《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠦᠨ ᠬᠡᠷᠡᠭᠵᠢᠭᠦᠯᠬᠦ ᠠᠷᠭ᠎ᠠ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠠ ᠰᠠᠯᠠᠭ᠎ᠠ ᠮᠥᠴᠢᠷ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ 〈ᠰᠠᠭ᠋ᠠᠳ ᠦᠭᠡᠢ ᠨᠡᠪᠲᠡᠷᠡᠬᠦ ᠵᠠᠮ〉᠎ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠷᠭ᠎ᠠ》 ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠨᠢᠭᠡᠴᠢ ᠵᠢ ᠢᠯᠡ ᠨᠡᠢ᠌ᠲᠡᠯᠡᠨ᠎ᠡ᠃
ᠨᠢᠭᠡ᠂ ᠢᠯᠡ ᠨᠡᠢ᠌ᠲᠡᠯᠡᠬᠦ ᠡᠲᠡᠭᠡᠳ
ᠢᠦᠢ ᠰᠢᠶᠣᠣ ᠸᠸᠨ᠂ ᠡᠮᠡᠭᠲᠡᠢ᠂ 1991 ᠣᠨ᠎ᠤ 11 ᠰᠠᠷ᠎ᠠ᠎ᠳᠤ᠂ ᠠᠰᠫᠢᠷᠠᠨᠲ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳ᠋ᠣᠺᠲ᠋ᠣᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠣᠷᠣᠭᠤᠯᠤᠨ ᠠᠵᠢᠯᠯᠠᠭᠤᠯᠬᠤ᠎ᠪᠠᠷ ᠪᠤᠢ᠃
ᠬᠣᠶᠠᠷ᠂ ᠢᠯᠡ ᠨᠡᠢ᠌ᠲᠡᠯᠡᠬᠦ ᠴᠠᠭ
2024 ᠣᠨ᠎ᠤ 6 ᠰᠠᠷ᠎ᠠ ᠵᠢᠨ 7᠎ᠤ ᠡᠳᠦᠷ᠎ᠠᠴᠠ 2024 ᠣᠨ᠎ᠤ 6 ᠰᠠᠷ᠎ᠠ ᠵᠢᠨ 14᠎ᠤ ᠡᠳᠦᠷ ᠪᠣᠯᠲᠠᠯ᠎ᠠ᠂ ᠨᠠᠢ᠌ᠳᠠ 5 ᠠᠵᠢᠯ᠎ᠤᠨ ᠡᠳᠦᠷ᠃
ᠭᠤᠷᠪᠠ᠂ ᠬᠦᠯᠢᠶᠡᠨ ᠠᠪᠬᠤ ᠬᠡᠯᠪᠡᠷᠢ ᠵᠢᠴᠢ ᠬᠦᠯᠢᠶᠡᠨ ᠠᠪᠬᠤ ᠴᠠᠭ
ᠨᠢᠭᠡᠴᠢ ᠪᠠ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠵᠠᠷᠯᠠᠨ ᠨᠡᠢ᠌ᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠮᠠᠲ᠋ᠧᠷᠢᠶᠠᠯ᠎ᠤᠨ ᠨᠢᠭᠡᠴᠢ᠎ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ᠎ᠨᠢ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠮᠠᠶᠢᠭ ᠬᠠᠩᠭ᠋ᠠᠬᠤ ᠬᠡᠷᠡᠭᠲᠡᠶ᠃
ᠬᠦᠯᠢᠶᠡᠨ ᠠᠪᠤᠭᠰᠠᠨ ᠴᠠᠭ᠄ ᠦᠳᠡ ᠵᠢᠨ ᠡᠮᠦᠨᠡᠬᠢ 9᠄ 00 — 12᠄ 00; ᠦᠳᠡ ᠵᠢᠨ ᠬᠣᠢ᠌ᠨ᠎ᠠ 14᠄ 30 — 17᠄ 00
ᠭᠥᠯᠢᠶᠡᠨ ᠠᠪᠬᠤ ᠤᠲᠠᠰᠤ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ 0471 — 4632081
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 0471-4632091
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
2024 ᠣᠨ᠎ᠤ 6 ᠰᠠᠷ᠎ᠠ ᠵᠢᠨ 6᠎ᠤ ᠡᠳᠦᠷ