ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
2023 ᠣᠨ᠎ᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠤ ᠠᠬᠤᠢ᠌ᠯᠠᠯ᠎ᠤᠨ ᠨᠡᠷᠡᠰ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-09-04

      ᠡᠯ᠎ᠡ ᠠᠶ᠋ᠢᠮᠠᠭ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ᠄

      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠠᠬᠢᠭᠤᠯᠬᠤ ᠬᠠᠤᠯᠢ》 ᠂ 《ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠷᠭ᠎ᠠ》 ᠪᠠ 《ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ᠎ᠢ ᠭᠦᠨᠵᠡᠭᠡᠢ ᠠᠬᠢᠭᠤᠯᠬᠤ ᠲᠤᠬᠠᠢ ᠮᠡᠳᠡᠭᠳᠡᠯ》 (ᠣᠷᠴᠢᠨ ᠲᠣᠭᠣᠷᠢᠨ᠎ᠤ ᠠᠯᠪᠠᠨ ᠲᠢᠩᠬᠢᠮ ᠰᠢᠨᠵᠢᠯᠡᠬᠦ ᠤᠬᠠᠭ᠋ᠠᠨ ᠡᠳ᠋᠎ᠤᠨ ᠵᠠᠰᠠᠭ [2020] 27 ᠲᠣᠭ᠋ᠠᠲᠤ) ᠵᠡᠷᠭᠡ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠠᠷᠪᠢᠯᠠᠬᠤ ᠪᠠ ᠪᠣᠬᠢᠷᠲᠤᠯ᠎ᠢ ᠰᠡᠷᠭᠡᠢ᠌ᠯᠡᠨ ᠵᠠᠰᠠᠬᠤ ᠡᠭᠦᠷᠭᠡ᠎ᠲᠠᠢ ᠨᠢᠭᠲᠠ ᠤᠶᠠᠯᠳᠤᠭᠤᠯᠤᠨ᠂ ᠡᠨᠧᠷᠭᠢ᠂ ᠲᠡᠮᠦᠷᠯᠢᠭ ᠪᠣᠯᠪᠠᠰᠤᠷᠠᠭᠤᠯᠬᠤ᠂ ᠬᠡᠦᠷᠰᠢᠭᠦᠯᠬᠦ᠂ ᠪᠠᠷᠢᠯᠭ᠎ᠠ ᠵᠢᠨ ᠮᠠᠲ᠋ᠧᠷᠢᠶᠠᠯ᠂ ᠥᠩᠭᠡᠲᠦ ᠲᠡᠮᠦᠷᠯᠢᠭ᠂ ᠬᠢᠮᠢ ᠵᠢᠨ ᠠᠵᠤ ᠦᠢ᠍ᠯᠡᠳᠪᠦᠷᠢ᠂ ᠳᠠᠷᠤᠮᠠᠯᠯᠠᠨ ᠪᠤᠳᠤᠬᠤ᠂ ᠴᠠᠭ᠋ᠠᠰᠤ ᠬᠢᠬᠦ᠂ ᠲᠦᠭᠦᠬᠡᠢ ᠮᠠᠲ᠋ᠧᠷᠢᠶᠠᠯ᠎ᠤᠨ ᠡᠮ᠂ ᠴᠠᠬᠢᠯᠭ᠋ᠠᠨ ᠵᠶ᠋ᠠᠷ ᠥᠩᠭᠡᠯᠡᠬᠦ᠂ ᠲᠠᠷᠢᠶᠠᠯᠠᠩ ᠲᠤᠰᠠᠯᠠᠬᠤ ᠢᠳᠡᠭᠡᠨ᠎ᠢ ᠡᠳ᠋ᠰᠢᠭᠦᠯᠬᠦ᠂ ᠠᠵᠤ ᠦᠢ᠍ᠯᠡᠳᠪᠦᠷᠢ ᠵᠢᠨ ᠲᠦᠷᠬᠢᠨ ᠪᠣᠭᠣᠳᠠᠯᠯᠠᠬᠤ᠂ ᠪᠣᠭᠣᠳᠠᠯᠯᠠᠨ ᠳᠠᠷᠤᠮᠠᠯᠯᠠᠬᠤ ᠵᠡᠷᠭᠡ ᠠᠵᠢᠯ ᠲᠥᠷᠥᠯ ᠵᠶ᠋ᠡᠷ ᠬᠢᠨᠠᠨ ᠬᠠᠷᠭᠤᠭᠤᠯᠬᠤ ᠭᠣᠣᠯᠳᠠᠯᠭ᠎ᠠ ᠪᠣᠯᠭ᠋ᠠᠵᠤ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠬᠤ ᠵᠢ ᠭᠦᠨᠵᠡᠭᠡᠢ ᠠᠬᠢᠭᠤᠯᠤᠨ᠎ᠠ᠃ ᠰᠢᠯᠢᠨ ᠰᠣᠩᠭᠣᠵᠤ ᠬᠢᠨᠠᠨ ᠬᠠᠷᠭᠤᠭᠤᠯᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2023 ᠣᠨ᠎ᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠬᠡᠷᠡᠭᠵᠢᠭᠦᠯᠬᠦ ᠠᠵᠤ ᠠᠬᠤᠢ᠌ᠯᠠᠯ᠎ᠤᠨ ᠨᠡᠷᠡᠰ᠎ᠢ ᠬᠠᠮᠲᠤᠪᠠᠷ ᠲᠣᠭᠲᠠᠭ᠋ᠠᠪᠠ᠂ ᠡᠳᠦᠭᠡ ᠨᠡᠢ᠌ᠲᠡᠯᠡᠬᠦ ᠵᠢᠨ ᠬᠠᠮᠲᠤ ᠳᠣᠣᠷᠠᠬᠢ ᠮᠡᠲᠦ ᠱᠠᠭ᠋ᠠᠷᠳᠠᠯᠭ᠎ᠠ ᠵᠢ ᠳᠤᠷᠠᠳᠪᠠ᠄

      ᠨᠢᠭᠡ᠂ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠬᠢᠨᠠᠯᠲᠠ ᠲᠠᠯᠪᠢᠬᠤ ᠪᠠ ᠵᠢᠯᠤᠭᠣᠳᠬᠤ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠵᠢᠴᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠬᠠᠷᠢᠶ᠎ᠠ ᠣᠷᠣᠨ᠎ᠤ ᠳᠣᠲᠣᠷᠠᠬᠢ ᠠᠵᠤ ᠠᠬᠤᠢ᠌ᠯᠠᠯ᠎ᠤᠨ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ ᠥᠷᠨᠢᠭᠦᠯᠬᠦ᠎ᠳᠤ ᠬᠢᠨᠠᠯᠲᠠ ᠲᠠᠯᠪᠢᠬᠤ ᠪᠠ ᠵᠢᠯᠤᠭᠣᠳᠬᠤ᠎ᠪᠠᠨ ᠴᠢᠩᠭ᠋ᠠᠳᠬᠠᠵᠤ᠂ ᠬᠠᠷᠢᠶ᠎ᠠ ᠣᠷᠣᠨ᠎ᠤ ᠵᠠᠷᠴᠢᠮ ᠶᠣᠰᠣᠭ᠋ᠠᠷ ᠬᠠᠷᠢᠶ᠎ᠠ ᠣᠷᠣᠨ᠎ᠤ ᠳᠣᠲᠣᠷᠠᠬᠢ ᠬᠠᠮᠢᠶ᠎ᠠ ᠪᠦᠬᠦᠢ ᠠᠵᠤ ᠠᠬᠤᠢ᠌ᠯᠠᠯ᠎ᠳᠤ ᠴᠠᠭ ᠲᠤᠬᠠᠢ᠎ᠳᠤᠨᠢ ᠪᠢᠴᠢᠭ ᠵᠶ᠋ᠡᠷ ᠮᠡᠳᠡᠭᠳᠡᠵᠦ᠂ ᠠᠵᠤ ᠠᠬᠤᠢ᠌ᠯᠠᠯ᠎ᠢ ᠵᠢᠯᠣᠭᠣᠳᠤᠨ ᠬᠠᠪᠰᠤᠷᠴᠤ ᠪᠠᠶ᠋ᠢᠭ᠋ᠠᠳ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠠᠵᠤ ᠠᠬᠤᠢ᠌ᠯᠠᠯ᠎ᠤᠨ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠳᠠᠢ᠌ᠴᠢᠯᠠᠬᠤ ᠬᠡᠷᠡᠭᠲᠡᠶ᠃

      ᠬᠣᠶᠠᠷ᠂ ᠠᠵᠤ ᠠᠬᠤᠢ᠌ᠯᠠᠯ ᠎ᠤᠨ ᠠᠷᠢᠭᠤᠨ ᠴᠡᠪᠡᠷ ᠦᠢ᠍ᠯᠡᠳᠪᠦᠷᠢᠯᠡᠯ ᠎ᠢ ᠬᠢᠨᠠᠨ ᠬᠠᠷᠭᠤᠭᠤᠯᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠎ᠠ᠃ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠬᠡᠷᠡᠭᠵᠢᠭᠦᠯᠵᠦ ᠪᠠᠢ᠌ᠭ᠎ᠠ ᠠᠵᠤ ᠠᠬᠤᠢ᠌ᠯᠠᠯ᠎ᠤᠳ《ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠲᠤᠰ ᠮᠡᠳᠡᠭᠳᠡᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ 1 ᠰᠠᠷ᠎ᠠ ᠵᠢᠨ ᠳᠣᠲᠣᠷ᠎ᠠ᠂ ᠲᠤᠬᠠᠢ ᠵᠢᠨ ᠭᠠᠵᠠᠷ᠎ᠤᠨ ᠭᠣᠣᠯ ᠵᠠᠭᠤᠴᠢᠯᠠᠭᠤᠷ᠂ ᠠᠵᠤ ᠠᠬᠤᠢ᠌ᠯᠠᠯ᠎ᠤᠨ ᠠᠯᠪᠠᠨ᠎ᠤ ᠲᠠᠯ᠎ᠠ ᠵᠢᠨ ᠰᠦᠯᠵᠢᠶᠡᠨ ᠥᠷᠲᠡᠭᠡ ᠪᠤᠶᠤ ᠤᠯᠠᠨ ᠨᠠᠢ᠌ᠳᠠ᠎ᠳᠤ ᠮᠡᠳᠡᠭᠳᠡᠬᠦ᠎ᠳᠤ ᠲᠥᠬᠥᠮ ᠪᠤᠰᠤᠳ ᠠᠷᠭ᠎ᠠ ᠮᠠᠶᠢᠭ᠎ᠢ ᠠᠪᠴᠤ ᠪᠠᠶ᠋ᠢᠭ᠋ᠠᠳ ᠠᠵᠤ ᠠᠬᠤᠢ᠌ᠯᠠᠯ᠎ᠤᠨ ᠬᠣᠯᠪᠣᠭᠳᠠᠯ ᠪᠦᠬᠦᠢ ᠮᠡᠳᠡᠭᠡ ᠵᠠᠩᠭᠢ ᠵᠢ ᠨᠡᠢ᠌ᠲᠡᠯᠡᠬᠦ ᠬᠡᠷᠡᠭᠲᠡᠶ; 2 ᠰᠠᠷ᠎ᠠ ᠵᠢᠨ ᠳᠣᠲᠣᠷ᠎ᠠ᠂ ᠥᠪᠡᠷ ᠵᠶ᠋ᠡᠨ ᠪᠤᠶᠤ ᠬᠢᠷᠢ ᠬᠡᠮ᠎ᠲᠠᠢ ᠯᠠᠪᠯᠠᠯᠭ᠎ᠠ ᠥᠭᠬᠦ ᠪᠠᠢ᠌ᠭᠤᠯᠤᠮᠵᠢ᠎ᠳᠤ ᠨᠠᠶ᠋ᠢᠳᠠᠵᠤ ᠬᠢᠨᠠᠨ ᠬᠠᠷᠭᠤᠭᠤᠯᠬᠤ ᠠᠵᠢᠯ᠎ᠢ ᠬᠠᠮᠵᠢᠨ ᠥᠷᠨᠢᠭᠦᠯᠬᠦ ᠬᠡᠷᠡᠭᠲᠡᠶ᠃

      ᠭᠤᠷᠪᠠ᠂ 2023 ᠣᠨ᠎ᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠨᠡᠷᠡᠰ᠎ᠲᠤ ᠵᠢᠭᠰᠠᠭ᠋ᠠᠭᠳᠠᠭᠰᠠᠨ 《ᠡᠨᠧᠷᠭᠢ ᠵᠢᠨ ᠬᠣᠷᠣᠭᠳᠠᠯ ᠶᠡᠬᠡᠲᠡᠢ》 ᠠᠵᠤ ᠠᠬᠤᠢ᠌ᠯᠠᠯ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠬᠠᠷᠢᠭᠤᠴᠠᠨ ᠬᠠᠮᠢᠶᠠᠷᠴᠤ᠂ 《ᠬᠣᠶᠠᠷ᠎ᠢ ᠳᠠᠪᠠᠭᠰᠠᠨ》᠂ ᠲᠡᠮᠦᠷ ᠬᠠᠶ᠋ᠢᠯᠤᠭᠤᠯᠬᠤ ᠪᠣᠯᠣᠳ ᠬᠠᠶ᠋ᠢᠯᠤᠭᠤᠯᠬᠤ᠂ ᠥᠩᠭᠡᠲᠦ ᠲᠡᠮᠦᠷᠯᠢᠭ ᠬᠠᠶ᠋ᠢᠯᠤᠭᠤᠯᠬᠤ᠂ ᠮᠠᠰᠢᠨ ᠲᠡᠷᠭᠡ ᠦᠢ᠍ᠯᠡᠳᠬᠦ ᠵᠡᠷᠭᠡ ᠠᠵᠢᠯ ᠲᠥᠷᠥᠯ ᠵᠢᠴᠢ ᠶᠡᠷᠦᠩᠬᠡᠢ᠌ᠯᠡᠭᠰᠡᠨ ᠲᠥᠷᠥᠯ ᠬᠡᠯᠪᠡᠷᠢ ᠵᠢᠨ ᠠᠵᠤ ᠠᠬᠤᠢ᠌ᠯᠠᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠠᠴᠠ ᠬᠠᠷᠢᠭᠤᠴᠠᠨ ᠬᠠᠮᠢᠶᠠᠷᠤᠨ᠎ᠠ᠃ ᠪᠤᠰᠤᠳ ᠨᠡᠷᠡᠰ᠎ᠤᠨ ᠳᠣᠲᠣᠷᠠᠬᠢ ᠠᠵᠤ ᠠᠬᠤᠢ᠌ᠯᠠᠯ᠎ᠢ ᠬᠠᠷᠢᠶ᠎ᠠ ᠭᠠᠵᠠᠷ᠎ᠤᠨ ᠵᠠᠷᠴᠢᠮ ᠶᠣᠰᠣᠭ᠋ᠠᠷ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠎ᠠᠴᠠ ᠬᠠᠷᠢᠭᠤᠴᠠᠨ ᠬᠠᠮᠢᠶᠠᠷᠤᠨ᠎ᠠ᠃

      ᠳᠥᠷᠪᠡ᠂ ᠠᠵᠤ ᠠᠬᠤᠢ᠌ᠯᠠᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠤᠭᠰᠠᠨ ᠠᠵᠤ ᠠᠬᠤᠢ᠌ᠯᠠᠯ᠎ᠳᠤ 《ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭ᠋ᠠᠨ ᠠᠪᠬᠤ ᠵᠦᠭᠯᠡᠭᠦᠷ》᠎ᠤᠨ ᠱᠠᠭ᠋ᠠᠷᠳᠠᠯᠭ᠎ᠠ ᠶᠣᠰᠣᠭ᠋ᠠᠷ ᠪᠦᠬᠦᠨ᠎ᠢ ᠦᠨᠡᠯᠡᠨ ᠵᠢᠱ᠌ᠢᠵᠦ ᠰᠢᠯᠭ᠋ᠠᠨ ᠠᠪᠬᠤ ᠠᠵᠢᠯ᠎ᠢ ᠥᠷᠨᠢᠭᠦᠯᠦᠨ᠎ᠡ; ᠠᠶ᠋ᠢᠮᠠᠭ ᠬᠣᠲᠠ ᠵᠢᠨ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠤᠭᠰᠠᠨ ᠠᠵᠤ ᠠᠬᠤᠢ᠌ᠯᠠᠯ᠂ ᠡᠭᠦᠨ᠎ᠳᠤ ᠬᠦᠨᠳᠦ ᠲᠡᠮᠦᠷᠯᠢᠭ᠎ᠲᠤ ᠬᠣᠯᠪᠣᠭᠳᠠᠬᠤ ᠠᠵᠢᠯ ᠲᠥᠷᠥᠯ᠎ᠤᠨ ᠠᠵᠤ ᠠᠬᠤᠢ᠌ᠯᠠᠯ᠎ᠢ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 《ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭ᠋ᠠᠨ ᠠᠪᠬᠤ ᠵᠦᠭᠯᠡᠭᠦᠷ》᠎ᠤᠨ ᠱᠠᠭ᠋ᠠᠷᠳᠠᠯᠭ᠎ᠠ ᠶᠣᠰᠣᠭ᠋ᠠᠷ ᠦᠨᠡᠯᠡᠨ ᠵᠢᠱ᠌ᠢᠵᠦ ᠰᠢᠯᠭ᠋ᠠᠨ ᠠᠪᠬᠤ ᠠᠵᠢᠯ᠎ᠢ ᠥᠷᠨᠢᠭᠦᠯᠦᠨ᠎ᠡ; ᠪᠤᠰᠤᠳ ᠠᠵᠤ ᠠᠬᠤᠢ᠌ᠯᠠᠯ᠎ᠢ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 《ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠷᠭ᠎ᠠ》 ᠶᠣᠰᠣᠭ᠋ᠠᠷ ᠦᠨᠡᠯᠡᠨ ᠵᠢᠱ᠌ᠢᠵᠦ ᠰᠢᠯᠭ᠋ᠠᠨ ᠠᠪᠬᠤ ᠠᠵᠢᠯ᠎ᠢ ᠥᠷᠨᠢᠭᠦᠯᠦᠨ᠎ᠡ᠃

      ᠲᠠᠪᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠦᠨᠡᠯᠡᠨ ᠵᠢᠱ᠌ᠢᠵᠦ ᠰᠢᠯᠭ᠋ᠠᠨ ᠠᠪᠬᠤ ᠵᠢ ᠬᠠᠷᠢᠭᠤᠴᠠᠬᠤ ᠠᠵᠤ ᠠᠬᠤᠢ᠌ᠯᠠᠯ᠎ᠨᠢ᠂ ᠲᠣᠰ ᠮᠡᠳᠡᠭᠳᠡᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ 4 ᠰᠠᠷ᠎ᠠ ᠪᠠ 1 ᠵᠢᠯ᠎ᠤᠨ ᠳᠣᠲᠣᠷ᠎ᠠ᠂ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠪᠠ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠰᠢᠯᠭ᠋ᠠᠨ ᠠᠪᠤᠭᠰᠠᠨ ᠮᠡᠳᠡᠭᠦᠯᠦᠯᠲᠡ ᠵᠢ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠪᠤᠶᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠶ; ᠨᠠᠷᠢᠨ ᠬᠠᠭᠤᠳᠠᠰᠤ᠎ᠳᠠᠬᠢ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠦᠨᠡᠯᠡᠨ ᠵᠢᠱ᠌ᠢᠵᠦ ᠰᠢᠯᠭ᠋ᠠᠨ ᠠᠪᠬᠤ ᠵᠢ ᠬᠠᠷᠢᠭᠤᠴᠠᠨ ᠥᠷᠨᠢᠭᠦᠯᠦᠭᠰᠡᠨ ᠠᠵᠤ ᠠᠬᠤᠢ᠌ᠯᠠᠯ᠎ᠤᠳ ᠲᠣᠰ ᠮᠡᠳᠡᠭᠳᠡᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ 1 ᠵᠢᠯ᠎ᠤᠨ ᠳᠣᠲᠣᠷ᠎ᠠ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠭᠰᠠᠨ ᠮᠡᠳᠡᠭᠦᠯᠦᠯᠲᠡ᠎ᠪᠠᠨ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠶ; ᠡᠯ᠎ᠡ ᠠᠶ᠋ᠢᠮᠠᠭ ᠬᠣᠲᠠ᠎ᠨᠤᠭᠤᠳ ᠦᠨᠡᠯᠡᠨ ᠵᠢᠱ᠌ᠢᠵᠦ ᠰᠢᠯᠭ᠋ᠠᠨ ᠠᠪᠬᠤ ᠠᠵᠢᠯ᠎ᠢ ᠥᠷᠨᠢᠭᠦᠯᠦᠭᠰᠡᠨ᠎ᠤ ᠳᠠᠷᠠᠭ᠎ᠠ᠂ ᠰᠢᠯᠭ᠋ᠠᠨ ᠠᠪᠤᠭᠰᠠᠨ ᠦᠷ᠎ᠡ ᠳ᠋ᠦᠩ ᠵᠶ᠋ᠡᠨ ᠴᠠᠭ ᠲᠤᠬᠠᠢ᠎ᠳᠤᠨᠢ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠨᠡᠢ᠌ᠲᠡᠯᠡᠬᠦ ᠬᠡᠷᠡᠭᠲᠡᠶ᠃

      ᠵᠢᠷᠭᠤᠭ᠎ᠠ᠂ ᠠᠵᠤ ᠠᠬᠤᠢ᠌ᠯᠠᠯ᠎ᠤᠨ ᠦᠨᠡᠯᠡᠨ ᠵᠢᠱ᠌ᠢᠬᠦ᠎ᠪᠠᠷ ᠳᠡᠮᠵᠢᠨ ᠲᠣᠭᠲᠠᠭ᠋ᠠᠭᠰᠠᠨ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠬᠤ ᠭᠣᠣᠯᠳᠠᠯᠭ᠎ᠠ᠂ ᠬᠠᠷᠠᠯᠲᠠ ᠵᠢᠴᠢ ᠲᠥᠰᠥᠯ ᠵᠶ᠋ᠡᠨ ᠤᠴᠢᠷ ᠰᠢᠯᠲᠠᠭ᠋ᠠᠨ ᠦᠭᠡᠢ᠎ᠪᠠᠷ ᠬᠤᠪᠢᠷᠠᠭᠤᠯᠵᠤ᠂ ᠬᠠᠰᠤᠵᠤ᠂ ᠤᠳᠠᠭ᠋ᠠᠰᠢᠷᠠᠭᠤᠯᠤᠨ ᠬᠡᠷᠡᠭᠵᠢᠭᠦᠯᠵᠦ ᠪᠣᠯᠬᠤ ᠦᠭᠡᠢ᠂ ᠬᠡᠷᠡᠭᠵᠢᠭᠦᠯᠬᠦ ᠦᠶᠡᠯᠡᠯ᠎ᠤᠨ ᠬᠤᠭᠤᠴᠠᠭ᠎ᠠ᠎ᠨᠢ ᠨᠡᠯᠢᠶᠡᠳ ᠣᠷᠳᠣ ᠵᠡᠷᠭᠡ ᠪᠤᠰᠤᠳᠴᠢ ᠰᠢᠯᠲᠠᠭ᠋ᠠᠨ᠎ᠠᠴᠠ ᠪᠣᠯᠵᠤ ᠪᠡᠶᠡᠯᠡᠭᠦᠯᠬᠦ ᠵᠢᠨ ᠠᠷᠭ᠎ᠠ ᠦᠭᠡᠢ ᠪᠤᠶᠤ ᠬᠣᠢ᠌ᠰᠢᠯᠠᠭᠤᠯᠤᠨ ᠪᠡᠶᠡᠯᠡᠭᠦᠯᠬᠦ ᠵᠢᠨ ᠠᠷᠭ᠎ᠠ ᠦᠭᠡᠢ ᠪᠠᠢ᠌ᠪᠠᠯ᠂ ᠠᠵᠤ ᠠᠬᠤᠢ᠌ᠯᠠᠯ᠎ᠨᠢ ᠱᠠᠭ᠋ᠠᠷᠳᠠᠭᠰᠠᠨ ᠰᠢᠯᠭ᠋ᠠᠨ ᠠᠪᠬᠤ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ᠎ᠠᠴᠠ ᠡᠮᠦᠨ᠎ᠡ ᠲᠥᠰᠥᠯ᠎ᠢ ᠬᠤᠪᠢᠷᠠᠭᠤᠯᠬᠤ ᠪᠤᠶᠤ ᠬᠣᠢ᠌ᠰᠢᠯᠠᠭᠤᠯᠤᠨ ᠰᠢᠯᠭ᠋ᠠᠨ ᠠᠪᠬᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠶ᠃

      ᠲᠤᠯᠤᠭ᠎ᠠ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠬᠡᠯᠪᠡᠷᠢ

      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ

      ᠬᠠᠷᠢᠯᠴᠠᠬᠤ ᠬᠥᠮᠥᠨ᠄ ᠯᠢ ᠱᠤ᠌ ᠵᠢᠶᠠ᠂ ᠬᠠᠷᠢᠯᠴᠠᠬᠤ ᠤᠲᠠᠰᠤ᠄ 0471-6659208

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ

      ᠬᠠᠷᠢᠯᠴᠠᠬᠤ ᠬᠥᠮᠥᠨ᠄ ᠶᠤᠸᠠᠢ ᠵᠢᠩ ᠮᠢᠩ᠂ ᠬᠠᠷᠢᠯᠴᠠᠬᠤ ᠤᠲᠠᠰᠤ᠄ 0471-4632045


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠮᠡᠳᠡᠭᠳᠡᠯ᠎ᠤᠨ ᠵᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠠᠭᠢ ᠡᠲᠡᠭᠡᠳ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ (ᠰᠠᠨᠠᠯ ᠬᠤᠷᠢᠶᠠᠬᠤ ᠨᠣᠣᠷᠠᠭ)》 ᠵᠢᠨ ᠰᠠᠨᠠᠯ᠎ᠢ ᠢᠯᠡ᠎ᠪᠠᠷ ᠬᠤᠷᠢᠶᠠᠬᠤ ᠵᠠᠬᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠭᠡᠰᠢᠭᠦᠨ ᠡᠯᠰᠡᠬᠦ ᠲᠤᠬᠠᠢ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠭᠡᠰᠢᠭᠦᠨ ᠡᠯᠰᠡᠬᠦ ᠲᠤᠬᠠᠢ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠨᠢᠭᠡᠳᠦᠭᠡᠷ ᠪᠦᠯᠦᠭ᠎ᠤᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠨᠡᠷᠡᠶ᠋ᠢᠳᠬᠦ᠎ᠪᠠᠷ ᠪᠠᠢ᠌ᠭ᠎ᠠ ᠭᠠᠵᠠᠷ ᠣᠷᠣᠨ᠎ᠤ ᠨᠡᠷᠡᠰ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠢᠯᠡ ᠵᠠᠷᠯᠠᠯ
《ᠪᠥᠬᠥ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠨᠢᠭᠡᠳᠦᠯᠲᠡᠢ ᠭᠤᠶᠤᠴᠢᠯᠠᠨ ᠮᠡᠳᠡᠭᠦᠯᠬᠦ ᠪᠠ ᠬᠢᠨᠠᠨ ᠵᠥᠪᠰᠢᠶᠡᠷᠡᠬᠦ ᠰᠢᠰᠲ᠋ᠧᠮ》᠎ᠤᠨ ᠲᠠᠪᠴᠠᠩ᠎ᠢ ᠪᠥᠬᠥ ᠲᠠᠯ᠎ᠠ᠎ᠪᠠᠷ ᠡᠬᠢᠯᠡᠨ ᠬᠡᠷᠡᠭᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠷᠯᠠᠯ
 
             蒙ICP备05000248号