ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
2024 ᠣᠨ᠎ᠤ ᠪᠥᠬᠥ ᠣᠷᠣᠨ᠎ᠤ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠮᠡᠳᠡᠭᠦᠯᠦᠭᠰᠡᠨ ᠬᠥᠮᠥᠰ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2024-11-20

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ 《2024 ᠣᠨ᠎ᠤ ᠪᠥᠬᠥ ᠣᠷᠣᠨ᠎ᠤ ᠵᠢᠩᠬᠢᠨᠢ ᠳᠡᠭᠡᠳᠦ ᠵᠡᠷᠭᠡ ᠵᠢᠨ ᠪᠠ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠮᠡᠳᠡᠭᠦᠯᠬᠦ ᠠᠵᠢᠯ᠎ᠤᠨ ᠲᠤᠬᠠᠢ ᠮᠡᠳᠡᠭᠳᠡᠯ》 (ᠥᠪᠥᠷ ᠮᠣᠩᠭᠣᠯ᠎ᠤᠨ ᠡᠳ᠋᠎ᠤᠨ ᠵᠠᠰᠠᠭ᠎ᠤᠨ ᠨᠢᠭᠲᠠᠯᠠᠨ ᠪᠤᠳᠤᠬᠤ ᠵᠠᠬᠢᠳᠠᠯ [2024] 701 ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ 2024 ᠣᠨ᠎ᠤ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠨ ᠮᠡᠳᠡᠭᠦᠯᠦᠭᠰᠡᠨ ᠠᠵᠢᠯᠲᠠᠨ᠎ᠢ ᠢᠯᠡ ᠨᠡᠢ᠌ᠲᠡᠯᠡᠪᠡ᠃
      ᠨᠢᠭᠡ᠂ ᠢᠯᠡ ᠨᠡᠢ᠌ᠲᠡᠯᠡᠬᠦ ᠨᠡᠷᠡᠰ
      ᠸᠠᠩ ᠵᠢᠶᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠦᠷᠦᠯ ᠵᠦᠢ᠍ᠯ᠎ᠤᠨ ᠬᠠᠮᠢᠶᠠᠷᠤᠯᠲᠠ ᠵᠢᠨ ᠲᠥᠪ᠎ᠤᠨ ᠡᠷᠬᠢᠯᠡᠭᠴᠢ᠂ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ ᠣᠯᠬᠤ᠎ᠪᠠᠷ ᠭᠤᠶᠤᠴᠢᠯᠠᠨ ᠮᠡᠳᠡᠭᠦᠯᠪᠡ᠃
      ᠬᠣᠶᠠᠷ᠂ ᠢᠯᠡ ᠨᠡᠢ᠌ᠲᠡᠯᠡᠬᠦ ᠴᠠᠭ
      ᠢᠯᠡ ᠨᠡᠢ᠌ᠲᠡᠯᠡᠬᠦ ᠬᠤᠭᠤᠴᠠᠭ᠎ᠠ᠎ᠨᠢ 2024 ᠣᠨ᠎ᠤ 11 ᠰᠠᠷ᠎ᠠ ᠵᠢᠨ 6᠎ᠤ ᠡᠳᠦᠷ᠎ᠠᠴᠠ 2024 ᠣᠨ᠎ᠤ 11 ᠰᠠᠷ᠎ᠠ ᠵᠢᠨ 12᠎ᠤᠨ ᠡᠳᠦᠷ ᠪᠣᠯᠲᠠᠯ᠎ᠠ᠂ ᠨᠠᠢ᠌ᠳᠠ 5 ᠠᠵᠢᠯ᠎ᠤᠨ ᠡᠳᠦᠷ (ᠪᠠᠶᠠᠷ ᠳᠤᠷᠠᠰᠬᠠᠯ᠎ᠤᠨ ᠡᠳᠦᠷ ᠪᠠ ᠠᠮᠠᠷᠠᠯᠲᠠ ᠵᠢᠨ ᠡᠳᠦᠷ ᠪᠠᠭᠲᠠᠬᠤ ᠦᠭᠡᠢ) ᠪᠣᠯᠣᠨ᠎ᠠ᠃
      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
      ᠢᠯᠡ ᠨᠡᠢ᠌ᠲᠡᠯᠡᠬᠦ ᠬᠤᠭᠤᠴᠠᠭ᠋ᠠᠨ᠎ᠳᠤ᠂ ᠭᠤᠶᠤᠴᠢᠯᠠᠨ ᠮᠡᠳᠡᠭᠦᠯᠦᠭᠴᠢ᠎ᠳᠤ ᠰᠡᠵᠢᠭ᠎ᠲᠠᠢ ᠨᠢᠭᠡᠴᠢ ᠪᠠ ᠬᠤᠪᠢ ᠬᠥᠮᠥᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠳᠡᠭᠡᠷ᠎ᠡ ᠳᠤᠷᠠᠳᠤᠭᠰᠠᠨ ᠢᠯᠡ ᠨᠡᠢ᠌ᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠪᠢᠳᠡ ᠠᠰᠠᠭᠤᠳᠠᠯ᠎ᠢ ᠲᠤᠰᠬᠠᠭᠰᠠᠳ ᠵᠢᠴᠢ ᠲᠤᠰᠬᠠᠭᠰᠠᠨ ᠠᠰᠠᠭᠤᠳᠠᠯ᠎ᠤᠨ ᠨᠢᠭᠤᠴᠠ ᠵᠢ ᠴᠢᠩᠭ᠎ᠠ ᠬᠠᠮᠠᠭ᠋ᠠᠯᠠᠨ᠎ᠠ᠃
      ᠢᠯᠡ ᠨᠡᠢ᠌ᠲᠡᠯᠡᠬᠦ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠠᠰᠠᠷ᠎ᠤᠨ 1104 ᠥᠷᠥᠭᠡ᠎ᠳᠤ ᠲᠣᠬᠢᠷᠠᠭᠤᠯᠪᠠ᠃
      ᠬᠦᠯᠢᠶᠡᠨ ᠠᠪᠬᠤ ᠴᠠᠭ᠄ ᠡᠳᠦᠷ ᠪᠦᠷᠢ ᠵᠢᠨ ᠦᠳᠡ ᠵᠢᠨ ᠡᠮᠦᠨᠡᠬᠢ 9᠄ 00 — 12᠄ 00; ᠦᠳᠡ ᠵᠢᠨ ᠬᠣᠢ᠌ᠨᠠᠬᠢ 13᠄ 30 — 17᠄ 00
      ᠬᠦᠯᠢᠶᠡᠨ ᠠᠪᠬᠤ ᠤᠲᠠᠰᠤ᠄ 0471-4632081
      ᠳᠠᠭ᠋ᠠᠯᠳᠤᠭᠤᠯᠤᠯ᠄ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠳᠤ ᠮᠡᠳᠡᠭᠦᠯᠦᠭᠰᠡᠳ᠎ᠤᠨ ᠨᠡᠷᠡᠰ᠎ᠤᠨ ᠪᠦᠷᠢᠳᠬᠡᠯ
          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
              2024 ᠣᠨ᠎ᠤ 11 ᠰᠠᠷ᠎ᠠ ᠵᠢᠨ 5᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠪᠥᠬᠥ ᠣᠷᠣᠨ᠎ᠤ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠮᠡᠳᠡᠭᠦᠯᠦᠭᠰᠡᠨ ᠠᠵᠢᠯᠲᠠᠨ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》 (ᠰᠠᠨᠠᠯ ᠬᠤᠷᠢᠶᠠᠬᠤ ᠨᠣᠣᠷᠠᠭ)᠎ᠤᠨ ᠰᠠᠨᠠᠯ᠎ᠢ ᠢᠯᠡ᠎ᠪᠠᠷ ᠬᠤᠷᠢᠶᠠᠬᠤ ᠲᠤᠬᠠᠢ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠤᠭᠤᠬᠤ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ ᠳᠦᠷᠢᠮ (ᠵᠠᠰᠠᠪᠤᠷᠢ ᠣᠷᠣᠭᠤᠯᠬᠤ ᠲᠥᠰᠥᠯ᠎ᠤᠨ ᠰᠠᠨᠠᠯ ᠬᠤᠷᠢᠶᠠᠬᠤ ᠨᠣᠣᠷᠠᠭ)》᠎ᠤᠨ ᠰᠠᠨᠠᠯ ᠰᠠᠨᠠᠭᠤᠯᠭ᠎ᠠ ᠵᠢ ᠢᠯᠡ᠎ᠪᠠᠷ ᠬᠤᠷᠢᠶᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠪ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡ ᠮᠥᠩᠭᠥ ᠵᠢ ᠤᠷᠢᠳᠴᠢᠯᠠᠨ ᠵᠦᠪᠰᠢᠶᠡᠷᠴᠦ ᠳᠡᠮᠵᠢᠬᠦ᠎ᠪᠠᠷ ᠪᠠᠢ᠌ᠭ᠎ᠠ ᠲᠥᠷᠥᠯ ᠵᠦᠢ᠍ᠯ᠎ᠤᠨ ᠲᠤᠬᠠᠢ ᠢᠯᠡ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ ᠵᠢ ᠬᠥᠳᠡᠯᠦᠩᠭᠦᠢ᠎ᠪᠠᠷ ᠰᠢᠨᠡᠳᠬᠡᠭᠰᠡᠨ ᠦᠷ᠎ᠡ ᠪᠦᠲᠦᠭᠡᠯ (2023 ᠣᠨ᠎ᠤ ᠬᠡᠪᠯᠡᠯ)᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠵᠠᠷᠯᠠᠯ
 
             蒙ICP备05000248号