ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠣᠷᠣᠨ ᠨᠤᠲᠤᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠵᠢᠯᠤᠭᠣᠳᠬᠤ ᠰᠠᠨᠠᠯ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠭᠡᠷ᠎ᠠᠴᠠ ᠲᠠᠷᠬᠠᠭ᠋ᠠᠭᠰᠠᠨ [2020] 53 ᠲᠣᠭ᠋ᠠᠲᠤ) ᠪᠣᠯᠣᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠤᠨ 《〈12369〉 ᠣᠬᠣᠷ ᠨᠣᠮᠧᠷ᠎ᠢ ᠬᠡᠷᠡᠭᠯᠡᠬᠦ ᠵᠢ ᠵᠣᠭᠰᠤᠭ᠋ᠠᠬᠤ ᠬᠣᠢ᠌ᠰᠢᠳᠠ ᠵᠢᠨ ᠠᠵᠢᠯ᠎ᠢ ᠰᠠᠶ᠋ᠢᠲᠤᠷ ᠬᠢᠬᠦ ᠲᠤᠬᠠᠢ ᠵᠠᠬᠢᠳᠠᠯ》 (ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠯᠪᠠᠨ ᠭᠡᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠠᠬᠢᠳᠠᠯ [2024] 159 ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠤᠤᠯ᠎ᠤᠨ 《12369 ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ》 ᠵᠢᠨ ᠣᠬᠣᠷ ᠨᠣᠮᠧᠷ᠎ᠢ ᠣᠢ᠌ᠷ᠎ᠠ ᠵᠢᠨ ᠬᠤᠭᠤᠴᠠᠭ᠋ᠠᠨ᠎ᠳᠤ ᠬᠡᠷᠡᠭᠯᠡᠬᠦ ᠵᠢ ᠪᠥᠬᠥ ᠲᠠᠯ᠎ᠠ᠎ᠪᠠᠷ ᠵᠣᠭᠰᠣᠭ᠋ᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠳᠤ ᠬᠣᠯᠪᠣᠭᠳᠠᠬᠤ ᠲᠤᠬᠠᠢ᠌ᠯᠠᠭᠰᠠᠨ ᠠᠵᠢᠯ᠎ᠤᠨ ᠯᠠᠪᠯᠠᠭ᠎ᠠ᠂ ᠵᠠᠭ᠋ᠠᠯᠳᠤᠵᠤ ᠢᠯᠡᠴᠢᠯᠡᠨ ᠮᠡᠳᠡᠭᠦᠯᠬᠦ᠂ ᠰᠠᠨᠠᠯ ᠰᠠᠨᠠᠭᠤᠯᠭ᠎ᠠ ᠵᠡᠷᠭᠡ ᠵᠢ ᠳᠣᠣᠷᠠᠬᠢ ᠠᠷᠭ᠎ᠠ ᠵᠠᠮ ᠵᠶ᠋ᠠᠷ ᠲᠤᠰᠬᠠᠵᠤ ᠪᠣᠯᠣᠨ᠎ᠠ᠄
ᠨᠢᠭᠡ᠂ ᠤᠲᠠᠰᠤ᠄ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ 12345 ᠬᠠᠯᠠᠭᠤᠨ ᠤᠲᠠᠰᠤ》 ᠵᠢ ᠤᠲᠠᠰᠤᠳᠠᠨ᠎ᠠ;
ᠬᠣᠶᠠᠷ᠂ ᠵᠢᠷᠭᠢᠶ᠎ᠡ᠄ 《ᠠᠮᠢ ᠠᠬᠤᠢ ᠣᠷᠴᠢᠨ ᠲᠣᠭᠣᠷᠢᠨ᠎ᠤ ᠵᠢᠷᠭᠢᠶ᠎ᠡ ᠵᠢᠨ ᠵᠠᠭ᠋ᠠᠯᠳᠤᠯᠭ᠎ᠠ ᠵᠢᠨ ᠢᠯᠡᠴᠢᠯᠡᠨ ᠮᠡᠳᠡᠭᠦᠯᠦᠯᠲᠡ》 ᠵᠢᠨ ᠵᠢᠷᠭᠢᠶ᠎ᠡ ᠵᠢᠨ ᠨᠠᠢ᠌ᠳᠠ ᠵᠢᠨ ᠳ᠋ᠤᠭ᠋ᠠᠷ᠎ᠲᠤ ᠠᠩᠬᠠᠷᠤᠯ ᠵᠶ᠋ᠠᠨ ᠬᠠᠨᠳᠤᠭᠤᠯᠤᠨ᠎ᠠ;
ᠭᠤᠷᠪᠠ᠂ ᠰᠦᠯᠵᠢᠶ᠎ᠡ᠄ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠢᠯᠡᠴᠢᠯᠡᠨ ᠮᠡᠳᠡᠭᠦᠯᠬᠦ ᠲᠠᠪᠴᠠᠩ
(http://jubao.mee.gov.cn/netreport/netreport/index)