ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
2024 ᠣᠨ᠎ᠤ ᠢᠨᠵᠧᠨᠧᠷᠢᠩ᠎ᠤᠨ ᠳᠦᠷᠦᠯ᠎ᠤᠨ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠳ᠎ᠢ ᠢᠯᠡ ᠨᠡᠢ᠌ᠲᠡᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-11-01

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2024 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠯᠪᠠᠨ ᠲᠢᠩᠬᠢᠮ᠎ᠤᠨ ᠲᠠᠷᠬᠠᠭ᠋ᠠᠭᠰᠠᠨ [2024] 85 ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠳᠦᠷᠦᠯ᠎ᠤᠨ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠨᠢᠭᠡᠨᠲᠡ ᠳᠠᠭᠤᠰᠬᠠᠵᠤ᠂ ᠣᠳᠣ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠬᠥᠮᠥᠰ᠎ᠢ ᠢᠯᠡ ᠨᠡᠢ᠌ᠲᠡᠯᠡᠨ᠎ᠡ᠃
      ᠢᠯᠡ ᠨᠡᠢ᠌ᠲᠡᠯᠡᠬᠦ ᠴᠠᠭ᠎ᠨᠢ 2024 ᠣᠨ᠎ᠤ 10 ᠰᠠᠷ᠎ᠠ ᠵᠢᠨ 16᠎ᠤ ᠡᠳᠦᠷ᠎ᠠᠴᠠ 2024 ᠣᠨ᠎ᠤ 10 ᠰᠠᠷ᠎ᠠ ᠵᠢᠨ 22᠎ᠤᠨ ᠡᠳᠦᠷ ᠪᠣᠯᠲᠠᠯ᠎ᠠ᠂ ᠨᠠᠢ᠌ᠳᠠ 5 ᠠᠵᠢᠯ᠎ᠤᠨ ᠡᠳᠦᠷ ᠪᠣᠯᠣᠨ᠎ᠠ᠃
      ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠬᠥᠮᠥᠰ᠎ᠲᠤ ᠮᠠᠳᠠᠭ᠎ᠲᠠᠢ ᠪᠠᠢ᠌ᠪᠠᠯ᠂ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ᠎ᠪᠠᠷ ᠶᠠᠷᠢᠯᠴᠠᠬᠤ ᠵᠡᠷᠭᠡ ᠬᠡᠯᠪᠡᠷᠢ᠎ᠪᠠᠷ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠳᠤ ᠪᠠᠢ᠌ᠴᠠᠭ᠋ᠠᠯᠲᠠ ᠬᠢᠵᠦ ᠪᠣᠯᠬᠤ ᠭᠡᠷᠡᠴᠢᠯᠡᠭᠴᠢ ᠵᠢᠴᠢ ᠪᠤᠰᠤᠳ ᠬᠣᠯᠪᠣᠭᠳᠠᠯ ᠪᠦᠬᠦᠢ ᠰᠦᠪᠡᠭᠴᠢ ᠵᠢ ᠬᠠᠩᠭ᠋ᠠᠬᠤ ᠵᠢᠨ ᠬᠠᠮᠲᠤ ᠪᠢᠴᠢᠭ᠎ᠤᠨ ᠮᠠᠲ᠋ᠧᠷᠢᠶᠠᠯ᠂ ᠦᠨᠡᠨ ᠣᠪᠣᠭ ᠨᠡᠷ᠎ᠡ᠂ ᠬᠠᠷᠢᠯᠴᠠᠬᠤ ᠤᠲᠠᠰᠤ᠎ᠪᠠᠨ ᠳᠠᠭ᠋ᠠᠯᠳᠤᠭᠤᠯᠬᠤ ᠬᠡᠷᠡᠭᠲᠡᠢ᠃
      ᠢᠯᠡ ᠨᠡᠢ᠌ᠲᠡᠯᠡᠭᠰᠡᠨ ᠬᠤᠪᠢ ᠬᠥᠮᠥᠨ᠎ᠤ ᠮᠡᠳᠡᠭᠡ ᠵᠠᠩᠭᠢ᠎ᠳᠤ ᠬᠡᠷᠪᠡ ᠪᠤᠷᠤᠭᠤ᠎ᠲᠠᠢ ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ (ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠺᠣᠮᠢᠰ᠎ᠤᠨ ᠬᠡᠷᠡᠭ ᠡᠷᠭᠢᠯᠡᠬᠦ ᠪᠠᠢ᠌ᠭᠤᠯᠤᠮᠵᠢ)᠎ᠲᠠᠢ ᠬᠠᠷᠢᠯᠴᠠᠵᠤ ᠵᠠᠰᠠᠪᠤᠷᠢ ᠬᠢᠭᠡᠷᠡᠢ᠃
      ᠢᠯᠡ ᠨᠡᠢ᠌ᠲᠡᠯᠡᠬᠦ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ 1104 ᠥᠷᠥᠭᠡ᠎ᠳᠤ ᠲᠣᠬᠢᠷᠠᠭᠤᠯᠪᠠ (ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦ᠍ᠭᠡᠷ ᠨᠣᠮᠧᠷ᠂ ᠰᠢᠤᠳᠠᠨ ᠳ᠋ᠤᠭ᠋ᠠᠷ᠄ 010011)
      ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 — 12᠄ 00᠂ ᠦᠳᠡ ᠵᠢᠨ ᠬᠣᠢ᠌ᠨᠠᠬᠢ 13᠄ 30 — 17᠄ 00
      ᠬᠦᠯᠢᠶᠡᠨ ᠠᠪᠬᠤ ᠤᠲᠠᠰᠤ᠄ 0471-4632081
             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠳᠦᠷᠦᠯ᠎ᠤᠨ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠮᠡᠷᠭᠡᠵᠢᠯ᠎ᠤᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠺᠣᠮᠢᠰ
                    2024 ᠣᠨ᠎ᠤ 10 ᠰᠠᠷ᠎ᠠ ᠵᠢᠨ 15᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠢᠨᠵᠧᠨᠧᠷᠢᠩ᠎ᠤᠨ ᠳᠦᠷᠦᠯ᠎ᠤᠨ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠬᠥᠮᠥᠰ᠎ᠢ ᠢᠯᠡ ᠨᠡᠢ᠌ᠲᠡᠯᠡᠬᠦ ᠲᠤᠬᠠᠢ ᠮᠡᠳᠡᠭᠳᠡᠯ
2024 ᠣᠨ᠎ᠤ ᠪᠥᠬᠥ ᠣᠷᠣᠨ᠎ᠤ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠮᠡᠳᠡᠭᠦᠯᠦᠭᠰᠡᠨ ᠬᠥᠮᠥᠰ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷ
2024 ᠣᠨ᠎ᠤ ᠪᠥᠬᠥ ᠣᠷᠣᠨ᠎ᠤ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠮᠡᠳᠡᠭᠦᠯᠦᠭᠰᠡᠨ ᠠᠵᠢᠯᠲᠠᠨ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》 (ᠰᠠᠨᠠᠯ ᠬᠤᠷᠢᠶᠠᠬᠤ ᠨᠣᠣᠷᠠᠭ)᠎ᠤᠨ ᠰᠠᠨᠠᠯ᠎ᠢ ᠢᠯᠡ᠎ᠪᠠᠷ ᠬᠤᠷᠢᠶᠠᠬᠤ ᠲᠤᠬᠠᠢ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠤᠭᠤᠬᠤ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ ᠳᠦᠷᠢᠮ (ᠵᠠᠰᠠᠪᠤᠷᠢ ᠣᠷᠣᠭᠤᠯᠬᠤ ᠲᠥᠰᠥᠯ᠎ᠤᠨ ᠰᠠᠨᠠᠯ ᠬᠤᠷᠢᠶᠠᠬᠤ ᠨᠣᠣᠷᠠᠭ)》᠎ᠤᠨ ᠰᠠᠨᠠᠯ ᠰᠠᠨᠠᠭᠤᠯᠭ᠎ᠠ ᠵᠢ ᠢᠯᠡ᠎ᠪᠠᠷ ᠬᠤᠷᠢᠶᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
 
             蒙ICP备05000248号