ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ 《2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢᠯᠡᠭᠦᠯᠦᠯ᠎ᠤᠨ ᠹᠢᠯᠢᠮ᠎ᠤᠨ ᠢᠯᠡᠴᠢᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠬᠤᠷᠢᠶᠠᠵᠤ ᠳ᠋ᠤᠭ᠋ᠠᠷ᠎ᠢ ᠬᠠᠰᠤᠬᠤ ᠠᠵᠢᠯ᠎ᠤᠨ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ》 (ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ [2022] 1041 ᠳ᠋ᠦ᠍ᠭᠡᠷ ᠲᠣᠭ᠋ᠠᠲᠤ) ᠪᠠ 《2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢᠯᠡᠭᠦᠯᠦᠯ᠎ᠤᠨ ᠹᠢᠯᠢᠮ᠎ᠤᠨ ᠢᠯᠡᠴᠢᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠬᠤᠷᠢᠶᠠᠵᠤ ᠳ᠋ᠤᠭ᠋ᠠᠷ᠎ᠢ ᠬᠠᠰᠤᠬᠤ ᠠᠵᠢᠯ᠎ᠢ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠮᠡᠳᠡᠭᠳᠡᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ ᠥᠰᠥᠭ [2022] 1286 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠬᠢᠨᠠᠨ ᠪᠠᠢ᠌ᠴᠠᠭ᠋ᠠᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠲᠦᠷᠦᠭᠦᠯᠡᠨ ᠬᠢᠨᠠᠨ ᠬᠠᠮᠢᠶᠠᠷᠴᠤ ᠪᠠᠢ᠌ᠭ᠎ᠠ 《ᠥᠪᠥᠷ ᠮᠣᠩᠭᠣᠯ᠎ᠤᠨ ᠸᠠᠨ ᠴᠧᠨ ᠡᠨᠧᠷᠭᠢ ᠵᠢᠨ ᠰᠤᠷᠪᠤᠯᠵᠢ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠴᠢᠶᠠᠨ ᠹᠧᠩ ᠱᠦᠢ᠍ᠨᠢ ᠴᠣᠬᠣᠢ ᠵᠢᠨ ᠴᠢᠯᠠᠭᠤᠨ᠎ᠤ ᠠᠭᠤᠷᠬᠠᠢ ᠵᠢᠨ 〈ᠪᠠᠷᠠᠭᠤᠨ ᠣᠷᠳᠣᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠦᠬᠠᠢ ᠵᠢᠨ ᠬᠡᠪᠴᠢᠶᠡᠨ᠎ᠳᠠᠬᠢ ᠠᠭᠤᠷᠬᠠᠢ ᠵᠢᠨ ᠦᠢ᠍ᠯᠡᠰ᠎ᠤᠨ ᠡᠷᠬᠡ ᠵᠢ ᠪᠤᠴᠠᠭ᠋ᠠᠨ ᠭᠠᠷᠭ᠋ᠠᠬᠤ ᠲᠥᠰᠥᠯ〉᠎ᠤᠨ ᠱᠠᠭ᠋ᠠᠷᠳᠠᠯᠭ᠎ᠠ ᠶᠣᠰᠣᠭ᠋ᠠᠷ ᠬᠠᠮᠠᠭ᠋ᠠᠯᠠᠯᠲᠠ ᠵᠢᠨ ᠣᠷᠣᠨ᠎ᠠᠴᠠ ᠪᠦᠬᠦ ᠲᠠᠯ᠎ᠠ᠎ᠪᠠᠷ ᠪᠤᠴᠠᠭ᠋ᠠᠨ ᠭᠠᠷᠭ᠋ᠠᠭᠰᠠᠨ ᠦᠭᠡᠢ᠂ ᠮᠥᠨ ᠯᠡ ᠬᠡᠪ᠎ᠤᠨ ᠪᠠᠢ᠌ᠳᠠᠯ ᠵᠶ᠋ᠠᠷ ᠦᠢ᠍ᠯᠡᠳᠪᠦᠷᠢᠯᠡᠵᠦ᠂ ᠠᠮᠢ ᠠᠬᠤᠢ ᠵᠢ ᠰᠡᠷᠭᠦᠭᠡᠬᠦ ᠠᠵᠢᠯ᠎ᠢ ᠴᠤ᠌ ᠪᠣᠳᠠᠲᠠᠢ᠌ᠵᠢᠭᠤᠯᠤᠭᠰᠠᠨ ᠦᠭᠡᠢ》 ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠨᠢ ᠳ᠋ᠤᠭ᠋ᠠᠷ᠎ᠢ ᠬᠠᠰᠤᠬᠤ ᠨᠥᠬᠥᠴᠡᠯ᠎ᠳᠤ ᠨᠡᠢ᠌ᠴᠡᠵᠡᠢ᠃ ᠡᠳᠦᠭᠡ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠨᠡᠢ᠌ᠲᠡ᠎ᠳᠤ ᠵᠠᠷᠯᠠᠪᠠ᠃
ᠵᠠᠷᠯᠠᠬᠤ ᠴᠠᠭ 2023 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ᠎ᠠᠴᠠ 2023 ᠣᠨ᠎ᠤ 2 ᠳ᠋ᠤᠭ᠋ᠠᠷ ᠰᠠᠷ᠎ᠠ ᠵᠢᠨ 17᠎ᠤ ᠡᠳᠦᠷ ᠪᠣᠯᠲᠠᠯ᠎ᠠ᠃
ᠵᠠᠷᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠨᠢᠭᠡᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
ᠬᠠᠷᠢᠯᠴᠠᠬᠤ ᠤᠲᠠᠰᠤ᠄ 0471-4215834
ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠡᠮᠦᠨ᠎ᠡ ᠬᠣᠶᠠᠳᠤᠭ᠋ᠠᠷ ᠲᠣᠭᠣᠷᠢᠯ ᠵᠠᠮ᠎ᠤᠨ 11 ᠳ᠋ᠦ᠍ᠭᠡᠷ ᠲᠣᠭ᠋ᠠᠲᠤ
ᠰᠢᠤᠳᠠᠨ ᠳ᠋ᠤᠭ᠋ᠠᠷ᠄ 010010