ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
2025 ᠣᠨ᠎ᠳᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠬᠡᠷᠡᠭᠵᠢᠭᠦᠯᠬᠦ ᠠᠵᠤ ᠠᠬᠤᠢ᠌ᠯᠠᠯ᠎ᠤᠨ ᠨᠡᠷᠡᠰ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ  ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-05-15

ᠡᠯ᠎ᠡ ᠠᠢ᠌ᠮᠠᠭ ᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ᠄
      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠠᠬᠢᠭᠤᠯᠬᠤ ᠬᠠᠤᠯᠢ》 《ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠷᠭ᠎ᠠ》 《ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ᠎ᠢ ᠭᠦᠨᠵᠡᠭᠡᠢ ᠠᠬᠢᠭᠤᠯᠬᠤ ᠲᠤᠬᠠᠢ ᠮᠡᠳᠡᠭᠳᠡᠯ》 (ᠣᠷᠴᠢᠨ ᠲᠣᠭᠣᠷᠢᠨ᠎ᠤ ᠠᠯᠪᠠᠨ ᠭᠡᠷ ᠰᠢᠨᠵᠢᠯᠡᠬᠦ ᠤᠬᠠᠭ᠋ᠠᠨ ᠡᠳ᠋᠎ᠤᠨ ᠵᠠᠰᠠᠭ [2020] 27 ᠳ᠋ᠤᠭ᠋ᠠᠷ ᠲᠣᠭ᠋ᠠᠲᠤ) ᠪᠣᠯᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭ᠋ᠠᠨ ᠠᠪᠬᠤ ᠵᠦᠭᠯᠡᠭᠦᠷ》 (ᠥᠪᠥᠷ ᠬᠥᠭᠵᠢᠭᠦᠯᠦᠯᠲᠡ ᠪᠠ ᠥᠭᠡᠷᠡᠴᠢᠯᠡᠯᠲᠡ ᠣᠷᠴᠢᠨ ᠲᠣᠭᠣᠷᠢᠨ᠎ᠤ ᠡᠬᠢ ᠪᠠᠶᠠᠯᠢᠭ ᠥᠰᠥᠭ [2024] 706 ᠳ᠋ᠤᠭ᠋ᠠᠷ ᠲᠣᠭ᠋ᠠᠲᠤ) ᠵᠡᠷᠭᠡ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠠᠷᠪᠢᠯᠠᠬᠤ ᠪᠠ ᠪᠣᠬᠢᠷᠲᠤᠯ᠎ᠢ ᠰᠡᠷᠭᠡᠢ᠌ᠯᠡᠨ ᠵᠠᠰᠠᠬᠤ ᠡᠭᠦᠷᠭᠡ᠎ᠲᠠᠢ ᠨᠢᠭᠲᠠ ᠤᠶᠠᠯᠳᠤᠭᠤᠯᠤᠨ᠂ ᠡᠨᠧᠷᠭᠢ᠂ ᠲᠡᠮᠦᠷᠯᠢᠭ ᠪᠣᠯᠪᠠᠰᠤᠷᠠᠭᠤᠯᠬᠤ᠂ ᠬᠡᠦᠷᠰᠢᠭᠦᠯᠬᠦ᠂ ᠪᠠᠷᠢᠯᠭ᠎ᠠ ᠵᠢᠨ ᠮᠠᠲ᠋ᠧᠷᠢᠶᠠᠯ᠂ ᠥᠩᠭᠡᠲᠦ ᠲᠡᠮᠦᠷᠯᠢᠭ᠂ ᠬᠢᠮᠢ ᠵᠢᠨ ᠠᠵᠤ ᠦᠢ᠍ᠯᠡᠳᠪᠦᠷᠢ᠂ ᠳᠠᠷᠤᠮᠠᠯᠯᠠᠨ ᠪᠤᠳᠤᠬᠤ᠂ ᠴᠠᠭ᠋ᠠᠰᠤ ᠬᠢᠬᠦ᠂ ᠲᠦᠭᠦᠬᠡᠢ ᠮᠠᠲ᠋ᠧᠷᠢᠶᠠᠯ᠎ᠤᠨ ᠡᠮ᠂ ᠴᠠᠬᠢᠯᠭ᠋ᠠᠨ ᠵᠶ᠋ᠠᠷ ᠥᠩᠭᠡᠯᠡᠬᠦ᠂ ᠲᠠᠷᠢᠶᠠᠯᠠᠩ ᠲᠤᠰᠠᠯᠠᠬᠤ ᠢᠳᠡᠭᠡᠨ᠎ᠢ ᠡᠳ᠋ᠰᠢᠭᠦᠯᠬᠦ᠂ ᠠᠵᠤ ᠦᠢ᠍ᠯᠡᠳᠪᠦᠷᠢ ᠵᠢᠨ ᠥᠩᠭᠡᠯᠡᠨ ᠭᠣᠶᠣᠯᠠᠬᠤ᠂ ᠪᠣᠭᠣᠳᠠᠯᠯᠠᠨ ᠳᠠᠷᠤᠮᠠᠯᠯᠠᠬᠤ ᠵᠡᠷᠭᠡ ᠠᠵᠢᠯ ᠲᠥᠷᠥᠯ᠎ᠢ ᠬᠢᠨᠠᠨ ᠬᠠᠷᠭᠤᠭᠤᠯᠬᠤ ᠭᠣᠣᠯᠳᠠᠯᠭ᠎ᠠ ᠪᠣᠯᠭ᠋ᠠᠵᠤ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠭᠦᠨᠵᠡᠭᠡᠢ ᠠᠬᠢᠭᠤᠯᠤᠨ᠎ᠠ᠃ ᠰᠢᠯᠢᠨ ᠰᠣᠩᠭᠣᠵᠤ ᠬᠢᠨᠠᠨ ᠬᠠᠷᠭᠤᠭᠤᠯᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2025 ᠣᠨ᠎ᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠬᠡᠷᠡᠭᠵᠢᠭᠦᠯᠬᠦ ᠠᠵᠤ ᠠᠬᠤᠢ᠌ᠯᠠᠯ᠎ᠤᠨ ᠨᠡᠷᠡᠰ᠎ᠢ ᠬᠠᠮᠲᠤ᠎ᠪᠠᠷ ᠲᠣᠭᠲᠠᠭ᠋ᠠᠪᠠ᠂ ᠡᠳᠦᠭᠡ ᠨᠡᠢ᠌ᠲᠡᠯᠡᠬᠦ ᠵᠢᠨ ᠬᠠᠮᠲᠤ ᠳᠣᠣᠷᠠᠬᠢ ᠮᠡᠲᠦ ᠱᠠᠭ᠋ᠠᠷᠳᠠᠯᠭ᠎ᠠ ᠵᠢ ᠳᠤᠷᠠᠳᠪᠠ᠄
      ᠨᠢᠭᠡ᠂ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠬᠢᠨᠠᠯᠲᠠ ᠲᠠᠯᠪᠢᠬᠤ ᠪᠠ ᠵᠢᠯᠤᠭᠣᠳᠬᠤ ᠵᠢ ᠴᠢᠩᠭ᠋ᠠᠳᠬᠠᠨ᠎ᠠ᠃ ᠡᠯ᠎ᠡ ᠠᠢ᠌ᠮᠠᠭ ᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠴᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠬᠠᠷᠢᠶ᠎ᠠ ᠣᠷᠣᠨ᠎ᠤ ᠳᠣᠲᠣᠷᠠᠬᠢ ᠠᠵᠤ ᠠᠬᠤᠢ᠌ᠯᠠᠯ᠎ᠤᠨ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ ᠥᠷᠨᠢᠭᠦᠯᠬᠦ᠎ᠳᠤ ᠬᠢᠨᠠᠯᠲᠠ ᠲᠠᠯᠪᠢᠬᠤ ᠪᠠ ᠵᠢᠯᠤᠭᠣᠳᠬᠤ᠎ᠪᠠᠨ ᠴᠢᠩᠭ᠋ᠠᠳᠬᠠᠵᠤ᠂ ᠬᠠᠷᠢᠶ᠎ᠠ ᠤᠷᠤᠨᠴᠢᠯᠠᠬᠤ ᠬᠠᠮᠢᠶᠠᠷᠤᠯᠲᠠ ᠵᠢᠨ ᠵᠠᠷᠴᠢᠮ ᠶᠣᠰᠣᠭ᠋ᠠᠷ ᠬᠠᠷᠢᠶ᠎ᠠ ᠣᠷᠣᠨ᠎ᠤ ᠳᠣᠲᠣᠷᠠᠬᠢ ᠬᠠᠮᠢᠶ᠎ᠠ ᠪᠦᠬᠦᠢ ᠠᠵᠤ ᠠᠬᠤᠢ᠌ᠯᠠᠯ᠎ᠳᠤ ᠴᠠᠭ ᠲᠤᠬᠠᠢ᠎ᠳᠤᠨᠢ ᠪᠢᠴᠢᠭ ᠵᠶ᠋ᠡᠷ ᠮᠡᠳᠡᠭᠳᠡᠵᠦ᠂ ᠠᠵᠤ ᠠᠬᠤᠢ᠌ᠯᠠᠯ᠎ᠢ ᠵᠢᠯᠣᠭᠣᠳᠤᠨ ᠬᠠᠪᠰᠤᠷᠴᠤ ᠪᠠᠢ᠌ᠭ᠋ᠠᠳ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠵᠦ᠂ ᠠᠵᠤ ᠠᠬᠤᠢ᠌ᠯᠠᠯ᠎ᠤᠨ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠳᠠᠢ᠌ᠴᠢᠯᠠᠬᠤ ᠬᠡᠷᠡᠭᠲᠡᠢ᠃
      ᠬᠣᠶᠠᠷ᠂ ᠠᠵᠤ ᠠᠬᠤᠢ᠌ᠯᠠᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠎ᠠ᠃ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠬᠡᠷᠡᠭᠵᠢᠭᠦᠯᠵᠦ ᠪᠠᠢ᠌ᠭ᠎ᠠ ᠠᠵᠤ ᠠᠬᠤᠢ᠌ᠯᠠᠯ᠎ᠤᠳ 《ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠲᠤᠰ ᠮᠡᠳᠡᠭᠳᠡᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ 1 ᠰᠠᠷ᠎ᠠ ᠵᠢᠨ ᠳᠣᠲᠣᠷ᠎ᠠ᠂ ᠲᠤᠬᠠᠢ ᠵᠢᠨ ᠭᠠᠵᠠᠷ᠎ᠤᠨ ᠭᠣᠣᠯ ᠵᠠᠭᠤᠴᠢᠯᠠᠭᠤᠷ᠂ ᠠᠵᠤ ᠠᠬᠤᠢ᠌ᠯᠠᠯ᠎ᠤᠨ ᠠᠯᠪᠠᠨ᠎ᠤ ᠲᠠᠯ᠎ᠠ ᠵᠢᠨ ᠰᠦᠯᠵᠢᠶ᠎ᠡ ᠪᠤᠶᠤ ᠤᠯᠠᠨ ᠨᠡᠶ᠋ᠢᠲᠡ᠎ᠳᠤ ᠮᠡᠳᠡᠭᠳᠡᠬᠦ᠎ᠳᠤ ᠲᠦᠬᠦᠮ ᠪᠤᠰᠤᠳ ᠠᠷᠭ᠎ᠠ ᠮᠠᠶᠢᠭ᠎ᠢ ᠠᠪᠴᠤ ᠪᠠᠢ᠌ᠭ᠋ᠠᠳ ᠠᠵᠤ ᠠᠬᠤᠢ᠌ᠯᠠᠯ᠎ᠤᠨ ᠬᠣᠯᠪᠣᠭᠳᠠᠯ ᠪᠦᠬᠦᠢ ᠮᠡᠳᠡᠭᠡ ᠵᠠᠩᠭᠢ ᠵᠢ ᠨᠡᠢ᠌ᠲᠡᠯᠡᠬᠦ ᠬᠡᠷᠡᠭᠲᠡᠢ; 2 ᠰᠠᠷ᠎ᠠ ᠵᠢᠨ ᠳᠣᠲᠣᠷ᠎ᠠ᠂ ᠥᠪᠡᠷ ᠵᠶ᠋ᠡᠨ ᠪᠤᠶᠤ ᠬᠢᠷᠢ ᠬᠡᠮ᠎ᠲᠠᠢ ᠯᠠᠪᠯᠠᠯᠭ᠎ᠠ ᠥᠭᠬᠦ ᠪᠠᠢ᠌ᠭᠤᠯᠤᠮᠵᠢ᠎ᠳᠤ ᠨᠠᠢ᠌ᠳᠠᠵᠤ ᠬᠢᠨᠠᠨ ᠬᠠᠷᠭᠤᠭᠤᠯᠬᠤ ᠠᠵᠢᠯ᠎ᠢ ᠬᠠᠮᠵᠢᠨ ᠥᠷᠨᠢᠭᠦᠯᠬᠦ ᠬᠡᠷᠡᠭᠲᠡᠢ᠃
      ᠭᠤᠷᠪᠠ᠂ 2025 ᠣᠨ᠎ᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠨᠡᠷᠡᠰ᠎ᠲᠤ ᠵᠢᠭᠰᠠᠭ᠋ᠠᠭᠳᠠᠭᠰᠠᠨ 《ᠡᠨᠧᠷᠭᠢ ᠵᠢᠨ ᠬᠣᠷᠣᠭᠳᠠᠯ ᠶᠡᠬᠡᠲᠡᠢ》 ᠠᠵᠤ ᠠᠬᠤᠢ᠌ᠯᠠᠯ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠬᠠᠷᠢᠭᠤᠴᠠᠨ ᠬᠠᠮᠢᠶᠠᠷᠴᠤ᠂ 《ᠬᠣᠶᠠᠷ᠎ᠢ ᠬᠡᠲᠦᠷᠦᠭᠰᠡᠨ》᠂ ᠲᠡᠮᠦᠷ ᠬᠠᠢ᠌ᠯᠤᠭᠤᠯᠬᠤ ᠪᠣᠯᠣᠳ ᠬᠠᠢ᠌ᠯᠤᠭᠤᠯᠬᠤ᠂ ᠥᠩᠭᠡᠲᠦ ᠲᠡᠮᠦᠷᠯᠢᠭ ᠬᠠᠢ᠌ᠯᠤᠭᠤᠯᠬᠤ᠂ ᠮᠠᠰᠢᠨ ᠲᠡᠷᠭᠡ ᠦᠢ᠍ᠯᠡᠳᠬᠦ ᠵᠡᠷᠭᠡ ᠠᠵᠢᠯ ᠲᠥᠷᠥᠯ ᠵᠢᠴᠢ ᠶᠡᠷᠦᠩᠬᠡᠢ᠌ᠯᠡᠭᠰᠡᠨ ᠲᠥᠷᠥᠯ ᠬᠡᠯᠪᠡᠷᠢ ᠵᠢᠨ ᠠᠵᠤ ᠠᠬᠤᠢ᠌ᠯᠠᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠠᠷᠢᠭᠤᠴᠠᠨ ᠬᠠᠮᠢᠶᠠᠷᠤᠨ᠎ᠠ᠃ ᠪᠤᠰᠤᠳ ᠨᠡᠷᠡᠰ᠎ᠤᠨ ᠳᠣᠲᠣᠷᠠᠬᠢ ᠠᠵᠤ ᠠᠬᠤᠢ᠌ᠯᠠᠯ᠎ᠢ ᠬᠠᠷᠢᠶ᠎ᠠ ᠤᠷᠤᠨᠴᠢᠯᠠᠬᠤ ᠬᠠᠮᠢᠶᠠᠷᠤᠯᠲᠠ ᠵᠢᠨ ᠵᠠᠷᠴᠢᠮ ᠶᠣᠰᠣᠭ᠋ᠠᠷ ᠡᠯ᠎ᠡ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠬᠠᠷᠢᠭᠤᠴᠠᠨ ᠬᠠᠮᠢᠶᠠᠷᠤᠨ᠎ᠠ᠃
      ᠳᠥᠷᠪᠡ᠂ ᠠᠵᠤ ᠠᠬᠤᠢ᠌ᠯᠠᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠤᠭᠰᠠᠨ ᠠᠵᠤ ᠠᠬᠤᠢ᠌ᠯᠠᠯ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭ᠋ᠠᠨ ᠠᠪᠬᠤ ᠵᠦᠭᠯᠡᠭᠦᠷ》᠎ᠤᠨ ᠱᠠᠭ᠋ᠠᠷᠳᠠᠯᠭ᠎ᠠ ᠶᠣᠰᠣᠭ᠋ᠠᠷ ᠪᠦᠬᠦᠨ᠎ᠢ ᠦᠨᠡᠯᠡᠨ ᠵᠢᠱ᠌ᠢᠵᠦ ᠰᠢᠯᠭ᠋ᠠᠨ ᠠᠪᠬᠤ ᠠᠵᠢᠯ᠎ᠢ ᠥᠷᠨᠢᠭᠦᠯᠦᠨ᠎ᠡ; ᠠᠢ᠌ᠮᠠᠭ ᠬᠣᠲᠠ ᠵᠢᠨ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠤᠭᠰᠠᠨ ᠠᠵᠤ ᠠᠬᠤᠢ᠌ᠯᠠᠯ᠂ ᠡᠭᠦᠨ᠎ᠳᠤ ᠬᠦᠨᠳᠦ ᠲᠡᠮᠦᠷᠯᠢᠭ᠎ᠲᠤ ᠬᠣᠯᠪᠣᠭᠳᠠᠬᠤ ᠠᠵᠢᠯ ᠲᠥᠷᠥᠯ᠎ᠤᠨ ᠠᠵᠤ ᠠᠬᠤᠢ᠌ᠯᠠᠯ᠎ᠢ ᠡᠯ᠎ᠡ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭ᠋ᠠᠨ ᠠᠪᠬᠤ ᠵᠦᠭᠯᠡᠭᠦᠷ》᠎ᠤᠨ ᠱᠠᠭ᠋ᠠᠷᠳᠠᠯᠭ᠎ᠠ ᠶᠣᠰᠣᠭ᠋ᠠᠷ ᠦᠨᠡᠯᠡᠨ ᠵᠢᠱ᠌ᠢᠵᠦ ᠰᠢᠯᠭ᠋ᠠᠨ ᠠᠪᠬᠤ ᠠᠵᠢᠯ᠎ᠢ ᠥᠷᠨᠢᠭᠦᠯᠦᠨ᠎ᠡ; ᠪᠤᠰᠤᠳ ᠠᠵᠤ ᠠᠬᠤᠢ᠌ᠯᠠᠯ᠎ᠢ ᠡᠯ᠎ᠡ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 《ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠷᠭ᠎ᠠ》 ᠶᠣᠰᠣᠭ᠋ᠠᠷ ᠦᠨᠡᠯᠡᠨ ᠵᠢᠱ᠌ᠢᠵᠦ ᠰᠢᠯᠭ᠋ᠠᠨ ᠠᠪᠬᠤ ᠠᠵᠢᠯ᠎ᠢ ᠥᠷᠨᠢᠭᠦᠯᠦᠨ᠎ᠡ᠃
      ᠲᠠᠪᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠦᠨᠡᠯᠡᠨ ᠵᠢᠱ᠌ᠢᠵᠦ ᠰᠢᠯᠭ᠋ᠠᠨ ᠠᠪᠬᠤ ᠵᠢ ᠬᠠᠷᠢᠭᠤᠴᠠᠬᠤ ᠠᠵᠤ ᠠᠬᠤᠢ᠌ᠯᠠᠯ᠎ᠨᠢ᠂ ᠲᠣᠰ ᠮᠡᠳᠡᠭᠳᠡᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ 4 ᠰᠠᠷ᠎ᠠ ᠪᠠ 1 ᠵᠢᠯ᠎ᠤᠨ ᠳᠣᠲᠣᠷ᠎ᠠ᠂ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠪᠠ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠰᠢᠯᠭ᠋ᠠᠨ ᠠᠪᠤᠭᠰᠠᠨ ᠮᠡᠳᠡᠭᠦᠯᠦᠯᠲᠡ ᠵᠢ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠪᠤᠶᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠢ; ᠨᠠᠷᠢᠨ ᠬᠠᠭᠤᠳᠠᠰᠤ᠎ᠳᠠᠬᠢ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠦᠨᠡᠯᠡᠨ ᠵᠢᠱ᠌ᠢᠵᠦ ᠰᠢᠯᠭ᠋ᠠᠨ ᠠᠪᠬᠤ ᠵᠢ ᠬᠠᠷᠢᠭᠤᠴᠠᠨ ᠥᠷᠨᠢᠭᠦᠯᠦᠭᠰᠡᠨ ᠠᠵᠤ ᠠᠬᠤᠢ᠌ᠯᠠᠯ᠎ᠤᠳ ᠲᠣᠰ ᠮᠡᠳᠡᠭᠳᠡᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ 1 ᠵᠢᠯ᠎ᠤᠨ ᠳᠣᠲᠣᠷ᠎ᠠ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠭᠰᠠᠨ ᠮᠡᠳᠡᠭᠦᠯᠦᠯᠲᠡ᠎ᠪᠠᠨ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠢ; ᠡᠯ᠎ᠡ ᠠᠢ᠌ᠮᠠᠭ ᠬᠣᠲᠠ᠎ᠨᠤᠭᠤᠳ ᠦᠨᠡᠯᠡᠨ ᠵᠢᠱ᠌ᠢᠵᠦ ᠰᠢᠯᠭ᠋ᠠᠨ ᠠᠪᠬᠤ ᠠᠵᠢᠯ᠎ᠢ ᠥᠷᠨᠢᠭᠦᠯᠦᠭᠰᠡᠨ᠎ᠤ ᠳᠠᠷᠠᠭ᠎ᠠ᠂ ᠰᠢᠯᠭ᠋ᠠᠨ ᠠᠪᠤᠭᠰᠠᠨ ᠦᠷ᠎ᠡ ᠳ᠋ᠦᠩ ᠵᠶ᠋ᠡᠨ ᠴᠠᠭ ᠲᠤᠬᠠᠢ᠎ᠳᠤᠨᠢ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠨᠡᠢ᠌ᠲᠡᠯᠡᠨ᠎ᠡ᠃
      ᠵᠢᠷᠭᠤᠭ᠎ᠠ᠂ ᠠᠵᠤ ᠠᠬᠤᠢ᠌ᠯᠠᠯ᠎ᠤᠨ ᠦᠨᠡᠯᠡᠨ ᠵᠢᠱ᠌ᠢᠬᠦ᠎ᠪᠠᠷ ᠳᠡᠮᠵᠢᠨ ᠲᠣᠭᠲᠠᠭ᠋ᠠᠭᠰᠠᠨ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠬᠤ ᠭᠣᠣᠯᠳᠠᠯᠭ᠎ᠠ᠂ ᠬᠠᠷᠠᠯᠲᠠ ᠵᠢᠴᠢ ᠲᠥᠰᠥᠯ ᠵᠶ᠋ᠡᠨ ᠤᠴᠢᠷ ᠰᠢᠯᠲᠠᠭ᠋ᠠᠨ ᠦᠭᠡᠢ᠎ᠪᠠᠷ ᠬᠤᠪᠢᠷᠠᠭᠤᠯᠵᠤ᠂ ᠬᠠᠰᠤᠵᠤ᠂ ᠤᠳᠠᠭ᠋ᠠᠰᠢᠷᠠᠭᠤᠯᠤᠨ ᠬᠡᠷᠡᠭᠵᠢᠭᠦᠯᠵᠦ ᠪᠣᠯᠬᠤ ᠦᠭᠡᠢ᠂ ᠬᠡᠷᠡᠭᠵᠢᠭᠦᠯᠬᠦ ᠦᠶᠡᠯᠡᠯ᠎ᠤᠨ ᠬᠤᠭᠤᠴᠠᠭ᠎ᠠ᠎ᠨᠢ ᠨᠡᠯᠢᠶᠡᠳ ᠣᠷᠳᠣ ᠵᠡᠷᠭᠡ ᠪᠤᠰᠤᠳᠴᠢ ᠰᠢᠯᠲᠠᠭ᠋ᠠᠨ᠎ᠠᠴᠠ ᠪᠣᠯᠵᠤ ᠪᠡᠶᠡᠯᠡᠭᠦᠯᠬᠦ ᠵᠢᠨ ᠠᠷᠭ᠎ᠠ ᠦᠭᠡᠢ ᠪᠤᠶᠤ ᠬᠣᠢ᠌ᠰᠢᠯᠠᠭᠤᠯᠤᠨ ᠪᠡᠶᠡᠯᠡᠭᠦᠯᠬᠦ ᠵᠢᠨ ᠠᠷᠭ᠎ᠠ ᠦᠭᠡᠢ ᠪᠠᠢ᠌ᠪᠠᠯ᠂ ᠠᠵᠤ ᠠᠬᠤᠢ᠌ᠯᠠᠯ᠎ᠨᠢ ᠱᠠᠭ᠋ᠠᠷᠳᠠᠭᠰᠠᠨ ᠰᠢᠯᠭ᠋ᠠᠨ ᠠᠪᠬᠤ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ᠎ᠠᠴᠠ ᠡᠮᠦᠨ᠎ᠡ ᠲᠥᠰᠥᠯ᠎ᠢ ᠬᠤᠪᠢᠷᠠᠭᠤᠯᠬᠤ ᠪᠤᠶᠤ ᠬᠣᠢ᠌ᠰᠢᠯᠠᠭᠤᠯᠤᠨ ᠰᠢᠯᠭ᠋ᠠᠨ ᠠᠪᠬᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠢ᠃
      ᠳᠣᠯᠣᠭ᠎ᠠ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠬᠡᠯᠪᠡᠷᠢ
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠷᠢᠯᠴᠠᠬᠤ ᠠᠷᠭ᠎ᠠ ᠬᠡᠯᠪᠡᠷᠢ᠄ ᠸᠠᠩ ᠮᠧᠩ  0471-6651890
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠷᠢᠯᠴᠠᠬᠤ ᠠᠷᠭ᠎ᠠ ᠬᠡᠯᠪᠡᠷᠢ᠄ ᠱᠧᠨ ᠶᠠᠨ ᠮᠢᠨ  0471 — 4632073
      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠬᠡᠷᠡᠭᠵᠢᠭᠦᠯᠬᠦ ᠠᠵᠤ ᠠᠬᠤᠢ᠌ᠯᠠᠯ᠎ᠤᠨ ᠨᠡᠷᠡᠰ


              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ

             ᠥᠭᠡᠷᠡᠴᠢᠯᠡᠯᠲᠡ ᠵᠢᠨ ᠵᠥᠪᠯᠡᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

             ᠣᠷᠴᠢᠨ ᠲᠣᠭᠣᠷᠢᠨ᠎ᠤ ᠲᠢᠩᠬᠢᠮ
                          2025 ᠣᠨ᠎ᠤ 4 ᠰᠠᠷ᠎ᠠ ᠵᠢᠨ 15᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠣᠨᠴᠠᠭ᠋ᠠᠶ ᠭᠣᠭᠴᠣᠭ᠎ᠠ ᠵᠢ ᠦᠯᠡᠳᠡᠭᠡᠬᠦ᠂ ᠬᠦᠴᠦᠨ ᠥᠬᠡᠶ ᠪᠣᠯᠭ᠋ᠠᠬᠤ ᠨᠠᠷᠢᠨ ᠳᠠᠩᠰᠠ ᠵᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠪᠣᠬᠢᠷᠳᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠶᠠᠪᠤᠴᠠ᠎ᠳᠤ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
 
             蒙ICP备05000248号