ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
ᠪᠤᠭᠤᠲᠤ ᠵᠢᠨ ᠰᠢᠭᠤᠢ᠌ᠲᠤ ᠲᠣᠭᠣᠷᠢᠭ᠎ᠤᠨ ᠳ᠋ᠦᠩ ᠯᠢᠶᠠᠩ᠎ᠤᠨ 220kV ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠨᠡᠶ᠋ᠢᠲᠡᠯᠡᠭᠰᠡᠨ ᠴᠠᠭ᠄ 2024-10-16

ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠪᠤᠭᠤᠲᠤ ᠵᠢᠨ ᠴᠠᠬᠢᠯᠭ᠋ᠠᠨ ᠬᠠᠩᠭ᠋ᠠᠬᠤ ᠬᠤᠪᠢᠶᠠᠷᠢ ᠺᠣᠮᠫᠠᠨᠢ᠎ᠳᠤ᠄
      ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠪᠤᠭᠤᠲᠤ ᠵᠢᠨ ᠰᠢᠭᠤᠢ᠌ᠲᠤ ᠲᠣᠭᠣᠷᠢᠭ᠎ᠤᠨ ᠳ᠋ᠦᠩ ᠯᠢᠶᠠᠩ᠎ᠤᠨ 220kV ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
      ᠨᠢᠭᠡ᠂ ᠲᠥᠷᠥᠯ ᠵᠦᠢ᠍ᠯ᠎ᠢ ᠬᠤᠪᠢᠷᠠᠭᠤᠯᠬᠤ ᠦᠨᠳᠦᠰᠦᠨ ᠪᠠᠶ᠋ᠢᠳᠠᠯ
      ᠤᠤᠯ ᠲᠥᠷᠥᠯ ᠵᠦᠢ᠍ᠯ᠎ᠨᠢ ᠪᠤᠭᠤᠲᠤ ᠵᠢᠨ ᠰᠢᠭᠤᠢ᠌ᠲᠤ ᠲᠣᠭᠣᠷᠢᠭ᠎ᠤᠨ ᠳ᠋ᠦᠩ ᠯᠢᠶᠠᠩ᠎ᠤᠨ 220 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠪᠠᠢ᠌ᠵᠤ᠂ 2017 ᠣᠨ᠎ᠤ 5 ᠰᠠᠷ᠎ᠠ ᠵᠢᠨ 15᠎ᠤ ᠡᠳᠦᠷ ᠤᠤᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠣᠷᠴᠢᠨ ᠲᠣᠭᠣᠷᠢᠨ᠎ᠤ ᠨᠥᠯᠥᠭᠡ ᠵᠢᠨ ᠦᠨᠡᠯᠡᠯᠲᠡ ᠵᠢᠨ ᠴᠣᠬᠣᠯᠠᠪᠤᠷᠢ (ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠦᠰᠦᠨᠦᠭᠲᠦ [2017] 36 ᠲᠣᠭ᠋ᠠᠲᠤ) ᠵᠢ ᠣᠯᠪᠠ᠃ ᠤᠤᠯ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ᠎ᠨᠢ᠄
      (ᠨᠢᠭᠡ) ᠬᠦᠴᠦᠳᠡᠯ ᠥᠭᠡᠷᠡᠴᠢᠯᠡᠬᠦ ᠢᠨᠵᠧᠨᠧᠷᠢᠩ᠃ ᠳ᠋ᠦᠩ ᠯᠢᠶᠠᠩ᠎ᠤᠨ 220kV ᠬᠦᠴᠦᠳᠡᠯ ᠥᠭᠡᠷᠡᠴᠢᠯᠡᠬᠦ ᠥᠷᠲᠡᠭᠡ ᠵᠢ 2×240MVA ᠬᠦᠴᠦᠳᠡᠯ ᠥᠭᠡᠷᠡᠴᠢᠯᠡᠭᠴᠢ ᠪᠣᠯᠭ᠋ᠠᠨ ᠪᠦᠲᠦᠭᠡᠨ ᠪᠠᠢ᠌ᠭᠤᠯᠤᠨ᠎ᠠ᠂ 220kV ᠵᠢᠨ ᠴᠠᠬᠢᠯᠭ᠋ᠠᠨ ᠭᠠᠷᠭ᠋ᠠᠬᠤ ᠵᠠᠢ᠎ᠨᠢ 4᠂ 110kV ᠵᠢᠨ ᠴᠠᠬᠢᠯᠭ᠋ᠠᠨ ᠭᠠᠷᠭ᠋ᠠᠬᠤ ᠵᠠᠢ᠎ᠨᠢ 8 ᠪᠣᠯᠣᠨ᠎ᠠ᠃
      (ᠬᠣᠶᠠᠷ) ᠵᠠᠮ ᠱᠤᠭᠤᠮ᠎ᠤᠨ ᠪᠠᠷᠢᠯᠭ᠎ᠠ᠃ (1) ᠰᠢᠨ᠎ᠡ᠎ᠪᠠᠷ ᠪᠠᠢ᠌ᠭᠤᠯᠤᠭᠰᠠᠨ ᠪᠤᠭᠤᠲᠤ ᠵᠢᠨ ᠬᠣᠢ᠌ᠲᠤ ᠬᠡᠰᠡᠭ᠎ᠠᠴᠠ ᠶᠠ ᠰᠢᠨ ᠯᠦᠩ ᠱᠦᠨ ᠬᠦᠷᠬᠦ ᠬᠣᠣᠰ ᠴᠠᠬᠢᠯᠭ᠋ᠠᠨ ᠳᠠᠮᠵᠢᠭᠤᠯᠬᠤ 220kV ᠱᠤᠭᠤᠮ᠎ᠢ ᠳ᠋ᠦᠩ ᠯᠢᠶᠠᠩ᠎ᠤᠨ 220kV ᠱᠤᠭᠤᠮ᠎ᠳᠤ ᠵᠠᠯᠭ᠋ᠠᠵᠤ ᠣᠷᠣᠭᠤᠯᠤᠨ᠎ᠠ᠂ ᠱᠤᠭᠤᠮ᠎ᠤᠨ ᠣᠷᠳᠣ᠎ᠨᠢ 3.1km᠂ ᠡᠭᠦᠨ᠎ᠳᠤ ᠪᠤᠭᠤᠲᠤ ᠵᠢᠨ ᠬᠣᠢ᠌ᠲᠤ ᠬᠡᠰᠡᠭ᠎ᠲᠤ ᠬᠦᠷᠬᠦ ᠱᠤᠭᠤᠮ᠎ᠤᠨ ᠣᠷᠳᠣ᠎ᠨᠢ 2.3km᠂ ᠶᠠ ᠰᠢᠨ ᠯᠦᠩ ᠱᠦᠨ ᠬᠦᠷᠬᠦ ᠴᠢᠭᠯᠡᠯ᠎ᠤᠨ ᠱᠤᠭᠤᠮ᠎ᠤᠨ ᠣᠷᠳᠣ᠎ᠨᠢ 0.8km ᠪᠣᠯᠣᠨ᠎ᠠ᠃ (2) ᠪᠤᠭᠤᠲᠤ ᠵᠢᠨ ᠬᠣᠢ᠌ᠲᠤ ᠲᠠᠯ᠎ᠠ — ᠹᠦ᠋ ᠶᠦᠩ᠂ ᠪᠤᠭᠤᠲᠤ ᠵᠢᠨ ᠬᠣᠢ᠌ᠲᠤ ᠲᠠᠯ᠎ᠠ — ᠪᠤᠭᠤᠲᠤ ᠵᠢᠨ ᠬᠣᠶᠠᠳᠤᠭ᠋ᠠᠷ ᠴᠠᠬᠢᠯᠭ᠋ᠠᠨ ᠦᠢ᠍ᠯᠡᠳᠪᠦᠷᠢ ᠵᠢᠨ I᠂ II  ᠵᠢᠨ ᠴᠠᠬᠢᠯᠭ᠋ᠠᠨ ᠬᠡᠯᠬᠢᠶ᠎ᠡ᠂ ᠪᠤᠭᠤᠲᠤ ᠵᠢᠨ ᠬᠣᠢ᠌ᠲᠤ ᠲᠠᠯ᠎ᠠ — ᠰᠠᠭ᠋ᠠᠯᠢᠴᠢᠨ I᠂ II᠂ III ᠴᠠᠬᠢᠯᠭ᠋ᠠᠨ ᠬᠡᠯᠬᠢᠶ᠎ᠡ ᠵᠢᠨ 220kV ᠱᠤᠭᠤᠮ᠎ᠢ ᠥᠭᠡᠷᠡᠴᠢᠯᠡᠵᠦ᠂ ᠥᠭᠡᠷᠡᠴᠢᠯᠡᠬᠦ ᠱᠤᠭᠤᠮ᠎ᠤᠨ ᠣᠷᠳᠣ᠎ᠨᠢ ᠪᠠᠷᠤᠭ 1.9 km ᠪᠠᠢ᠌ᠵᠤ᠂ ᠡᠭᠦᠨ᠎ᠳᠤ ᠲᠠᠲᠠᠬᠤ ᠬᠣᠣᠰ ᠴᠠᠬᠢᠯᠭ᠋ᠠᠨ ᠬᠡᠯᠬᠢᠶ᠎ᠡ᠎ᠨᠢ ᠪᠠᠷᠤᠭ 0.3 km᠂ ᠲᠠᠩ ᠴᠠᠬᠢᠯᠭ᠋ᠠᠨ ᠬᠡᠯᠬᠢᠶ᠎ᠡ᠎ᠨᠢ ᠪᠠᠷᠤᠭ 0.7 km᠂ ᠪᠤᠭᠤᠲᠤ ᠵᠢᠨ ᠬᠣᠢ᠌ᠲᠤ ᠲᠠᠯ᠎ᠠ ᠵᠢᠨ ᠬᠣᠭᠤᠷᠤᠨᠳᠤᠬᠢ ᠵᠠᠢ ᠵᠢ 0.9 km ᠲᠣᠬᠢᠷᠠᠭᠤᠯᠤᠨ᠎ᠠ᠃ (3) ᠰᠢᠨ᠎ᠡ᠎ᠪᠠᠷ ᠪᠠᠢ᠌ᠭᠤᠯᠤᠭᠰᠠᠨ ᠳ᠋ᠦᠩ ᠯᠢᠶᠠᠩ᠎ᠤᠨ 220kV ᠬᠦᠴᠦᠳᠡᠯ ᠥᠭᠡᠷᠡᠴᠢᠯᠡᠬᠦ ᠥᠷᠲᠡᠭᠡ᠎ᠠᠴᠠ ᠰᠢᠭᠤᠢ᠌ᠲᠤ ᠵᠢᠴᠢ ᠱ᠌ᠢ ᠶᠤᠸᠠᠨ ᠬᠦᠷᠬᠦ 110kV ᠴᠠᠬᠢᠯᠭ᠋ᠠᠨ ᠱᠤᠭᠤᠮ᠎ᠤᠨ ᠣᠷᠳᠣ᠎ᠨᠢ ᠪᠠᠷᠤᠭ 16.6km ᠪᠠᠢ᠌ᠵᠤ᠂ ᠡᠭᠦᠨ᠎ᠤ ᠳᠣᠲᠣᠷ᠎ᠠ ᠳ᠋ᠦᠩ ᠯᠢᠶᠠᠩ᠎ᠠᠴᠠ ᠭᠠᠷᠬᠤ ᠱᠤᠭᠤᠮ᠎ᠢ ᠬᠣᠣᠰ ᠴᠠᠬᠢᠯᠭ᠋ᠠᠨ ᠬᠡᠯᠬᠢᠶ᠎ᠡ ᠵᠢᠨ ᠠᠷᠭ᠎ᠠ ᠮᠠᠶᠢᠭ ᠵᠶ᠋ᠠᠷ 0.3km ᠳᠡᠪᠢᠰᠴᠦ᠂ ᠠᠳᠠᠯᠢ ᠰᠤᠪᠤᠷᠭ᠎ᠠ ᠵᠢᠨ ᠳᠥᠷᠪᠡᠨ ᠴᠠᠬᠢᠯᠭ᠋ᠠᠨ ᠬᠡᠯᠬᠢᠶ᠎ᠡ ᠵᠢᠨ ᠱᠤᠭᠤᠮ᠎ᠢ 2.5km ᠲᠠᠲᠠᠵᠤ᠂ ᠠᠳᠠᠯᠢ ᠰᠤᠪᠤᠷᠭ᠎ᠠ ᠵᠢᠨ ᠬᠣᠣᠰ ᠴᠠᠬᠢᠯᠭ᠋ᠠᠨ ᠬᠡᠯᠬᠢᠶ᠎ᠡ ᠵᠢᠨ ᠱᠤᠭᠤᠮ᠎ᠢ 9.5km ᠲᠠᠲᠠᠵᠤ᠂ ᠲᠠᠩ ᠴᠠᠬᠢᠯᠭ᠋ᠠᠨ ᠱᠤᠭᠤᠮ᠎ᠢ 4.3km ᠲᠠᠲᠠᠵᠤ᠂ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ ᠳ᠋ᠦᠩ ᠯᠢᠶᠠᠩ — ᠰᠢᠭᠤᠢ᠌ᠲᠤ ᠬᠦᠷᠬᠦ 110kV ᠴᠠᠬᠢᠯᠭ᠋ᠠᠨ ᠱᠤᠭᠤᠮ᠎ᠢ 15.5km᠂ ᠳ᠋ᠦᠩ ᠯᠢᠶᠠᠩ — ᠱ᠌ᠢ ᠶᠤᠸᠠᠨ ᠬᠦᠷᠬᠦ 110kV ᠴᠠᠬᠢᠯᠭ᠋ᠠᠨ ᠱᠤᠭᠤᠮ᠎ᠤᠨ ᠣᠷᠳᠣ᠎ᠨᠢ 13.4km ᠪᠣᠯᠣᠨ᠎ᠠ᠃
      ᠲᠣᠰ ᠤᠳᠠᠭ᠋ᠠᠨ᠎ᠤ ᠢᠨᠵᠧᠨᠧᠷᠢᠩ᠎ᠢ ᠥᠭᠡᠷᠡᠴᠢᠯᠡᠬᠦ ᠠᠭᠤᠯᠭ᠎ᠠ᠄ (1) ᠪᠤᠭᠤᠲᠤ ᠵᠢᠨ ᠬᠣᠢ᠌ᠲᠤ ᠬᠡᠰᠡᠭ᠎ᠠᠴᠠ ᠶᠠ ᠰᠢᠨ ᠯᠦᠩ ᠱᠦᠨ ᠬᠦᠷᠬᠦ ᠬᠣᠣᠰ ᠴᠠᠬᠢᠯᠭ᠋ᠠᠨ ᠬᠡᠯᠬᠢᠶ᠎ᠡ ᠵᠢᠨ 220kV ᠱᠤᠭᠤᠮ᠎ᠢ ᠳ᠋ᠦᠩ ᠯᠢᠶᠠᠩ᠎ᠤᠨ 220kV ᠴᠠᠬᠢᠯᠭ᠋ᠠᠨ ᠬᠡᠯᠬᠢᠶ᠎ᠡ᠎ᠳᠤ ᠵᠠᠯᠭ᠋ᠠᠬᠤ ᠱᠤᠭᠤᠮ᠎ᠤᠨ ᠪᠥᠬᠥ ᠣᠷᠳᠣ᠎ᠨᠢ ᠪᠠᠷᠤᠭ 1.499 km (ᠪᠤᠭᠤᠲᠤ ᠵᠢᠨ ᠬᠣᠢ᠌ᠲᠤ ᠲᠠᠯ᠎ᠠ ᠵᠢᠨ 220kV ᠬᠣᠣᠰ ᠴᠠᠬᠢᠯᠭ᠋ᠠᠨ ᠬᠡᠯᠬᠢᠶ᠎ᠡ᠎ᠳᠤ ᠵᠯᠠᠭ᠋ᠠᠬᠤ ᠱᠤᠭᠤᠮ᠎ᠤᠨ ᠤᠷᠳᠤ᠎ᠨᠢ 0.811 km᠂ ᠶᠠ ᠰᠢᠨ ᠯᠦᠩ ᠱᠦᠨ᠎ᠤ ᠬᠠᠵᠠᠭᠤ ᠵᠢᠨ 220kV ᠬᠣᠣᠰ ᠴᠠᠬᠢᠯᠭ᠋ᠠᠨ ᠬᠡᠯᠬᠢᠶ᠎ᠡ᠎ᠳᠤ ᠵᠠᠯᠭ᠋ᠠᠬᠤ ᠱᠤᠭᠤᠮ᠎ᠨᠢ 0.688km)᠎ᠢ ᠨᠢᠭᠡᠨᠲᠡ ᠪᠠᠢ᠌ᠭᠤᠯᠵᠤ᠂ ᠬᠠᠭᠤᠴᠢᠨ ᠱᠤᠭᠤᠮ᠎ᠢ 0.632 km ᠨᠤᠷᠠᠭ᠋ᠠᠨ᠎ᠠ᠃ (2) ᠪᠤᠭᠤᠲᠤ ᠵᠢᠨ ᠬᠣᠢ᠌ᠲᠤ ᠬᠡᠰᠡᠭ — ᠹᠦ᠋ ᠶᠦᠩ᠂ ᠪᠤᠭᠤᠲᠤ ᠵᠢᠨ ᠬᠣᠢ᠌ᠲᠤ — ᠪᠤᠭᠤᠲᠤ ᠵᠢᠨ ᠬᠣᠶᠠᠳᠤᠭ᠋ᠠᠷ ᠴᠠᠬᠢᠯᠭ᠋ᠠᠨ ᠦᠢ᠍ᠯᠡᠳᠪᠦᠷᠢ ᠵᠢᠨ I᠂ II ᠴᠠᠬᠢᠯᠭ᠋ᠠᠨ ᠬᠡᠯᠬᠢᠶ᠎ᠡ ᠵᠢᠨ ᠱᠤᠭᠤᠮ᠂ ᠪᠤᠭᠤᠲᠤ ᠵᠢᠨ ᠬᠣᠢ᠌ᠲᠤ ᠬᠡᠰᠡᠭ — ᠰᠠᠭ᠋ᠠᠯᠠᠴᠢᠨ ᠬᠦᠷᠬᠦ I᠂ II᠂ III ᠴᠠᠬᠢᠯᠭ᠋ᠠᠨ ᠬᠡᠯᠬᠢᠶ᠎ᠡ ᠵᠢᠨ ᠱᠤᠭᠤᠮ 220kV ᠱᠤᠭᠤᠮ᠎ᠢ ᠥᠭᠡᠷᠡᠴᠢᠯᠡᠵᠦ᠂ ᠨᠢᠭᠡᠨᠲᠡ ᠪᠠᠢ᠌ᠭᠤᠯᠤᠭᠰᠠᠨ ᠱᠤᠭᠤᠮ᠎ᠤᠨ ᠪᠥᠬᠥ ᠣᠷᠳᠣ᠎ᠨᠢ 1.301 km ᠪᠠᠢ᠌ᠵᠤ᠂ 2.269 km ᠱᠤᠭᠤᠮ᠎ᠢ ᠨᠤᠷᠠᠭ᠋ᠠᠵᠤ᠂ ᠨᠠᠢ᠌ᠳᠠ ᠬᠣᠣᠰ ᠴᠠᠬᠢᠯᠭ᠋ᠠᠨ ᠬᠡᠯᠬᠢᠶ᠎ᠡ ᠵᠢᠨ ᠳᠠᠭ᠋ᠠᠭ᠋ᠠᠴᠠ᠎ᠲᠠᠢ ᠰᠤᠪᠤᠷᠭ᠎ᠠ 1 ᠰᠠᠭᠤᠷᠢ᠂ ᠲᠠᠩ ᠴᠠᠬᠢᠯᠭ᠋ᠠᠨ ᠬᠡᠯᠬᠢᠶ᠎ᠡ ᠵᠢᠨ ᠳᠠᠭ᠋ᠠᠭ᠋ᠠᠴᠠ᠎ᠲᠠᠢ ᠰᠤᠪᠤᠷᠭ᠎ᠠ 1 ᠰᠠᠭᠤᠷᠢ ᠵᠢ ᠪᠠᠢ᠌ᠷᠢᠯᠠᠭᠤᠯᠤᠨ᠎ᠠ᠃ (3) ᠨᠢᠭᠡᠨᠲᠡ ᠳ᠋ᠦᠩ ᠯᠢᠶᠠᠩ — ᠰᠢᠭᠤᠢ᠌ᠲᠤ ᠬᠦᠷᠬᠦ ᠲᠠᠩ ᠴᠠᠬᠢᠯᠭ᠋ᠠᠨ ᠬᠡᠯᠬᠢᠶ᠎ᠡ ᠵᠢᠨ 110kV ᠱᠤᠭᠤᠮ᠎ᠢ ᠪᠠᠢ᠌ᠭᠤᠯᠵᠤ᠂ ᠱᠤᠭᠤᠮ᠎ᠤᠨ ᠤᠷᠳᠤ᠎ᠨᠢ 14.675km ᠪᠠᠢ᠌ᠵᠤ᠂ ᠡᠭᠦᠨ᠎ᠳᠤ ᠳᠥᠷᠪᠡᠨ ᠴᠠᠬᠢᠯᠭ᠋ᠠᠨ ᠬᠡᠯᠬᠢᠶ᠎ᠡ ᠵᠢᠨ ᠥᠨᠳᠥᠷ ᠵᠢᠶᠠᠰᠠ᠎ᠳᠤ ᠡᠯᠭᠦᠭᠰᠡᠨ᠎ᠨᠢ 2.55km ᠪᠠᠢ᠌ᠵᠤ᠂ ᠬᠣᠣᠰ ᠴᠠᠬᠢᠯᠭ᠋ᠠᠨ ᠬᠡᠯᠬᠢᠶ᠎ᠡ ᠵᠢᠨ ᠥᠨᠳᠥᠷ ᠵᠢᠶᠠᠰᠠ᠎ᠳᠤ ᠡᠯᠭᠦᠭᠰᠡᠨ᠎ᠨᠢ 6.477km ᠪᠠᠢ᠌ᠵᠤ᠂ ᠲᠠᠩ ᠴᠠᠬᠢᠯᠭ᠋ᠠᠨ ᠬᠡᠯᠬᠢᠶ᠎ᠡ ᠵᠢᠨ ᠥᠨᠳᠥᠷ ᠵᠢᠶᠠᠰᠠ᠎ᠳᠤ ᠡᠯᠭᠦᠭᠰᠡᠨ᠎ᠨᠢ 5.468km ᠪᠠᠢ᠌ᠵᠤ᠂ ᠬᠣᠣᠰ ᠴᠠᠬᠢᠯᠭ᠋ᠠᠨ ᠬᠡᠯᠬᠢᠶ᠎ᠡ ᠵᠢᠨ ᠴᠠᠬᠢᠯᠭ᠋ᠠᠨ ᠱᠤᠭᠤᠮ᠎ᠨᠢ 0.18km ᠪᠠᠢ᠌ᠳᠠᠭ᠃ ᠠᠭ᠋ᠠᠷ᠎ᠲᠤ ᠡᠯᠭᠦᠭᠰᠡᠨ ᠬᠣᠣᠰ ᠴᠠᠬᠢᠯᠭ᠋ᠠᠨ ᠬᠡᠯᠬᠢᠶ᠎ᠡ ᠵᠢᠴᠢ ᠳᠥᠷᠪᠡᠨ ᠴᠠᠬᠢᠯᠭ᠋ᠠᠨ ᠬᠡᠯᠬᠢᠶ᠎ᠡ ᠵᠢ ᠴᠥᠮ ᠳ᠋ᠦᠩ ᠯᠢᠶᠠᠩ — ᠱ᠌ᠢ ᠶᠤᠸᠠᠨ ᠬᠦᠷᠬᠦ ᠢᠵᠢᠯᠢ ᠰᠤᠪᠤᠷᠭ᠎ᠠ᠎ᠳᠤ ᠡᠯᠭᠦᠨ ᠲᠠᠲᠠᠵᠤ᠂ ᠴᠠᠬᠢᠯᠭ᠋ᠠᠨ ᠤᠲᠠᠰᠤ ᠵᠢᠨ ᠬᠡᠰᠡᠭ ᠱᠤᠭᠤᠮ᠎ᠢ ᠭᠠᠵᠠᠷ ᠳᠣᠣᠭᠤᠷ ᠭᠤᠤ ᠲᠡᠳᠡᠨ ᠳᠡᠪᠢᠰᠴᠦ᠂ ᠨᠠᠢ᠌ᠳᠠ ᠳᠥᠷᠪᠡᠨ ᠴᠠᠬᠢᠯᠭ᠋ᠠᠨ ᠬᠡᠯᠬᠢᠶ᠎ᠡ ᠵᠢᠨ ᠰᠤᠪᠤᠷᠭ᠎ᠠ ᠵᠢ 12 ᠰᠠᠭᠤᠷᠢ᠂ ᠬᠣᠣᠰ ᠴᠠᠬᠢᠯᠭ᠋ᠠᠨ ᠬᠡᠯᠬᠢᠶ᠎ᠡ ᠵᠢᠨ ᠰᠤᠪᠤᠷᠭ᠎ᠠ ᠵᠢ 24 ᠰᠠᠭᠤᠷᠢ᠂ ᠬᠣᠣᠰ ᠴᠠᠬᠢᠯᠭ᠋ᠠᠨ ᠬᠡᠯᠬᠢᠶ᠎ᠡ ᠵᠢᠨ ᠳᠠᠭ᠋ᠠᠭ᠋ᠠᠴᠠ ᠵᠢᠨ ᠪᠠᠭ᠋ᠠᠨ᠎ᠠ ᠵᠢ 2 ᠰᠠᠭᠤᠷᠢ᠂ ᠲᠠᠩ ᠴᠠᠬᠢᠯᠭ᠋ᠠᠨ ᠬᠡᠯᠬᠢᠶ᠎ᠡ ᠵᠢᠨ ᠰᠤᠪᠤᠷᠭ᠎ᠠ ᠵᠢ 11 ᠰᠠᠭᠤᠷᠢ ᠪᠠᠢ᠌ᠭᠤᠯᠤᠨ᠎ᠠ᠃ (4) ᠳ᠋ᠦᠩ ᠯᠢᠶᠠᠩ — ᠱ᠌ᠢ ᠶᠤᠸᠠᠨ ᠬᠦᠷᠬᠦ ᠲᠠᠩ ᠴᠠᠬᠢᠯᠭ᠋ᠠᠨ ᠬᠡᠯᠬᠢᠶ᠎ᠡ ᠵᠢᠨ 110kV ᠱᠤᠭᠤᠮ᠎ᠢ ᠨᠢᠭᠡᠨᠲᠡ ᠪᠠᠢ᠌ᠭᠤᠯᠵᠤ᠂ ᠱᠤᠭᠤᠮ᠎ᠤᠨ ᠤᠷᠳᠤ᠎ᠨᠢ 12.575km᠂ ᠡᠭᠦᠨ᠎ᠳᠤ ᠳᠥᠷᠪᠡᠨ ᠴᠠᠬᠢᠯᠭ᠋ᠠᠨ ᠬᠡᠯᠬᠢᠶ᠎ᠡ ᠵᠢᠨ ᠠᠭ᠋ᠠᠷ᠎ᠲᠤ ᠡᠯᠭᠦᠭᠰᠡᠨ᠎ᠨᠢ 2.57km᠂ ᠬᠣᠣᠰ ᠴᠠᠬᠢᠯᠭ᠋ᠠᠨ ᠬᠡᠯᠬᠢᠶ᠎ᠡ ᠵᠢᠨ ᠠᠭ᠋ᠠᠷ᠎ᠲᠤ ᠡᠯᠭᠦᠭᠰᠡᠨ᠎ᠨᠢ 6.477km᠂ ᠲᠠᠩ ᠴᠠᠬᠢᠯᠭ᠋ᠠᠨ ᠬᠡᠯᠬᠢᠶ᠎ᠡ ᠵᠢᠨ ᠠᠭ᠋ᠠᠷ᠎ᠲᠤ ᠡᠯᠭᠦᠭᠰᠡᠨ᠎ᠨᠢ 3.368km᠂ ᠬᠣᠣᠰ ᠴᠠᠬᠢᠯᠭ᠋ᠠᠨ ᠬᠡᠯᠬᠢᠶ᠎ᠡ ᠵᠢᠨ ᠠᠭ᠋ᠠᠷ᠎ᠲᠤ ᠡᠯᠭᠦᠭᠰᠡᠨ᠎ᠨᠢ 0.18km᠂ ᠠᠭ᠋ᠠᠷ᠎ᠲᠤ ᠡᠯᠭᠦᠭᠰᠡᠨ ᠬᠡᠰᠡᠭ ᠬᠣᠣᠰ ᠴᠠᠬᠢᠯᠭ᠋ᠠᠨ ᠬᠡᠯᠬᠢᠶ᠎ᠡ ᠵᠢᠴᠢ ᠳᠥᠷᠪᠡᠨ ᠴᠠᠬᠢᠯᠭ᠋ᠠᠨ ᠬᠡᠯᠬᠢᠶ᠎ᠡ ᠵᠢ ᠪᠦᠷ ᠳ᠋ᠦᠩ ᠯᠢᠶᠠᠩ — ᠰᠢᠭᠤᠢ᠌ᠲᠤ ᠬᠦᠷᠬᠦ ᠵᠢ ᠠᠳᠠᠯᠢ ᠰᠤᠪᠤᠷᠭ᠎ᠠ᠎ᠪᠠᠷ ᠲᠠᠲᠠᠵᠤ᠂ ᠴᠠᠬᠢᠯᠭ᠋ᠠᠨ ᠤᠲᠠᠰᠤ ᠵᠢᠨ ᠬᠡᠰᠡᠭ ᠬᠣᠣᠰ ᠴᠠᠬᠢᠯᠭ᠋ᠠᠨ ᠬᠡᠯᠬᠢᠶ᠎ᠡ ᠵᠢ ᠭᠠᠵᠠᠷ ᠳᠣᠣᠭᠤᠷ ᠭᠤᠤ᠎ᠪᠠᠷ ᠳᠡᠪᠢᠰᠴᠦ᠂ ᠨᠠᠢ᠌ᠳᠠ ᠳᠥᠷᠪᠡᠨ ᠪᠤᠴᠠᠯᠲᠠ ᠵᠢᠨ ᠬᠡᠯᠬᠢᠶᠡᠨ᠎ᠤ ᠰᠤᠪᠤᠷᠭ᠎ᠠ ᠵᠢ 12 ᠰᠠᠭᠤᠷᠢ᠂ ᠬᠣᠣᠰ ᠴᠠᠬᠢᠯᠭ᠋ᠠᠨ ᠬᠡᠯᠬᠢᠶᠡᠨ᠎ᠤ ᠰᠤᠪᠤᠷᠭ᠎ᠠ ᠵᠢ 24 ᠰᠠᠭᠤᠷᠢ᠂ ᠬᠣᠣᠰ ᠴᠠᠬᠢᠯᠭ᠋ᠠᠨ ᠬᠡᠯᠬᠢᠶᠡᠨ᠎ᠤ ᠳᠠᠭ᠋ᠠᠭ᠋ᠠᠴᠠ ᠵᠢᠨ ᠪᠠᠭ᠋ᠠᠨ᠎ᠠ ᠵᠢ 2 ᠰᠠᠭᠤᠷᠢ᠂ ᠲᠠᠩ ᠴᠠᠬᠢᠯᠭ᠋ᠠᠨ ᠬᠡᠯᠬᠢᠶᠡᠨ᠎ᠤ ᠰᠤᠪᠤᠷᠭ᠎ᠠ ᠵᠢ 16 ᠰᠠᠭᠤᠷᠢ ᠲᠠᠯᠪᠢᠨ᠎ᠠ᠃ ᠪᠤᠰᠤᠳ ᠪᠠᠷᠢᠯᠭ᠎ᠠ ᠵᠢᠨ ᠠᠭᠤᠯᠭ᠎ᠠ ᠵᠢ ᠬᠤᠪᠢᠷᠠᠭᠤᠯᠬᠤ ᠦᠭᠡᠢ᠃
      ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ ᠵᠢᠨ ᠰᠢᠭᠤᠢ᠌ᠲᠤ ᠲᠣᠭᠣᠷᠢᠭ᠎ᠤᠨ ᠬᠢᠯᠢ᠎ᠳᠤ ᠪᠠᠢ᠌ᠷᠢᠯᠠᠨ᠎ᠠ᠃
      ᠬᠣᠶᠠᠷ᠂ ᠶᠡᠷᠦᠩᠬᠡᠢ ᠰᠠᠨᠠᠯ
      ᠲᠣᠰ ᠲᠥᠷᠥᠯ ᠵᠦᠢ᠍ᠯ᠎ᠢ ᠨᠢᠭᠡᠨᠲᠡ 2020 ᠣᠨ᠎ᠤ 5 ᠰᠠᠷ᠎ᠠ᠎ᠳᠤ ᠪᠠᠢ᠌ᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ᠎ᠳᠤ ᠣᠷᠣᠭᠤᠯᠤᠨ ᠠᠵᠢᠯᠯᠠᠭᠤᠯᠪᠠ᠂ ᠲᠣᠰ ᠲᠥᠷᠥᠯ ᠵᠦᠢ᠍ᠯ᠎ᠤᠨ 《ᠵᠥᠪᠰᠢᠶᠡᠷᠡᠨ ᠪᠠᠢ᠌ᠭᠤᠯᠤᠭᠰᠠᠨ᠎ᠲᠠᠢ ᠨᠡᠶ᠋ᠢᠴᠡᠬᠦ ᠦᠭᠡᠢ》 ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠲᠤᠬᠠᠢ᠂ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠷᠯᠢᠭᠳᠠᠨ ᠵᠠᠯᠠᠷᠠᠭᠤᠯᠬᠤ ᠲᠣᠭᠲᠠᠭ᠋ᠠᠯ᠎ᠤᠨ ᠪᠢᠴᠢᠭ (ᠪᠤᠭᠤᠲᠤ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠥᠭᠡᠷᠡᠴᠢᠯᠡᠯᠲᠡ ᠵᠢᠨ ᠦᠰᠦᠭ [2024] 4 ᠲᠣᠭ᠋ᠠᠲᠤ) ᠭᠠᠷᠭ᠋ᠠᠪᠠ᠃ ᠤᠤᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠤ 《ᠪᠦᠲᠦᠭᠡᠨ ᠪᠠᠢ᠌ᠭᠤᠯᠤᠯᠲᠠ ᠵᠢᠨ ᠳᠦᠷᠦᠯ ᠵᠦᠢ᠍ᠯ᠎ᠢ 〈ᠵᠥᠪᠰᠢᠶᠡᠷᠡᠭᠦᠯᠦᠭᠡᠳᠦᠢ᠎ᠪᠠᠷ ᠤᠷᠢᠳᠠᠪᠠᠷ ᠪᠠᠢ᠌ᠭᠤᠯᠤᠭᠰᠠᠨ〉 ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠨ ᠲᠤᠬᠠᠢ ᠰᠠᠨᠠᠯ》᠎ᠢ ᠦᠨᠳᠦᠰᠦᠯᠡᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠲᠥᠷᠥ ᠵᠢᠨ ᠪᠣᠳᠣᠯᠭ᠎ᠠ ᠵᠢᠨ ᠲᠠᠯ᠎ᠠ᠎ᠠᠴᠠ ᠵᠠᠳᠠᠯᠪᠠᠯ᠂ ᠲᠣᠰ ᠳᠦᠷᠦᠯ ᠵᠦᠢ᠍ᠯ᠎ᠨᠢ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ᠎ᠳᠤ ᠨᠡᠢ᠌ᠴᠡᠵᠦ ᠪᠠᠢ᠌ᠨ᠎ᠠ᠂ ᠮᠠᠨ᠎ᠤ ᠲᠢᠩᠬᠢᠮ ᠲᠣᠰ ᠳᠦᠷᠦᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠴᠣᠬᠣᠯᠠᠪᠤᠷᠢ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
      ᠭᠤᠷᠪᠠ᠂ ᠲᠥᠷᠥᠯ ᠵᠦᠢ᠍ᠯ᠎ᠤᠨ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
      (ᠨᠢᠭᠡ) ᠲᠥᠷᠥᠯ ᠵᠦᠢ᠍ᠯ᠎ᠤᠨ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠷᠬᠢᠨ ᠲᠣᠭᠣᠷᠢᠨ᠎ᠤ ᠣᠷᠣᠨ ᠪᠦᠰᠡ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠢ ᠰᠠᠢ᠌ᠲᠤᠷ ᠬᠢᠬᠦ ᠬᠡᠷᠡᠭᠳᠡᠢ᠃
      (ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯᠯᠠᠭ᠋ᠠᠨ᠎ᠤ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯᠯᠠᠭ᠋ᠠᠨ᠎ᠤ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠭᠤᠷᠪᠠ) ᠲᠥᠷᠥᠯ ᠵᠦᠢ᠍ᠯ᠎ᠤᠨ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      ᠳᠥᠷᠪᠡ᠂ ᠪᠦᠲᠦᠭᠡᠨ ᠪᠠᠢ᠌ᠭᠤᠯᠤᠯᠲᠠ ᠵᠢᠨ ᠨᠢᠭᠡᠴᠢ᠎ᠨᠢ ᠲᠣᠭᠲᠠᠭᠰᠠᠨ ᠲᠠᠰ ᠳᠠᠷᠠᠭ᠋ᠠᠯᠠᠯ᠎ᠤᠨ ᠶᠣᠰᠣᠭ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠠᠪᠬᠤ ᠵᠢ ᠪᠡᠶᠡᠯᠡᠭᠦᠯᠬᠦ ᠬᠡᠷᠡᠭᠲᠡᠶ᠃
          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                2024 ᠣᠨ᠎ᠤ 8 ᠰᠠᠷ᠎ᠠ ᠵᠢᠨ 20᠎ᠤ ᠡᠳᠦᠷ  

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠢᠨᠵᠧᠨᠧᠷᠢᠩ᠎ᠤᠨ ᠳᠦᠷᠦᠯ᠎ᠤᠨ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠳ᠎ᠢ ᠢᠯᠡ ᠨᠡᠢ᠌ᠲᠡᠯᠡᠬᠦ ᠲᠤᠬᠠᠢ ᠮᠡᠳᠡᠭᠳᠡᠯ
2024 ᠣᠨ᠎ᠤ ᠢᠨᠵᠧᠨᠧᠷᠢᠩ᠎ᠤᠨ ᠳᠦᠷᠦᠯ᠎ᠤᠨ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠬᠥᠮᠥᠰ᠎ᠢ ᠢᠯᠡ ᠨᠡᠢ᠌ᠲᠡᠯᠡᠬᠦ ᠲᠤᠬᠠᠢ ᠮᠡᠳᠡᠭᠳᠡᠯ
2024 ᠣᠨ᠎ᠤ ᠪᠥᠬᠥ ᠣᠷᠣᠨ᠎ᠤ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠮᠡᠳᠡᠭᠦᠯᠦᠭᠰᠡᠨ ᠬᠥᠮᠥᠰ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷ
2024 ᠣᠨ᠎ᠤ ᠪᠥᠬᠥ ᠣᠷᠣᠨ᠎ᠤ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠮᠡᠳᠡᠭᠦᠯᠦᠭᠰᠡᠨ ᠠᠵᠢᠯᠲᠠᠨ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》 (ᠰᠠᠨᠠᠯ ᠬᠤᠷᠢᠶᠠᠬᠤ ᠨᠣᠣᠷᠠᠭ)᠎ᠤᠨ ᠰᠠᠨᠠᠯ᠎ᠢ ᠢᠯᠡ᠎ᠪᠠᠷ ᠬᠤᠷᠢᠶᠠᠬᠤ ᠲᠤᠬᠠᠢ ᠮᠡᠳᠡᠭᠳᠡᠯ
 
             蒙ICP备05000248号