ᠤᠰᠤᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ
ᠨᠡᠶ᠋ᠢᠲᠡᠯᠡᠭᠰᠡᠨ ᠴᠠᠭ᠄ 2018-09-19
ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠬᠢᠨᠠᠵᠤ ᠬᠠᠮᠢᠶᠠᠷᠬᠤ ᠵᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠴᠣᠭᠴᠠ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠤᠬᠠᠢ ᠣᠷᠣᠨ ᠨᠤᠲᠤᠭ᠎ᠤᠨ ᠲᠦᠷᠦ ᠵᠢᠨ ᠪᠤᠳᠤᠯᠭ᠎ᠠ᠂ ᠬᠠᠤᠯᠢ ᠲᠣᠭᠲᠠᠭ᠋ᠠᠯ᠂ ᠳᠦ᠍ᠷᠢᠮ᠂ ᠪᠠᠷᠢᠮᠵᠢᠶ᠎ᠠ ᠪᠠ ᠵᠢᠷᠤᠮᠯᠠᠯ᠎ᠢ ᠲᠤᠭᠤᠷᠪᠢᠨ ᠲᠣᠭᠲᠠᠭ᠋ᠠᠵᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ; ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠲᠤᠬᠠᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ᠂ ᠲᠥᠯᠥᠪᠯᠡᠭᠡ᠂ ᠱᠠᠲᠤ ᠦᠶ᠎ᠡ ᠵᠢᠨ ᠴᠢᠨᠠᠷᠲᠠᠶ ᠬᠠᠷᠠᠯᠲᠠ ᠪᠠ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠵᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠣᠷᠴᠢᠨ ᠲᠣᠭᠣᠷᠢᠨ᠎ᠤ ᠴᠢᠳᠠᠮᠵᠢᠳᠤ ᠣᠷᠣᠨ᠎ᠤ ᠬᠤᠪᠢᠶᠠᠷᠢᠯᠠᠯ᠎ᠢ ᠲᠤᠭᠤᠷᠪᠢᠨ ᠲᠣᠭᠲᠠᠭ᠋ᠠᠨ᠎ᠠ; ᠤᠰᠤᠨ᠎ᠤ ᠣᠷᠴᠢᠨ ᠲᠣᠭᠣᠷᠢᠨ᠎ᠤ ᠪᠠᠭᠲᠠᠭ᠋ᠠᠮᠵᠢ ᠵᠢ ᠬᠡᠮᠵᠢᠨ ᠪᠣᠳᠣᠵᠤ᠂ ᠤᠰᠤᠨ᠎ᠤ ᠣᠷᠴᠢᠨ ᠲᠣᠭᠣᠷᠢᠨ᠎ᠤ ᠳᠠᠭ᠋ᠠᠭ᠋ᠠᠬᠤ ᠴᠢᠳᠠᠯ᠎ᠢ ᠦᠨᠡᠯᠡᠨ ᠵᠢᠱ᠌ᠢᠬᠦ ᠠᠵᠢᠯ᠎ᠢ ᠥᠷᠨᠢᠭᠦᠯᠦᠨ᠎ᠡ; ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠢ ᠬᠢᠨᠠᠵᠤ ᠬᠠᠮᠢᠶᠠᠷᠤᠨ᠎ᠠ; ᠥᠪᠡᠷᠲᠡᠭᠡᠨ ᠵᠠᠰᠠᠬᠤ ᠣᠷᠣᠨ᠎ᠤ ᠠᠶ᠋ᠢᠮᠠᠭ ᠬᠣᠲᠠ ᠠᠯᠤᠰᠯᠠᠭᠰᠠᠨ ᠭᠣᠣᠯ ᠮᠥᠷᠡᠨ᠎ᠤ ᠣᠭᠲᠣᠯᠤᠭ᠋ᠠᠰᠤ ᠬᠡᠰᠡᠭ᠎ᠤᠨ ᠤᠰᠤᠨ᠎ᠤ ᠴᠢᠨᠠᠷ᠎ᠢ ᠬᠢᠨᠠᠨ ᠰᠢᠯᠭ᠋ᠠᠬᠤ ᠲᠦᠷᠢᠮ᠎ᠢ ᠲᠤᠭᠤᠷᠪᠢᠨ ᠲᠣᠭᠲᠠᠭ᠋ᠠᠵᠤ ᠬᠡᠷᠡᠭᠵᠢᠭᠦᠯᠦᠨ᠎ᠡ; ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠂ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠠᠷᠠᠯᠵᠢᠶᠠᠯᠠᠬᠤ ᠵᠡᠷᠭᠡ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ; ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ᠂ ᠬᠥᠳᠡᠭᠡ ᠲᠣᠰᠬᠣᠨ᠎ᠤ ᠣᠷᠴᠢᠨ ᠠᠬᠤᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠵᠢᠯᠣᠭᠣᠳᠬᠤ᠂ ᠠᠮᠢ ᠠᠬᠤᠶ ᠵᠢᠨ ᠲᠠᠷᠢᠶᠠᠯᠠᠩ᠎ᠤᠨ ᠪᠠᠢ᠌ᠭᠤᠯᠤᠯᠲᠠ ᠵᠢ ᠵᠢᠯᠣᠭᠣᠳᠴᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠠᠷᠢᠶᠠᠯᠠᠩ᠎ᠤᠨ ᠭᠠᠳᠠᠷᠭᠤ ᠲᠠᠯᠠᠪᠠᠢ ᠵᠢᠨ ᠪᠣᠬᠢᠷᠲᠤᠯ᠎ᠤᠨ ᠡᠬᠢ ᠰᠤᠷᠪᠤᠯᠵᠢ ᠵᠢ ᠰᠡᠷᠭᠡᠶ᠋ᠢᠯᠡᠨ ᠵᠠᠰᠠᠬᠤ ᠠᠵᠢᠯ᠎ᠢ ᠬᠠᠷᠢᠭᠤᠴᠠᠨ᠎ᠠ᠃
ᠬᠠᠷᠢᠭᠤᠴᠠᠯᠭ᠋ᠠᠲᠠᠨ᠄ ᠵᠤᠤ ᠱ᠌ᠢ ᠳ᠋ᠸ
ᠬᠠᠷᠢᠯᠴᠠᠬᠤ ᠤᠲᠠᠰᠤ᠄ 0471 — 4632069