ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠠᠵᠢᠯᠲᠠᠨ》᠎ᠢ ᠰᠢᠯᠭ᠋ᠠᠷᠠᠭᠤᠯᠬᠤ᠎ᠳᠤ ᠵᠢᠩᠬᠢᠨᠢ᠎ᠪᠠᠷ ᠲᠠᠨᠢᠯᠴᠠᠭᠤᠯᠬᠤ ᠡᠲᠡᠭᠡᠳ ᠪᠠ ᠰᠣᠩᠭᠣᠭᠤᠯᠢ᠎ᠳᠤ ᠪᠡᠯᠡᠳᠬᠡᠬᠦ ᠡᠲᠡᠭᠡᠳ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2024-01-03

      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ 《ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠠᠵᠢᠯᠲᠠᠨ᠎ᠢ ᠰᠢᠯᠭ᠋ᠠᠷᠠᠭᠤᠯᠤᠨ ᠬᠥᠬᠢᠭᠦᠯᠬᠦ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠬᠢᠳᠠᠯ [2023] 122 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠠᠵᠢᠯᠲᠠᠨ᠎ᠢ ᠰᠢᠯᠭ᠋ᠠᠷᠠᠭᠤᠯᠵᠤ ᠬᠥᠬᠢᠭᠦᠯᠦᠨ ᠰᠠᠢ᠌ᠰᠢᠶᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠰᠤᠳᠤᠯᠤᠯᠲᠠ᠎ᠪᠠᠷ ᠳᠡᠮᠵᠢᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠠᠵᠢᠯᠲᠠᠨ》᠎ᠢ ᠰᠢᠯᠭ᠋ᠠᠷᠠᠭᠤᠯᠬᠤ᠎ᠳᠤ ᠵᠢᠩᠬᠢᠨᠢ᠎ᠪᠠᠷ ᠲᠠᠨᠢᠯᠴᠠᠭᠤᠯᠤᠭᠳᠡᠬᠤ ᠡᠲᠡᠭᠡᠳ ᠪᠠ ᠰᠣᠩᠭᠣᠭᠤᠯᠢ᠎ᠳᠤ ᠪᠡᠯᠡᠳᠬᠡᠬᠦ ᠡᠲᠡᠭᠡᠳ᠎ᠢ ᠵᠠᠷᠯᠠᠨ ᠨᠡᠢ᠌ᠲᠡᠯᠡᠪᠡ᠃

      ᠨᠢᠭᠡ᠂ ᠬᠠᠮᠲᠤ ᠨᠠᠢ᠌ᠳᠠ᠂ ᠲᠡᠷᠢᠭᠦᠨ᠎ᠤ ᠠᠵᠢᠯᠲᠠᠨ᠎ᠤ ᠦᠨᠳᠦᠰᠦᠨ ᠪᠠᠶ᠋ᠢᠳᠠᠯ ᠵᠢᠴᠢ ᠭᠣᠣᠯ ᠪᠣᠯᠬᠤ ᠦᠢ᠍ᠯᠡ ᠠᠵᠢᠯᠯᠠᠭ᠎ᠠ ᠵᠢ ᠢᠯᠡ ᠨᠡᠢ᠌ᠲᠡᠯᠡᠨ᠎ᠡ

      (ᠨᠢᠭᠡ) ᠲᠡᠷᠢᠭᠦᠨ᠎ᠤ ᠬᠠᠮᠲᠤ

      1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠭᠠᠵᠠᠷ (ᠵᠢᠩᠬᠢᠨᠢ᠎ᠪᠠᠷ ᠲᠠᠨᠢᠯᠴᠠᠭᠤᠯᠬᠤ ᠡᠲᠡᠭᠡᠳ)

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠭᠠᠵᠠᠷ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠣᠲᠣᠭ᠋ᠠᠳᠤ᠎ᠳᠤ ᠪᠠᠢ᠌ᠭᠤᠯᠤᠭᠰᠠᠨ ᠪᠠᠢ᠌ᠭᠤᠯᠤᠮᠵᠢ 2020 ᠣᠨ᠂ 2021 ᠣᠨ᠂ 2022 ᠣᠨ᠎ᠳᠤ ᠭᠤᠷᠪᠠᠨ ᠵᠢᠯ ᠳᠠᠷᠠᠭ᠋ᠠᠯᠠᠨ ᠣᠨ᠎ᠤ ᠬᠢᠨᠠᠨ ᠰᠢᠯᠭ᠋ᠠᠯᠲᠠ᠎ᠳᠤ 《ᠰᠢᠯᠢᠳᠡᠭ》 ᠵᠶ᠋ᠠᠷ ᠦᠨᠡᠯᠡᠭᠳᠡᠵᠦ᠂ 2022 ᠣᠨ᠎ᠳᠤ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠵᠶ᠋ᠡᠷ ᠦᠨᠡᠯᠡᠭᠳᠡᠪᠡ᠃ ᠣᠲᠣ ᠪᠥᠬᠥ ᠤᠯᠤᠰ᠎ᠤᠨ ᠠᠮᠢ ᠠᠬᠤᠢ ᠣᠷᠴᠢᠨ ᠲᠤᠤᠭᠷᠢᠨ᠎ᠤ ᠰᠢᠰᠲ᠋ᠧᠮ᠎ᠤᠨ ᠲᠡᠷᠢᠭᠦᠨ᠎ᠤ ᠬᠠᠮᠲᠤ ᠨᠠᠢ᠌ᠳᠠ᠎ᠪᠠᠷ ᠵᠢᠩᠬᠢᠨᠢ᠎ᠪᠠᠷ ᠲᠠᠨᠢᠯᠴᠠᠭᠤᠯᠬᠤ ᠡᠲᠡᠭᠡᠳ᠎ᠤᠨ ᠬᠤᠪᠢ᠎ᠪᠠᠷ ᠮᠡᠳᠡᠭᠦᠯᠦᠶ᠎ᠡ᠃ ᠶᠡᠷᠦᠩᠬᠡᠢ᠌ᠯᠡᠭᠰᠡᠨ ᠭᠠᠵᠠᠷ᠎ᠤᠨ᠎ᠬᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠶᠠᠷᠢᠶᠠᠨ᠎ᠤ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠠᠯᠭᠤᠯᠤᠨ ᠨᠠᠢ᠌ᠳᠠᠪᠤᠷᠢᠵᠢᠭᠤᠯᠬᠤ ᠵᠢ ᠲᠦᠷᠦᠭᠦᠯᠡᠨ ᠠᠬᠢᠭᠤᠯᠵᠤ᠂ ᠲᠢᠩᠬᠢᠮ᠎ᠤᠨ ᠭᠣᠣᠯᠳᠠᠯᠭ᠎ᠠ᠎ᠲᠠᠢ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠤᠨ ᠲᠥᠰᠥᠯ᠎ᠢ ᠴᠠᠭ ᠲᠤᠬᠠᠢ᠎ᠳᠤᠨᠢ ᠲᠤᠭᠤᠷᠪᠢᠨ ᠲᠣᠭᠲᠠᠭ᠋ᠠᠵᠤ᠂ ᠬᠣᠯᠪᠣᠭᠳᠠᠯ ᠪᠦᠬᠦᠢ ᠪᠠᠶ᠋ᠢᠳᠠᠯ᠎ᠢ ᠰᠠᠷ᠎ᠠ᠎ᠪᠠᠷ ᠲᠣᠬᠢᠷᠠᠭᠤᠯᠤᠨ ᠬᠤᠷᠢᠶᠠᠩᠭᠤᠢ᠌ᠯᠠᠵᠤ᠂ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠵᠡᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ》 ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠥᠨᠳᠥᠷ ᠲᠦᠪᠰᠢᠨ ᠵᠶ᠋ᠡᠷ ᠪᠡᠶᠡᠯᠡᠭᠦᠯᠪᠡ᠃ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠨᠢᠭᠡᠳᠦᠯᠲᠡᠢ ᠲᠥᠯᠥᠪᠯᠡᠨ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠪᠠ᠃ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ ᠪᠠ ᠬᠥᠬᠡ ᠣᠭᠲᠠᠷᠭᠤᠢ᠂ ᠴᠡᠩᠭᠡᠭ ᠤᠰᠤ᠂ ᠴᠡᠩᠭᠡᠭ ᠨᠠᠭᠤᠷ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠰᠠᠶ᠋ᠢᠲᠤᠷ ᠬᠢᠬᠦ ᠵᠡᠷᠭᠡ ᠲᠠᠯ᠎ᠠ ᠵᠢᠨ ᠠᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 2025 ᠣᠨ᠂ 2035 ᠣᠨ᠎ᠤ ᠬᠠᠷᠠᠯᠲᠠ ᠡᠭᠦᠷᠭᠡ ᠵᠢ ᠲᠣᠳᠣᠷᠬᠠᠢ ᠳᠤᠷᠠᠳᠪᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠡᠯ᠎ᠡ ᠵᠢᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠦᠷ᠎ᠡ ᠪᠦᠲᠦᠮᠵᠢ ᠵᠢ ᠬᠢᠨᠠᠨ ᠰᠢᠯᠭ᠋ᠠᠵᠤ ᠥᠪᠡᠷ᠎ᠢ᠎ᠪᠠᠨ ᠦᠨᠡᠯᠡᠬᠦ ᠠᠵᠢᠯ᠎ᠢ ᠵᠣᠬᠢᠶᠠᠨ ᠪᠠᠢ᠌ᠭᠤᠯᠤᠨ ᠪᠡᠶᠡᠯᠡᠭᠦᠯᠪᠡ᠃

      2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ (ᠵᠢᠩᠬᠢᠨᠢ᠎ᠪᠠᠷ ᠲᠠᠨᠢᠯᠴᠠᠭᠤᠯᠬᠤ ᠡᠲᠡᠭᠡᠳ)

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠣᠯ ᠵᠢᠩᠬᠢᠨᠢ ᠭᠠᠵᠠᠷ᠎ᠤᠨ ᠲᠠᠰ᠎ᠤᠨ ᠨᠢᠭᠡᠴᠢ ᠪᠠᠢ᠌ᠵᠤ᠂ ᠬᠠᠮᠲᠤ ᠨᠢᠭᠡᠴᠢ ᠵᠢᠨ ᠬᠥᠮᠥᠨ᠎ᠤ ᠲᠣᠭ᠎ᠠ 36 ᠪᠤᠢ᠃ 2019 ᠣᠨ᠎ᠳᠤ ᠲᠣᠰ ᠲᠣᠰ ᠪᠥᠬᠥ ᠤᠯᠤᠰ᠎ᠤᠨ ᠳᠣᠯᠣᠳᠤᠭ᠋ᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠰᠢᠯᠭ᠋ᠠᠨ ᠠᠪᠬᠤ ᠠᠵᠢᠯ᠎ᠤᠨ ᠲᠡᠷᠢᠭᠦᠨ᠎ᠤ ᠨᠢᠭᠡᠴᠢ᠂ ᠤᠯᠤᠰ᠎ᠤᠨ ᠲᠠᠰ᠎ᠤᠨ ᠠᠷᠪᠢᠯᠠᠨ ᠭᠠᠮᠨᠠᠬᠤ ᠬᠡᠯᠪᠡᠷᠢ ᠵᠢᠨ ᠤᠯᠠᠨ ᠨᠠᠢ᠌ᠳᠠ ᠵᠢᠨ ᠪᠠᠢ᠌ᠭᠤᠯᠤᠮᠵᠢ ᠵᠢᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠦᠨᠡᠯᠡᠭᠳᠡᠪᠡ᠃ 2020 ᠣᠨ᠎ᠳᠤ ᠲᠣᠰ ᠲᠣᠰ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠢᠯᠡᠷᠡᠯ ᠲᠣᠪᠣᠢ᠌ᠮ᠎ᠠ ᠬᠠᠮᠲᠤ ᠨᠠᠢ᠌ᠳᠠ᠎ᠪᠠᠷ ᠦᠨᠡᠯᠡᠭᠳᠡᠵᠦ᠂ ᠪᠥᠬᠥ ᠤᠯᠤᠰ᠎ᠤᠨ ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ ᠵᠢᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠤᠷᠬᠤ ᠠᠵᠢᠯ᠎ᠤᠨ ᠳᠤᠮᠳᠠ ᠢᠯᠡᠷᠡᠯ ᠲᠣᠪᠣᠢ᠌ᠮ᠎ᠠ ᠬᠠᠮᠲᠤ ᠨᠠᠢ᠌ᠳᠠ᠎ᠪᠠᠷ ᠦᠨᠡᠯᠡᠭᠳᠡᠪᠡ᠃ 2022 ᠣᠨ᠎ᠳᠤ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠱᠠᠩᠨᠠᠯ᠎ᠤᠨ ᠲᠡᠷᠢᠭᠦᠨ᠎ᠤ ᠬᠠᠮᠲᠤ᠎ᠪᠠᠷ ᠦᠨᠡᠯᠡᠭᠳᠡᠪᠡ᠃ ᠪᠤᠭᠤᠲᠤ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠲᠦᠷᠭᠡᠨ ᠰᠢᠢ᠍ᠳᠪᠦᠷᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠮᠡᠳᠡᠭᠳᠡᠮ᠎ᠡ ᠰᠠᠢ᠌ᠵᠢᠷᠠᠯᠲᠠ᠎ᠲᠠᠢ ᠪᠣᠯᠪᠠ᠃ 2016 ᠣᠨ᠎ᠤ ᠨᠢᠭᠡᠳᠦᠭᠡᠷ ᠡᠭᠡᠯᠵᠢ ᠵᠢᠨ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠠᠴᠠ ᠡᠬᠢᠯᠡᠵᠦ᠂ 7 ᠵᠢᠯ᠎ᠳᠤ 9 ᠤᠳᠠᠭ᠎ᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠪᠠ ᠰᠡᠷᠡᠮᠵᠢ ᠵᠢᠨ ᠹᠢᠯᠢᠮ᠂ ᠳᠠᠯᠳᠠᠭᠤᠷ ᠰᠤᠷᠪᠤᠯᠵᠢᠯᠠᠬᠤ ᠹᠢᠯᠢᠮ ᠵᠡᠷᠭᠡ ᠵᠢᠨ ᠬᠠᠷᠢᠭᠤ ᠲᠤᠰᠬᠠᠭᠰᠠᠨ 141 ᠠᠰᠠᠭᠤᠳᠠᠯ᠎ᠢ ᠲᠤᠢ᠌ᠯᠪᠤᠷᠢᠲᠠᠢ ᠰᠢᠢ᠍ᠳᠪᠦᠷᠢᠯᠡᠵᠦ᠂ ᠪᠦᠬᠦ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠢᠯᠡᠳᠲᠡ ᠰᠠᠢ᠌ᠵᠢᠷᠠᠭᠤᠯᠵᠤ᠂ ᠦᠷᠭᠦᠯᠵᠢᠯᠡᠨ ᠰᠠᠢ᠌ᠵᠢᠷᠠᠭᠤᠯᠬᠤ ᠵᠢ ᠪᠡᠶᠡᠯᠡᠭᠦᠯᠵᠡᠢ᠃ ᠪᠥᠬᠥ ᠬᠣᠲᠠ ᠵᠢᠨ 1145 ᠠᠭ᠋ᠠᠷ ᠮᠠᠨᠳᠠᠯ᠎ᠳᠤ ᠬᠣᠯᠪᠣᠭᠳᠠᠬᠤ ᠠᠵᠤ ᠠᠬᠤᠢ᠌ᠯᠠᠯ᠎ᠢ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠨᠠᠷᠢᠨ ᠲᠠᠩᠰᠠ ᠵᠢᠨ ᠬᠠᠮᠢᠶᠠᠷᠤᠯᠲᠠ᠎ᠳᠤ ᠣᠷᠣᠭᠤᠯᠵᠤ᠂ ᠠᠭ᠋ᠠᠷ ᠮᠠᠨᠳᠠᠯ᠎ᠤᠨ ᠶᠠᠰᠤ ᠴᠢᠨᠠᠷ᠎ᠢ ᠪᠠᠷᠢᠮᠵᠢᠶ᠎ᠠ᠎ᠳᠤ ᠬᠦᠷᠭᠡᠬᠦ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠪᠠ ᠮᠥᠬᠥᠯᠢᠭᠲᠦ ᠪᠣᠳᠠᠰ᠎ᠤᠨ ᠢᠷᠡᠯᠲᠡ ᠵᠢ ᠵᠠᠳᠠᠯᠤᠨ ᠰᠢᠨᠵᠢᠯᠡᠬᠦ ᠵᠢ ᠪᠡᠶᠡᠯᠡᠭᠦᠯᠵᠦ᠂ ᠬᠣᠲᠠ ᠵᠢᠨ ᠲᠣᠭᠣᠷᠢᠭ᠎ᠢ ᠬᠠᠮᠤᠷᠤᠭᠰᠠᠨ ᠪᠢᠴᠢᠯ ᠬᠡᠯᠪᠡᠷᠢ ᠵᠢᠨ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠥᠷᠲᠡᠭᠡ ᠪᠠ ᠯᠠᠶ᠋ᠢᠰᠧᠷ ᠷᠠᠳᠠᠷ᠎ᠤᠨ ᠰᠢᠷᠪᠢᠯᠲᠡ ᠵᠢᠨ ᠰᠢᠰᠲ᠋ᠧᠮ᠎ᠢ ᠪᠠᠢ᠌ᠭᠤᠯᠤᠨ ᠪᠦᠲᠦᠭᠡᠵᠦ᠂ ᠪᠥᠬᠥ ᠬᠣᠲᠠ ᠵᠢᠨ ᠬᠥᠬᠡ ᠲᠡᠭᠷᠢ ᠡᠭᠦᠯᠡᠨ ᠣᠶᠤᠨᠴᠢ ᠬᠢᠨᠠᠨ ᠬᠠᠮᠢᠶᠠᠷᠤᠯᠲᠠ ᠵᠢᠨ ᠲᠠᠪᠴᠠᠩ᠎ᠢ ᠪᠠᠢ᠌ᠭᠤᠯᠤᠨ᠂ ᠨᠠᠷᠢᠯᠢᠭ ᠣᠨᠣᠴᠠᠲᠠᠢ᠎ᠪᠠᠷ ᠪᠣᠬᠢᠷᠲᠤᠯ᠎ᠢ ᠵᠠᠰᠠᠬᠤ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠪᠡ᠃ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡ ᠵᠢ ᠦᠷᠭᠦᠯᠵᠢᠯᠡᠨ ᠴᠢᠩᠭ᠋ᠠᠳᠬᠠᠵᠤ᠂ ᠤᠯᠤᠰ᠎ᠤᠨ ᠲᠠᠰ᠎ᠤᠨ 5 ᠲᠤᠷᠰᠢᠯᠲᠠ ᠵᠢᠨ ᠴᠡᠭ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ 1 ᠲᠤᠷᠰᠢᠯᠲᠠ ᠵᠢᠨ ᠴᠡᠭ ᠪᠥᠬᠥ ᠬᠦᠴᠦᠨ ᠵᠶ᠋ᠡᠷ ᠵᠶ᠋ᠡᠨ ᠡᠭᠦᠳᠦᠨ ᠪᠠᠢ᠌ᠭᠤᠯᠵᠤ᠂ ᠪᠥᠬᠥ ᠤᠯᠤᠰ᠎ᠲᠤ ᠨᠢᠭᠡ ᠪᠦᠯᠦᠭ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠪᠤᠭᠤᠲᠤ ᠵᠢᠨ ᠥᠯᠢᠭᠡᠷ ᠳᠠᠭᠤᠷᠢᠶᠠᠯ》 《ᠪᠤᠭᠤᠲᠤ ᠵᠢᠨ ᠲᠤᠷᠰᠢᠯᠭ᠎ᠠ》 ᠵᠢ ᠴᠢᠷᠮᠠᠢ᠌ᠨ ᠪᠤᠢ ᠪᠣᠯᠭ᠋ᠠᠪᠠ᠃

      3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ (ᠲᠣᠰ ᠱᠠᠲᠤ) (ᠵᠢᠩᠬᠢᠨᠢ᠎ᠪᠠᠷ ᠲᠠᠨᠢᠯᠴᠠᠭᠤᠯᠬᠤ ᠡᠲᠡᠭᠡᠳ)

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠲᠣᠰ ᠱᠠᠲᠤᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠠᠵᠢᠯ ᠦᠢ᠍ᠯᠡᠰ᠎ᠤᠨ ᠨᠢᠭᠡᠴᠢ 2022 ᠣᠨ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠭᠦᠭᠰᠡᠨ ᠪᠠ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠴᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠭᠦᠭᠰᠡᠨ ᠲᠤᠰᠬᠠᠢ ᠲᠣᠪᠣᠢ᠌ᠮ᠎ᠠ ᠠᠮᠵᠢᠯᠲᠠ ᠭᠠᠷᠭ᠋ᠠᠭᠰᠠᠨ ᠬᠠᠮᠲᠤ ᠨᠢᠭᠡᠴᠢ ᠵᠢ ᠰᠠᠢ᠌ᠰᠢᠶᠠᠨ ᠬᠥᠬᠢᠭᠦᠯᠪᠡ᠃ 2023 ᠣᠨ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ ᠲᠤᠯᠤᠭ᠋ᠠᠨ ᠶᠠᠮᠤᠨ ᠵᠥᠪᠯᠡᠯ᠎ᠤᠨ 《ᠠᠭᠤᠷᠬᠠᠢ ᠵᠢᠨ ᠨᠦᠬᠡ ᠤᠬᠢᠶᠠᠬᠤ》 ᠠᠯᠲᠠᠨ᠎ᠤ ᠠᠭᠤᠷᠬᠠᠢ ᠵᠢ ᠬᠤᠯᠠᠭ᠋ᠠᠢ᠌ᠯᠠᠨ ᠮᠠᠯᠲᠠᠬᠤ᠎ᠳᠤ ᠴᠣᠬᠢᠯᠲᠠ ᠥᠭᠭᠦᠭᠰᠡᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢᠨ ᠢᠯᠡᠷᠡᠯ ᠵᠶ᠋ᠡᠷ ᠲᠣᠪᠣᠢ᠌ᠮ᠎ᠠ ᠨᠢᠭᠡᠴᠢ ᠵᠢ ᠵᠠᠷᠯᠠᠨ ᠰᠠᠢ᠌ᠰᠢᠶᠠᠭᠰᠠᠨ ᠪᠠᠢ᠌ᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠎ᠪᠠᠷ ᠴᠢᠩᠭ᠎ᠠ ᠪᠠᠶ᠋ᠢᠬᠤ ᠭᠣᠣᠯ ᠬᠥᠭ ᠠᠶᠠᠰ᠎ᠢ ᠢᠮᠠᠭᠲᠠ ᠪᠠᠷᠢᠮᠲᠠᠯᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠡᠢ᠌ᠨ᠎ᠢ ᠭᠦᠨᠵᠡᠭᠡᠢ ᠰᠠᠶ᠋ᠢᠲᠤᠷ ᠬᠢᠬᠦ᠂ ᠴᠢᠨᠠᠷ ᠰᠠᠢ᠌ᠲᠠᠢ ᠠᠮᠢ ᠠᠬᠤᠢ ᠣᠷᠴᠢᠨ ᠲᠣᠭᠣᠷᠢᠨ᠎ᠢ ᠪᠦᠲᠦᠭᠡᠨ ᠪᠠᠢ᠌ᠭᠤᠯᠬᠤ ᠵᠢᠨ ᠲᠣᠭᠣᠷᠢᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠭᠣᠣᠯ ᠬᠠᠷᠢᠭᠤᠴᠠᠯᠭ᠎ᠠ ᠭᠣᠣᠯ ᠠᠵᠢᠯ᠎ᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠨ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ᠎ᠪᠠᠨ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ 2021 ᠣᠨ᠎ᠠᠴᠠ ᠨᠠᠭ᠋ᠠᠰᠢ᠂ ᠪᠥᠬᠥ ᠣᠷᠣᠨ᠎ᠳᠤ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠬᠡᠷᠡᠭ᠎ᠢ ᠨᠠᠢ᠌ᠳᠠ 4218 ᠰᠢᠢ᠍ᠳᠪᠦᠷᠢᠯᠡᠵᠦ᠂ ᠰᠢᠳᠬᠡᠯ ᠲᠣᠷᠭ᠋ᠠᠭᠤᠯᠢ ᠵᠢᠨ ᠵᠣᠭᠣᠰ᠎ᠤᠨ ᠲᠣᠭ᠎ᠠ᠎ᠨᠢ 4.7 ᠳ᠋ᠦᠩᠰᠢᠭᠤᠷ ᠲᠥᠭᠥᠷᠢᠭ᠎ᠲᠤ ᠬᠦᠷᠴᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠵᠢᠴᠢ ᠢᠵᠢ ᠪᠦᠷᠢᠳᠦᠭᠦᠯᠬᠦ ᠠᠷᠭ᠎ᠠ ᠵᠢ ᠬᠡᠷᠡᠭᠯᠡᠨ ᠣᠷᠴᠢᠨ ᠲᠣᠭᠣᠷᠢᠨ᠎ᠤ ᠪᠣᠬᠢᠷᠲᠤᠯ᠎ᠤᠨ ᠰᠡᠵᠢᠭᠯᠡᠯᠲᠡᠢ 238 ᠶᠠᠯᠠᠲᠤ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠭᠰᠡᠨ ᠪᠠ ᠰᠢᠯᠵᠢᠭᠦᠯᠦᠨ ᠬᠦᠷᠭᠡᠭᠰᠡᠨ ᠪᠠᠢ᠌ᠨ᠎ᠠ᠃ ᠳᠦᠷᠢᠮ᠎ᠤᠨ ᠲᠣᠭᠲᠠᠴᠠ ᠵᠢᠨ ᠰᠢᠰᠲ᠋ᠧᠮ᠎ᠢ ᠶᠡᠬᠡ᠎ᠪᠠᠷ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ ᠎ᠤ ᠬᠠᠤᠯᠢ ᠬᠡᠷᠡᠭᠵᠢᠭᠦᠯᠬᠦ ᠦᠢ᠍ᠯᠡᠳᠦᠯ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠤᠷᠢᠳ ᠬᠣᠵᠢᠳ 23 ᠵᠦᠢ᠍ᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠬᠦᠷᠢᠶᠡᠨ᠎ᠤ ᠳᠦᠷᠢᠮ᠎ᠤᠨ ᠲᠣᠭᠲᠠᠴᠠ ᠵᠢ ᠨᠡᠢ᠌ᠲᠡᠯᠡᠵᠦ᠂ 《ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 11 ᠵᠦᠢ᠍ᠯ᠎ᠤᠨ ᠠᠵᠢᠯ᠎ᠤᠨ ᠳᠦᠷᠢᠮ ᠵᠶ᠋ᠡᠷ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ》᠎ᠨᠢ 2021 ᠣᠨ᠎ᠤ 《ᠪᠦᠬᠦ ᠣᠷᠣᠨ᠎ᠤ ᠠᠷᠪᠠᠨ ᠶᠡᠬᠡ ᠬᠠᠤᠯᠢᠵᠢᠯ᠎ᠤᠨ ᠬᠡᠷᠡᠭ》᠎ᠤᠨ 《ᠬᠠᠤᠯᠢᠵᠢᠯ᠎ᠤᠨ ᠬᠦᠴᠦᠨ ᠵᠶ᠋ᠡᠷ ᠪᠦᠬᠦ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ》᠎ᠪᠠᠷ ᠰᠣᠩᠭᠣᠭᠳᠠᠪᠠ᠃ 2021 ᠣᠨ᠎ᠠᠴᠠ ᠨᠠᠭ᠋ᠠᠰᠢ᠂ ᠤᠯᠠᠨ ᠲᠦᠮᠡᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠯᠡᠴᠢᠯᠡᠨ ᠮᠡᠳᠡᠭᠦᠯᠦᠭᠰᠡᠨ ᠬᠡᠷᠡᠭ᠎ᠢ ᠨᠠᠢ᠌ᠳᠠ ᠭᠤᠷᠪᠠᠨ ᠮᠢᠩᠭ᠎ᠠ ᠭᠠᠷᠤᠢ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠤᠨ ᠬᠡᠷᠡᠭ᠎ᠢ ᠬᠣᠶᠠᠷ ᠵᠠᠭᠤ ᠭᠠᠷᠤᠢ ᠭᠥᠯᠢᠶᠡᠨ ᠠᠪᠴᠤ ᠰᠢᠢ᠍ᠳᠪᠦᠷᠢᠯᠡᠵᠦ᠂ ᠤᠯᠠᠨ ᠲᠦᠮᠡᠨ᠎ᠤ ᠰᠡᠳᠬᠢᠯ ᠬᠠᠨᠤᠮᠵᠢᠲᠠᠢ ᠪᠠᠶ᠋ᠢᠬᠤ ᠨᠣᠷᠮ᠎ᠠ 99% ᠎ᠠᠴᠠ ᠳᠡᠭᠡᠭᠰᠢ᠎ᠳᠤ ᠬᠥᠷᠪᠡ᠃

      4. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠠᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ (ᠰᠣᠩᠭᠣᠨ ᠲᠠᠨᠢᠯᠴᠠᠭᠤᠯᠬᠤ ᠡᠲᠡᠭᠡᠳ)

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠠᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠣᠯ ᠵᠢᠩᠬᠢᠨᠢ ᠭᠠᠵᠠᠷ᠎ᠤᠨ ᠲᠠᠰ᠎ᠤᠨ ᠨᠢᠭᠡᠴᠢ ᠪᠠᠢ᠌ᠵᠤ᠂ ᠬᠠᠮᠲᠤ ᠨᠢᠭᠡᠴᠢ ᠵᠢᠨ ᠬᠥᠮᠥᠨ᠎ᠤ ᠲᠣᠭ᠎ᠠ᠎ᠨᠢ 17 ᠪᠣᠯᠣᠨ᠎ᠠ᠃ ᠲᠣᠰ ᠨᠢᠭᠡᠴᠢ 2020 ᠣᠨ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ 《ᠪᠥᠬᠥ ᠤᠯᠤᠰ᠎ᠤᠨ ᠲᠣᠭᠲᠠᠮᠠᠯ ᠪᠣᠬᠢᠷᠲᠤᠯ᠎ᠤᠨ ᠡᠬᠢ ᠵᠢᠨ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠢ ᠪᠦᠬᠦᠨ ᠎ᠳᠤ ᠪᠦᠷᠬᠦᠭᠦᠯᠬᠦ ᠠᠵᠢᠯ᠎ᠤᠨ ᠳᠤᠮᠳᠠ ᠲᠣᠪᠣᠢ᠌ᠮ᠎ᠠ ᠢᠯᠡᠷᠡᠯ᠎ᠲᠠᠢ ᠬᠠᠮᠲᠤ ᠨᠠᠢ᠌ᠳᠠ》 ᠪᠣᠯᠣᠨ᠎ᠠ᠃ 2022 ᠣᠨ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠠᠴᠠ 《ᠭᠤᠷᠪᠠᠨ ᠱᠤᠭᠤᠮ ᠨᠢᠭᠡ ᠬᠠᠭᠤᠳᠠᠰᠤ》 ᠠᠵᠢᠯ᠎ᠤᠨ ᠢᠯᠡᠷᠡᠯ ᠲᠣᠪᠣᠢ᠌ᠮ᠎ᠠ ᠬᠠᠮᠲᠤ ᠨᠠᠢ᠌ᠳᠠ ᠵᠢᠨ ᠢᠷᠠᠭᠤ ᠠᠯᠳᠠᠷ ᠣᠯᠭᠣᠪᠠ᠃ 2014 ᠣᠨ᠎ᠠᠴᠠ 2017 ᠣᠨ ᠪᠣᠯᠲᠠᠯ᠎ᠠ᠂ 2020 ᠣᠨ ᠪᠠ 2022 ᠣᠨ᠎ᠤ ᠣᠨ᠎ᠤ ᠬᠢᠨᠠᠨ ᠰᠢᠯᠭ᠋ᠠᠯᠲᠠ᠎ᠳᠤ ᠲᠣᠰ ᠲᠣᠰ 《ᠰᠢᠯᠢᠳᠡᠭ》 ᠲᠠᠰ ᠵᠶ᠋ᠠᠷ ᠲᠣᠳᠣᠷᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠠᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠵᠢ ᠬᠦᠴᠦᠯᠡᠨ ᠰᠠᠶ᠋ᠢᠲᠤᠷ ᠠᠳᠬᠤᠬᠤ》 ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠬᠤ ᠣᠢ᠌ᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠪᠠ᠃ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠪᠦᠬᠦ ᠬᠦᠴᠦᠨ ᠵᠶ᠋ᠡᠷ ᠰᠢᠢ᠍ᠳᠪᠦᠷᠢᠯᠡᠪᠡ᠃ 2016 ᠣᠨ᠎ᠠᠴᠠ ᠨᠠᠭ᠋ᠠᠰᠢ᠂ ᠡᠯ᠎ᠡ ᠳᠦᠷᠦᠯ᠎ᠤᠨ ᠠᠵᠤ ᠦᠢ᠍ᠯᠡᠳᠪᠦᠷᠢ ᠵᠢᠨ ᠪᠣᠬᠢᠷᠲᠤᠯ᠎ᠢ ᠵᠠᠰᠠᠬᠤ ᠳᠦᠷᠦᠯ ᠵᠦᠢ᠍ᠯ᠎ᠢ 2500 ᠭᠠᠷᠤᠢ ᠪᠡᠶᠡᠯᠡᠭᠦᠯᠪᠡ᠃ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠠᠷᠢᠭᠤᠴᠠᠯᠭ᠎ᠠ ᠡᠭᠦᠷᠭᠡᠯᠡᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠴᠣᠭᠴᠠᠯᠠᠪᠠ᠃ 2014 ᠣᠨ᠎ᠠᠴᠠ ᠨᠠᠭ᠋ᠠᠰᠢ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠬᠡᠷᠡᠭ᠎ᠢ ᠨᠠᠢ᠌ᠳᠠ 1539 ᠪᠠᠢ᠌ᠴᠠᠭ᠋ᠠᠨ ᠰᠢᠢ᠍ᠳᠪᠦᠷᠢᠯᠡᠵᠦ᠂ 1.724 ᠳ᠋ᠦᠩᠰᠢᠭᠤᠷ ᠲᠥᠭᠥᠷᠢᠭ ᠵᠶ᠋ᠡᠷ ᠲᠣᠷᠭ᠋ᠠᠵᠤ᠂ ᠦᠵᠡᠰᠬᠦᠯᠡᠩᠲᠦ ᠰᠠᠢ᠌ᠬᠠᠨ ᠦᠬᠠᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠤᠮᠳᠠ ᠢᠯᠡᠳᠲᠡ ᠠᠮᠵᠢᠯᠲᠠ ᠣᠯᠵᠠᠢ᠃

      (ᠬᠣᠶᠠᠷ) ᠲᠡᠷᠢᠭᠦᠨ᠎ᠤ ᠠᠵᠢᠯᠲᠠᠨ

      1. ᠴᠧᠨ ᠢᠦᠢ (ᠵᠢᠩᠬᠢᠨᠢ᠎ᠪᠠᠷ ᠲᠠᠨᠢᠯᠴᠠᠭᠤᠯᠬᠤ ᠡᠲᠡᠭᠡᠳ)᠂ ᠡᠮᠡᠭᠲᠡᠢ᠂ 1982 ᠣᠨ᠎ᠤ 11 ᠰᠠᠷ᠎ᠠ᠎ᠳᠤ ᠲᠥᠷᠥᠵᠡᠢ᠂ ᠠᠰᠫᠢᠷᠠᠨᠲ᠂ ᠳᠡᠭᠡᠳᠦ ᠵᠡᠷᠭᠡ ᠵᠢᠨ ᠢᠨᠵᠧᠨᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠡᠷᠬᠢᠯᠡᠭᠴᠢ ᠵᠢᠨ ᠲᠤᠰᠢᠶᠠᠯ᠎ᠲᠠᠢ᠃ ᠲᠣᠰ ᠨᠥᠬᠥᠷ 2005 ᠣᠨ᠎ᠤ 7 ᠰᠠᠷ᠎ᠠ᠎ᠳᠤ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠳᠤ ᠠᠵᠢᠯᠯᠠᠪᠠ; 2013 ᠣᠨ᠎ᠤ 8 ᠰᠠᠷ᠎ᠠ᠎ᠠᠴᠠ 2017 ᠣᠨ᠎ᠤ 8 ᠰᠠᠷ᠎ᠠ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠢᠨᠵᠧᠨᠧᠷ; 2017 ᠣᠨ᠎ᠤ 8 ᠰᠠᠷ᠎ᠠ᠎ᠠᠴᠠ 2018 ᠣᠨ᠎ᠤ 2 ᠰᠠᠷ᠎ᠠ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠲᠥᠪ; 2018 ᠣᠨ᠎ᠤ 2 ᠰᠠᠷ᠎ᠠ᠎ᠠᠴᠠ 2021 ᠣᠨ᠎ᠤ 2 ᠰᠠᠷ᠎ᠠ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠲᠥᠪ᠎ᠤᠨ ᠱᠠᠯᠠᠪᠳᠠᠭᠤᠯᠤᠨ ᠪᠠᠢ᠌ᠴᠠᠭ᠋ᠠᠬᠤ ᠨᠢᠭᠡᠳᠦᠭᠡᠷ ᠰᠠᠯᠠᠭ᠋ᠠᠨ᠎ᠤ ᠳᠡᠳ᠋ ᠳᠠᠷᠤᠭ᠎ᠠ᠂ ᠳᠡᠭᠡᠳᠦ ᠵᠡᠷᠭᠡ ᠵᠢᠨ ᠢᠨᠵᠧᠨᠧᠷ; 2021 ᠣᠨ᠎ᠤ 2 ᠰᠠᠷ᠎ᠠ ᠎ᠠᠴᠠ 2023 ᠣᠨ᠎ᠤ 8 ᠰᠠᠷ᠎ᠠ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠳᠡᠳ᠋ ᠡᠷᠬᠢᠯᠡᠭᠴᠢ; 2023 ᠣᠨ᠎ᠤ 8 ᠰᠠᠷ᠎ᠠ᠎ᠠᠴᠠ ᠣᠲᠣ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠡᠷᠬᠢᠯᠡᠭᠴᠢ᠂ ᠠᠵᠢᠯ᠎ᠤᠨ ᠬᠤᠭᠤᠴᠠᠭ᠋ᠠᠨ᠎ᠳᠤ ᠪᠣᠳᠠᠲᠤ ᠪᠦᠲᠦᠮᠵᠢ ᠪᠠ ᠬᠠᠷᠢᠭᠤᠴᠠᠯᠭ᠎ᠠ ᠵᠢᠨ ᠤᠬᠠᠮᠰᠠᠷ ᠵᠶ᠋ᠠᠷ ᠲᠣᠪᠣᠢ᠌ᠮ᠎ᠠ ᠪᠠᠢ᠌ᠵᠤ᠂ ᠶᠡᠬᠡ ᠲᠠᠯ᠎ᠠ ᠵᠢᠨ ᠤᠬᠠᠮᠰᠠᠷ ᠵᠶ᠋ᠠᠷ ᠥᠨᠳᠥᠷ ᠪᠠᠢ᠌ᠳᠠᠭ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ᠂ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠵᠢᠴᠢ ᠬᠢᠨᠠᠯᠲᠠ ᠲᠠᠯᠪᠢᠵᠤ ᠰᠢᠯᠭ᠋ᠠᠨ ᠠᠪᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠵᠢᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠵᠡᠷᠭᠡ ᠤᠯᠠᠨ ᠲᠠᠯ᠎ᠠ ᠵᠢᠨ ᠠᠵᠢᠯ᠎ᠳᠤ ᠪᠣᠯᠪᠠᠰᠤᠷᠠᠩᠭᠤᠢ ᠪᠠᠢ᠌ᠵᠤ᠂ ᠡᠯ᠎ᠡ ᠠᠶ᠋ᠢᠮᠠᠭ ᠬᠤᠳᠠ ᠵᠢᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ᠂ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠣᠢ᠌ᠯᠠᠭ᠋ᠠᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠂ ᠤᠮᠠᠷᠠᠲᠤ ᠣᠷᠣᠨ᠂ ᠡᠮᠦᠨᠡᠲᠦ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ᠎ᠯᠤᠭ᠎ᠠ ᠰᠠᠢ᠍ᠢ᠍ᠨ ᠰᠠᠢ᠌ᠬᠠᠨ ᠬᠠᠷᠢᠯᠴᠠᠨ ᠨᠡᠪᠲᠡᠷᠡᠯᠴᠡᠬᠦ ᠠᠵᠢᠯ᠎ᠤᠨ ᠬᠠᠷᠢᠴᠠᠭ᠎ᠠ ᠪᠠᠢ᠌ᠭᠤᠯᠵᠤ᠂ ᠨᠡᠯᠢᠶᠡᠳ ᠴᠢᠩᠭ᠎ᠠ ᠤᠳᠤᠷᠢᠳᠬᠤ ᠴᠢᠳᠠᠪᠤᠷᠢ ᠪᠠ ᠤᠯᠠᠨ ᠲᠦᠮᠡᠨ᠎ᠲᠠᠢ ᠬᠠᠷᠢᠯᠴᠠᠵᠤ ᠤᠯᠠᠨ ᠲᠦᠮᠡᠨ᠎ᠳᠤ ᠦᠢ᠍ᠯᠡᠴᠢᠯᠡᠬᠦ ᠴᠢᠳᠠᠪᠤᠷᠢ᠎ᠲᠠᠢ᠃ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠵᠠᠮ ᠨᠡᠭᠡᠭᠡᠵᠦ ᠤᠷᠤᠭᠰᠢᠯᠠᠬᠤ ᠵᠣᠷᠢᠭ ᠰᠠᠨᠠᠭ᠎ᠠ᠎ᠪᠠᠷ ᠴᠢᠩᠭ᠎ᠠ ᠪᠠᠢ᠌ᠳᠠᠭ᠃ ᠲᠥᠪ᠎ᠤᠨ ᠬᠣᠶᠠᠳᠤᠭ᠋ᠠᠷ ᠡᠭᠡᠯᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠣᠷᠣᠵᠤ ᠰᠠᠭᠤᠬᠤ ᠵᠢᠨ ᠪᠠᠲᠤᠯᠠᠭ᠎ᠠ ᠵᠢᠨ ᠲᠣᠭᠲᠠᠴᠠ ᠵᠢ ᠪᠠᠢ᠌ᠭᠤᠯᠵᠤ᠂ ᠠᠵᠢᠯ᠎ᠤᠨ ᠲᠤᠰᠬᠠᠢ ᠠᠩᠭᠢ ᠪᠠᠢ᠌ᠭᠤᠯᠵᠤ᠂ ᠵᠣᠬᠢᠴᠠᠭᠤᠯᠬᠤ᠂ ᠬᠠᠷᠢᠯᠴᠠᠬᠤ᠂ ᠲᠣᠬᠢᠷᠠᠭᠤᠯᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠵᠢᠷᠤᠭ ᠡᠯᠭᠦᠨ ᠪᠠᠢ᠌ᠯᠳᠤᠬᠤ ᠳᠦᠷᠢᠮ᠎ᠢ ᠬᠡᠷᠡᠭᠵᠢᠭᠦᠯᠵᠦ᠂ ᠨᠠᠢ᠌ᠳᠠ 339 ᠵᠦᠢ᠍ᠯ᠎ᠤᠨ ᠮᠠᠲ᠋ᠧᠷᠢᠶᠠᠯ᠎ᠢ ᠰᠢᠯᠵᠢᠭᠦᠯᠦᠨ ᠦᠵᠡᠵᠦ᠂ ᠲᠤᠬᠠᠢ ᠵᠢᠨ ᠲᠠᠯᠠᠪᠠᠢ᠎ᠳᠤ ᠪᠠᠢ᠌ᠴᠠᠭ᠋ᠠᠭᠰᠠᠨ ᠴᠡᠭ 132 ᠪᠠᠢ᠌ᠵᠤ᠂ ᠵᠢᠯᠣᠭᠣᠴᠢ ᠦᠭᠡᠢ ᠨᠢᠰᠬᠡᠯ᠎ᠤᠨ ᠠᠭ᠋ᠠᠷ᠎ᠠᠴᠠ ᠰᠡᠭᠦᠳᠡᠷᠯᠡᠬᠦ ᠴᠡᠭ 6 ᠪᠠᠢ᠌ᠵᠤ᠂ 《ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠪᠠᠢ᠌ᠴᠠᠭ᠋ᠠᠨ ᠰᠤᠳᠤᠯᠤᠯᠲᠠ ᠵᠢᠨ ᠪᠠᠶ᠋ᠢᠳᠠᠯ᠎ᠤᠨ ᠮᠡᠳᠡᠭᠦᠯᠦᠯᠲᠡ》 ᠵᠢ ᠪᠦᠷᠢᠯᠳᠦᠭᠦᠯᠬᠦ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠤᠳᠠ ᠵᠢᠨ ᠵᠠᠰᠠᠭ᠎ᠤᠨ ᠣᠷᠳᠣᠨ᠎ᠳᠤ ᠳᠠᠷᠤᠮᠠᠯᠯᠠᠨ ᠲᠠᠷᠬᠠᠭ᠋ᠠᠪᠠ᠃

      2. ᠵᠧᠦ ᠫᠧᠩ (ᠪᠡᠯᠡᠳᠬᠡᠯ ᠰᠣᠩᠭᠣᠨ ᠲᠠᠨᠢᠯᠴᠠᠭᠤᠯᠬᠤ ᠡᠲᠡᠭᠡᠳ)᠂ ᠡᠷᠡᠭᠲᠡᠢ᠂ 1980 ᠣᠨ᠎ᠤ 9 ᠰᠠᠷ᠎ᠠ᠎ᠳᠤ ᠲᠥᠷᠥᠵᠡᠢ᠂ ᠠᠰᠫᠢᠷᠠᠨᠲ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠮᠠᠰᠲ᠋ᠧᠷ᠂ ᠳᠡᠭᠡᠳᠦ ᠵᠡᠷᠭᠡ ᠵᠢᠨ ᠢᠨᠵᠧᠨᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶᠠᠨ᠎ᠤ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠋ᠠᠨ᠎ᠤ ᠳᠠᠷᠤᠭ᠎ᠠ᠂ ᠨᠢᠭᠡᠳᠦᠭᠡᠷ ᠳᠡᠰ᠎ᠤᠨ ᠡᠷᠬᠢᠯᠡᠭᠴᠢ ᠭᠡᠰᠢᠭᠦᠴᠢ ᠵᠢᠨ ᠲᠤᠰᠢᠶᠠᠯ᠎ᠢ ᠬᠠᠷᠢᠭᠤᠴᠠᠵᠤ ᠪᠠᠢ᠌ᠨ᠎ᠠ᠃ ᠲᠣᠰ ᠨᠥᠬᠥᠷ 2008 ᠣᠨ᠎ᠤ 7 ᠰᠠᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠣᠣᠯ ᠠᠶ᠋ᠢᠮᠠᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠡᠮᠵᠢᠬᠦ ᠥᠷᠲᠡᠭᠡ᠎ᠳᠤ ᠣᠷᠣᠵᠤ᠂ 2017 ᠣᠨ᠎ᠤ 1 ᠰᠠᠷ᠎ᠠ᠎ᠠᠴᠠ 2021 ᠣᠨ᠎ᠤ 4 ᠰᠠᠷ᠎ᠠ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠣᠣᠯ ᠠᠶ᠋ᠢᠮᠠᠭ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢᠨ ᠲᠥᠪ᠎ᠤᠨ ᠳᠡᠳ᠋ ᠡᠷᠬᠢᠯᠡᠭᠴᠢ᠂ ᠳᠡᠭᠡᠳᠦ ᠵᠡᠷᠭᠡ ᠵᠢᠨ ᠢᠨᠵᠧᠨᠧᠷ; 2021 ᠣᠨ᠎ᠤ 4 ᠰᠠᠷ᠎ᠠ᠎ᠠᠴᠠ 2023 ᠣᠨ᠎ᠤ 4 ᠰᠠᠷ᠎ᠠ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠋ᠠᠨ᠎ᠤ ᠳᠠᠷᠤᠭ᠎ᠠ; 2023 ᠣᠨ᠎ᠤ 5 ᠰᠠᠷ᠎ᠠ᠎ᠠᠴᠠ ᠣᠲᠣ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠋ᠠᠨ᠎ᠤ ᠳᠠᠷᠤᠭ᠎ᠠ᠂ ᠨᠢᠭᠡᠳᠦᠭᠡᠷ ᠳᠡᠰ᠎ᠤᠨ ᠡᠷᠬᠢᠯᠡᠭᠴᠢ ᠭᠡᠰᠢᠭᠦᠴᠢ ᠪᠣᠯᠵᠠᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ 15 ᠵᠢᠯ ᠬᠢᠵᠦ᠂ ᠠᠮᠢ ᠠᠬᠤᠢ ᠣᠷᠴᠢᠨ ᠲᠣᠭᠣᠷᠢᠨ᠎ᠤ ᠦᠢ᠍ᠯᠡᠰ᠎ᠢ ᠢᠮᠠᠭᠲᠠ ᠬᠠᠢ᠌ᠷᠠᠯᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠲᠤᠬᠠᠢ᠌ᠯᠠᠭᠰᠠᠨ ᠠᠵᠢᠯ᠎ᠳᠠᠭᠠᠨ ᠴᠠᠭ᠋ᠠᠷᠠᠭᠰᠠᠨ ᠪᠠᠢ᠌ᠨ᠎ᠠ᠃ ᠤᠷᠢᠳ ᠬᠣᠵᠢᠳ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢᠨ ᠭᠠᠵᠠᠷ ᠳᠡᠭᠡᠷᠡᠬᠢ ᠬᠢᠨᠠᠨ ᠬᠡᠮᠵᠢᠯᠲᠡ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠬᠢᠨᠠᠨ ᠬᠡᠮᠵᠢᠯᠲᠡ ᠬᠢᠭᠡᠳ ᠦᠨᠡᠯᠡᠯᠲᠡ᠂ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠢ ᠬᠠᠶᠠᠭᠳᠠᠮᠠᠯ ᠪᠣᠳᠠᠰ᠎ᠢ ᠵᠢᠷᠤᠮᠵᠢᠭᠤᠯᠤᠨ ᠬᠠᠮᠢᠶᠠᠷᠬᠤ᠂ ᠲᠥᠪ ᠵᠢᠴᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠂ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠪᠠ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠠᠵᠢᠯ᠎ᠢ ᠬᠢᠭᠡᠳ ᠴᠥᠮ ᠲᠣᠪᠣᠢ᠌ᠮ᠎ᠠ ᠠᠮᠵᠢᠯᠲᠠ ᠣᠯᠣᠭᠰᠠᠨ ᠪᠠᠢ᠌ᠨ᠎ᠠ᠃ ᠠᠵᠢᠯ᠎ᠳᠠᠭᠠᠨ ᠢᠳᠡᠪᠬᠢᠲᠡᠢ᠎ᠲᠠᠢ᠂ ᠵᠣᠷᠢᠭᠲᠠᠢ ᠡᠭᠦᠷᠭᠡ ᠬᠠᠷᠢᠭᠤᠴᠠᠯᠭ᠎ᠠ ᠡᠭᠦᠷᠭᠡᠯᠡᠳᠡᠭ᠃ ᠪᠥᠬᠥ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠨᠡᠯᠡᠬᠦ᠂ ᠪᠥᠬᠥ ᠠᠶ᠋ᠢᠮᠠᠭ᠎ᠤᠨ ᠤᠷᠭᠤᠮᠠᠯ᠎ᠤᠨ ᠬᠤᠴᠢᠯᠭ᠎ᠠ ᠵᠢᠨ ᠠᠮᠢ ᠠᠬᠤᠢ ᠵᠢᠨ ᠭᠠᠵᠠᠷ᠎ᠤᠨ ᠭᠠᠳᠠᠷᠭᠤ ᠵᠢ ᠬᠢᠨᠠᠨ ᠬᠡᠮᠵᠢᠬᠦ᠂ ᠪᠥᠬᠥ ᠠᠶ᠋ᠢᠮᠠᠭ᠎ᠤᠨ ᠠᠷᠪᠠᠨ ᠵᠢᠯ (2001 — 2010)᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠨᠡᠯᠡᠨ ᠵᠢᠱ᠌ᠢᠬᠦ᠂ ᠪᠥᠬᠥ ᠠᠶ᠋ᠢᠮᠠᠭ᠎ᠤᠨ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢ ᠵᠢᠨ ᠣᠷᠣᠨ᠎ᠤ ᠰᠢᠶᠠᠨ᠎ᠤ ᠬᠡᠪᠴᠢᠶᠡᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠪᠠ ᠬᠢᠨᠠᠨ ᠰᠢᠯᠭ᠋ᠠᠵᠤ ᠦᠨᠡᠯᠡᠬᠦ ᠲᠥᠷᠥᠯ ᠵᠦᠢ᠍ᠯ᠎ᠤᠨ ᠰᠤᠳᠤᠯᠭ᠋ᠠᠨ᠎ᠢ ᠡᠷᠭᠢᠯᠡᠬᠦ ᠪᠤᠶᠤ ᠡᠭᠦᠷᠭᠡᠯᠡᠵᠦ᠂ ᠤᠷᠢᠳ ᠬᠣᠵᠢᠳ ᠤᠯᠤᠰ᠎ᠤᠨ ᠳᠣᠲᠣᠭ᠋ᠠᠳᠤ ᠵᠢᠨ ᠭᠣᠣᠯᠯᠠᠭᠴᠢ ᠰᠡᠳᠬᠦᠯ᠎ᠳᠤ 10 ᠭᠠᠷᠤᠢ ᠴᠢᠬᠤᠯᠠ ᠰᠤᠳᠤᠯᠭ᠋ᠠᠨ᠎ᠤ ᠥᠭᠦᠯᠡᠯ ᠨᠡᠢ᠌ᠲᠡᠯᠡᠪᠡ᠃ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠠᠪᠤᠭᠰᠠᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ 20 ᠭᠠᠷᠤᠢ ᠪᠡᠶ᠎ᠡ᠎ᠪᠠᠨ ᠳᠠᠭ᠋ᠠᠭ᠋ᠠᠨ ᠪᠡᠶᠡᠯᠡᠭᠦᠯᠵᠦ᠂ ᠪᠥᠬᠥ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠲᠤ ᠪᠦᠲᠦᠮᠵᠢᠲᠡᠢ ᠦᠨᠳᠦᠰᠦ ᠪᠠᠷᠢᠮᠲᠠ ᠬᠠᠩᠭ᠋ᠠᠭᠰᠠᠨ ᠪᠠᠢ᠌ᠨ᠎ᠠ᠃

      ᠬᠣᠶᠠᠷ᠂ ᠢᠯᠡ ᠨᠡᠢ᠌ᠲᠡᠯᠡᠬᠦ ᠴᠠᠭ

      ᠵᠠᠷᠯᠠᠨ ᠨᠡᠢ᠌ᠲᠡᠯᠡᠬᠦ ᠴᠠᠭ᠎ᠨᠢ 5 ᠠᠵᠢᠯᠯᠠᠬᠤ ᠡᠳᠦᠷ (2023 ᠣᠨ᠎ᠤ 12 ᠰᠠᠷ᠎ᠠ ᠵᠢᠨ 21᠎ᠤ ᠡᠳᠦᠷ᠎ᠠᠴᠠ 12 ᠰᠠᠷ᠎ᠠ ᠵᠢᠨ 27᠎ᠤ ᠡᠳᠦᠷ ᠪᠣᠯᠲᠠᠯ᠎ᠠ) ᠪᠣᠯᠣᠨ᠎ᠠ᠃

      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ

      ᠨᠢᠭᠡᠴᠢ ᠪᠣᠯᠣᠨ ᠬᠤᠪᠢ ᠬᠥᠮᠥᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠳ᠋ᠢᠶᠠᠩᠬᠤᠸᠠ ᠶᠠᠪᠤᠭᠤᠯᠬᠤ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ᠎ᠪᠠᠷ ᠨᠡᠢ᠌ᠲᠡᠯᠡᠭᠰᠡᠨ ᠨᠢᠭᠡᠴᠢ ᠵᠢᠨ ᠬᠣᠯᠪᠣᠭᠳᠠᠯ ᠪᠦᠬᠦᠢ ᠪᠠᠶ᠋ᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠢ ᠪᠠᠢ᠌ᠴᠠᠭ᠋ᠠᠨ ᠬᠠᠷᠭᠤᠭᠤᠯᠬᠤ᠎ᠳᠤ ᠲᠥᠬᠥᠮ ᠦᠵᠡᠭᠦᠯᠬᠦ ᠵᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠢ᠌ᠭ᠎ᠠ ᠨᠢᠭᠡᠴᠢ ᠵᠡᠷᠭᠡ ᠮᠡᠳᠡᠭᠡ ᠵᠠᠩᠭᠢ ᠵᠢ ᠬᠠᠩᠭ᠋ᠠᠭ᠋ᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠬᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠢ᠎ᠳᠤᠨᠢ ᠬᠠᠷᠢᠭᠤ ᠲᠤᠰᠬᠠᠨ᠎ᠠ᠃

      ᠵᠠᠷᠯᠠᠨ ᠨᠡᠢ᠌ᠲᠡᠯᠡᠬᠦ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠠᠰᠠᠷ᠎ᠤᠨ 1104 ᠲᠠᠰᠤᠭ᠎ᠲᠤ ᠲᠣᠬᠢᠷᠠᠭᠤᠯᠪᠠ᠃

      ᠬᠦᠯᠢᠶᠡᠨ ᠠᠪᠬᠤ ᠴᠠᠭ᠄ ᠠᠵᠢᠯ᠎ᠤᠨ ᠡᠳᠦᠷ᠎ᠤᠨ ᠦᠳᠡ ᠵᠢᠨ ᠡᠮᠦᠨᠡᠬᠢ 9᠄ 00 — 12᠄ 00

      ᠦᠳᠡ ᠵᠢᠨ ᠬᠣᠢ᠌ᠨᠠᠬᠢ 13᠄ 30 — 17᠄ 00

      ᠬᠦᠯᠢᠶᠡᠨ ᠠᠪᠬᠤ ᠤᠲᠠᠰᠤ᠄

      ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠄ 0471-4632256

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠄ 0471 — 4632081

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠠᠵᠢᠯᠲᠠᠨ᠎ᠢ ᠰᠣᠩᠭᠣᠨ ᠰᠢᠯᠭ᠋ᠠᠷᠠᠭᠤᠯᠬᠤ ᠬᠥᠬᠢᠭᠦᠯᠦᠨ ᠰᠠᠢ᠌ᠰᠢᠶᠠᠬᠤ ᠠᠵᠢᠯ᠎ᠤᠨ ᠤᠳᠤᠷᠢᠳᠬᠤ ᠳᠤᠭᠤᠢ᠌ᠯᠠᠩ

              2023 ᠣᠨ᠎ᠤ 12 ᠰᠠᠷ᠎ᠠ ᠵᠢᠨ 20


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠪᠡᠯᠡ ᠮᠥᠩᠭᠥ ᠵᠢᠨ ᠲᠥᠷᠥᠯ ᠵᠦᠢ᠍ᠯ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠢ ᠬᠥᠮᠥᠷᠭᠡ᠎ᠳᠤ ᠣᠷᠣᠭᠤᠯᠬᠤ᠎ᠪᠠᠷ ᠪᠠᠢ᠌ᠭ᠎ᠠ ᠪᠠᠶ᠋ᠢᠳᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠥᠷ ᠮᠣᠩᠭᠣᠯ᠎ᠤᠨ ᠡᠳ᠋᠎ᠤᠨ ᠵᠠᠰᠠᠭ᠎ᠤᠨ ᠲᠢᠩᠬᠢᠮ᠎ᠤᠨ ᠢᠯᠡ ᠵᠠᠷᠯᠠᠯ
《12369》 ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠭ᠋ᠠᠯᠳᠤᠯᠭ᠎ᠠ ᠵᠢᠨ ᠤᠲᠠᠰᠤ ᠵᠢ ᠵᠣᠭᠰᠤᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠵᠠᠷ
2024 ᠣᠨ᠎ᠤ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠰᠢᠷᠢᠰ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ
ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠡᠷᠬᠡ ᠵᠢᠨ ᠵᠠᠭᠤᠴᠢ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠬᠠᠭᠤᠳᠠᠰᠤ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠡᠢ᠌ᠲᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ 2023 ᠣᠨ᠎ᠤ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠪᠠᠶ᠋ᠢᠳᠠᠯ᠎ᠢ ᠢᠯᠡ ᠨᠡᠢ᠌ᠲᠡᠯᠡᠬᠦ ᠲᠤᠬᠠᠢ
 
             蒙ICP备05000248号