᠢ᠍ᠴᠡᠳ ᠲᠠᠨᠢᠵᠤ᠂ ᠬᠠᠷᠢᠭᠤᠴᠠᠯᠭ᠋ᠠᠳᠤ ᠰᠡᠳᠬᠢᠯᠭᠡ᠂ ᠲᠤᠯᠭ᠋ᠠᠮ ᠪᠤᠳᠤᠯ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠪᠠᠶ᠋ᠢᠯᠳᠤᠬᠤ ᠪᠤᠳᠤᠯᠭ᠎ᠠ ᠵᠢᠨ ᠲᠤᠬᠳᠠᠯ ᠬᠦᠴᠦᠨ ᠵᠶ᠋ᠠᠨ ᠪᠠᠳᠤᠯᠠᠵᠤ᠂ ᠪᠤᠬᠢᠷᠳᠦᠯ᠎ᠢ ᠰᠡᠷᠭᠡᠶ᠋ᠢᠯᠡᠨ ᠵᠠᠰᠬᠠᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠢ ᠪᠦᠬᠦ ᠬᠦᠴᠤᠨ ᠵᠶ᠋ᠠᠷ ᠵᠶ᠋ᠠᠨ ᠰᠠᠶ᠋ᠢᠳᠤᠷ ᠬᠢᠬᠦ ᠭᠡᠷᠡᠭᠳᠠᠢ ᠭᠡᠪᠡ᠃
      ᠪᠦ᠋ ᠰᠢᠶᠤᠤ ᠯᠢᠨ ᠴᠢᠬᠤᠯᠠᠴᠢᠯᠠᠬᠤ᠎ᠳᠤ᠎ᠪᠠᠨ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ᠂ ᠬᠠᠷᠠᠯᠳᠠ᠎ᠪᠠᠷ ᠤᠳᠤᠷᠢᠳᠤᠮᠵᠢ ᠪᠤᠯᠭ᠋ᠠᠬᠤ ᠪᠤᠯᠤᠨ ᠦᠷ᠎ᠡ ᠳ᠋ᠦᠩ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠠᠵᠢᠯ᠎ᠤᠨ ᠠᠬᠢᠴᠠ ᠵᠢᠨ ᠪᠠᠶ᠋ᠢᠳᠠᠯ᠎ᠢ ᠪᠦᠬᠦ ᠲᠠᠯ᠎ᠡ᠎ᠪᠠᠷ ᠵᠢᠬᠰᠠᠭ᠋ᠠᠨ ᠪᠠᠶ᠋ᠢᠴᠠᠭ᠋ᠠᠵᠤ ᠡᠮᠬᠢᠯᠡᠨ᠂ ᠠᠵᠢᠯ᠎ᠤᠨ ᠨᠠᠶ᠋ᠢᠳᠠᠪᠤᠷᠢᠵᠢᠭᠤᠯᠤᠯᠳᠠ ᠵᠢᠨ ᠡᠷᠴᠢᠮ᠎ᠢ ᠴᠢᠩᠭ᠋ᠠᠷᠠᠭᠤᠯᠵᠤ᠂ ᠲᠦᠪ᠎ᠤᠨ ᠲᠤᠭᠤᠷᠢᠨ ᠪᠠᠶ᠋ᠢᠴᠠᠭ᠋ᠠᠯᠳᠠ᠂ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠱᠠᠯᠠᠪᠳᠠᠭᠤᠯᠤᠨ ᠪᠠᠶ᠋ᠢᠴᠠᠭ᠋ᠠᠯᠳᠠ ᠵᠢᠴᠢ 《ᠡᠷᠬᠢᠨ ᠬᠠᠷᠠᠬᠤ》᠎ᠳᠤ ᠲᠤᠰᠬᠠᠬᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠰᠠᠶ᠋ᠢᠳᠤᠷ ᠠᠳᠬᠤᠵᠤ᠂ ᠡᠯ᠎ᠡ ᠵᠦᠢ᠍ᠯ᠎ᠤᠨ ᠬᠠᠷᠠᠯᠳᠠ ᠡᠬᠦᠷᠭᠡ᠎ᠪᠠᠨ ᠲᠤᠬᠳᠠᠭᠰᠡᠨ ᠬᠤᠭᠤᠴᠠᠭ᠋ᠠᠨ᠎ᠳᠤ ᠪᠡᠶᠡᠯᠡᠬᠦᠯᠬᠦ ᠵᠢ ᠦᠨᠡᠨ ᠬᠦ᠌ ᠪᠠᠳᠤᠯᠬᠠᠤ ᠭᠡᠷᠡᠭᠳᠠᠢ᠃ ᠠᠵᠤ ᠦᠢ᠍ᠯᠡᠳᠪᠤᠷᠢ᠂ ᠰᠢᠳᠠᠭ᠋ᠠᠯᠭ᠎ᠠ ᠵᠢᠨ ᠨᠡᠬᠦᠷᠡᠰᠤ᠂ ᠮᠠᠰᠢᠨ ᠲᠡᠷᠭᠡ ᠵᠡᠷᠭᠡ ᠭᠤᠷᠪᠡᠨ ᠶᠡᠭᠡ ᠪᠤᠬᠢᠷᠳᠦᠯ᠎ᠤᠨ ᠡᠬᠢ ᠡᠬᠦᠰᠦᠯ᠎ᠤᠨ ᠵᠠᠰᠠᠯᠳᠠ ᠵᠢ ᠴᠢᠩᠭ᠋ᠠᠳᠬᠠᠵᠤ᠂ ᠲᠠᠷᠠᠬᠠᠢ ᠪᠤᠳᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠦᠯ᠎ᠲᠠᠢ ᠠᠵᠤ ᠠᠬᠤᠢ᠍ᠢ᠍ᠯᠠᠯ᠂ ᠰᠤᠯᠠ ᠨᠡᠬᠦᠷᠡᠰᠤᠨ᠎ᠤ ᠰᠢᠳᠠᠭ᠋ᠠᠯᠭ᠎ᠠ ᠵᠡᠷᠭᠡ ᠲᠤᠪᠤᠶ᠋ᠢᠮ᠎ᠡ ᠠᠰᠠᠭᠤᠳᠠᠯ᠎ᠢ ᠲᠦᠷᠭᠡᠭᠡᠨ ᠰᠢᠢ᠍ᠳᠪᠤᠷᠢᠯᠡᠬᠦ ᠭᠡᠷᠡᠭᠳᠠᠢ᠃ ᠤᠰᠤᠨ᠎ᠤ ᠪᠤᠬᠢᠷᠳᠦᠯ᠎ᠢ ᠰᠡᠷᠭᠡᠶ᠋ᠢᠯᠡᠨ ᠵᠠᠰᠠᠬᠤ ᠭᠤᠷᠪᠡᠨ ᠵᠢᠯ᠎ᠤᠨ ᠰᠢᠪᠳᠤᠯᠤᠯᠳᠠ ᠵᠢᠨ ᠲᠦᠯᠦᠪᠯᠡᠭᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠦᠯᠤᠨ ᠨᠠᠭᠤᠷ᠂ ᠤᠯᠠᠭ᠋ᠠᠨᠰᠤᠬᠠᠢ᠂ ᠲᠠᠭ᠎ᠠ ᠵᠢᠨ ᠨᠠᠭᠤᠷ ᠵᠡᠷᠭᠡ ᠤᠰᠤᠨ᠎ᠤ ᠠᠮᠢ ᠠᠬᠤᠢ ᠵᠢᠨ ᠶᠡᠷᠤᠩᠭᠡᠶ᠋ᠢᠯᠡᠭᠰᠡᠨ ᠵᠠᠰᠠᠯᠳᠠ ᠵᠢ ᠰᠠᠶ᠋ᠢᠳᠤᠷ ᠠᠳᠬᠤᠬᠤ ᠭᠡᠷᠡᠭᠳᠠᠢ᠃ ᠬᠦᠨᠳᠤ ᠲᠡᠮᠦᠷᠯᠢᠭ᠎ᠤᠨ ᠪᠤᠬᠢᠷᠳᠦᠯ᠂ ᠬᠠᠳᠠᠭᠤ ᠪᠡᠶᠡᠳᠤ ᠬᠠᠶᠠᠬᠳᠠᠮᠠᠯ ᠪᠤᠳᠠᠰ ᠪᠤᠯᠤᠨ ᠠᠶᠤᠯ᠎ᠲᠠᠢ ᠬᠠᠶᠠᠬᠳᠠᠮᠠᠯ ᠪᠤᠳᠠᠰ᠎ᠢ ᠰᠢᠢ᠍ᠳᠪᠤᠷᠢᠯᠡᠬᠦ ᠵᠡᠷᠭᠡ ᠠᠰᠠᠭᠤᠳᠠᠯ᠎ᠢ ᠰᠢᠢ᠍ᠳᠪᠤᠷᠢᠯᠡᠵᠤ᠂ ᠮᠠᠯᠵᠢᠬᠤ ᠲᠠᠷᠢᠶᠠᠯᠠᠬᠤ ᠤᠷᠤᠨ᠎ᠤ ᠬᠤᠭ ᠨᠤᠪᠰᠢ᠂ ᠪᠤᠬᠢᠷ ᠤᠰᠤ ᠵᠢ ᠰᠢᠢ᠍ᠳᠪᠤᠷᠢᠯᠡᠬᠦ ᠵᠡᠷᠭᠡ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠤᠨᠤᠭ ᠲᠦᠬᠦᠭᠡᠷᠤᠮᠵᠢ ᠵᠢᠨ ᠲᠤᠳᠠᠭᠤᠳᠠᠯ᠎ᠢ ᠲᠦᠷᠭᠡᠨ ᠨᠦᠬᠦᠪᠤᠷᠢᠯᠡᠵᠤ᠂ ᠮᠠᠯᠵᠢᠬᠤ ᠲᠠᠷᠢᠶᠠᠯᠠᠬᠤ ᠤᠷᠤᠨ᠎ᠤ ᠤᠷᠴᠢᠨ ᠲᠤᠭᠤᠷᠢᠨ᠎ᠤ ᠶᠡᠷᠤᠩᠭᠡᠶ᠋ᠢᠯᠡᠭᠰᠡᠨ ᠴᠡᠭᠴᠡᠯᠡᠨ ᠵᠠᠰᠠᠯᠳᠠ ᠵᠢᠨ ᠡᠬᠦᠷᠭᠡ ᠵᠢ ᠦᠨᠡᠨ ᠬᠦ᠌ ᠪᠠᠶᠠᠯᠡᠬᠦᠯᠬᠦ ᠭᠡᠷᠡᠭᠳᠠᠢ ᠭᠡᠪᠡ᠃
      ᠪᠦ᠋ ᠰᠢᠶᠤᠤ ᠯᠢᠨ ᠴᠢᠬᠤᠯᠠᠴᠢᠯᠠᠬᠤ᠎ᠳᠤ᠎ᠪᠠᠨ᠂ ᠪᠤᠬᠢᠷᠳᠦᠯ᠎ᠢ ᠰᠡᠷᠭᠡᠶ᠋ᠢᠯᠡᠨ ᠵᠠᠰᠬᠠᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠤ ᠢᠯᠠᠯᠳᠠ ᠵᠢ ᠤᠯᠬᠤ᠎ᠳᠤ ᠭᠤᠤᠯᠳᠠᠯᠭ᠎ᠠ᠎ᠨᠢ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠳᠤ ᠪᠠᠶ᠋ᠢᠨ᠎ᠡ᠃ ᠡᠯ᠎ᠡ ᠱᠠᠳᠤᠨ᠎ᠤ ᠨᠠᠮ᠎ᠤᠨ ᠬᠤᠷᠢᠶ᠎ᠡ᠂ ᠵᠠᠰᠠᠭ᠎ᠤᠨ ᠤᠷᠳᠤᠨ ᠬᠠᠷᠢᠶ᠎ᠡ ᠭᠠᠵᠠᠷ ᠤᠷᠤᠨ᠎ᠤ   ᠬᠠᠷᠢᠭᠤᠴᠠᠯᠭ᠎ᠠ᠂ ᠭᠤᠤᠯ ᠴᠤᠬ᠍ᠴᠠ ᠵᠢᠨ ᠬᠠᠷᠢᠭᠤᠴᠠᠯᠭ᠎ᠠ᠎ᠪᠠᠨ ᠡᠷᠬᠡᠪᠰᠢ ᠨᠠᠷᠢᠨ ᠬᠢᠨᠠᠮᠠᠭ᠋ᠠᠢ ᠬᠦᠢ᠍ᠴᠡᠳᠭᠡᠵᠤ᠂ ᠭᠤᠤᠯ ᠬᠠᠷᠢᠭᠤᠴᠠᠯᠭ᠋ᠠᠳᠠᠨ ᠨᠦᠬᠦᠳ ᠪᠡᠶ᠎ᠡ᠎ᠪᠠᠷ ᠵᠶ᠋ᠠᠨ ᠬᠢᠵᠤ᠂ ᠡᠯ᠎ᠡ ᠱᠠᠳᠤ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠨᠢᠬᠳᠠ ᠬᠠᠮᠵᠢᠯᠴᠠᠵᠤ᠂ ᠬᠦᠴᠤᠨ ᠵᠶ᠋ᠠᠨ ᠬᠠᠮᠳᠤᠳᠬᠠᠨ ᠬᠠᠮᠵᠢᠯᠴᠠᠬᠤ ᠭᠡᠷᠡᠭᠳᠠᠢ ᠭᠡᠪᠡ᠃
      ᠬᠤᠷᠠᠯ ᠲᠡᠭᠡᠷ᠎ᠡ᠂ ᠦᠪᠡᠷᠳᠡᠭᠡᠨ ᠵᠠᠰᠬᠠᠤ ᠤᠷᠤᠨ᠎ᠤ ᠲᠡᠳ᠋ ᠲᠡᠷᠢᠬᠦᠯᠡᠭᠴᠢ ᠪᠤᠤ ᠭᠠᠩ 2020 ᠤᠨ᠎ᠤ ᠪᠦᠬᠦ ᠤᠷᠤᠨ᠎ᠤ ᠪᠤᠬᠢᠷᠳᠦᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠤ ᠠᠵᠢᠯ᠎ᠤᠨ ᠡᠬᠦᠷᠭᠡ ᠵᠢ ᠪᠠᠶ᠋ᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠭᠢᠮ᠎ᠠᠴᠠ ᠪᠦᠬᠦ ᠤᠷᠤᠨ᠎ᠤ ᠪᠤᠬᠢᠷᠳᠦᠯ᠎ᠢ ᠰᠡᠷᠭᠡᠶ᠋ᠢᠯᠡᠨ ᠵᠠᠰᠬᠠᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠤ ᠠᠬᠢᠴᠠ ᠵᠢᠨ ᠪᠠᠶ᠋ᠢᠳᠠᠯ᠎ᠢ ᠨᠡᠪᠳᠡᠷᠡᠭᠦᠯᠦᠨ ᠮᠡᠳᠡᠭᠡᠯᠡᠵᠦ᠂ ᠬᠦᠭᠡᠬᠤᠳᠠ᠂ ᠪᠤᠭᠤᠳᠤ ᠬᠤᠳᠠ᠂ ᠪᠠᠶᠠᠨᠨᠠᠭᠤᠷ ᠬᠤᠳᠠ᠂ ᠲᠦᠡᠭᠯᠢᠶᠤᠤ ᠬᠤᠳᠠ᠂ ᠤᠯᠠᠭ᠋ᠠᠨᠴᠠᠪ ᠬᠤᠳᠠ ᠵᠢᠨ ᠲᠦᠯᠦᠭᠡᠯᠡᠭᠴᠢ ᠲᠤᠰ ᠲᠤᠰ ᠤᠪᠤᠷ ᠵᠶ᠋ᠠᠨ ᠢᠯᠡᠳᠭᠡᠬᠦ ᠦᠭᠡ ᠬᠡᠯᠡᠪᠠ᠃

   
   


ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ᠎ᠠᠴᠠ ᠲᠤᠰᠬᠠᠭᠰᠠᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠪᠠ
ᠪᠦᠬᠦ ᠤᠷᠤᠨ᠎ᠤ ᠠᠭ᠋ᠠᠷ ᠪᠤᠯᠤᠨ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠬᠤ ᠠᠵᠢᠯ᠎ᠤᠨ ᠬᠤᠷᠡᠯ ᠬᠤᠷᠡᠯᠳᠤᠪᠡ ᠹᠦ᠋᠎ᠲᠠᠢ ᠽᠧᠩ ᠶᠠᠷᠢᠶ᠎ᠡ ᠲᠠᠯᠪᠢᠵᠤ ᠴᠠᠩ ᠵᠢᠶᠦ᠋ᠨ ᠵᠧᠩ ᠲᠤᠰ ᠬᠤᠷᠠᠯ᠎ᠢ ᠡᠷᠬᠢᠯᠡᠵᠡᠢ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠦᠬᠦ ᠤᠷᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠪᠦᠬᠦ ᠤᠷᠤᠨ᠎ᠤ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠬᠤ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠲᠤᠪᠠ
ᠥᠪᠡᠷᠲᠡᠭᠡᠨ ᠵᠠᠰᠠᠬᠤ ᠣᠷᠣᠨ 2015 ᠣᠨ᠎ᠤ ᠳᠣᠣᠷ᠎ᠠ ᠬᠠᠭ᠋ᠠᠰ ᠵᠢᠯ᠎ᠤᠨ ᠪᠣᠬᠢᠷᠲᠤᠯ ᠪᠤᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠪᠠᠭ᠋ᠠᠰᠬᠠᠬᠤ ᠠᠵᠢᠯ᠎ᠤᠨ ᠬᠤᠷᠠᠯᠳᠤᠭ᠋ᠠᠨ ᠤᠯᠠᠭ᠋ᠠᠨᠬᠠᠳᠠ ᠬᠤᠲᠠ᠎ᠳᠤ ᠬᠤᠷᠠᠯᠳᠤᠪᠠ
 
             蒙ICP备05000248号