ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠶᠤᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠢ ᠡᠯᠰᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-07-05

      ᠬᠣᠯᠪᠣᠭᠳᠠᠯ ᠪᠦᠬᠦᠢ ᠨᠢᠭᠡᠴᠢ᠎ᠨᠦᠭᠦᠳ᠄
      ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠤᠯᠤᠰ᠎ᠠᠴᠠ ᠥᠪᠥᠷ ᠮᠣᠩᠭᠣᠯ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠶᠤᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠢ ᠢᠯᠡ᠎ᠪᠠᠷ ᠡᠯᠰᠡᠵᠦ᠂ ᠥᠪᠥᠷ ᠮᠣᠩᠭᠣᠯ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠳᠤ ᠣᠶᠤᠨ᠎ᠤ ᠳᠡᠮᠵᠢᠯᠭᠡ ᠪᠠ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠵᠢᠨ ᠲᠥᠯᠥᠭᠡ ᠶᠤᠮ᠃ ᠡᠳᠦᠭᠡ ᠬᠣᠯᠪᠣᠭᠳᠠᠯ ᠪᠦᠬᠦᠢ ᠶᠠᠪᠤᠳᠠᠯ᠎ᠢ ᠳᠣᠣᠷᠠᠬᠢ ᠮᠡᠲᠦ ᠵᠠᠷᠯᠠᠶ᠎ᠠ᠄
      ᠨᠢᠭᠡ᠂ ᠡᠯᠰᠡᠬᠦ ᠬᠡᠪᠴᠢᠶ᠎ᠡ
      ᠪᠦᠬᠦ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭ᠋ᠠᠭᠤᠯᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠠᠵᠢᠯ ᠲᠥᠷᠥᠯ᠎ᠤᠨ ᠨᠡᠢ᠌ᠭᠡᠮᠯᠢᠭ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠡᠷᠭᠡ᠎ᠠᠴᠠ ᠢᠯᠡ᠎ᠪᠠᠷ ᠲᠤᠰᠬᠠᠢ ᠮᠡᠷᠭᠡᠵᠢᠯᠲᠡᠨ ᠡᠯᠰᠡᠵᠦ᠂ ᠣᠷᠴᠢᠨ ᠠᠬᠤᠢ ᠵᠢᠨ ᠪᠣᠬᠢᠷᠲᠤᠯ᠎ᠢ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ ᠪᠣᠬᠢᠷᠲᠤᠯ᠎ᠢ ᠪᠠᠭ᠋ᠠᠰᠬᠠᠬᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠡᠷᠭᠢᠯᠳᠦᠲᠦ ᠠᠵᠤ ᠠᠬᠤᠢ᠂ ᠠᠷᠢᠭᠤᠨ ᠴᠡᠪᠡᠷ ᠦᠢ᠍ᠯᠡᠳᠪᠦᠷᠢᠯᠡᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠬᠦᠷᠢᠶᠡᠨ᠎ᠳᠠᠬᠢ ᠡᠯᠪᠡᠭ ᠪᠠᠶᠠᠯᠢᠭ ᠲᠤᠷᠰᠢᠯᠭ᠎ᠠ ᠪᠠ ᠲᠤᠰᠬᠠᠢ ᠮᠡᠷᠭᠡᠵᠢᠯ᠎ᠤᠨ ᠮᠡᠳᠡᠯᠭᠡ᠎ᠲᠠᠢ ᠲᠤᠰᠬᠠᠢ ᠮᠡᠷᠭᠡᠵᠢᠯᠲᠡᠨ ᠴᠥᠮ ᠨᠡᠷ᠎ᠡ ᠮᠡᠳᠡᠭᠦᠯᠵᠦ ᠪᠣᠯᠣᠨ᠎ᠠ᠃
      ᠬᠣᠶᠠᠷ᠂ ᠡᠯᠰᠡᠬᠦ ᠨᠥᠬᠥᠴᠡᠯ
      (ᠨᠢᠭᠡ) ᠰᠠᠶ᠋ᠢᠨ ᠰᠠᠢ᠌ᠬᠠᠨ ᠠᠵᠢᠯ ᠮᠡᠷᠭᠡᠵᠢᠯ᠎ᠤᠨ ᠶᠣᠰᠣ ᠮᠣᠷᠠᠯ ᠪᠠ ᠰᠠᠬᠢᠯᠭ᠎ᠠ᠎ᠲᠠᠢ ᠪᠠᠢ᠌ᠵᠤ᠂ ᠨᠡᠢ᠌ᠭᠡᠮ᠎ᠤᠨ ᠤᠯᠠᠨ ᠨᠠᠢ᠌ᠳᠠ ᠵᠢ ᠢᠲᠡᠭᠡᠭᠦᠯᠬᠦ ᠬᠦᠴᠦᠨ ᠵᠶ᠋ᠡᠷ ᠥᠨᠳᠥᠷ᠂ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ ᠪᠠᠢ᠌ᠵᠤ᠂ ᠲᠤᠰᠬᠠᠢ ᠮᠡᠷᠭᠡᠵᠢᠯᠲᠡᠨ᠎ᠤ ᠰᠠᠨᠠᠯ ᠪᠠ ᠰᠠᠨᠠᠭᠤᠯᠭ᠎ᠠ ᠵᠢ ᠪᠤᠰᠤᠳᠴᠢ᠂ ᠲᠥᠪ ᠭᠣᠣᠯᠴᠢ᠂ ᠦᠨᠡᠨ᠎ᠠᠴᠠ ᠵᠥᠪ᠎ᠢ ᠡᠷᠢᠬᠦ ᠣᠪᠣᠷ ᠵᠶ᠋ᠠᠷ ᠳᠤᠷᠠᠳᠤᠨ ᠭᠠᠷᠭ᠋ᠠᠵᠤ ᠴᠢᠳᠠᠬᠤ ᠬᠡᠷᠡᠭᠲᠡᠶ᠃
      (ᠬᠣᠶᠠᠷ) ᠳᠡᠭᠡᠳᠦ ᠵᠡᠷᠭᠡ᠎ᠠᠴᠠ ᠳᠡᠭᠡᠭᠰᠢ ᠲᠤᠰᠬᠠᠢ ᠮᠡᠷᠭᠡᠵᠢᠯ᠎ᠤᠨ ᠴᠣᠯᠠ᠎ᠲᠠᠢ (ᠡᠰᠡᠬᠦᠯ᠎ᠡ ᠬᠠᠮᠢᠶ᠎ᠠ ᠪᠦᠬᠦᠢ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠣᠯᠣᠭᠰᠠᠨ)᠂ ᠡᠰᠡᠬᠦᠯ᠎ᠡ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠮᠡᠷᠭᠡᠵᠢᠯ᠎ᠤᠨ ᠬᠦᠷᠢᠶ᠎ᠡ ᠴᠠᠷᠠᠭ᠎ᠠ᠎ᠳᠤ 5 ᠵᠢᠯ᠎ᠠᠴᠠ ᠳᠡᠭᠡᠭᠰᠢ ᠠᠵᠢᠯᠯᠠᠭᠰᠠᠨ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ᠎ᠳᠤ ᠲᠤᠰᠬᠠᠢ ᠮᠡᠷᠭᠡᠵᠢᠯ᠎ᠤᠨ ᠣᠨᠴᠠ ᠴᠢᠳᠠᠪᠤᠷᠢ᠂ ᠬᠠᠮᠢᠶᠠᠷᠤᠯᠲᠠ ᠵᠢᠨ ᠲᠤᠷᠰᠢᠯᠭ᠎ᠠ ᠪᠤᠶᠤ ᠦᠢ᠍ᠯᠡᠳᠦᠯᠭᠡ ᠵᠢᠨ ᠲᠤᠷᠰᠢᠯᠭ᠎ᠠ ᠵᠢ ᠲᠣᠪᠣᠢ᠌ᠮ᠎ᠠ ᠪᠠᠶ᠋ᠢᠬᠤ ᠬᠡᠷᠡᠭᠲᠡᠶ᠃
      (ᠭᠤᠷᠪᠠ) ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ᠎ᠢ ᠰᠠᠶ᠋ᠢᠨ ᠮᠡᠳᠡᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠬᠣᠰᠢᠭᠤᠷᠠᠯ ᠬᠥᠳᠡᠯᠦᠯ ᠪᠠᠶ᠋ᠢᠳᠠᠯ ᠪᠠ ᠬᠠᠮᠤᠭ᠎ᠤᠨ ᠰᠢᠨ᠎ᠡ ᠮᠡᠷᠭᠡᠵᠢᠯ᠎ᠢ ᠰᠠᠶ᠋ᠢᠨ ᠮᠡᠳᠡᠨ᠎ᠡ᠃
      (ᠲᠤᠢ᠌ᠷᠪᠡ) ᠲᠧᠭᠨᠢᠭ ᠮᠡᠷᠭᠡᠵᠢᠯ᠎ᠤᠨ ᠰᠣᠯᠢᠯᠴᠠᠭ᠎ᠠ᠂ ᠲᠤᠬᠠᠢ᠌ᠯᠠᠭᠰᠠᠨ ᠠᠵᠢᠯ᠎ᠤᠨ ᠵᠥᠪᠯᠡᠯᠭᠡ ᠥᠭᠬᠦ ᠵᠡᠷᠭᠡ ᠬᠣᠯᠪᠣᠭᠳᠠᠯ ᠪᠦᠬᠦᠢ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ ᠴᠢᠳᠠᠨ᠎ᠠ᠃
      ᠭᠤᠷᠪᠠ᠂ ᠡᠯᠰᠡᠬᠦ ᠠᠷᠭ᠎ᠠ
      ᠬᠤᠪᠢ ᠬᠥᠮᠥᠨ ᠭᠤᠶᠤᠴᠢᠯᠠᠬᠤ ᠪᠠ ᠪᠠᠢ᠌ᠭᠤᠯᠭ᠎ᠠ ᠨᠢᠭᠡᠴᠢ ᠲᠠᠨᠢᠯᠴᠠᠭᠤᠯᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠡᠯᠰᠡᠨ ᠴᠤᠭᠯᠠᠭᠤᠯᠬᠤ᠎ᠳᠤ ᠪᠠᠢ᠌ᠭᠤᠯᠭ᠎ᠠ ᠨᠢᠭᠡᠴᠢ ᠲᠠᠨᠢᠯᠴᠠᠭᠤᠯᠬᠤ᠎ᠳᠠᠭᠠᠨ ᠤᠷᠢᠳ ᠵᠶ᠋ᠠᠷ ᠲᠠᠨᠢᠯᠴᠠᠭᠤᠯᠤᠭᠳᠡᠭ᠍ᠴᠢ ᠵᠢᠨ ᠵᠥᠪᠰᠢᠶᠡᠷᠡᠯ᠎ᠢ ᠣᠯᠬᠤ ᠬᠡᠷᠡᠭᠲᠡᠶ᠃
      ᠳᠥᠷᠪᠡ᠂ ᠬᠣᠯᠪᠣᠭᠳᠠᠯ ᠪᠦᠬᠦᠢ ᠱᠠᠭ᠋ᠠᠷᠳᠠᠯᠭ᠎ᠠ
      (ᠨᠢᠭᠡ) ᠭᠤᠶᠤᠴᠢᠯᠠᠭᠴᠢ ᠪᠤᠶᠤ ᠲᠠᠨᠢᠯᠴᠠᠭᠤᠯᠤᠭᠳᠡᠭ᠍ᠴᠢ 《ᠥᠪᠥᠷ ᠮᠣᠩᠭᠣᠯ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠢᠨᠵᠢᠯᠡᠬᠦ ᠤᠬᠠᠭ᠋ᠠᠨ ᠲᠡᠭᠨᠢᠭ ᠮᠡᠷᠭᠡᠵᠢᠯ᠎ᠤᠨ ᠣᠶᠤᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠤ ᠭᠤᠶᠤᠴᠢᠯᠠᠯ᠎ᠤᠨ ᠬᠦᠰᠦᠨᠦᠭᠲᠦ》 (ᠳᠠᠭ᠋ᠠᠯᠳᠤᠭᠤᠯᠤᠯ᠎ᠳᠤ ᠦᠵᠡ) ᠵᠢ ᠲᠠᠭᠯᠠᠨ ᠪᠢᠴᠢᠬᠦ ᠵᠢᠨ ᠬᠠᠮᠲᠤ᠂ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠎ᠢ ᠳᠠᠭ᠋ᠠᠯᠳᠤᠭᠤᠯᠤᠨ᠎ᠠ᠃ ᠭᠤᠶᠤᠴᠢᠯᠠᠯ᠎ᠤᠨ ᠬᠦᠰᠦᠨᠦᠭᠲᠦ ᠪᠠ (Word ᠬᠡᠪᠯᠡᠯ ᠪᠠ PDF ᠬᠡᠪᠯᠡᠯ) ᠵᠢᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ (PDF ᠬᠡᠪᠯᠡᠯ)᠎ᠢ 2024 ᠣᠨ᠎ᠤ 6 ᠰᠠᠷ᠎ᠠ ᠵᠢᠨ 18᠎ᠤ ᠡᠳᠦᠷ᠎ᠠᠴᠠ ᠡᠮᠦᠨ᠎ᠡ ᠲᠣᠭᠲᠠᠭᠰᠠᠨ ᠢᠮᠧᠯ᠎ᠳᠤ ᠮᠡᠳᠡᠭᠦᠯᠦᠨ ᠬᠦᠷᠭᠡᠭᠡᠷᠡᠢ᠃
      (ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠤᠶᠤᠴᠢᠯᠠᠭᠴᠢ ᠵᠢ ᠬᠢᠨᠠᠨ ᠬᠠᠷᠭᠤᠭᠤᠯᠬᠤ ᠵᠢᠨ ᠬᠠᠮᠲᠤ᠂ ᠨᠥᠬᠥᠴᠡᠯ᠎ᠳᠤ ᠨᠡᠶ᠋ᠢᠴᠡᠬᠦ ᠲᠤᠰᠬᠠᠢ ᠮᠡᠷᠭᠡᠵᠢᠯᠲᠡᠨ᠎ᠢ ᠢᠯᠡ ᠨᠡᠢ᠌ᠲᠡᠯᠡᠵᠦ᠂ ᠢᠯᠡ ᠨᠡᠢ᠌ᠲᠡᠯᠡᠬᠦ᠎ᠳᠤ ᠣᠨᠳᠣᠣ ᠰᠠᠨᠠᠯ ᠦᠭᠡᠢ ᠪᠣᠯᠤᠭᠰᠠᠨ᠎ᠤ ᠳᠠᠷᠠᠭ᠎ᠠ ᠥᠪᠥᠷ ᠮᠣᠩᠭᠣᠯ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠶᠤᠨ᠎ᠤ ᠬᠥᠮᠥᠷᠭᠡ᠂ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠵᠢᠩᠬᠢᠨᠢ᠎ᠪᠠᠷ ᠰᠣᠩᠭᠣᠭᠳᠠᠨ ᠣᠷᠣᠵᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠦᠨ᠎ᠡ᠃
      ᠬᠠᠷᠢᠯᠴᠠᠬᠤ ᠬᠥᠮᠥᠨ᠄ ᠸᠠᠩ ᠢᠦᠢ ᠬᠤᠸᠠ   ᠬᠠᠷᠢᠯᠴᠠᠬᠤ ᠤᠲᠠᠰᠤ᠄ 13848715753
      ᠢᠮᠧᠯ᠄ 77921630@qq.com
      ᠳᠠᠭ᠋ᠠᠯᠳᠤᠭᠤᠯᠤᠯ᠄ ᠥᠪᠥᠷ ᠮᠣᠩᠭᠣᠯ ᠎ᠤᠨ ᠠᠮᠢ ᠠᠬᠤᠢ ᠵᠢᠨ ᠠᠮᠤᠷ ᠲᠦᠪᠰᠢᠨ ᠎ᠤ ᠬᠠᠯᠬᠠᠪᠴᠢ ᠵᠢᠨ ᠣᠶᠤᠨ ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ ᠭᠤᠶᠤᠴᠢᠯᠠᠬᠤ ᠬᠦᠰᠦᠨᠦᠭᠲᠦ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
      2024 ᠣᠨ᠎ᠤ 6 ᠰᠠᠷ᠎ᠠ ᠵᠢᠨ 4

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
[ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ] ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢ ᠲᠠᠨᠢᠯᠴᠠᠭᠤᠯᠤᠨ ᠰᠢᠯᠭ᠋ᠠᠷᠠᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ
2023 ᠣᠨ᠎ᠤ ᠪᠥᠬᠥ ᠣᠷᠣᠨ᠎ᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠰᠢᠯᠭ᠋ᠠᠨ ᠠᠪᠤᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠬᠣᠶᠠᠳᠤᠭ᠋ᠠᠷ ᠪᠦᠯᠦᠭ᠎ᠤᠨ ᠲᠥᠪ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡ ᠮᠥᠩᠭᠥ᠎ᠪᠠᠷ ᠳᠡᠮᠵᠢᠬᠦ ᠲᠥᠷᠥᠯ ᠵᠦᠢ᠍ᠯ᠎ᠢ ᠵᠠᠷᠯᠠᠨ ᠨᠡᠢ᠌ᠲᠡᠯᠡᠬᠦ ᠲᠤᠬᠠᠢ ᠮᠡᠳᠡᠭᠳᠡᠯ
2024 ᠣᠨ᠎ᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠤ ᠠᠬᠤᠢ᠌ᠯᠠᠯ᠎ᠤᠨ ᠨᠡᠷᠡᠰ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠦᠨᠳᠦᠰᠦᠨ ᠪᠠᠷᠢᠮᠵᠢᠶ᠎ᠠ ᠵᠢᠨ ᠲᠣᠭᠲᠠᠭ᠋ᠠᠯ᠎ᠢ ᠨᠡᠢ᠌ᠲᠡᠯᠡᠨ ᠬᠡᠷᠡᠭᠵᠢᠭᠦᠯᠬᠦ ᠲᠤᠬᠠᠢ ᠵᠠᠷᠯᠠᠯ
 
             蒙ICP备05000248号