ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
2025 ᠣᠨ᠎ᠤ ᠳᠡᠭᠡᠳᠦ ᠲᠠᠰ᠎ᠤᠨ ᠴᠢᠳᠠᠪᠤᠷᠢᠲᠠᠨ᠎ᠤ ᠲᠥᠷᠥᠯ ᠵᠦᠢᠯ᠎ᠳᠦ ᠲᠠᠨᠢᠯᠴᠠᠭᠤᠯᠬᠤ᠎ᠪᠠᠷ ᠪᠠᠢᠭ᠎ᠠ ᠵᠢᠱ᠌ᠢᠭᠳᠡᠭᠴᠢ᠎ᠶᠢ ᠢᠯᠡ ᠨᠡᠢᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-11-06

 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠬᠣᠯᠪᠣᠭᠳᠠᠯ ᠪᠦᠬᠦᠢ ᠪᠢᠴᠢᠭ ᠮᠠᠲᠧᠷᠢᠶᠠᠯ᠎ᠤᠨ ᠵᠣᠷᠢᠭ᠋ ᠰᠠᠨᠠᠭ᠎ᠠ᠎ᠶᠢ ᠦᠨᠳᠦᠰᠦᠯᠡᠨ ᠂ ᠬᠤᠪᠢ ᠬᠥᠮᠥᠨ ᠭᠤᠶᠤᠴᠢᠯᠠᠨ ᠮᠡᠳᠡᠭᠦᠯᠬᠦ ᠂ ᠪᠠᠢᠭ᠎ᠠ ᠨᠢᠭᠡᠴᠢ᠎ᠡᠴᠡ ᠲᠠᠨᠢᠯᠴᠠᠭᠤᠯᠬᠤ ᠂ ᠲᠤᠰᠬᠠᠢ ᠮᠡᠷᠭᠡᠵᠢᠯᠲᠡᠨ᠎ᠢᠶᠡᠷ ᠬᠢᠨᠠᠨ ᠲᠣᠭᠲᠠᠭᠠᠯᠭᠠᠬᠤ ᠂ ᠰᠠᠨᠠᠯ ᠬᠤᠷᠢᠶᠠᠬᠤ ᠂ ᠲᠢᠩᠬᠢᠮ᠎ᠡᠴᠡ ᠬᠢᠨᠠᠨ ᠬᠠᠷᠭᠤᠭᠤᠯᠵᠤ ᠦᠨᠡᠯᠡᠬᠦ᠎ᠪᠡᠷ ᠳᠡᠮᠵᠢᠨ ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠳᠦ ᠮᠡᠳᠡᠭᠦᠯᠵᠦ ᠠᠩᠬᠠᠨ᠎ᠤ ᠬᠢᠨᠠᠯᠲᠠ ᠬᠢᠨ᠎ᠡ᠂ ᠡᠳᠦᠭᠡ ᠮᠠᠨ᠎ᠤ ᠲᠢᠩᠬᠢᠮ᠎ᠦᠨ 2025 ᠣᠨ᠎ᠤ ᠳᠡᠭᠡᠳᠦ ᠲᠠᠰ᠎ᠤᠨ ᠴᠢᠳᠠᠪᠤᠷᠢᠲᠠᠨ᠎ᠢ ᠰᠢᠯᠭᠠᠷᠠᠭᠤᠯᠬᠤ ᠲᠥᠷᠥᠯ ᠵᠦᠢᠯ᠎ᠦᠨ ᠲᠠᠨᠢᠯᠴᠠᠭᠤᠯᠬᠤ ᠵᠢᠱ᠌ᠢᠭᠳᠡᠭᠴᠢ᠎ᠶᠢ ᠢᠯᠡ ᠨᠡᠢᠲᠡᠯᠡᠨ᠎ᠡ᠃

 ᠨᠢᠭᠡ ᠂ ᠲᠠᠨᠢᠯᠴᠠᠭᠤᠯᠬᠤ ᠬᠥᠮᠥᠰ᠎ᠦᠨ ᠦᠨᠳᠦᠰᠦᠨ ᠪᠠᠢᠳᠠᠯ

 ( ᠨᠢᠭᠡ ) ᠨᠢᠭᠡᠳᠦᠭᠡᠷ ᠲᠠᠰ ᠳᠠᠪᠬᠤᠷᠭ᠎ᠠ᠎ᠶᠢᠨ ᠲᠥᠷᠥᠯ ᠵᠦᠢᠯ᠎ᠳᠦ ᠲᠠᠨᠢᠯᠴᠠᠭᠤᠯᠬᠤ᠎ᠪᠠᠷ ᠪᠠᠢᠭ᠎ᠠ ᠵᠢᠱ᠌ᠢᠭᠳᠡᠭᠴᠢ

 ᠹᠠᠨ ᠴᠢᠩ ᠶᠦᠨ ᠄ ᠡᠷᠡᠭᠲᠡᠢ ᠂ ᠬᠢᠲᠠᠳ ᠦᠨᠳᠦᠰᠦᠲᠡᠨ ᠂ 1968 ᠣᠨ᠎ᠤ 2 ᠰᠠᠷ᠎ᠠ᠎ᠳᠤ ᠳᠦᠷᠦᠵᠡᠶ ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢ ᠠᠬᠤᠢ᠎ᠶᠢᠨ ᠤᠬᠠᠭᠠᠨ᠎ᠤ ᠲᠤᠰᠬᠠᠢ ᠮᠡᠷᠭᠡᠵᠢᠯ᠎ᠦᠨ ᠳ᠋ᠣᠺᠲ᠋ᠣᠷᠠᠨᠲ ᠃ ᠣᠲᠣ᠌ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠥᠷᠲᠡᠭᠡ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠂ ᠳᠡᠳ᠋ ᠥᠷᠲᠡᠭᠡᠨ ᠳᠠᠷᠤᠭ᠎ᠠ ᠂ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ ᠃

 ( ᠬᠣᠶᠠᠷ ) ᠬᠣᠶᠠᠳᠤᠭᠠᠷ ᠳᠡᠰ ᠳᠠᠪᠬᠤᠷᠭ᠎ᠠ᠎ᠶᠢᠨ ᠲᠥᠷᠥᠯ ᠵᠦᠢᠯᠡᠰ᠎ᠲᠦ ᠲᠠᠨᠢᠯᠴᠠᠭᠤᠯᠬᠤ᠎ᠪᠠᠷ ᠪᠠᠢᠭ᠎ᠠ ᠵᠢᠱ᠌ᠢᠭᠳᠡᠭᠴᠢ ( ᠬᠢᠲᠠᠳ ᠦᠰᠦᠭ᠎ᠦᠨ ᠪᠢᠴᠢᠯᠭᠡ᠎ᠶᠢᠨ ᠳᠡᠰ ᠳᠠᠷᠠᠭᠠᠯᠠᠯ᠎ᠢᠶᠠᠷ ᠵᠢᠭ᠍ᠰᠠᠭᠠᠪᠠ )

 1. ᠪᠦᠷᠢᠨᠲᠤᠶᠠᠭ᠎ᠠ᠂ ᠡᠮᠡᠭᠲᠡᠢ᠂ ᠬᠢᠲᠠᠳ ᠦᠨᠳᠦᠰᠦᠲᠡᠨ᠂ 1974 ᠣᠨ᠎ᠤ 10 ᠰᠠᠷ᠎ᠠ᠎ᠳᠤ ᠲᠦᠷᠦᠵᠠᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢ ᠠᠬᠤᠢ᠎ᠶᠢᠨ ᠤᠬᠠᠭᠠᠨ᠎ᠤ ᠲᠤᠰᠬᠠᠢ ᠮᠡᠷᠭᠡᠵᠢᠯ᠎ᠦᠨ ᠠᠰᠫᠢᠷᠠᠨᠲ᠃ ᠣᠲᠣ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠂ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ᠃

 2. ᠠᠨ ᠳ᠋ᠦᠩ ᠨᠢ ᠄ ᠡᠮᠡᠭᠲᠡᠢ ᠂ ᠬᠢᠲᠠᠳ ᠦᠨᠳᠦᠰᠦᠲᠡᠨ ᠂ 1983 ᠣᠨ᠎ᠤ 12 ᠰᠠᠷ᠎ᠠ᠎ᠳᠤ ᠳᠦᠷᠦᠵᠡᠶ ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢ ᠠᠬᠤᠢ᠎ᠶᠢᠨ ᠤᠬᠠᠭᠠᠨ᠎ᠤ ᠲᠤᠰᠬᠠᠢ ᠮᠡᠷᠭᠡᠵᠢᠯ᠎ᠦᠨ ᠠᠰᠫᠢᠷᠠᠨᠲ ᠃ ᠣᠲᠣ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠶᠡᠷᠦᠩᠬᠡᠢᠯᠡᠭᠰᠡᠨ ᠪᠠᠲᠤᠯᠠᠭ᠎ᠠ᠎ᠶᠢᠨ ᠲᠥᠪ ( ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠪ )᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠰᠠᠯᠠᠭ᠎ᠠ᠎ᠶᠢᠨ ᠳᠠᠷᠤᠭ᠎ᠠ ᠂ ᠵᠢᠩᠬᠢᠨᠢ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ᠃

 3. ᠴᠢ ᠢᠦᠢ᠄ ᠡᠮᠡᠭᠲᠡᠢ᠂ ᠬᠢᠲᠠᠳ ᠦᠨᠳᠦᠰᠦᠲᠡᠨ᠂ 1984 ᠣᠨ᠎ᠤ 3 ᠰᠠᠷ᠎ᠠ᠎ᠳᠤ ᠲᠦᠷᠦᠵᠠᠢ᠂ ᠪᠡᠭᠡᠵᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠪᠠᠢᠭᠠᠯᠢ᠎ᠶᠢᠨ ᠡᠬᠢ ᠪᠠᠶᠠᠯᠢᠭ᠋᠎ᠤᠨ ᠲᠤᠰᠬᠠᠢ ᠮᠡᠷᠭᠡᠵᠢᠯ᠎ᠦᠨ ᠳ᠋ᠣᠺᠲ᠋ᠣᠷᠠᠨᠲ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ᠃

 4. ᠯᠢ ᠮᠢᠩ ᠨᠠ ᠄ ᠡᠮᠡᠭᠲᠡᠢ ᠂ ᠬᠢᠲᠠᠳ ᠦᠨᠳᠦᠰᠦᠲᠡᠨ ᠂ 1980 ᠣᠨ᠎ᠤ 12 ᠰᠠᠷ᠎ᠠ᠎ᠳᠤ ᠳᠦᠷᠦᠵᠡᠶ ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠣᠷᠴᠢᠨ ᠲᠣᠭᠣᠷᠢᠨ᠎ᠤ ᠢᠨᠵᠧᠨᠧᠷᠢᠩ᠎ᠦᠨ ᠲᠤᠰᠬᠠᠢ ᠮᠡᠷᠭᠡᠵᠢᠯ᠎ᠦᠨ ᠠᠰᠫᠢᠷᠠᠨᠲ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠶᠡᠷᠦᠩᠬᠡᠢᠯᠡᠭᠰᠡᠨ ᠪᠠᠲᠤᠯᠠᠭ᠎ᠠ᠎ᠶᠢᠨ ᠲᠥᠪ ( ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠪ )᠎ᠤᠨ ᠬᠢᠨᠠᠨ ᠡᠵᠡᠮᠳᠡᠬᠦ ᠮᠡᠷᠭᠡᠵᠢᠯ᠎ᠦᠨ ᠰᠠᠯᠠᠭ᠎ᠠ᠎ᠶᠢᠨ ᠳᠠᠷᠤᠭ᠎ᠠ ᠂ ᠵᠢᠩᠬᠢᠨᠢ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ᠃

 5. ᠯᠢᠦᠢ ᠶᠠᠨ ᠯᠢ᠄ ᠡᠮᠡᠭᠲᠡᠢ᠂ ᠬᠢᠲᠠᠳ ᠦᠨᠳᠦᠰᠦᠲᠡᠨ᠂ 1981 ᠣᠨ᠎ᠤ 12 ᠰᠠᠷ᠎ᠠ᠎ᠳᠤ ᠲᠦᠷᠦᠵᠡᠢ᠂ ᠳᠤᠮᠳᠠᠳᠤ ᠤᠯᠤᠰ᠎ᠤᠨ ᠠᠭᠤᠷᠬᠠᠢ᠎ᠶᠢᠨ ᠦᠢᠯᠡᠰ᠎ᠦᠨ ᠶᠡᠬᠡ ᠰᠤᠷᠭᠠᠭᠤᠯᠢ᠎ᠶᠢᠨ ᠣᠷᠴᠢᠨ ᠲᠣᠭᠣᠷᠢᠨ᠎ᠤ ᠢᠨᠵᠧᠨᠧᠷᠢᠩ᠎ᠦᠨ ᠲᠤᠰᠬᠠᠢ ᠮᠡᠷᠭᠡᠵᠢᠯ᠎ᠦᠨ ᠠᠰᠫᠢᠷᠠᠨᠲ᠃ ᠣᠲᠣ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠰᠠᠯᠠᠭᠠᠨ᠎ᠤ ᠳᠠᠷᠤᠭ᠎ᠠ ᠂ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ ᠃

 ( ᠭᠤᠷᠪᠠ ) ᠭᠤᠷᠪᠠᠳᠤᠭᠠᠷ ᠳᠡᠰ ᠳᠠᠪᠬᠤᠷᠭ᠎ᠠ᠎ᠶᠢᠨ ᠲᠥᠷᠥᠯ ᠵᠦᠢᠯᠡᠰ᠎ᠲᠦ ᠲᠠᠨᠢᠯᠴᠠᠭᠤᠯᠬᠤ᠎ᠪᠠᠷ ᠪᠠᠢᠭ᠎ᠠ ᠵᠢᠱ᠌ᠢᠭᠳᠡᠭᠴᠢ ( ᠬᠢᠲᠠᠳ ᠦᠰᠦᠭ᠎ᠦᠨ ᠪᠢᠴᠢᠯᠭᠡ᠎ᠶᠢᠨ ᠳᠡᠰ ᠳᠠᠷᠠᠭᠠᠯᠠᠯ᠎ᠢᠶᠠᠷ ᠵᠢᠭ᠍ᠰᠠᠭᠠᠪᠠ )

 1. ᠸᠠᠩ ᠺᠦᠨ ᠄ ᠡᠷᠡᠭᠲᠡᠢ ᠂ ᠬᠢᠲᠠᠳ ᠦᠨᠳᠦᠰᠦᠲᠡᠨ ᠂ 1989 ᠣᠨ᠎ᠤ 8 ᠰᠠᠷ᠎ᠠ᠎ᠳᠤ ᠳᠦᠷᠦᠵᠡᠶ ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠮᠧᠬᠠᠨᠢᠭ᠋᠎ᠤᠨ ᠢᠨᠵᠧᠨᠧᠷᠢᠩ ᠵᠢᠴᠢ ᠠᠦ᠋ᠲ᠋ᠣᠴᠢᠯᠠᠭᠰᠠᠨ ᠲᠤᠰᠬᠠᠢ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠵᠢᠩᠬᠢᠨᠢ ᠠᠩᠭᠢ ᠃ ᠣᠲᠣ᠌ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠥᠷᠥᠰᠥ ᠰᠢᠷᠣᠢ᠎ᠶᠢᠨ ᠠᠮᠢ ᠠᠬᠤᠢ ᠣᠷᠴᠢᠨ ᠲᠣᠭᠣᠷᠢᠨ᠎ᠤ ᠮᠡᠷᠭᠡᠵᠢᠯ᠎ᠦᠨ ᠲᠥᠪ᠎ᠦᠨ ᠬᠥᠷᠥᠰᠥ ᠰᠢᠷᠣᠢ᠎ᠶᠢᠨ ᠣᠷᠴᠢᠨ ᠲᠣᠭᠣᠷᠢᠨ᠎ᠤ ᠮᠡᠷᠭᠡᠵᠢᠯ᠎ᠦᠨ ᠲᠠᠰᠤᠭ᠎ᠤᠨ ᠳᠡᠳ᠋ ᠰᠠᠯᠠᠭᠠᠨ ᠳᠠᠷᠤᠭ᠎ᠠ ᠂ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ᠃

 2. ᠯᠢ ᠷᠦᠢ ᠴᠢᠶᠠᠩ ᠄ ᠡᠷᠡᠭᠲᠡᠢ᠂ ᠬᠢᠲᠠᠳ ᠦᠨᠳᠦᠰᠦᠲᠡᠨ᠂ 1985 ᠣᠨ᠎ᠤ 12 ᠰᠠᠷ᠎ᠠ᠎ᠳᠤ ᠳᠦᠷᠦᠵᠡᠶ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠺᠣᠮᠫᠢᠦ᠋ᠲᠧᠷ᠎ᠦᠨ ᠬᠡᠷᠡᠭᠯᠡᠭᠡᠨ᠎ᠦ ᠲᠤᠰᠬᠠᠢ ᠮᠡᠷᠭᠡᠵᠢᠯ᠎ᠦᠨ ᠠᠰᠫᠢᠷᠠᠨᠲ᠃ ᠣᠲᠣ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠶᠡᠷᠦᠩᠬᠡᠢᠯᠡᠭᠰᠡᠨ ᠪᠠᠲᠤᠯᠠᠭ᠎ᠠ᠎ᠶᠢᠨ ᠲᠥᠪ ( ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠪ )᠎ᠤᠨ ᠲᠣᠭ᠎ᠠ ᠪᠠᠷᠢᠮᠲᠠ᠎ᠶᠢᠨ ᠦᠢᠯᠡᠴᠢᠯᠡᠭᠡᠨ᠎ᠦ ᠰᠠᠯᠠᠭ᠎ᠠ᠎ᠶᠢᠨ ᠳᠠᠷᠤᠭ᠎ᠠ ᠂ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ᠃

 3. ᠱᠣᠸ᠋ ᠷᠦᠨ ᠵᠢᠶᠣᠣ ᠄ ᠡᠷᠡᠭᠲᠡᠢ ᠂ ᠬᠢᠲᠠᠳ ᠦᠨᠳᠦᠰᠦᠲᠡᠨ ᠂ 1986 ᠣᠨ᠎ᠤ 6 ᠰᠠᠷ᠎ᠠ᠎ᠳᠤ ᠳᠦᠷᠦᠵᠡᠶ ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠣᠷᠴᠢᠨ ᠲᠣᠭᠣᠷᠢᠨ᠎ᠤ ᠢᠨᠵᠧᠨᠧᠷᠢᠩ᠎ᠦᠨ ᠲᠤᠰᠬᠠᠢ ᠮᠡᠷᠭᠡᠵᠢᠯ᠎ᠦᠨ ᠠᠰᠫᠢᠷᠠᠨᠲ᠃ ᠣᠲᠣ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠠᠯᠪᠠᠨ ᠭᠡᠷ᠎ᠦᠨ ᠡᠷᠬᠢᠯᠡᠭᠴᠢ ᠂ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ ᠃

 4. ᠶᠠᠩ ᠹᠠᠨ ᠄ ᠡᠷᠡᠭᠲᠡᠢ ᠂ ᠬᠢᠲᠠᠳ ᠦᠨᠳᠦᠰᠦᠲᠡᠨ ᠂ 1989 ᠣᠨ᠎ᠤ 10 ᠰᠠᠷ᠎ᠠ᠎ᠳᠤ ᠳᠦᠷᠦᠵᠡᠶ ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠶᠡᠬᠡ ᠰᠤᠷᠭᠠᠭᠤᠯᠢ᠎ᠶᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠲᠤᠰᠬᠠᠢ ᠮᠡᠷᠭᠡᠵᠢᠯ᠎ᠦᠨ ᠠᠰᠫᠢᠷᠠᠨᠲ ᠃ ᠣᠲᠣ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠮᠡᠷᠭᠡᠵᠢᠯ᠎ᠦᠨ ᠰᠠᠯᠠᠭᠠᠨ᠎ᠤ ᠳᠡᠳ᠋ ᠳᠠᠷᠤᠭ᠎ᠠ ᠂ ᠢᠨᠵᠧᠨᠧᠷ᠎ᠦᠨ ᠲᠤᠰᠢᠶᠠᠯ᠎ᠲᠠᠢ᠃

5. ᠬᠤ᠌ ᠵᠢᠩ ᠲᠤᠤ᠂ ᠡᠷᠡᠭᠲᠡᠢ᠂ ᠬᠢᠲᠠᠳ ᠦᠨᠳᠦᠰᠦᠲᠡᠨ᠂ 1988 ᠣᠨ᠎ᠤ 2 ᠰᠠᠷ᠎ᠠ᠎ᠳᠤ ᠲᠦᠷᠦᠵᠠᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠬᠢᠮᠢ᠎ᠶᠢᠨ ᠲᠤᠰᠬᠠᠢ ᠮᠡᠷᠭᠡᠵᠢᠯ᠎ᠦᠨ ᠳ᠋ᠣᠺᠲ᠋ᠣᠷᠠᠨᠲ᠃ ᠣᠲᠣ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠮᠡᠷᠭᠡᠵᠢᠯ᠎ᠦᠨ ᠰᠠᠯᠠᠭᠠᠨ ᠳᠠᠷᠤᠭ᠎ᠠ ᠂ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ᠃

 6. ᠰᠢᠶ᠋ᠸ ᡁᠢ ᠯᠧᠢ ᠄ ᠡᠷᠡᠭᠲᠡᠢ ᠂ ᠮᠣᠩᠭᠣᠯ ᠦᠨᠳᠦᠰᠦᠲᠡᠨ ᠂ 1987 ᠣᠨ᠎ᠤ 4 ᠰᠠᠷ᠎ᠠ᠎ᠳᠤ ᠳᠦᠷᠦᠵᠡᠶ ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢ ᠠᠬᠤᠢ᠎ᠶᠢᠨ ᠤᠬᠠᠭᠠᠨ᠎ᠤ ᠲᠤᠰᠬᠠᠢ ᠮᠡᠷᠭᠡᠵᠢᠯ᠎ᠦᠨ ᠳ᠋ᠣᠺᠲ᠋ᠣᠷᠠᠨᠲ ᠃ ᠣᠲᠣ᠌ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠥᠷᠲᠡᠭᠡ᠎ᠶᠢᠨ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠠᠰᠤᠭ᠎ᠤᠨ ᠳᠡᠳ᠋ ᠡᠷᠬᠢᠯᠡᠭᠴᠢ ᠂ ᠳᠡᠭᠡᠳᠦ ᠵᠡᠷᠭᠡ᠎ᠶᠢᠨ ᠢᠨᠵᠧᠨᠧᠷ᠎ᠦᠨ ᠲᠤᠰᠢᠶᠠᠯ᠎ᠲᠠᠢ᠃

 ᠬᠣᠶᠠᠷ᠂ ᠢᠯᠡ ᠨᠡᠢᠲᠡᠯᠡᠬᠦ ᠴᠠᠭ

 ᠢᠯᠡ ᠨᠡᠢᠲᠡᠯᠡᠬᠦ ᠴᠠᠭ ᠨᠢ 5 ᠠᠵᠢᠯᠯᠠᠬᠤ ᠡᠳᠦᠷ ( 2025 ᠣᠨ᠎ᠤ 10 ᠰᠠᠷ᠎ᠠ᠎ᠶᠢᠨ 24᠎ᠦ ᠡᠳᠦᠷ᠎ᠡᠴᠡ 10 ᠰᠠᠷ᠎ᠠ᠎ᠶᠢᠨ 30᠎ᠤ ᠡᠳᠦᠷ ᠪᠣᠯᠲᠠᠯ᠎ᠠ ) ᠪᠣᠯᠣᠨ᠎ᠠ ᠃

 ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋

 ᠨᠢᠭᠡᠴᠢ ᠪᠣᠯᠣᠨ ᠬᠤᠪᠢ ᠬᠥᠮᠥᠨ ᠰᠤᠷᠪᠤᠯᠵᠢᠯᠠᠬᠤ᠎ᠪᠠᠷ ᠢᠷᠡᠬᠦ ᠂ ᠵᠠᠬᠢᠳᠠᠯ ᠢᠷᠡᠭᠦᠯᠬᠦ ᠂ ᠤᠲᠠᠰᠤᠳᠠᠬᠤ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ᠎ᠪᠡᠷ ᠨᠡᠢᠲᠡᠯᠡᠭᠰᠡᠨ ᠨᠢᠭᠡᠴᠢ᠎ᠶᠢᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ ᠃ ᠲᠤᠰᠬᠠᠭᠰᠠᠨ ᠠᠰᠠᠭᠤᠳᠠᠯ᠎ᠢ ᠪᠠᠢᠴᠠᠭᠠᠨ ᠬᠠᠷᠭᠤᠭᠤᠯᠬᠤ᠎ᠳᠤ ᠲᠥᠬᠥᠮ ᠦᠵᠡᠭᠦᠯᠬᠦ᠎ᠶᠢᠨ ᠲᠥᠯᠥᠭᠡ ᠂ ᠠᠰᠠᠭᠤᠳᠠᠯ᠎ᠢ ᠲᠤᠰᠬᠠᠬᠤ ᠦᠶ᠎ᠡ᠎ᠳᠦ ᠬᠣᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ᠎ᠦ ᠦᠨᠡᠨ ᠣᠪᠣᠭ ᠨᠡᠷ᠎ᠡ ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠢᠭ᠎ᠠ ᠨᠢᠭᠡᠴᠢ ᠵᠡᠷᠭᠡ ᠮᠡᠳᠡᠭᠡ ᠵᠠᠩᠭᠢ᠎ᠪᠡᠨ ᠬᠠᠩᠭᠠᠭᠠᠷᠠᠢ ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ ᠂ ᠬᠢᠨᠠᠨ ᠬᠠᠷᠭᠤᠭᠤᠯᠤᠭᠰᠠᠨ ᠪᠠᠢᠳᠠᠯ᠎ᠢᠶᠠᠨ ᠴᠠᠭ ᠲᠤᠬᠠᠢ ᠳ᠋ᠤᠨᠢ ᠬᠠᠷᠢᠭᠤ ᠲᠤᠰᠬᠠᠨ᠎ᠠ ᠃
ᠢᠯᠡ ᠨᠡᠢᠲᠡᠯᠡᠬᠦ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠠᠯᠪᠠᠨ ᠠᠰᠠᠷ᠎ᠤᠨ 1103 ᠳ᠋ᠤᠭᠠᠷ ᠥᠷᠥᠭᠡ᠎ᠳᠦ ᠲᠣᠬᠢᠷᠠᠭᠤᠯᠪᠠ᠃

 ᠬᠦᠯᠢᠶᠡᠨ ᠠᠪᠬᠤ ᠴᠠᠭ ᠄ ᠠᠵᠢᠯ᠎ᠤᠨ ᠡᠳᠦᠷ᠎ᠦᠨ ᠦᠳᠡ᠎ᠶᠢᠨ ᠡᠮᠦᠨᠡᠬᠢ 9 ᠄ 00 ︱ 12 ᠄ 00

 ᠦᠳᠡ᠎ᠶᠢᠨ ᠬᠣᠢᠨᠠᠬᠢ 13 ᠄ 30 ︱ 17 ᠄ 00

 ᠬᠦᠯᠢᠶᠡᠨ ᠠᠪᠬᠤ ᠤᠲᠠᠰᠤ ᠄

 ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠠᠵᠢᠯᠲᠠᠨ᠎ᠤ ᠶᠠᠪᠤᠳᠠᠯ᠎ᠤᠨ ᠭᠠᠵᠠᠷ ᠄ 0471 ︱ 4632081

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号