ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
2024 ᠣᠨ᠎ᠤ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠰᠢᠷᠢᠰ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-06-06

      ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠨᠢᠭᠡᠴᠢ᠎ᠳᠤ᠄
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2024 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ  ᠲᠢᠩᠬᠢᠮ᠎ᠠᠴᠠ ᠲᠠᠷᠬᠠᠭ᠋ᠠᠭᠰᠠᠨ [2024] 85  ᠲᠣᠭ᠋ᠠᠲᠤ᠂ ᠳᠣᠷᠣᠭᠰᠢ 《ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠡᠳᠡᠭᠳᠡᠯ》 ᠭᠡᠵᠦ ᠲᠣᠪᠴᠢᠯᠠᠨ᠎ᠠ) ᠪᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ [2023] 4  ᠲᠣᠭ᠋ᠠᠲᠤ (ᠳᠣᠷᠣᠭᠰᠢ 《ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠨᠠᠷᠢᠨ ᠳᠦᠷᠢᠮ》 ᠭᠡᠵᠦ ᠲᠣᠪᠴᠢᠯᠠᠨ᠎ᠠ) ᠵᠢᠨ ᠱᠠᠭ᠋ᠠᠷᠳᠠᠯᠭ᠎ᠠ ᠶᠣᠰᠣᠭ᠋ᠠᠷ᠂ ᠡᠳᠦᠭᠡ 2024 ᠣᠨ᠎ᠤ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠰᠢᠷᠢᠰ ᠠᠵᠢᠯ᠎ᠤᠨ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠄
      ᠨᠢᠭᠡ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠲᠥᠷᠥ ᠵᠢᠨ ᠪᠣᠳᠣᠯᠭ᠎ᠠ
      (ᠨᠢᠭᠡ) ᠰᠢᠯᠭ᠋ᠠᠷᠠᠭᠤᠯᠤᠯᠲᠠ᠎ᠳᠤ ᠣᠷᠣᠯᠴᠠᠭᠰᠠᠳ᠎ᠤᠨ ᠬᠦᠷᠢᠶ᠎ᠡ ᠬᠡᠪᠴᠢᠶ᠎ᠡ᠃ 《ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠨᠠᠷᠢᠨ ᠳᠦᠷᠢᠮ》᠎ᠤᠨ ᠬᠠᠮᠢᠶ᠎ᠠ ᠪᠦᠬᠦᠢ ᠲᠣᠭᠲᠠᠭ᠋ᠠᠯ᠎ᠳᠤ ᠨᠡᠢ᠌ᠴᠡᠭᠰᠡᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ᠂ ᠬᠤᠪᠢ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠳᠤ ᠠᠵᠢᠯᠯᠠᠵᠤ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠃
      (ᠬᠣᠶᠠᠷ) ᠮᠡᠳᠡᠭᠦᠯᠬᠦ ᠨᠥᠬᠥᠴᠡᠯ᠃ ᠡᠯ᠎ᠡ ᠭᠤᠶᠤᠴᠢᠯᠠᠨ ᠮᠡᠳᠡᠭᠦᠯᠬᠦ ᠨᠢᠭᠡᠴᠢ ᠵᠢᠴᠢ ᠬᠤᠪᠢ ᠬᠥᠮᠥᠨ 《ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠡᠳᠡᠭᠳᠡᠯ》᠎ᠢ ᠴᠢᠩᠭ᠎ᠠ ᠵᠢᠷᠤᠮᠯᠠᠨ ᠭᠤᠶᠤᠴᠢᠯᠠᠨ ᠮᠡᠳᠡᠭᠦᠯᠬᠦ ᠬᠡᠷᠡᠭᠲᠡᠶ᠃ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠰᠢᠷᠢᠰ ᠵᠢᠩᠬᠢᠨᠢ ᠳᠡᠭᠡᠳᠦ ᠵᠡᠷᠭᠡ ᠵᠢᠨ ᠢᠨᠵᠧᠨᠧᠷ᠂ ᠳᠡᠭᠡᠳᠦ ᠵᠡᠷᠭᠡ ᠵᠢᠨ ᠢᠨᠵᠧᠨᠧᠷ᠂ ᠢᠨᠵᠧᠨᠧᠷ᠂ ᠲᠤᠰᠠᠯᠠᠬᠤ ᠢᠨᠵᠧᠨᠧᠷ᠂ ᠮᠡᠷᠭᠡᠵᠢᠯᠲᠡᠨ᠂ ᠰᠤᠷᠤᠯᠭ᠎ᠠ ᠵᠢᠨ ᠨᠠᠮᠲᠠᠷ᠂ ᠬᠢᠷᠢ ᠬᠡᠮ᠂ ᠲᠤᠰᠬᠠᠢ ᠮᠡᠷᠭᠡᠵᠢᠯ᠎ᠤᠨ ᠤᠨᠤᠯ᠎ᠤᠨ ᠬᠢᠷᠢ ᠲᠦᠪᠰᠢᠨ᠂ ᠠᠵᠢᠯ᠎ᠤᠨ ᠥᠩᠭᠡᠷᠡᠯᠲᠡ (ᠴᠢᠳᠠᠪᠤᠷᠢ)᠂ ᠠᠵᠢᠯ᠎ᠤᠨ ᠠᠮᠵᠢᠯᠲᠠ ᠪᠦᠲᠦᠮᠵᠢ ᠬᠢᠭᠡᠳ ᠦᠷ᠎ᠡ ᠪᠦᠲᠦᠭᠡᠯ᠎ᠤᠨ ᠱᠠᠭ᠋ᠠᠷᠳᠠᠯᠭ᠎ᠠ ᠵᠢ ᠮᠡᠳᠡᠭᠦᠯᠬᠦ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠰᠢᠷᠢᠰ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠲᠠᠷᠬᠠᠭ᠋ᠠᠭᠰᠠᠨ [2022] 35 ᠲᠣᠭ᠋ᠠᠲᠤ)᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠭᠤᠷᠪᠠ) ᠦᠷᠭᠦᠯᠵᠢᠯᠡᠨ ᠰᠤᠷᠭ᠋ᠠᠨ ᠬᠥᠮᠥᠵᠢᠭᠦᠯᠬᠦ ᠱᠠᠭ᠋ᠠᠷᠳᠠᠯᠭ᠎ᠠ ᠵᠢᠨ ᠲᠤᠬᠠᠢ᠃ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ 《2024 ᠣᠨ᠎ᠤ ᠪᠥᠬᠥ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠬᠥᠮᠥᠨ ᠬᠣᠷᠢᠶ᠎ᠠ ᠎ᠠᠴᠠ ᠠᠯᠪᠠᠨ ᠲᠠᠷᠬᠠᠭ᠋ᠠᠭᠰᠠᠨ [2023] 204  ᠲᠣᠭ᠋ᠠᠲᠤ)᠎ᠤᠨ ᠶᠣᠰᠣᠭ᠋ᠠᠷ ᠬᠡᠷᠡᠭᠵᠢᠭᠦᠯᠦᠨ᠎ᠡ᠃
      (ᠳᠥᠷᠪᠡ) ᠠᠵᠢᠯ ᠦᠢ᠍ᠯᠡᠰ᠎ᠤᠨ ᠨᠢᠭᠡᠴᠢ ᠵᠢᠨ ᠮᠡᠷᠭᠡᠵᠢᠯ᠎ᠤᠨ ᠴᠣᠯᠠ ᠲᠣᠭᠲᠠᠭ᠋ᠠᠬᠤ ᠪᠠ ᠤᠷᠢᠬᠤ ᠵᠢ ᠪᠦᠲᠦᠮᠵᠢᠲᠡᠢ ᠵᠣᠯᠭ᠋ᠠᠭᠤᠯᠤᠨ᠎ᠠ᠃ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠰᠢᠷᠢᠰ ᠵᠢᠩᠬᠢᠨᠢ ᠳᠡᠭᠡᠳᠦ ᠵᠡᠷᠭᠡ ᠵᠢᠨ ᠢᠨᠵᠧᠨᠧᠷ᠂ ᠳᠡᠭᠡᠳᠦ ᠵᠡᠷᠭᠡ ᠵᠢᠨ ᠢᠨᠵᠧᠨᠧᠷ᠎ᠤᠨ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠪᠠᠷ ᠭᠤᠶᠤᠴᠢᠯᠠᠬᠤ᠎ᠳᠤ᠂ ᠨᠢᠭᠡᠴᠢ ᠵᠢᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠤᠨ ᠳᠣᠲᠣᠷ᠎ᠠ᠂ ᠬᠣᠭᠣᠰᠤᠨ ᠠᠵᠢᠯ᠎ᠤᠨ ᠪᠠᠶ᠋ᠢᠷᠢ ᠵᠢᠨ ᠲᠣᠭ᠎ᠠ᠎ᠪᠠᠷ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠪᠠᠷ ᠲᠠᠨᠢᠯᠴᠠᠭᠤᠯᠬᠤ ᠬᠡᠷᠡᠭᠲᠡᠶ᠃ ᠲᠣᠭᠲᠠᠭ᠋ᠠᠯ ᠶᠣᠰᠣᠭ᠋ᠠᠷ ᠮᠡᠳᠡᠭᠦᠯᠦᠭᠰᠡᠨ ᠦᠭᠡᠢ ᠨᠢᠭᠡᠴᠢ ᠵᠢᠨ ᠮᠡᠳᠡᠭᠦᠯᠦᠭᠰᠡᠨ ᠮᠠᠲ᠋ᠧᠷᠢᠶᠠᠯ᠎ᠢ ᠬᠦᠯᠢᠶᠡᠨ ᠠᠪᠬᠤ ᠦᠭᠡᠢ᠃
      (ᠲᠠᠪᠤ) ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠵᠢᠨ ᠰᠠᠭ᠋ᠠᠳ ᠦᠭᠡᠢ ᠨᠡᠪᠲᠡᠷᠡᠬᠦ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃ ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠪᠠᠷ ᠭᠤᠶᠤᠴᠢᠯᠠᠭᠰᠠᠳ᠎ᠨᠢ 《ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠡᠳᠡᠭᠳᠡᠯ》᠎ᠳᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠵᠦ᠂ ᠠᠵᠢᠯ᠎ᠤᠨ ᠪᠠᠶ᠋ᠢᠷᠢ ᠵᠢᠨ ᠲᠣᠭ᠎ᠠ (ᠬᠠᠷᠢᠴᠠᠯ)᠎ᠳᠤ ᠬᠢᠵᠠᠭ᠋ᠠᠷᠯᠠᠭᠳᠠᠬᠤ ᠦᠭᠡᠢ᠎ᠪᠠᠷ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠣᠷᠣᠯᠴᠠᠬᠤ ᠬᠡᠷᠡᠭᠲᠡᠶ᠃ ᠵᠣᠬᠢᠬᠤ ᠮᠡᠷᠭᠡᠵᠢᠯ᠎ᠤᠨ ᠴᠣᠯᠠ᠎ᠪᠠᠨ ᠰᠢᠭᠤᠳ ᠮᠡᠳᠡᠭᠦᠯᠬᠦ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠲᠣᠭᠲᠠᠭ᠋ᠠᠭᠰᠠᠨ ᠲᠠᠰ ᠳᠠᠷᠠᠭ᠋ᠠᠯᠠᠯ ᠪᠠ ᠠᠷᠭ᠎ᠠ ᠵᠠᠮ ᠵᠶ᠋ᠠᠷ ᠮᠡᠳᠡᠭᠦᠯᠬᠦ ᠬᠡᠷᠡᠭᠲᠡᠶ᠃ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠰᠠᠭ᠋ᠠᠳ ᠦᠭᠡᠢ ᠨᠡᠪᠲᠡᠷᠡᠬᠦ ᠵᠠᠮ᠎ᠤᠨ ᠲᠥᠷᠥ ᠵᠢᠨ ᠪᠣᠳᠣᠯᠭ᠎ᠠ ᠵᠢ ᠵᠠᠷᠴᠢᠮ ᠳᠡᠭᠡᠷ᠎ᠡ᠎ᠪᠠᠨ ᠨᠢᠭᠡ ᠯᠡ ᠤᠳᠠᠭ᠎ᠠ ᠭᠥᠷᠳᠡᠵᠦ ᠪᠣᠯᠣᠨ᠎ᠠ᠃
      (ᠵᠢᠷᠭᠤᠭ᠎ᠠ) ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠨᠢᠭᠡᠳᠦᠭᠡᠷ ᠹᠷᠣᠨᠲ᠎ᠤᠨ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠬᠡᠷᠡᠭᠵᠢᠭᠦᠯᠦᠨ᠎ᠡ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ᠎ᠲᠤ ᠠᠵᠢᠯᠯᠠᠵᠤ ᠪᠠᠢ᠌ᠭ᠎ᠠ ᠦᠨᠳᠦᠰᠦᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠰᠢᠷᠢᠰ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠳᠤ 《ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠮᠡᠳᠡᠭᠳᠡᠯ》᠎ᠤᠨ ᠲᠣᠭᠲᠠᠭ᠋ᠠᠯ ᠶᠣᠰᠣᠭ᠋ᠠᠷ ᠵᠣᠬᠢᠴᠠᠩᠭᠤᠢ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠦᠵᠡᠭᠦᠯᠦᠨ᠎ᠡ᠃
      (ᠲᠤᠯᠤᠭ᠎ᠠ) ᠨᠠᠢ᠌ᠳᠠ ᠵᠢᠨ ᠥᠮᠴᠢᠯᠡᠯ᠎ᠤᠨ ᠪᠤᠰᠤ ᠬᠦᠷᠢᠶᠡᠨ᠎ᠳᠠᠬᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢ ᠬᠡᠯᠪᠡᠢ᠌ᠯᠭᠡᠬᠦ ᠲᠥᠷᠥ ᠵᠢᠨ ᠪᠣᠳᠣᠯᠭ᠎ᠠ᠃ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠨᠠᠢ᠌ᠳᠠ ᠵᠢᠨ ᠥᠮᠴᠢᠯᠡᠯ᠎ᠤᠨ ᠪᠤᠰᠤ ᠬᠦᠷᠢᠶᠡᠨ᠎ᠳᠠᠬᠢ ᠰᠢᠷᠢᠰ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠨᠢ ᠮᠡᠷᠭᠡᠵᠢᠯ᠎ᠤᠨ ᠴᠣᠯᠠ᠎ᠪᠠᠨ ᠱᠠᠲᠤ ᠳᠠᠷᠠᠭ᠋ᠠᠯᠠᠨ ᠮᠡᠳᠡᠭᠦᠯᠬᠦ ᠱᠠᠭ᠋ᠠᠷᠳᠠᠯᠭ᠎ᠠ᠎ᠳᠤ ᠬᠢᠵᠠᠭ᠋ᠠᠷᠯᠠᠭᠳᠠᠬᠤ ᠦᠭᠡᠢ᠎ᠪᠠᠷ ᠵᠣᠬᠢᠬᠤ ᠲᠤᠰᠬᠠᠢ ᠮᠡᠷᠭᠡᠵᠢᠯ᠎ᠤᠨ ᠴᠣᠯᠠ᠎ᠪᠠᠨ ᠰᠢᠭᠤᠳ ᠮᠡᠳᠡᠭᠦᠯᠵᠦ ᠪᠣᠯᠣᠨ᠎ᠠ᠃ ᠡᠭᠦᠨ᠎ᠳᠤ᠂ ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ᠎ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ᠎ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠶᠡᠬᠡ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠠᠩᠭᠢ᠎ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ᠎ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠨᠢ ᠵᠣᠬᠢᠬᠤ ᠠᠵᠢᠯ᠎ᠤᠨ ᠪᠦᠲᠦᠮᠵᠢ ᠦᠷ᠎ᠡ ᠪᠦᠲᠦᠭᠡᠯ᠎ᠤᠨ ᠨᠥᠬᠥᠴᠡᠯ᠎ᠳᠤ ᠨᠡᠢ᠌ᠴᠡᠪᠡᠯ᠂ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ ᠵᠢ ᠰᠢᠭᠤᠳ ᠮᠡᠳᠡᠭᠦᠯᠵᠦ ᠪᠣᠯᠣᠨ᠎ᠠ; ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ᠎ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ᠎ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠨᠢ ᠵᠣᠬᠢᠬᠤ ᠠᠵᠢᠯ᠎ᠤᠨ ᠪᠦᠲᠦᠮᠵᠢ ᠦᠷ᠎ᠡ ᠪᠦᠲᠦᠭᠡᠯ᠎ᠤᠨ ᠨᠥᠬᠥᠴᠡᠯ᠎ᠳᠤ ᠨᠡᠢ᠌ᠴᠡᠪᠡᠯ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠰᠢᠭᠤᠳ ᠮᠡᠳᠡᠭᠦᠯᠵᠦ ᠪᠣᠯᠣᠨ᠎ᠠ᠃ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠨᠠᠢ᠌ᠳᠠ ᠵᠢᠨ ᠥᠮᠴᠢᠯᠡᠯ᠎ᠤᠨ ᠪᠤᠰᠤ ᠬᠦᠷᠢᠶᠡᠨ᠎ᠳᠠᠬᠢ ᠰᠢᠷᠢᠰ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠳᠤ ᠬᠠᠲᠠᠭᠤ ᠱᠠᠭ᠋ᠠᠷᠳᠠᠯᠭ᠎ᠠ ᠲᠠᠯᠪᠢᠬᠤ ᠦᠭᠡᠢ᠃
      ᠵᠣᠬᠢᠬᠤ ᠮᠡᠷᠭᠡᠵᠢᠯ᠎ᠤᠨ ᠴᠣᠯᠠ᠎ᠪᠠᠨ ᠰᠢᠭᠤᠳ ᠮᠡᠳᠡᠭᠦᠯᠬᠦ ᠬᠥᠮᠥᠰ ᠬᠣᠯᠪᠣᠭᠳᠠᠯ ᠪᠦᠬᠦᠢ ᠮᠡᠳᠡᠭᠦᠯᠬᠦ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ᠎ᠳᠡᠭᠡᠨ ᠡᠷᠬᠡᠪᠰᠢ ᠲᠤᠰᠬᠠᠢ ᠮᠡᠷᠭᠡᠵᠢᠯ᠎ᠤᠨ ᠠᠵᠢᠯ᠎ᠤᠨ ᠵᠢᠯ ᠬᠤᠭᠤᠴᠠᠭ᠎ᠠ ᠵᠢ ᠭᠡᠷᠡᠴᠢᠯᠡᠬᠦ ᠮᠠᠲ᠋ᠧᠷᠢᠶᠠᠯ (ᠨᠢᠭᠡᠴᠢ ᠵᠢᠨ ᠭᠡᠷᠡᠴᠢᠯᠡᠯ᠂ ᠬᠥᠳᠡᠯᠮᠦᠷᠢ ᠦᠢ᠍ᠯᠡᠴᠢᠯᠡᠭᠡᠨ᠎ᠤ ᠭᠡᠷ᠎ᠡ᠂ ᠨᠡᠢ᠌ᠭᠡᠮ᠎ᠤᠨ ᠳᠠᠭ᠋ᠠᠳᠬᠠᠯ᠎ᠤᠨ ᠲᠤᠰᠢᠶᠠᠨ ᠬᠠᠳᠠᠭ᠋ᠠᠯᠠᠭᠤᠯᠤᠭᠰᠠᠨ ᠭᠡᠷᠡᠴᠢᠯᠡᠯ ᠵᠡᠷᠭᠡ)᠎ᠢ ᠬᠠᠮᠲᠤ᠎ᠳᠤᠨᠢ ᠮᠡᠳᠡᠭᠦᠯᠦᠨ ᠬᠦᠷᠭᠡᠬᠦ ᠬᠡᠷᠡᠭᠲᠡᠶ᠃
      (ᠨᠠᠢ᠍ᠮᠠ) ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠨ᠎ᠠ᠃ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ 《ᠳᠡᠭᠡᠳᠦ ᠮᠡᠷᠭᠡᠵᠢᠯ᠎ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠡᠷᠡᠭᠵᠢᠭᠦᠯᠬᠦ ᠰᠠᠨᠠᠯ᠎ᠢ ᠤᠯᠠᠮᠵᠢᠯᠠᠨ ᠶᠠᠪᠤᠭᠤᠯᠬᠤ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠬᠢᠭᠡᠳ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠱᠠᠭ᠋ᠠᠷᠳᠠᠯᠭ᠎ᠠ ᠶᠣᠰᠣᠭ᠋ᠠᠷ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠪᠠᠷ ᠮᠡᠳᠡᠭᠦᠯᠦᠨ᠎ᠡ᠃
      (ᠶᠢᠰᠦ) ᠮᠡᠷᠭᠡᠵᠢᠯ᠎ᠤᠨ ᠴᠣᠯᠠ ᠵᠢᠨ ᠳᠦᠷᠢᠮ ᠬᠢᠭᠡᠳ ᠠᠵᠢᠯ ᠮᠡᠷᠭᠡᠵᠢᠯ᠎ᠤᠨ ᠬᠢᠷᠢ ᠬᠡᠮ᠎ᠤᠨ ᠳᠦᠷᠢᠮ᠎ᠢ ᠵᠣᠯᠭ᠋ᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《ᠬᠡᠰᠡᠭ ᠬᠦᠷᠢᠶᠡᠨ᠎ᠳᠤ ᠲᠤᠰᠬᠠᠢ ᠮᠡᠷᠭᠡᠵᠢᠯ᠎ᠤᠨ ᠲᠥᠷᠥᠯ᠎ᠤᠨ ᠠᠵᠢᠯ ᠮᠡᠷᠭᠡᠵᠢᠯ᠎ᠤᠨ ᠬᠢᠷᠢ ᠬᠡᠮ ᠬᠢᠭᠡᠳ ᠮᠡᠷᠭᠡᠵᠢᠯ᠎ᠤᠨ ᠴᠣᠯᠠ ᠵᠢᠨ ᠵᠣᠬᠢᠴᠠᠯᠳᠤᠬᠤ ᠬᠠᠷᠢᠴᠠᠭ᠎ᠠ ᠵᠢ ᠪᠠᠢ᠌ᠭᠤᠯᠬᠤ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ  ᠲᠢᠩᠬᠢᠮ᠎ᠤᠨ ᠲᠠᠷᠬᠠᠭ᠋ᠠᠭᠰᠠᠨ [2019] 20 ᠲᠣᠭ᠋ᠠᠲᠤ) ᠵᠢᠴᠢ 《ᠲᠤᠰᠬᠠᠢ ᠮᠡᠷᠭᠡᠵᠢᠯ᠎ᠤᠨ ᠲᠥᠷᠥᠯ᠎ᠤᠨ ᠠᠵᠢᠯ ᠮᠡᠷᠭᠡᠵᠢᠯ᠎ᠤᠨ ᠬᠢᠷᠢ ᠬᠡᠮ ᠬᠢᠭᠡᠳ ᠮᠡᠷᠭᠡᠵᠢᠯ᠎ᠤᠨ ᠴᠣᠯᠠ ᠵᠢᠨ ᠵᠣᠬᠢᠴᠠᠯᠳᠤᠬᠤ ᠬᠠᠷᠢᠴᠠᠭ᠎ᠠ ᠵᠢᠨ ᠬᠦᠰᠦᠨᠦᠭᠲᠦ》 ᠵᠢ ᠦᠨᠳᠦᠰᠦᠯᠡᠪᠡᠯ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠢᠨᠵᠧᠨᠧᠷ᠂ ᠳᠠᠩᠰᠠᠯᠠᠭᠤᠯᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠨᠵᠧᠨᠧᠷ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠢ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠰᠢᠷᠢᠰ ᠢᠨᠵᠧᠨᠧᠷ᠎ᠤᠨ ᠮᠡᠷᠭᠡᠵᠢᠯ᠎ᠤᠨ ᠴᠣᠯᠠ ᠵᠢᠨ ᠬᠢᠷᠢ ᠬᠡᠮ᠎ᠲᠠᠢ ᠭᠡᠵᠦ ᠮᠠᠭ᠋ᠠᠳᠯᠠᠨ ᠲᠣᠭᠲᠠᠭ᠋ᠠᠵᠤ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠭᠤᠶᠤᠴᠢᠯᠠᠨ ᠮᠡᠳᠡᠭᠦᠯᠬᠦ ᠬᠢᠷᠢ ᠬᠡᠮ᠎ᠤᠨ ᠨᠥᠬᠥᠴᠡᠯ ᠪᠣᠯᠭ᠋ᠠᠵᠤ ᠪᠣᠯᠣᠨ᠎ᠠ᠃
      (ᠠᠷᠪᠠ) ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠪᠠᠨ ᠰᠢᠯᠵᠢᠭᠦᠯᠬᠦ᠃ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠤᠨ ᠪᠠᠶ᠋ᠢᠷᠢ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠠᠵᠢᠯ᠎ᠤᠨ ᠲᠤᠰᠬᠠᠢ ᠮᠡᠷᠭᠡᠵᠢᠯ᠎ᠳᠤᠨᠢ ᠬᠤᠪᠢᠷᠠᠯᠲᠠ ᠭᠠᠷᠴᠤ᠂ ᠰᠢᠨ᠎ᠡ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠢ ᠮᠡᠷᠭᠡᠵᠢᠯ)᠎ᠢ ᠰᠢᠯᠵᠢᠭᠦᠯᠦᠨ ᠦᠨᠡᠯᠡᠬᠦ ᠴᠢᠬᠤᠯᠠ᠎ᠲᠠᠢ ᠪᠣᠯ᠂ 《ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠠᠷᠢᠨ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠰᠢᠷᠢᠰ (ᠲᠤᠰᠬᠠᠢ ᠮᠡᠷᠭᠡᠵᠢᠯ) ᠰᠢᠯᠵᠢᠭᠦᠯᠦᠭᠰᠡᠨ ᠠᠵᠢᠯᠲᠠᠨ᠎ᠤ ᠬᠢᠷᠢ ᠬᠡᠮ ᠪᠠ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ ᠵᠢ ᠤᠤᠯ᠎ᠤᠨ ᠮᠡᠷᠭᠡᠵᠢᠯ᠎ᠤᠨ ᠴᠣᠯᠠ᠎ᠲᠠᠢ᠎ᠨᠢ ᠦᠷᠭᠦᠯᠵᠢᠯᠡᠨ ᠪᠤᠳᠤᠵᠤ᠂ ᠬᠠᠮᠢᠶ᠎ᠠ ᠪᠦᠬᠦᠢ ᠠᠵᠢᠯ᠎ᠤᠨ ᠠᠮᠵᠢᠯᠲᠠ ᠪᠦᠲᠦᠮᠵᠢ ᠵᠢᠨ ᠦᠷ᠎ᠡ ᠪᠦᠲᠦᠭᠡᠯ᠎ᠢ ᠮᠡᠳᠡᠷᠡᠨ ᠵᠥᠪᠰᠢᠶᠡᠷᠡᠨ᠎ᠡ᠃
      ᠬᠣᠶᠠᠷ᠂ ᠮᠡᠳᠡᠭᠦᠯᠬᠦ ᠲᠠᠰ ᠳᠠᠷᠠᠭ᠋ᠠᠯᠠᠯ
      (ᠨᠢᠭᠡ) ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ
      1. ᠰᠦᠯᠵᠢᠶᠡᠨ ᠳᠡᠭᠡᠷ᠎ᠡ ᠳᠠᠩᠰᠠᠯᠠᠭᠤᠯᠵᠤ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ᠃ ᠮᠡᠳᠡᠭᠦᠯᠦᠭᠰᠡᠳ᠎ᠨᠢ ᠡᠷᠬᠡᠪᠰᠢ 《ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (ᠰᠦᠯᠵᠢᠶᠡᠨ᠎ᠤ ᠬᠠᠶᠢᠭ᠄ www.nmgrck.cn)᠎ᠳᠤ ᠭᠠᠷᠴᠤ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠪᠠ ᠰᠦᠯᠵᠢᠶᠡᠨ ᠭᠠᠳᠠᠨᠠᠬᠢ ᠮᠠᠲ᠋ᠧᠷᠢᠶᠠᠯ᠎ᠢ ᠮᠡᠳᠡᠭᠦᠯᠬᠦ ᠵᠢ ᠪᠡᠶᠡᠯᠡᠭᠦᠯᠬᠦ ᠬᠡᠷᠡᠭᠲᠡᠶ᠃
      2. ᠰᠦᠯᠵᠢᠶᠡᠨ᠎ᠠᠴᠠ ᠭᠠᠳᠠᠨ᠎ᠠ ᠲᠤᠰᠢᠶᠠᠬᠤ ᠮᠠᠲ᠋ᠧᠷᠢᠶᠠᠯ᠃ ᠮᠡᠳᠡᠭᠦᠯᠬᠦ ᠠᠵᠢᠯᠲᠠᠨ ᠰᠦᠯᠵᠢᠶᠡᠨ ᠭᠠᠳᠠᠨ᠎ᠠ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠬᠤ᠎ᠳᠤ᠂ ᠲᠤᠰᠬᠠᠢ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠮᠠᠲ᠋ᠧᠷᠢᠶᠠᠯ᠎ᠤᠨ ᠭᠠᠷᠴᠠᠭ᠎ᠤᠨ ᠬᠠᠭᠤᠳᠠᠰᠤᠨ᠎ᠳᠤ ᠵᠢᠭᠰᠠᠭ᠋ᠠᠭᠰᠠᠨ ᠠᠭᠤᠯᠭ᠎ᠠ ᠵᠢᠨ ᠶᠣᠰᠣᠭ᠋ᠠᠷ ᠪᠡᠯᠡᠳᠬᠡᠬᠦ ᠬᠡᠷᠡᠭᠲᠡᠶ (ᠳᠠᠭ᠋ᠠᠯᠳᠤᠭᠤᠯᠤᠯ 1 ᠵᠢ ᠦᠵᠡ) ᠪᠥᠭᠡᠳ ᠬᠢᠨᠠᠨ ᠰᠢᠯᠭ᠋ᠠᠷᠠᠭᠤᠯᠬᠤ᠎ᠪᠠᠷ ᠬᠦᠷᠭᠡᠵᠦ ᠭᠡᠷᠡᠴᠢᠯᠡᠬᠦ ᠮᠠᠲ᠋ᠧᠷᠢᠶᠠᠯ ᠵᠶ᠋ᠠᠨ A4 ᠴᠠᠭ᠋ᠠᠰᠤ᠎ᠪᠠᠷ ᠳᠠᠷᠤᠮᠠᠯᠯᠠᠬᠤ ᠵᠢᠨ ᠬᠠᠮᠲᠤ ᠳᠡᠪᠲᠡᠷᠯᠡᠨ᠎ᠡ᠃ ᠳᠡᠪᠲᠡᠷᠯᠡᠭᠰᠡᠨ ᠦᠭᠡᠢ ᠵᠢ᠎ᠨᠢ ᠭᠥᠯᠢᠶᠡᠨ ᠠᠪᠬᠤ ᠦᠭᠡᠢ᠃
      3. ᠦᠨᠡᠨᠴᠢ ᠢᠲᠡᠭᠡᠮᠵᠢ ᠵᠢᠨ ᠠᠮᠠᠯᠠᠯᠲᠠ ᠪᠠ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠨᠠᠢ᠌ᠳᠠᠪᠤᠷᠢᠵᠢᠭᠤᠯᠤᠨ᠎ᠠ᠃ ᠮᠡᠳᠡᠭᠦᠯᠦᠭᠴᠢ᠎ᠨᠢ ᠡᠷᠬᠡᠪᠰᠢ 《ᠮᠡᠷᠭᠡᠵᠢᠯ᠎ᠤᠨ ᠴᠣᠯᠠ ᠮᠡᠳᠡᠭᠦᠯᠬᠦ ᠦᠨᠡᠨᠴᠢ ᠢᠲᠡᠭᠡᠮᠵᠢ ᠵᠢᠨ ᠠᠮᠠᠯᠠᠯᠲᠠ ᠵᠢᠨ ᠪᠢᠴᠢᠭ》 (ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ᠎ᠠᠴᠠ ᠪᠠᠭᠤᠯᠭ᠋ᠠᠭᠰᠠᠨ 《ᠲᠤᠰᠬᠠᠢ ᠮᠡᠷᠭᠡᠵᠢᠯ᠎ᠤᠨ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠬᠦᠰᠦᠨᠦᠭᠲᠦ》᠎ᠳᠤ ᠪᠠᠭᠲᠠᠨ᠎ᠠ)᠎ᠳᠤ ᠭᠠᠷ᠎ᠤᠨ ᠦᠰᠦᠭ ᠵᠢᠷᠤᠵᠤ᠂ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠦᠭᠡᠢ ᠪᠠᠢ᠌ᠪᠠᠯ ᠬᠢᠨᠠᠨ ᠲᠣᠭᠲᠠᠭ᠋ᠠᠬᠤ᠎ᠪᠠᠷ ᠲᠤᠰᠢᠶᠠᠬᠤ ᠦᠭᠡᠢ᠂ ᠬᠢᠨᠠᠨ ᠲᠣᠭᠲᠠᠭ᠋ᠠᠬᠤ ᠠᠵᠢᠯ ᠳᠠᠭᠤᠰᠤᠭᠰᠠᠨ᠎ᠤ ᠳᠠᠷᠠᠭ᠎ᠠ᠂ 《ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠬᠢᠨᠠᠨ ᠲᠣᠭᠲᠠᠭ᠋ᠠᠬᠤ ᠬᠦᠰᠦᠨᠦᠭᠲᠦ》᠎ᠲᠠᠢ ᠬᠠᠮᠲᠤ᠎ᠳᠤᠨᠢ ᠲᠠᠩᠰᠠ ᠡᠪᠬᠡᠮᠡᠯ᠎ᠳᠤ ᠣᠷᠣᠭᠤᠯᠵᠤ ᠳᠠᠩᠰᠠᠯᠠᠭᠤᠯᠬᠤ ᠬᠡᠷᠡᠭᠲᠡᠶ᠃ ᠬᠡᠷᠪᠡ ᠬᠢᠨᠠᠨ ᠬᠠᠷᠭᠤᠭᠤᠯᠬᠤ ᠪᠠ ᠬᠢᠨᠠᠨ ᠲᠣᠭᠲᠠᠭ᠋ᠠᠬᠤ ᠶᠠᠪᠤᠴᠠ᠎ᠳᠤ᠂ ᠮᠡᠳᠡᠭᠦᠯᠦᠭᠴᠢ ᠪᠠ ᠮᠡᠳᠡᠭᠦᠯᠦᠭᠴᠢ ᠵᠢᠨ ᠪᠠᠢ᠌ᠭ᠎ᠠ ᠨᠢᠭᠡᠴᠢ᠎ᠳᠤ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠪᠠ ᠲᠣᠭᠲᠠᠭ᠋ᠠᠯ᠎ᠠᠴᠠ ᠵᠥᠷᠢᠴᠡᠵᠦ ᠰᠠᠬᠢᠯᠭ᠎ᠠ ᠪᠠᠲᠤ᠎ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶ᠋ᠢᠬᠤ ᠵᠢ ᠣᠯᠵᠤ ᠮᠡᠳᠡᠪᠡᠯ᠂ 《ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠠᠷᠢᠨ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠃
      4. ᠨᠢᠭᠡᠴᠢ᠎ᠠᠴᠠ ᠬᠤᠷᠢᠶᠠᠩᠭᠤᠢ᠌ᠯᠠᠭᠰᠠᠨ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ᠃ ᠡᠯ᠎ᠡ ᠨᠢᠭᠡᠴᠢ᠎ᠨᠢ ᠲᠣᠰ ᠨᠢᠭᠡᠴᠢ ᠵᠢᠨ ᠵᠶ᠋ᠡᠨ ᠮᠡᠳᠡᠭᠦᠯᠦᠭᠰᠡᠨ ᠠᠵᠢᠯᠲᠠᠨ᠎ᠤ ᠪᠦᠷᠢᠳᠬᠡᠨ ᠬᠤᠷᠢᠶᠠᠩᠭᠤᠢ᠌ᠯᠠᠬᠤ ᠠᠵᠢᠯ᠎ᠢ ᠬᠠᠷᠢᠭᠤᠴᠠᠵᠤ᠂ ᠮᠡᠷᠭᠡᠵᠢᠯ᠎ᠤᠨ ᠴᠣᠯᠠ ᠵᠢᠨ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠵᠢᠨ ᠬᠠᠮᠲᠤ᠂ ᠮᠡᠷᠭᠡᠵᠢᠯ᠎ᠤᠨ ᠴᠣᠯᠠ ᠵᠢᠨ ᠬᠢᠨᠠᠨ ᠰᠢᠯᠭ᠋ᠠᠷᠠᠭᠤᠯᠬᠤ᠎ᠪᠠᠷ ᠮᠡᠳᠡᠭᠦᠯᠦᠭᠰᠡᠨ ᠠᠵᠢᠯᠲᠠᠨ᠎ᠤ ᠨᠡᠷ᠎ᠡ ᠵᠢᠨ ᠪᠦᠷᠢᠳᠬᠡᠯ (ᠳᠠᠭ᠋ᠠᠯᠳᠤᠭᠤᠯᠤᠯ 2᠎ᠢ ᠦᠵᠡ)᠎ᠢ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ᠎ᠨᠢ excel ᠵᠠᠭᠪᠤᠷ᠎ᠢ ᠬᠡᠷᠡᠭᠰᠡᠨ᠎ᠡ᠃
      (ᠬᠣᠶᠠᠷ) ᠮᠡᠳᠡᠭᠦᠯᠬᠦ ᠠᠷᠭ᠎ᠠ ᠵᠠᠮ
      ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ᠂ ᠡᠯ᠎ᠡ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠮᠡᠳᠡᠭᠦᠯᠬᠦ ᠠᠵᠢᠯᠲᠠᠨ ᠪᠠᠢ᠌ᠭ᠎ᠠ ᠨᠢᠭᠡᠴᠢ (ᠠᠵᠤ ᠠᠬᠤᠢ᠌ᠯᠠᠯ)᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠵᠦ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠨ ᠬᠠᠷᠭᠤᠭᠤᠯᠵᠤ ᠭᠠᠷ᠎ᠤᠨ ᠦᠰᠦᠭ ᠵᠢᠷᠤᠬᠤ ᠵᠢᠨ ᠬᠠᠮᠲᠤ ᠠᠯᠪᠠᠨ ᠲᠠᠮᠠᠭ᠎ᠠ᠎ᠪᠠᠨ ᠳᠠᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ (ᠳᠡᠭᠡᠳᠦ ᠰᠢᠯᠭ᠋ᠠᠷᠠᠭᠤᠯᠬᠤ ᠺᠣᠮᠢᠰ᠎ᠤᠨ ᠬᠡᠷᠡᠭ ᠡᠷᠭᠢᠯᠡᠬᠦ ᠪᠠᠢ᠌ᠭᠤᠯᠤᠮᠵᠢ)᠎ᠲᠤ ᠨᠢᠭᠡᠳᠦᠯᠲᠡᠢ ᠮᠡᠳᠡᠭᠦᠯᠦᠨ ᠬᠦᠷᠭᠡᠨ᠎ᠡ᠃
      ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠮᠡᠳᠡᠭᠦᠯᠬᠦ ᠠᠵᠢᠯᠲᠠᠨ᠎ᠢ ᠪᠠᠢ᠌ᠭ᠎ᠠ ᠨᠢᠭᠡᠴᠢ᠎ᠠᠴᠠ ᠬᠢᠨᠠᠨ ᠬᠠᠷᠭᠤᠭᠤᠯᠬᠤ᠂ ᠲᠠᠨᠢᠯᠴᠠᠭᠤᠯᠬᠤ᠂ ᠢᠯᠡ ᠨᠡᠢ᠌ᠲᠡᠯᠡᠬᠦ ᠵᠡᠷᠭᠡ ᠲᠠᠰ ᠳᠠᠷᠠᠭ᠋ᠠᠯᠠᠯ᠎ᠢ ᠭᠦᠢ᠍ᠴᠡᠳᠬᠡᠭᠰᠡᠨ᠎ᠤ ᠳᠠᠷᠠᠭ᠎ᠠ᠂ ᠰᠢᠭᠤᠳ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠶ᠃
      ᠠᠶ᠋ᠢᠮᠠᠭ ᠬᠣᠲᠠ ᠵᠢᠴᠢ ᠲᠡᠭᠦᠨ᠎ᠠᠴᠠ ᠳᠣᠷᠣᠭᠰᠢᠬᠢ ᠠᠵᠢᠯ ᠦᠢ᠍ᠯᠡᠰ᠎ᠤᠨ ᠨᠢᠭᠡᠴᠢ ᠵᠢᠨ ᠵᠢᠩᠬᠢᠨᠢ ᠳᠡᠭᠡᠳᠦ ᠵᠡᠷᠭᠡ ᠵᠢᠨ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠪᠠᠷ ᠮᠡᠳᠡᠭᠦᠯᠦᠭᠰᠡᠨ ᠠᠵᠢᠯᠲᠠᠨ᠎ᠢ ᠪᠠᠢ᠌ᠭ᠎ᠠ  ᠨᠢᠭᠡᠴᠢ᠎ᠨᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠠᠳᠠᠯᠢ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠬᠢᠨᠠᠨ ᠬᠠᠷᠭᠤᠭᠤᠯᠵᠤ ᠬᠤᠷᠢᠶᠠᠩᠭᠤᠢ᠌ᠯᠠᠭᠰᠠᠨ᠎ᠤ ᠳᠠᠷᠠᠭ᠎ᠠ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠬᠦ ᠬᠡᠷᠡᠭᠲᠡᠶ᠃
      ᠨᠠᠢ᠌ᠳᠠ ᠵᠢᠨ ᠥᠮᠴᠢᠯᠡᠯ᠎ᠤᠨ ᠪᠤᠰᠤ ᠬᠦᠷᠢᠶᠡᠨ᠎ᠳᠤ᠂ ᠴᠢᠯᠦᠭᠡᠲᠦ ᠠᠵᠢᠯᠲᠠᠨ ᠵᠢᠩᠬᠢᠨᠢ ᠳᠡᠭᠡᠳᠦ ᠵᠡᠷᠭᠡ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠬᠥᠮᠥᠰ᠎ᠲᠤ 《ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠠᠷᠢᠨ ᠳᠦᠷᠢᠮ》᠎ᠤᠨ ᠱᠠᠭ᠋ᠠᠷᠳᠠᠯᠭ᠎ᠠ ᠵᠢᠨ ᠠᠷᠭ᠎ᠠ ᠵᠠᠮ ᠪᠠ ᠲᠠᠰ ᠳᠠᠷᠠᠭ᠋ᠠᠯᠠᠯ᠎ᠤᠨ ᠶᠣᠰᠣᠭ᠋ᠠᠷ ᠮᠡᠳᠡᠭᠦᠯᠦᠨ᠎ᠡ᠃
      (ᠭᠤᠷᠪᠠ) ᠬᠢᠨᠠᠨ ᠬᠠᠷᠭᠤᠭᠤᠯᠬᠤ ᠪᠠ ᠢᠯᠡ ᠨᠡᠢ᠌ᠲᠡᠯᠡᠬᠦ
      1 ᠨᠢᠭᠡᠴᠢ᠎ᠠᠴᠠ ᠬᠢᠨᠠᠨ ᠬᠠᠷᠭᠤᠭᠤᠯᠬᠤ ᠪᠠ ᠵᠠᠷᠯᠠᠨ ᠨᠡᠢ᠌ᠲᠡᠯᠡᠬᠦ
ᠮᠡᠳᠡᠭᠦᠯᠦᠭᠴᠢ ᠵᠢᠨ ᠪᠠᠢ᠌ᠭ᠎ᠠ ᠨᠢᠭᠡᠴᠢ᠎ᠨᠢ ᠪᠤᠢ ᠪᠦᠬᠦᠢ ᠮᠡᠳᠡᠭᠦᠯᠦᠭᠴᠢ ᠵᠢᠨ 《ᠲᠤᠰᠬᠠᠢ ᠮᠡᠷᠭᠡᠵᠢᠯ᠎ᠤᠨ ᠴᠣᠯᠠ ᠬᠦᠷᠭᠡᠵᠦ ᠬᠢᠨᠠᠭᠤᠯᠬᠤ ᠬᠦᠰᠦᠨᠦᠭᠲᠦ》 ᠵᠢ ᠲᠣᠰ ᠨᠢᠭᠡᠴᠢ᠎ᠳᠡᠭᠡᠨ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠴᠠᠭ ᠬᠤᠭᠤᠴᠠᠭ᠎ᠠ᠎ᠨᠢ 5 ᠠᠵᠢᠯᠯᠠᠬᠤ ᠡᠳᠦᠷ᠎ᠠᠴᠠ ᠳᠤᠲᠠᠭᠤ ᠪᠠᠢ᠌ᠵᠤ ᠪᠣᠯᠬᠤ ᠦᠭᠡᠢ᠂ ᠢᠯᠡ ᠨᠡᠢ᠌ᠲᠡᠯᠡᠬᠦ᠎ᠳᠤ ᠣᠨᠳᠣᠣ ᠰᠠᠨᠠᠯ ᠦᠭᠡᠢ ᠪᠣᠯᠤᠭᠰᠠᠨ᠎ᠤ ᠳᠠᠷᠠᠭ᠎ᠠ ᠰᠠᠶᠢ ᠳᠡᠭᠡᠭᠰᠢ ᠮᠡᠳᠡᠭᠦᠯᠵᠦ ᠪᠣᠯᠣᠨ᠎ᠠ᠂ ᠳᠡᠭᠡᠭᠰᠢ ᠮᠡᠳᠡᠭᠦᠯᠬᠦ ᠮᠠᠲ᠋ᠧᠷᠢᠶᠠᠯ᠎ᠳᠤ ᠢᠯᠡ ᠨᠡᠢ᠌ᠲᠡᠯᠡᠭᠰᠡᠨ ᠪᠠᠶ᠋ᠢᠳᠠᠯ᠎ᠤᠨ ᠲᠣᠳᠣᠷᠬᠠᠢ᠌ᠯᠠᠯᠲᠠ ᠵᠢ ᠪᠠᠭᠲᠠᠭ᠋ᠠᠬᠤ ᠬᠡᠷᠡᠭᠲᠡᠶ᠃
      2 ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠳᠠᠬᠢᠨ ᠬᠠᠷᠭᠤᠭᠤᠯᠤᠯᠲᠠ
ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠲᠣᠭᠲᠠᠭ᠋ᠠᠭᠰᠠᠨ ᠲᠠᠰ ᠳᠠᠷᠠᠭ᠋ᠠᠯᠠᠯ᠎ᠤᠨ ᠶᠣᠰᠣᠭ᠋ᠠᠷ ᠮᠡᠳᠡᠭᠦᠯᠬᠦ ᠮᠠᠲ᠋ᠧᠷᠢᠶᠠᠯ᠎ᠢ ᠳᠠᠬᠢᠨ ᠬᠢᠨᠠᠵᠤ᠂ ᠮᠡᠳᠡᠭᠦᠯᠬᠦ ᠨᠥᠬᠥᠴᠡᠯ᠎ᠳᠤ ᠨᠡᠢ᠌ᠴᠡᠭᠰᠡᠨ᠎ᠢ᠎ᠨᠢ ᠮᠡᠳᠡᠭᠦᠯᠦᠨ ᠬᠦᠷᠭᠡᠬᠦ ᠬᠡᠷᠡᠭᠲᠡᠶ; ᠮᠡᠳᠡᠭᠦᠯᠦᠭᠰᠡᠨ ᠮᠠᠲ᠋ᠧᠷᠢᠶᠠᠯ᠎ᠨᠢ ᠪᠦᠷᠢᠨ ᠪᠤᠰᠤ᠂ ᠵᠢᠷᠤᠮᠵᠢᠯ ᠦᠭᠡᠢ᠂ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠦᠭᠡᠢ ᠪᠠᠢ᠌ᠪᠠᠯ᠂ ᠨᠥᠬᠥᠪᠦᠷᠢᠯᠡᠨ ᠵᠠᠯᠠᠷᠠᠭᠤᠯᠬᠤ ᠴᠢᠬᠤᠯᠠ᠎ᠲᠠᠢ ᠪᠥᠬᠥ ᠮᠠᠲ᠋ᠧᠷᠢᠶᠠᠯ᠎ᠨᠢ ᠴᠠᠭ ᠲᠤᠬᠠᠢ᠎ᠳᠤᠨᠢ ᠮᠡᠳᠡᠭᠳᠡᠬᠦ ᠬᠡᠷᠡᠭᠲᠡᠶ᠃ ᠮᠡᠳᠡᠭᠦᠯᠦᠭᠴᠢ ᠬᠤᠭᠤᠴᠠᠭ᠎ᠠ ᠬᠡᠲᠦᠷᠡᠲᠡᠯ᠎ᠡ ᠮᠠᠲ᠋ᠧᠷᠢᠶᠠᠯ ᠵᠶ᠋ᠡᠨ ᠨᠥᠬᠥᠪᠦᠷᠢᠯᠡᠨ ᠪᠦᠷᠢᠨ ᠪᠦᠲᠦᠨ ᠪᠣᠯᠭ᠋ᠠᠭᠰᠠᠨ ᠦᠭᠡᠢ ᠪᠠᠢ᠌ᠪᠠᠯ᠂ ᠮᠡᠳᠡᠭᠦᠯᠬᠦ᠎ᠪᠠᠨ ᠲᠠᠶᠠᠭᠳᠠᠭᠰᠠᠨ ᠵᠶ᠋ᠠᠷ ᠦᠵᠡᠨ᠎ᠡ᠃
      ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠂ ᠣᠷᠣᠨ᠎ᠤ ᠰᠢᠭᠤᠳ ᠬᠠᠷᠢᠶ᠎ᠠ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠠᠲ᠋ᠧᠷᠢᠶᠠᠯ ᠵᠶ᠋ᠠᠨ ᠳᠡᠭᠡᠭᠰᠢ ᠮᠡᠳᠡᠭᠦᠯᠬᠦ᠎ᠠᠴᠠ ᠡᠮᠦᠨ᠎ᠡ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠵᠶ᠋ᠡᠨ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠰᠢᠷᠢᠰ ᠮᠡᠷᠭᠡᠵᠢᠯ᠎ᠤᠨ ᠴᠣᠯᠠ ᠮᠡᠳᠡᠭᠦᠯᠦᠭᠰᠡᠳ᠎ᠤᠨ ᠨᠡᠷᠡᠰ᠎ᠤᠨ ᠳᠡᠪᠲᠡᠷ᠎ᠢ ᠬᠠᠮᠢᠶ᠎ᠠ ᠪᠦᠬᠦᠢ ᠰᠦᠯᠵᠢᠶᠡᠨ ᠥᠷᠲᠡᠭᠡ ᠳᠡᠭᠡᠷ᠎ᠡ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠴᠠᠭ᠎ᠨᠢ 5 ᠠᠵᠢᠯᠯᠠᠬᠤ ᠡᠳᠦᠷ᠎ᠠᠴᠠ ᠳᠤᠲᠠᠭᠤ ᠪᠠᠢ᠌ᠵᠤ ᠪᠣᠯᠬᠤ ᠦᠭᠡᠢ᠂ ᠢᠯᠡ ᠨᠡᠢ᠌ᠲᠡᠯᠡᠬᠦ᠎ᠳᠤ ᠣᠨᠳᠣᠣ ᠰᠠᠨᠠᠯ ᠦᠭᠡᠢ ᠪᠣᠯ ᠳᠡᠭᠡᠭᠰᠢ ᠮᠡᠳᠡᠭᠦᠯᠵᠦ᠂ ᠳᠡᠭᠡᠭᠰᠢ ᠮᠡᠳᠡᠭᠦᠯᠬᠦ ᠮᠠᠲ᠋ᠧᠷᠢᠶᠠᠯ᠎ᠳᠤ ᠢᠯᠡ ᠨᠡᠢ᠌ᠲᠡᠯᠡᠭᠰᠡᠨ ᠪᠠᠶ᠋ᠢᠳᠠᠯ᠎ᠤᠨ ᠲᠣᠳᠣᠷᠬᠠᠢ᠌ᠯᠠᠯᠲᠠ ᠵᠢ ᠪᠠᠭᠲᠠᠭ᠋ᠠᠬᠤ ᠬᠡᠷᠡᠭᠲᠡᠶ᠃
      3. ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠢ᠌ᠲᠡᠯᠡᠨ᠎ᠡ᠃
      ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠤᠨ ᠰᠢᠷᠢᠰ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ ᠳᠠᠭᠤᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠫᠤᠷᠲᠸᠯ ᠰᠦᠯᠵᠢᠶ᠎ᠡ᠎ᠪᠠᠷ ᠳᠡᠮᠵᠢᠨ ᠰᠢᠯᠭ᠋ᠠᠷᠠᠭᠤᠯᠤᠯᠲᠠ ᠵᠢᠨ ᠦᠷ᠎ᠡ ᠳ᠋ᠦᠩ᠎ᠢ ᠵᠠᠷᠯᠠᠨ ᠨᠡᠢ᠌ᠲᠡᠯᠡᠵᠦ᠂ ᠵᠠᠷᠯᠠᠨ ᠨᠡᠢ᠌ᠲᠡᠯᠡᠬᠦ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ᠃
      ᠭᠤᠷᠪᠠ᠂ ᠪᠤᠰᠤᠳ ᠵᠦᠢ᠍ᠯ
      (ᠨᠢᠭᠡ) ᠴᠠᠭ ᠬᠤᠭᠤᠴᠠᠭ᠋ᠠᠨ᠎ᠤ ᠲᠣᠬᠢᠷᠠᠭᠤᠯᠤᠯᠲᠠ
      ᠣᠷᠣᠨ᠎ᠤ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠡᠷᠬᠡᠪᠰᠢ 2024 ᠣᠨ᠎ᠤ 6  ᠰᠠᠷ᠎ᠠ ᠵᠢᠨ 29᠎ᠤ ᠡᠳᠦᠷ᠎ᠠᠴᠠ ᠡᠮᠦᠨ᠎ᠡ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠪᠠᠷ ᠮᠡᠳᠡᠭᠦᠯᠬᠦ ᠠᠵᠢᠯ ᠵᠶ᠋ᠠᠨ ᠳᠠᠭᠤᠰᠬᠠᠬᠤ ᠬᠡᠷᠡᠭᠲᠡᠶ᠃ ᠮᠡᠳᠡᠭᠦᠯᠬᠦ ᠠᠵᠢᠯ ᠳᠠᠭᠤᠰᠤᠭᠰᠠᠨ᠎ᠤ ᠳᠠᠷᠠᠭ᠎ᠠ ᠨᠥᠬᠥᠵᠦ ᠮᠡᠳᠡᠭᠦᠯᠦᠭᠰᠡᠨ ᠮᠠᠲ᠋ᠧᠷᠢᠶᠠᠯ᠎ᠢ ᠳᠠᠬᠢᠵᠤ ᠭᠥᠯᠢᠶᠡᠨ ᠠᠪᠬᠤ ᠦᠭᠡᠢ᠃ ᠠᠶ᠋ᠢᠮᠠᠭ ᠬᠣᠲᠠ ᠵᠢᠴᠢ ᠲᠡᠭᠦᠨ᠎ᠠᠴᠠ ᠳᠣᠷᠣᠭᠰᠢᠬᠢ ᠨᠢᠭᠡᠴᠢ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠂ ᠨᠡᠢ᠌ᠭᠡᠮ᠎ᠤᠨ ᠪᠦᠯᠬᠦᠮ ᠵᠢᠴᠢ ᠪᠤᠰᠤᠳ ᠨᠠᠢ᠌ᠳᠠ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠴᠢᠯᠦᠭᠡᠲᠦ ᠠᠵᠢᠯᠲᠠᠨ ᠵᠢᠩᠬᠢᠨᠢ ᠳᠡᠭᠡᠳᠦ ᠵᠡᠷᠭᠡ ᠵᠢᠨ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠬᠥᠮᠥᠰ ᠵᠶ᠋ᠡᠨ ᠮᠡᠳᠡᠭᠦᠯᠬᠦ᠎ᠳᠤ᠂ ᠪᠠᠢ᠌ᠭ᠎ᠠ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ (ᠪᠤᠶᠤ ᠮᠡᠷᠭᠡᠵᠢᠯ᠎ᠤᠨ ᠴᠣᠯᠠ᠎ᠪᠠᠨ ᠰᠢᠭᠤᠳ ᠮᠡᠳᠡᠭᠦᠯᠬᠦ ᠨᠢᠭᠡᠴᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠠᠯᠠᠭ᠎ᠠ ᠮᠥᠴᠢᠷ) ᠵᠢᠨ ᠲᠣᠭᠲᠠᠭ᠋ᠠᠭᠰᠠᠨ ᠴᠠᠭ᠎ᠤᠨ ᠲᠣᠬᠢᠷᠠᠭᠤᠯᠤᠯᠲᠠ ᠶᠣᠰᠣᠭ᠋ᠠᠷ ᠮᠡᠳᠡᠭᠦᠯᠬᠦ ᠬᠡᠷᠡᠭᠲᠡᠶ᠃ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠰᠤᠷᠤᠯᠭ᠎ᠠ ᠵᠢᠨ ᠨᠠᠮᠲᠠᠷ᠂ ᠬᠢᠷᠢ ᠬᠡᠮ᠂ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ᠂ ᠠᠵᠢᠯ᠎ᠤᠨ ᠪᠦᠲᠦᠮᠵᠢ ᠦᠷ᠎ᠡ ᠪᠦᠲᠦᠭᠡᠯ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠢᠨᠠᠨ ᠰᠢᠯᠭ᠋ᠠᠬᠤ ᠺᠠᠷᠲ᠎ᠤᠨ ᠳᠠᠭᠤᠰᠬᠤ ᠴᠠᠭ᠎ᠨᠢ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠳᠠᠭᠤᠰᠬᠤ ᠴᠠᠭ᠃
      (ᠬᠣᠶᠠᠷ) ᠬᠢᠨᠠᠨ ᠲᠣᠭᠲᠠᠭ᠋ᠠᠵᠤ ᠰᠦᠢ᠍ᠳᠬᠡᠯ ᠬᠤᠷᠢᠶᠠᠬᠤ ᠪᠠᠷᠢᠮᠵᠢᠶ᠎ᠠ
      《ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠵᠠᠷᠤᠳᠠᠯ ᠬᠢᠭᠡᠳ ᠦᠨᠡᠮᠯᠡᠯ᠎ᠤᠨ ᠳᠡᠪᠲᠡᠷ᠎ᠤᠨ ᠥᠷᠲᠡᠭ᠎ᠤᠨ ᠵᠠᠷᠤᠳᠠᠯ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠲᠢᠩᠬᠢᠮ᠎ᠤᠨ ᠴᠣᠬᠣᠯᠠᠪᠤᠷᠢ》 ([2001] 1202 ᠲᠣᠭ᠋ᠠᠲᠤ) ᠪᠣᠯᠣᠨ 《ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠬᠢᠭᠡᠳ ᠦᠨᠡᠮᠯᠡᠯ᠎ᠤᠨ ᠰᠦᠢ᠍ᠳᠬᠡᠯ ᠬᠤᠷᠢᠶᠠᠬᠤ ᠵᠢᠴᠢ ᠵᠠᠷᠤᠯᠭ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠲᠥᠯᠥᠪᠯᠡᠭᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 (ᠥᠪᠥᠷ  ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠲᠢᠩᠬᠢᠮ᠎ᠠᠴᠠ ᠲᠠᠷᠬᠠᠭ᠋ᠠᠭᠰᠠᠨ [2001] 124 ᠳ᠋ᠦ᠍ᠭᠡᠷ ᠲᠣᠭ᠋ᠠᠲᠤ) ᠶᠣᠰᠣᠭ᠋ᠠᠷ᠂ ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠰᠢᠯᠭ᠋ᠠᠷᠠᠭᠤᠯᠬᠤ᠎ᠪᠠᠷ ᠭᠤᠶᠤᠴᠢᠯᠠᠬᠤ ᠵᠠᠷᠤᠳᠠᠯ 320 ᠲᠥᠭᠥᠷᠢᠭ / ᠬᠥᠮᠥᠨ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠰᠢᠯᠭ᠋ᠠᠷᠠᠭᠤᠯᠬᠤ᠎ᠪᠠᠷ ᠭᠤᠶᠤᠴᠢᠯᠠᠬᠤ ᠵᠠᠷᠤᠳᠠᠯ 280 ᠲᠥᠭᠥᠷᠢᠭ / ᠬᠥᠮᠥᠨ᠂ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠰᠢᠯᠭ᠋ᠠᠷᠠᠭᠤᠯᠬᠤ᠎ᠪᠠᠷ ᠭᠤᠶᠤᠴᠢᠯᠠᠬᠤ ᠵᠠᠷᠤᠳᠠᠯ 150 ᠲᠥᠭᠥᠷᠢᠭ / ᠬᠥᠮᠥᠨ᠂ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠰᠢᠯᠭ᠋ᠠᠷᠠᠭᠤᠯᠬᠤ᠎ᠪᠠᠷ ᠭᠤᠶᠤᠴᠢᠯᠠᠬᠤ ᠵᠠᠷᠤᠳᠠᠯ 100 ᠲᠥᠭᠥᠷᠢᠭ / ᠬᠥᠮᠥᠨ᠃
      ᠲᠣᠰ ᠮᠡᠳᠡᠭᠳᠡᠯ᠎ᠳᠤ ᠬᠢᠵᠦ ᠳᠠᠭᠤᠰᠤᠭ᠋ᠠᠳᠤᠢ ᠤᠴᠢᠷ᠎ᠢ 《2024 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ  ᠬᠥᠮᠥᠨ᠎ᠤ  ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠲᠠᠷᠬᠠᠭ᠋ᠠᠭᠰᠠᠨ [2024] 85 ᠳ᠋ᠤᠭ᠋ᠠᠷ ᠲᠣᠭ᠋ᠠᠲᠤ) ᠪᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠲᠠᠷᠬᠠᠭ᠋ᠠᠭᠰᠠᠨ [2023] 4 ᠳ᠋ᠦ᠍ᠭᠡᠷ ᠲᠣᠭ᠋ᠠᠲᠤ)᠎ᠢ ᠪᠠᠢ᠌ᠴᠠᠭ᠋ᠠᠨ ᠦᠵᠡᠬᠦ ᠪᠤᠶᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ (ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠰᠢᠯᠭ᠋ᠠᠷᠠᠭᠤᠯᠬᠤ ᠺᠣᠮᠢᠰ᠎ᠤᠨ ᠬᠡᠷᠡᠭ ᠡᠷᠭᠢᠯᠡᠬᠦ ᠪᠠᠢ᠌ᠭᠤᠯᠤᠮᠵᠢ)᠎ᠠᠴᠠ ᠯᠠᠪᠯᠠᠬᠤ ᠵᠢ ᠬᠦᠰᠡᠵᠦ ᠪᠠᠢ᠌ᠨ᠎ᠠ᠃
      ᠬᠠᠷᠢᠯᠴᠠᠬᠤ ᠤᠲᠠᠰᠤ᠄ 0471-4632081
      ᠬᠠᠷᠢᠯᠴᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 1104 ᠥᠷᠥᠭᠡ (ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦ᠍ᠭᠡᠷ ᠨᠣᠮᠧᠷ)
      ᠳᠠᠭ᠋ᠠᠯᠳᠤᠭᠤᠯᠤᠯ᠄ 1. ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠠᠲ᠋ᠧᠷᠢᠶᠠᠯ᠎ᠤᠨ ᠭᠠᠷᠴᠠᠭ᠎ᠤᠨ ᠬᠠᠭᠤᠳᠠᠰᠤ
      2. 2024 ᠣᠨ ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ  ᠲᠣᠭᠣᠷᠢᠨ᠎ᠤ ᠢᠨᠵᠧᠨᠧᠷᠢᠩ᠎ᠤᠨ ᠰᠢᠷᠢᠰ ᠲᠤᠰᠬᠠᠢ ᠮᠡᠷᠭᠡᠵᠢᠯ
      ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠪᠠᠷ ᠮᠡᠳᠡᠭᠦᠯᠦᠭᠰᠡᠳ᠎ᠤᠨ ᠨᠡᠷᠡᠰ᠎ᠤᠨ ᠪᠦᠷᠢᠳᠬᠡᠯ
          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                 2024 ᠣᠨ᠎ᠤ 5 ᠰᠠᠷ᠎ᠠ ᠵᠢᠨ 27᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠡᠷᠬᠡ ᠵᠢᠨ ᠵᠠᠭᠤᠴᠢ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠬᠠᠭᠤᠳᠠᠰᠤ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠡᠢ᠌ᠲᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ 2023 ᠣᠨ᠎ᠤ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠪᠠᠶ᠋ᠢᠳᠠᠯ᠎ᠢ ᠢᠯᠡ ᠨᠡᠢ᠌ᠲᠡᠯᠡᠬᠦ ᠲᠤᠬᠠᠢ
 
             蒙ICP备05000248号