ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠭᠡᠰᠢᠭᠦᠨ ᠡᠯᠰᠡᠬᠦ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2023-12-07

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ》᠎ᠢ 2016 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠤᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ)᠎ᠪᠠᠷ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠪᠣᠯᠣᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ᠎ᠳᠤ ᠨᠡᠩ ᠰᠠᠶ᠋ᠢᠨ ᠵᠣᠬᠢᠴᠠᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ》᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠭᠣᠣᠯᠳᠠᠭᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠂ ᠠᠮᠢ ᠠᠬᠤᠢ  ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ᠂ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ᠂ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠮᠡᠷᠭᠡᠵᠢᠯ᠎ᠤᠨ ᠵᠢᠷᠤᠮᠵᠢᠯ ᠪᠣᠯᠣᠨ ᠠᠮᠢ ᠠᠬᠤᠢ ᠣᠷᠴᠢᠨ ᠲᠣᠭᠣᠷᠢᠨ᠎ᠤ ᠰᠠᠭᠤᠷᠢ ᠵᠡᠷᠭᠡ ᠬᠦᠷᠢᠶᠡᠨ᠎ᠤ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠠᠵᠢᠯ᠎ᠢ ᠬᠠᠷᠢᠭᠤᠴᠠᠨ᠎ᠠ᠃ ᠥᠷᠭᠡᠨ ᠵᠶ᠋ᠡᠷ ᠣᠷᠣᠯᠴᠠᠬᠤ ᠵᠠᠷᠴᠢᠮ᠎ᠤᠨ ᠶᠣᠰᠣᠭ᠋ᠠᠷ᠂ ᠣᠲᠣ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠨᠢᠭᠡᠴᠢ᠎ᠠᠴᠠ ᠢᠯᠡ᠎ᠪᠠᠷ ᠭᠡᠰᠢᠭᠦᠨ ᠡᠯᠰᠡᠨ᠎ᠡ᠂ ᠪᠣᠳᠠᠲᠠᠢ ᠱᠠᠭ᠋ᠠᠷᠳᠠᠯᠭ᠎ᠠ᠎ᠨᠢ ᠳᠣᠣᠷᠠᠬᠢ ᠮᠡᠲᠦ᠄

      ᠨᠢᠭᠡ᠂ ᠡᠯᠰᠡᠬᠦ ᠬᠡᠪᠴᠢᠶ᠎ᠡ

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠬᠠᠷᠢᠶ᠎ᠠ ᠪᠦᠬᠦᠢ ᠠᠵᠢᠯ ᠦᠢ᠍ᠯᠡᠰ᠎ᠤᠨ ᠨᠢᠭᠡᠴᠢ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠠᠵᠢᠯ ᠲᠥᠷᠥᠯ᠎ᠤᠨ ᠰᠢᠨᠵᠢᠯᠡᠭᠡᠨ᠎ᠤ ᠨᠡᠢ᠌ᠭᠡᠮᠯᠢᠭ ᠵᠢᠴᠢ ᠪᠤᠰᠤᠳ ᠨᠢᠭᠡᠴᠢ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠮᠢᠶ᠎ᠠ ᠪᠦᠬᠦᠢ ᠮᠡᠷᠭᠡᠵᠢᠯ᠎ᠤᠨ ᠠᠵᠢᠯ ᠡᠷᠭᠢᠯᠡᠵᠦ ᠪᠠᠢ᠌ᠭ᠎ᠠ ᠠᠵᠢᠯ᠎ᠳᠤ ᠪᠠᠢ᠌ᠭ᠎ᠠ ᠠᠵᠢᠯᠲᠠᠨ᠎ᠳᠤ ᠬᠠᠨᠳᠤᠭᠤᠯᠤᠨ ᠭᠡᠰᠢᠭᠦᠨ᠎ᠤ ᠵᠢᠱ᠌ᠢᠭᠳᠡᠭᠴᠢ ᠵᠢ ᠡᠯᠰᠡᠨ᠎ᠡ᠃

      ᠬᠣᠶᠠᠷ᠂ ᠭᠡᠰᠢᠭᠦᠨ᠎ᠤ ᠨᠥᠬᠥᠴᠡᠯ

      (ᠨᠢᠭᠡ) ᠤᠯᠤᠰ ᠲᠥᠷᠥ ᠵᠢᠨ ᠵᠣᠭᠰᠣᠯᠲᠠ ᠪᠠᠲᠤ᠂ ᠨᠠᠮ ᠪᠠ ᠲᠥᠷᠥ ᠵᠢᠨ ᠦᠨᠳᠦᠰᠦᠨ ᠪᠣᠳᠣᠯᠭ᠎ᠠ ᠴᠢᠭᠯᠡᠯᠲᠡ ᠵᠢ ᠬᠦᠷᠢᠶᠡᠯᠡᠵᠦ᠂ ᠵᠥᠪ ᠤᠯᠤᠰ ᠲᠥᠷᠥ ᠵᠢᠨ ᠴᠢᠭᠯᠡᠯ᠂ ᠥᠷᠲᠡᠭ᠎ᠤᠨ ᠬᠠᠨᠳᠤᠯᠭ᠎ᠠ ᠵᠢ ᠪᠠᠷᠢᠮᠲᠠᠯᠠᠨ᠂ ᠨᠡᠯᠢᠶᠡᠳ ᠴᠢᠩᠭ᠎ᠠ ᠤᠯᠤᠰ ᠲᠥᠷᠥ ᠵᠢᠨ ᠬᠤᠷᠴᠠ ᠰᠡᠷᠭᠡᠭ ᠴᠢᠨᠠᠷ ᠪᠠ ᠤᠯᠤᠰ ᠲᠥᠷᠥ ᠵᠢᠨ ᠢᠯᠭ᠋ᠠᠨ ᠲᠠᠨᠢᠬᠤ ᠴᠢᠳᠠᠪᠤᠷᠢ᠎ᠲᠠᠢ᠂ ᠶᠡᠬᠡ ᠲᠠᠯ᠎ᠠ ᠵᠢᠨ ᠤᠬᠠᠮᠰᠠᠷ᠎ᠲᠠᠢ᠂ ᠠᠷᠢᠭᠤᠨ ᠴᠢᠬᠡᠴᠢ᠎ᠪᠠᠷ ᠨᠠᠢ᠌ᠳᠠ ᠵᠢᠨ ᠲᠥᠯᠥᠭᠡ ᠵᠢᠳᠬᠦᠬᠦ ᠵᠣᠷᠢᠭ ᠰᠠᠨᠠᠭ᠎ᠠ᠎ᠲᠠᠢ ᠪᠠᠢ᠌ᠬᠤ ᠭᠡᠷᠡᠭᠳᠡᠢ᠃

      (ᠬᠣᠶᠠᠷ) ᠰᠢᠯᠢᠳᠡᠭ ᠰᠠᠢ᠍ᠢ᠍ᠨ ᠰᠢᠨᠵᠢᠯᠡᠬᠦ ᠤᠬᠠᠭ᠋ᠠᠨ᠎ᠤ ᠬᠡᠪ ᠪᠣᠯᠪᠠᠰᠤᠷᠠᠯ᠂ ᠲᠤᠬᠠᠢ᠌ᠯᠠᠭᠰᠠᠨ ᠠᠵᠢᠯ᠎ᠤᠨ ᠶᠣᠰᠣ ᠮᠣᠷᠠᠯ᠎ᠲᠠᠢ ᠪᠠᠢ᠌ᠵᠤ᠂ ᠰᠢᠨᠵᠢᠯᠡᠬᠦ ᠤᠬᠠᠭ᠋ᠠᠨᠴᠢ ᠪᠥᠭᠡᠳ ᠨᠠᠷᠢᠨ ᠬᠢᠨᠠᠮᠠᠭ᠋ᠠᠢ᠂ ᠪᠤᠰᠤᠳᠴᠢ ᠪᠥᠭᠡᠳ ᠲᠥᠪ ᠭᠣᠣᠯᠴᠢ᠂ ᠦᠨᠡᠨ᠎ᠠᠴᠠ ᠵᠥᠪ᠎ᠢ ᠡᠷᠢᠬᠦ ᠣᠪᠣᠷ ᠵᠶ᠋ᠠᠷ ᠡᠯ᠎ᠡ ᠵᠦᠢ᠍ᠯ᠎ᠤᠨ ᠠᠵᠢᠯ ᠵᠶ᠋ᠠᠨ ᠥᠷᠨᠢᠭᠦᠯᠵᠦ ᠴᠢᠳᠠᠬᠤ ᠪᠠᠢ᠌ᠬᠤ ᠭᠡᠷᠡᠭᠳᠡᠢ᠃

      (ᠭᠤᠷᠪᠠ) ᠳᠤᠮᠳᠠ ᠵᠡᠷᠭᠡ ᠵᠢᠨ ᠪᠠ ᠲᠡᠭᠦᠨ᠎ᠠᠴᠠ ᠳᠡᠭᠡᠭᠰᠢᠬᠢ ᠲᠤᠰᠬᠠᠢ ᠮᠡᠷᠭᠡᠵᠢᠯ᠎ᠤᠨ ᠴᠣᠯᠠ᠎ᠲᠠᠢ᠂ ᠡᠰᠡᠬᠦᠯ᠎ᠡ ᠳᠤᠮᠳᠠ ᠵᠡᠷᠭᠡ ᠵᠢᠨ ᠪᠠ ᠲᠡᠭᠦᠨ᠎ᠠᠴᠠ ᠳᠡᠭᠡᠭᠰᠢᠬᠢ ᠲᠤᠰᠬᠠᠢ ᠮᠡᠷᠭᠡᠵᠢᠯ᠎ᠤᠨ ᠴᠣᠯᠠ᠎ᠲᠠᠢ ᠵᠣᠬᠢᠴᠠᠯᠳᠤᠭᠰᠠᠨ ᠲᠤᠰᠢᠶᠠᠯ᠎ᠲᠠᠢ ᠪᠠᠶ᠋ᠢᠬᠤ ᠭᠡᠷᠡᠭᠳᠡᠢ᠃

      (ᠲᠤᠢ᠌ᠷᠪᠡ) ᠲᠤᠰ ᠲᠤᠰᠬᠠᠢ ᠮᠡᠷᠭᠡᠵᠢᠯ᠎ᠤᠨ ᠬᠦᠷᠢᠶᠡᠨ᠎ᠳᠠᠬᠢ ᠲᠤᠬᠠᠢ᠌ᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠨᠡᠯᠢᠶᠡᠳ ᠥᠨᠳᠥᠷ ᠤᠨᠤᠯ᠎ᠤᠨ ᠬᠢᠷᠢ ᠲᠦᠪᠰᠢᠨ᠎ᠲᠠᠢ᠂ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ᠎ᠤᠨ ᠮᠡᠳᠡᠯᠭᠡ ᠪᠠ ᠡᠯᠪᠡᠭ ᠪᠠᠶᠠᠯᠢᠭ ᠦᠢ᠍ᠯᠡᠳᠦᠯᠭᠡ ᠵᠢᠨ ᠲᠤᠷᠰᠢᠯᠭ᠎ᠠ᠎ᠲᠠᠢ ᠪᠠᠶ᠋ᠢᠬᠤ ᠬᠡᠷᠡᠭᠳᠡᠢ᠃

      (ᠲᠠᠪᠤ) ᠪᠠᠷᠢᠮᠵᠢᠶᠠᠵᠢᠭᠤᠯᠤᠯᠲᠠ ᠵᠢᠨ ᠦᠨᠳᠦᠰᠦᠨ ᠮᠡᠳᠡᠯᠭᠡ ᠵᠢ ᠡᠵᠡᠮᠰᠢᠵᠦ᠂ ᠪᠠᠷᠢᠮᠵᠢᠶᠠᠵᠢᠭᠤᠯᠤᠯᠲᠠ ᠵᠢᠨ ᠦᠢ᠍ᠯᠡᠰ᠎ᠲᠤ ᠬᠠᠯᠠᠭᠤᠨ ᠰᠡᠳᠬᠢᠯ᠎ᠲᠠᠢ ᠪᠠᠢ᠌ᠵᠤ᠂ ᠪᠠᠷᠢᠮᠵᠢᠶᠠᠵᠢᠭᠤᠯᠤᠯᠲᠠ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠭᠡᠰᠢᠭᠦᠳ᠎ᠤᠨ ᠡᠯ᠎ᠡ ᠵᠦᠢ᠍ᠯ᠎ᠤᠨ ᠲᠤᠰᠢᠶᠠᠯ ᠬᠠᠷᠢᠭᠤᠴᠠᠯᠭ᠎ᠠ ᠪᠠ ᠡᠭᠦᠷᠭᠡ᠎ᠪᠠᠨ ᠬᠢᠨᠠᠮᠠᠭ᠋ᠠᠢ ᠭᠦᠢ᠍ᠴᠡᠳᠬᠡᠬᠦ ᠬᠡᠷᠡᠭᠲᠡᠶ᠃

      (ᠵᠢᠷᠭᠤᠭ᠎ᠠ) ᠪᠡᠶ᠎ᠡ ᠮᠠᠬᠠᠪᠤᠳ ᠡᠷᠡᠭᠦᠯ ᠴᠢᠭᠢᠷᠠᠭ᠂ ᠡᠩ᠎ᠤᠨ ᠪᠠᠶ᠋ᠢᠳᠠᠯ᠎ᠳᠤ ᠪᠦᠬᠦᠯᠢ 60 ᠨᠠᠰᠤ᠎ᠠᠴᠠ ᠬᠡᠲᠦᠷᠡᠬᠦ ᠦᠭᠡᠢ ᠪᠠᠶ᠋ᠢᠬᠤ; ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠤᠶᠤ ᠡᠭᠦᠨ᠎ᠲᠠᠢ ᠵᠣᠬᠢᠴᠠᠯᠳᠤᠭᠰᠠᠨ ᠲᠤᠰᠢᠶᠠᠯ᠎ᠲᠠᠢ ᠬᠥᠮᠥᠰ᠎ᠤᠨ ᠨᠠᠰᠤ᠎ᠨᠢ ᠡᠩ᠎ᠤᠨ ᠪᠠᠶ᠋ᠢᠳᠠᠯ᠎ᠳᠤ ᠪᠦᠬᠦᠯᠢ 65 ᠨᠠᠰᠤ ᠵᠢ ᠬᠡᠲᠦᠷᠡᠬᠦ ᠦᠭᠡᠢ ᠮᠥᠷᠲᠡᠭᠡᠨ ᠺᠣᠮᠢᠰ᠎ᠤᠨ ᠬᠣᠯᠪᠣᠭᠳᠠᠯ ᠪᠦᠬᠦᠢ ᠠᠵᠢᠯ᠎ᠢ ᠴᠠᠭ ᠪᠠ ᠣᠶᠤᠨ ᠴᠢᠳᠠᠯ᠎ᠤᠨ ᠲᠠᠯ᠎ᠠ᠎ᠪᠠᠷ ᠪᠡᠶᠡᠯᠡᠭᠦᠯᠬᠦ ᠵᠢ ᠪᠠᠲᠤᠯᠠᠵᠤ ᠴᠢᠳᠠᠬᠤ ᠪᠠᠢ᠌ᠬᠤ ᠭᠡᠷᠡᠭᠳᠡᠢ᠃

      (ᠲᠤᠯᠤᠭ᠎ᠠ) ᠭᠡᠰᠢᠭᠦᠨ ᠪᠣᠯᠬᠤ ᠬᠥᠮᠥᠨ᠎ᠢ ᠪᠠᠢ᠌ᠭ᠎ᠠ ᠨᠢᠭᠡᠴᠢ᠎ᠪᠠᠷ ᠵᠶ᠋ᠡᠨ ᠵᠥᠪᠰᠢᠶᠡᠷᠡᠭᠦᠯᠦᠭᠡᠳ ᠲᠠᠨᠢᠯᠴᠠᠭᠤᠯᠬᠤ ᠬᠡᠷᠡᠭᠲᠡᠶ᠃

      ᠭᠤᠷᠪᠠ᠂ ᠡᠯᠰᠡᠬᠦ ᠠᠷᠭ᠎ᠠ ᠬᠡᠯᠪᠡᠷᠢ

      (ᠨᠢᠭᠡ) ᠲᠣᠰ ᠤᠳᠠᠭ᠎ᠠ ᠵᠢᠨ ᠡᠯᠰᠡᠨ ᠴᠤᠭᠯᠠᠭᠤᠯᠬᠤ ᠭᠡᠰᠢᠭᠦᠨ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠬᠤ ᠠᠷᠭ᠎ᠠ ᠮᠠᠶᠢᠭ᠎ᠢ ᠬᠡᠷᠡᠭᠯᠡᠵᠦ᠂ ᠮᠡᠳᠡᠭᠦᠯᠬᠦ ᠨᠥᠬᠥᠴᠡᠯ᠎ᠳᠤ ᠨᠡᠶ᠋ᠢᠴᠡᠬᠦ ᠠᠵᠢᠯᠲᠠᠨ 2023 ᠣᠨ᠎ᠤ 11 ᠰᠠᠷ᠎ᠠ ᠵᠢᠨ 30᠎ᠤ ᠡᠳᠦᠷ᠎ᠠᠴᠠ ᠡᠮᠦᠨ᠎ᠡ ᠬᠦᠰᠦᠨᠦᠭᠲᠦ ᠲᠠᠭᠯᠠᠵᠤ ᠮᠡᠳᠡᠭᠦᠯᠦᠨ᠎ᠡ (ᠳᠠᠭ᠋ᠠᠯᠳᠤᠭᠤᠯᠤᠯ᠎ᠳᠤ ᠦᠵᠡ)᠂ ᠲᠣᠰ ᠬᠥᠮᠥᠨ᠎ᠤ ᠨᠢᠭᠡᠴᠢ ᠵᠢᠨ ᠲᠠᠮᠠᠭ᠎ᠠ ᠳᠠᠷᠤᠭᠰᠠᠨ ᠭᠤᠶᠤᠴᠢᠯᠠᠯ᠎ᠤᠨ ᠬᠦᠰᠦᠨᠦᠭᠲᠦ᠎ᠪᠠᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠨᠠᠷᠢᠨ ᠪᠢᠴᠢᠭ᠎ᠤᠨ ᠭᠠᠵᠠᠷ᠂ ᠡᠯᠧᠺᠲᠷᠣᠨ ᠬᠡᠪᠯᠡᠯ᠎ᠤᠨ ᠰᠣᠨᠢᠨ᠎ᠤ ᠬᠠᠷᠢᠯᠴᠠᠬᠤ ᠢᠮᠧᠯ᠎ᠳᠤ ᠮᠡᠳᠡᠭᠦᠯᠬᠦ ᠵᠢᠨ ᠬᠠᠮᠲᠤ 2 ᠬᠤᠪᠢ ᠬᠣᠶᠠᠷ ᠢᠮᠠᠬᠤ ᠵᠢᠨ ᠭᠡᠷᠡᠯ ᠵᠢᠷᠤᠭ᠎ᠢ ᠳᠠᠭ᠋ᠠᠯᠳᠤᠭᠤᠯᠤᠨ᠎ᠠ᠃ ᠡᠯ᠎ᠡ ᠨᠢᠭᠡᠴᠢ ᠵᠢᠨ ᠲᠠᠨᠢᠯᠴᠠᠭᠤᠯᠤᠭᠰᠠᠨ ᠬᠥᠮᠥᠨ᠎ᠤ ᠲᠣᠭ᠎ᠠ ᠵᠢ 3 ᠬᠥᠮᠥᠨ᠎ᠠᠴᠠ ᠬᠡᠲᠦᠷᠡᠭᠦᠯᠵᠦ ᠪᠣᠯᠬᠤ ᠦᠭᠡᠢ᠃

      (ᠬᠣᠶᠠᠷ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠵᠤ᠂ ᠨᠥᠬᠥᠴᠡᠯ᠎ᠳᠤ ᠨᠡᠶ᠋ᠢᠴᠡᠬᠦ ᠲᠤᠰᠬᠠᠢ ᠮᠡᠷᠭᠡᠵᠢᠯᠲᠡᠨ᠎ᠢ ᠰᠢᠯᠢᠳᠡᠭ᠎ᠢ᠎ᠨᠢ ᠰᠣᠩᠭᠣᠨ ᠭᠠᠷᠭ᠋ᠠᠵᠤ᠂ ᠰᠣᠩᠭᠣᠭᠳᠠᠬᠤ᠎ᠪᠠᠷ ᠪᠠᠢ᠌ᠭ᠎ᠠ ᠭᠡᠰᠢᠭᠦᠳ᠎ᠤᠨ ᠨᠡᠷᠡᠰ᠎ᠢ ᠲᠣᠳᠣᠷᠠᠭᠤᠯᠤᠨ᠎ᠠ᠂ ᠡᠭᠦᠨ᠎ᠤ ᠬᠠᠮᠲᠤ ᠲᠤᠰᠢᠶᠠᠯ᠎ᠳᠤ ᠲᠣᠮᠢᠯᠠᠬᠤ᠎ᠪᠠᠷ ᠪᠠᠢ᠌ᠭ᠎ᠠ ᠭᠡᠰᠢᠭᠦᠨ᠎ᠤ ᠨᠡᠷᠡᠰ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ᠎ᠤ ᠰᠦᠯᠵᠢᠶᠡᠨ ᠳᠡᠭᠡᠷ᠎ᠡ ᠢᠯᠡ ᠨᠡᠢ᠌ᠲᠡᠯᠡᠨ᠎ᠡ᠃

      (ᠭᠤᠷᠪᠠ) ᠭᠡᠰᠢᠭᠦᠨ᠎ᠢ ᠬᠥᠳᠡᠯᠦᠩᠭᠦᠢ᠎ᠪᠠᠷ ᠬᠠᠮᠢᠶᠠᠷᠴᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠨ᠎ᠡ᠂ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠭᠡᠰᠢᠭᠦᠨ᠎ᠢ ᠳᠠᠬᠢᠵᠤ ᠲᠣᠮᠢᠯᠠᠬᠤ ᠦᠭᠡᠢ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ ᠪᠤᠶᠤ ᠬᠠᠷᠢᠭᠤᠴᠠᠯᠭ᠎ᠠ᠎ᠪᠠᠨ ᠠᠯᠳᠠᠭᠰᠠᠨ ᠠᠵᠢᠯᠯᠠᠭ᠎ᠠ᠎ᠲᠠᠢ ᠭᠡᠰᠢᠭᠦᠨ᠎ᠤ ᠭᠡᠰᠢᠭᠦᠨ᠎ᠤ ᠬᠢᠷᠢ ᠬᠡᠮ᠎ᠢ ᠬᠠᠰᠤᠨ᠎ᠠ᠃

      ᠬᠠᠷᠢᠯᠴᠠᠬᠤ ᠬᠥᠮᠥᠨ᠄ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠶᠡᠷᠦᠩᠬᠡᠢ᠌ᠯᠡᠭᠰᠡᠨ ᠲᠠᠰᠤᠭ ᠶᠤᠸᠠᠢ ᠼᠠᠢ ᠶᠢᠩ

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠤᠯᠢ ᠲᠣᠭᠲᠠᠭ᠋ᠠᠯ ᠬᠢᠭᠡᠳ ᠪᠠᠷᠢᠮᠵᠢᠶᠠᠵᠢᠭᠤᠯᠤᠯᠲᠠ ᠵᠢᠨ ᠭᠠᠵᠠᠷ ᠰᠠᠷᠠᠨ᠎ᠠ

      ᠤᠲᠠᠰᠤ᠄ 0471-4632095᠂ 13947183246

      0471-4632077᠂ 18947915866

      ᠰᠢᠤᠳᠠᠨ ᠬᠠᠢ᠌ᠷᠴᠠᠭ᠄ nmgzjclbs@163.com

      ᠰᠢᠤᠳᠠᠨ ᠵᠶ᠋ᠠᠷ ᠶᠠᠪᠤᠭᠤᠯᠬᠤ ᠬᠠᠶᠢᠭ᠄ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠶᠡᠷᠦᠩᠬᠡᠢ᠌ᠯᠡᠭᠰᠡᠨ ᠦᠨᠡᠯᠡᠯᠲᠡ ᠵᠢᠨ ᠲᠠᠰᠤᠭ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦ᠍ᠭᠡᠷ ᠨᠣᠮᠧᠷ 010011

      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠳᠠᠩᠰᠠᠯᠠᠬᠤ ᠬᠦᠰᠦᠨᠦᠭᠲᠦ

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 

            ᠠᠮᠢ ᠠᠬᠤᠢ ᠣᠷᠴᠢᠨ ᠲᠣᠭᠣᠷᠢᠨ᠎ᠤ ᠲᠢᠩᠬᠢᠮ

                 2023 ᠣᠨ᠎ᠤ 10 ᠰᠠᠷ᠎ᠠ ᠵᠢᠨ 30᠎ᠤ ᠡᠳᠦᠷ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠨᠢᠭᠡᠳᠦᠭᠡᠷ ᠪᠦᠯᠦᠭ᠎ᠤᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠨᠡᠷᠡᠶ᠋ᠢᠳᠬᠦ᠎ᠪᠠᠷ ᠪᠠᠢ᠌ᠭ᠎ᠠ ᠭᠠᠵᠠᠷ ᠣᠷᠣᠨ᠎ᠤ ᠨᠡᠷᠡᠰ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠢᠯᠡ ᠵᠠᠷᠯᠠᠯ
《ᠪᠥᠬᠥ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠨᠢᠭᠡᠳᠦᠯᠲᠡᠢ ᠭᠤᠶᠤᠴᠢᠯᠠᠨ ᠮᠡᠳᠡᠭᠦᠯᠬᠦ ᠪᠠ ᠬᠢᠨᠠᠨ ᠵᠥᠪᠰᠢᠶᠡᠷᠡᠬᠦ ᠰᠢᠰᠲ᠋ᠧᠮ》᠎ᠤᠨ ᠲᠠᠪᠴᠠᠩ᠎ᠢ ᠪᠥᠬᠥ ᠲᠠᠯ᠎ᠠ᠎ᠪᠠᠷ ᠡᠬᠢᠯᠡᠨ ᠬᠡᠷᠡᠭᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠨᠢᠭᠡᠳᠦᠭᠡᠷ ᠪᠦᠯᠦᠭ᠎ᠤᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠨᠡᠷᠡᠶ᠋ᠢᠳᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠠᠵᠢᠯᠲᠠᠨ》᠎ᠢ ᠰᠢᠯᠭ᠋ᠠᠷᠠᠭᠤᠯᠬᠤ᠎ᠳᠤ ᠵᠢᠩᠬᠢᠨᠢ᠎ᠪᠠᠷ ᠲᠠᠨᠢᠯᠴᠠᠭᠤᠯᠬᠤ ᠡᠲᠡᠭᠡᠳ ᠪᠠ ᠰᠣᠩᠭᠣᠭᠤᠯᠢ᠎ᠳᠤ ᠪᠡᠯᠡᠳᠬᠡᠬᠦ ᠡᠲᠡᠭᠡᠳ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠪᠡᠯᠡ ᠮᠥᠩᠭᠥ ᠵᠢᠨ ᠲᠥᠷᠥᠯ ᠵᠦᠢ᠍ᠯ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠢ ᠬᠥᠮᠥᠷᠭᠡ᠎ᠳᠤ ᠣᠷᠣᠭᠤᠯᠬᠤ᠎ᠪᠠᠷ ᠪᠠᠢ᠌ᠭ᠎ᠠ ᠪᠠᠶ᠋ᠢᠳᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠥᠷ ᠮᠣᠩᠭᠣᠯ᠎ᠤᠨ ᠡᠳ᠋᠎ᠤᠨ ᠵᠠᠰᠠᠭ᠎ᠤᠨ ᠲᠢᠩᠬᠢᠮ᠎ᠤᠨ ᠢᠯᠡ ᠵᠠᠷᠯᠠᠯ
 
             蒙ICP备05000248号