ᠣᠢ᠌ᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢ ᠲᠠᠨᠢᠯᠴᠠᠭᠤᠯᠤᠨ ᠰᠢᠯᠭ᠋ᠠᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠮᠡᠳᠡᠭᠳᠡᠯ》᠎ᠳᠤ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠡᠨᠡ ᠵᠢᠯ ᠠᠩᠬ᠎ᠠ ᠤᠳᠠᠭ᠎ᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠨᠡᠷ᠎ᠡ᠎ᠪᠠᠷ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢ ᠬᠥᠬᠢᠭᠦᠯᠦᠨ ᠰᠠᠢ᠌ᠰᠢᠶᠠᠨ᠎ᠠ᠃
《ᠮᠡᠳᠡᠭᠳᠡᠯ》᠎ᠳᠤ ᠲᠠᠨᠢᠯᠴᠠᠭᠤᠯᠤᠨ ᠰᠢᠯᠭ᠋ᠠᠷᠠᠭᠤᠯᠬᠤ ᠠᠵᠢᠯ᠎ᠤᠨ ᠶᠡᠷᠦᠩᠬᠡᠢ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠵᠠᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠨᠠᠮ᠎ᠤᠨ ᠬᠣᠷᠢᠳᠤᠭ᠋ᠠᠷ ᠶᠡᠬᠡ ᠬᠤᠷᠠᠯ ᠵᠢᠴᠢ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭ᠋ᠠᠭᠰᠠᠨ》 ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠰᠢᠯᠭ᠋ᠠᠷᠠᠭᠤᠯᠵᠤ ᠬᠥᠬᠢᠭᠦᠯᠬᠦ ᠠᠵᠢᠯ᠎ᠳᠠᠬᠢ ᠤᠳᠤᠷᠢᠳᠤᠯᠭ᠎ᠠ ᠵᠢ ᠪᠠᠷᠢᠮᠲᠠᠯᠠᠵᠤ᠂ ᠤᠯᠤᠰ ᠲᠥᠷᠥ ᠵᠢᠨ ᠪᠠᠷᠢᠮᠵᠢᠶ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠣᠣᠯ ᠰᠢᠵᠢᠮ᠎ᠤᠨ ᠱᠠᠭ᠋ᠠᠷᠳᠠᠯᠭ᠎ᠠ᠂ ᠪᠣᠳᠠᠲᠤ ᠠᠮᠵᠢᠯᠲᠠ ᠵᠢᠨ ᠤᠳᠤᠷᠢᠳᠤᠮᠵᠢ ᠵᠢ ᠳᠣᠪᠣᠶ᠋ᠢᠯᠭ᠋ᠠᠵᠤ᠂ 2019 ᠣᠨ᠎ᠤ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢ ᠰᠠᠢ᠌ᠰᠢᠶᠠᠨ ᠬᠥᠬᠢᠭᠦᠯᠦᠭᠰᠡᠨ᠎ᠠᠴᠠ ᠨᠠᠭ᠋ᠠᠰᠢ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠣᠯᠣᠭᠰᠠᠨ ᠠᠮᠵᠢᠯᠲᠠ ᠪᠠ ᠲᠤᠷᠰᠢᠯᠭ᠎ᠠ᠂ ᠡᠯ᠎ᠡ ᠭᠠᠵᠠᠷ ᠡᠯ᠎ᠡ ᠠᠵᠢᠯ ᠲᠥᠷᠥᠯ᠎ᠳᠤ ᠴᠣᠯᠭᠣᠷᠠᠨ ᠭᠠᠷᠤᠭᠰᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢ ᠰᠢᠯᠭ᠋ᠠᠷᠠᠭᠤᠯᠤᠨ ᠬᠥᠬᠢᠭᠦᠯᠵᠦ᠂ ᠲᠡᠷᠢᠭᠦᠨ᠎ᠤ ᠦᠢ᠍ᠯᠡ ᠠᠵᠢᠯᠯᠠᠭ᠎ᠠ ᠵᠢ ᠥᠷᠭᠡᠨ ᠵᠶ᠋ᠡᠷ ᠤᠬᠠᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠲᠥᠯᠥᠨ ᠳᠠᠭ᠋ᠠᠭᠤᠯᠵᠤ ᠪᠠᠶ᠋ᠢᠭ᠋ᠠᠳ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠤ ᠮᠡᠳᠡᠷᠡᠮᠵᠢ ᠵᠢ ᠪᠠᠲᠤᠳᠬᠠᠵᠤ᠂ ᠪᠦᠯᠬᠦᠮᠳᠡᠨ ᠲᠡᠮᠡᠴᠡᠵᠦ ᠰᠢᠨ᠎ᠡ ᠠᠶᠠᠨ ᠵᠠᠮ᠎ᠳᠤ ᠤᠷᠤᠭᠰᠢᠯᠠᠵᠤ᠂ ᠰᠢᠨ᠎ᠡ ᠴᠠᠭ ᠦᠶ᠎ᠡ᠎ᠳᠤ ᠢᠳᠡᠪᠬᠢᠲᠡᠢ ᠭᠠᠪᠢᠶ᠎ᠠ ᠪᠠᠢ᠌ᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ᠃
《ᠮᠡᠳᠡᠭᠳᠡᠯ》᠎ᠳᠤ ᠲᠠᠨᠢᠯᠴᠠᠭᠤᠯᠵᠤ ᠰᠢᠯᠭ᠋ᠠᠷᠠᠭᠤᠯᠬᠤ ᠬᠡᠪᠴᠢᠶ᠎ᠡ ᠪᠠ ᠨᠥᠬᠥᠴᠡᠯ᠎ᠢ ᠲᠣᠳᠣᠷᠬᠠᠢ ᠲᠣᠭᠲᠠᠭ᠋ᠠᠵᠠᠢ᠃ 2019 ᠣᠨ᠎ᠠᠴᠠ ᠨᠠᠭ᠋ᠠᠰᠢ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠵᠢᠱ᠌ᠢᠶᠡᠴᠢ ᠬᠠᠮᠲᠤ ᠨᠠᠢ᠌ᠳᠠ ᠪᠠ ᠵᠢᠱ᠌ᠢᠶᠡᠴᠢ ᠬᠤᠪᠢ ᠬᠥᠮᠥᠨ᠎ᠢ ᠴᠥᠮ ᠲᠠᠨᠢᠯᠴᠠᠭᠤᠯᠵᠤ᠂ ᠨᠥᠬᠥᠴᠡᠯ᠎ᠳᠤ ᠨᠡᠢ᠌ᠴᠡᠭᠰᠡᠨ ᠨᠠᠰᠤ ᠪᠠᠷᠠᠭᠰᠠᠨ ᠬᠥᠮᠥᠰ᠎ᠲᠤ ᠨᠡᠬᠡᠮᠵᠢᠯᠡᠨ ᠣᠯᠭᠣᠵᠤ ᠪᠣᠯᠣᠨ᠎ᠠ᠃ ᠲᠠᠨᠢᠯᠴᠠᠭᠤᠯᠬᠤ ᠡᠲᠡᠭᠡᠳ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠯ᠎ᠡ ᠵᠦᠢ᠍ᠯ᠎ᠤᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠳᠤᠮᠳᠠ ᠢᠯᠡᠳᠲᠡ ᠠᠮᠵᠢᠯᠲᠠ ᠪᠦᠲᠦᠮᠵᠢ ᠣᠯᠣᠭᠰᠠᠨ ᠪᠠᠢ᠌ᠬᠤ ᠬᠡᠷᠡᠭᠲᠡᠶ᠃ ᠪᠣᠳᠠᠲᠠᠢ᠎ᠪᠠᠷ ᠬᠡᠯᠡᠪᠡᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠨᠤᠯ᠎ᠤᠨ ᠰᠤᠳᠤᠯᠭ᠋ᠠᠨ ᠪᠠ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠬᠤ ᠪᠠ ᠬᠠᠭ᠋ᠠᠴᠠᠭᠤᠯᠬᠤ ᠵᠢ ᠡᠰᠡᠷᠭᠦᠴᠡᠵᠦ᠂ ᠠᠵᠢᠯ ᠳᠦᠷᠦᠯ᠎ᠤᠨ ᠰᠢᠰᠲ᠋ᠧᠮ ᠵᠶ᠋ᠡᠷ ᠵᠶ᠋ᠡᠨ ᠳᠡᠮᠵᠢᠬᠦ ᠪᠠ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠦᠲᠦᠮᠵᠢᠲᠡᠢ᠎ᠪᠠᠷ ᠰᠡᠷᠭᠡᠢ᠌ᠯᠡᠨ ᠠᠷᠢᠯᠭ᠋ᠠᠵᠤ᠂ ᠦᠨᠳᠦᠰᠦᠲᠡᠨ᠎ᠤ ᠭᠠᠵᠠᠷ ᠣᠷᠣᠨ᠎ᠤ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠪᠠ ᠵᠠᠰᠠᠭ᠎ᠤᠨ ᠡᠷᠬᠡ ᠵᠢᠨ ᠪᠠᠢ᠌ᠭᠤᠯᠤᠯᠲᠠ ᠵᠢᠴᠢ ᠪᠤᠰᠤᠳ ᠲᠠᠯ᠎ᠠ᠎ᠪᠠᠷ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠨᠠᠢ᠌ᠳᠠ ᠪᠠ ᠬᠤᠪᠢ ᠬᠥᠮᠥᠨ᠎ᠢ ᠴᠢᠩᠭ᠋ᠠᠳᠬᠠᠨ᠎ᠠ᠃
《ᠮᠡᠳᠡᠭᠳᠡᠯ》᠎ᠳᠤ ᠲᠠᠨᠢᠯᠴᠠᠭᠤᠯᠤᠨ ᠰᠢᠯᠭ᠋ᠠᠷᠠᠭᠤᠯᠬᠤ ᠲᠠᠰ ᠳᠠᠷᠠᠭ᠋ᠠᠯᠠᠯ ᠪᠠ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠵᠠᠢ᠃ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠤᠳᠤᠷᠢᠳᠬᠤ ᠪᠠ ᠪᠣᠭᠣᠮᠲᠠ ᠰᠠᠬᠢᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠬᠤ ᠬᠡᠷᠡᠭᠲᠡᠢ᠃ ᠲᠣᠭᠲᠠᠭ᠋ᠠᠭᠰᠠᠨ ᠪᠠᠷᠢᠮᠵᠢᠶ᠎ᠠ᠂ ᠨᠥᠬᠥᠴᠡᠯ ᠪᠠ ᠵᠢᠷᠤᠮ᠎ᠢ ᠴᠢᠩᠭ᠎ᠠ ᠵᠢᠷᠤᠮᠯᠠᠨ᠂ ᠲᠠᠨᠢᠯᠴᠠᠭᠤᠯᠬᠤ ᠡᠲᠡᠭᠡᠳ᠎ᠤᠨ ᠤᠯᠤᠰ ᠲᠥᠷᠥ ᠵᠢᠨ ᠬᠡᠪ ᠴᠢᠨᠠᠷ᠂ ᠭᠣᠣᠯ ᠪᠣᠯᠬᠤ ᠪᠣᠳᠠᠲᠤ ᠪᠦᠲᠦᠮᠵᠢ ᠪᠠ ᠤᠯᠠᠨ ᠲᠦᠮᠡᠨ᠎ᠤ ᠮᠡᠳᠡᠷᠡᠭᠰᠡᠨ ᠪᠠᠶ᠋ᠢᠳᠠᠯ᠎ᠢ ᠪᠦᠬᠦ ᠲᠠᠯ᠎ᠠ᠎ᠪᠠᠷ ᠰᠢᠯᠭ᠋ᠠᠨ ᠪᠠᠢ᠌ᠴᠠᠭ᠋ᠠᠵᠤ᠂ ᠲᠠᠨᠢᠯᠴᠠᠭᠤᠯᠬᠤ ᠡᠲᠡᠭᠡᠳ᠎ᠤᠨ ᠲᠡᠷᠢᠭᠦᠨ᠎ᠤ ᠴᠢᠨᠠᠷ᠂ ᠲᠥᠯᠥᠭᠡᠯᠡᠬᠦ ᠴᠢᠨᠠᠷ ᠪᠠ ᠴᠠᠭ ᠦᠶᠡᠴᠢ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ᠃ ᠠᠷᠠᠳᠴᠢᠯᠠᠯ᠎ᠢ ᠭᠦᠢ᠍ᠴᠡᠳ ᠪᠠᠳᠠᠷᠠᠭᠤᠯᠵᠤ᠂ ᠰᠠᠨᠠᠯ᠎ᠢ ᠥᠷᠭᠡᠨ ᠵᠶ᠋ᠡᠷ ᠰᠣᠨᠣᠰᠴᠤ᠂ ᠤᠯᠠᠨ ᠲᠦᠮᠡᠨ᠎ᠤ ᠦᠨᠡᠯᠡᠯᠲᠡ ᠵᠢ ᠴᠢᠬᠤᠯᠠᠴᠢᠯᠠᠵᠤ᠂ ᠢᠯᠡ ᠲᠣᠳᠣ ᠡᠷᠬᠡ ᠲᠡᠭᠰᠢ ᠲᠥᠪ ᠭᠣᠣᠯᠴᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃